ᠠᠷᠢᠯᠵᠢᠶᠠᠴᠢᠨ ᠤᠷᠢᠵᠤ ᠪᠡᠯᠡ ᠣᠷᠣᠭᠤᠯᠬᠤ ᠪᠣᠯ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠵᠤ | ᠠᠬᠤᠢ ᠶᠢᠨ ᠬᠥᠭᠵᠢᠯᠲᠡ ᠶᠢᠨ ᠡᠬᠢ ᠪᠠᠶᠠᠯᠢᠭ ᠮᠥᠨ᠂ ᠠᠷᠢᠯᠵᠢᠶᠠᠴᠢᠨ ᠤᠷᠢᠵᠤ ᠪᠡᠯᠡ ᠣᠷᠣᠭᠤᠯᠬᠤ ᠲᠥᠷᠥᠯ | ᠵᠦᠢᠯ ᠤᠨ ᠪᠣᠳᠠᠲᠠᠢ ᠠᠬᠢᠴᠠ ᠲᠠᠢ ᠪᠣᠯᠬᠤ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ 12 ᠰᠠᠷ᠎ᠠ ᠶᠢᠨ 24 ᠤ | ᠡᠳᠦᠷ᠂ ᠰᠢᠷᠡᠮᠦ᠋ᠷᠡᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠤᠤ ᡁᠢ ᠸᠧᠨ᠂ ᠨᠠᠮ ᠤᠨ ᠬᠤᠷᠢᠶᠠᠨ ᠤ ᠳᠡᠳ᠋ | ᠱᠦᠵᠢ᠂ ᠪᠠᠯᠭᠠᠰᠤᠨ ᠤ ᠳᠠᠷᠤᠭ᠎ᠠ ᠬᠠᠩᠭᠠᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ | ᠫᠠᠨ ᠪᠥᠸᠧ᠂ ᠬᠦᠭᠡᠳᠡᠷᠡᠰᠦ ᠭᠠᠴᠠᠭᠠᠨ ᠤ ᠱᠦᠵᠢ ᠶᠠᠩ ᠢᠦᠢ ᠬᠠᠢ ᠨᠠᠷ ᠰᠢᠪᠡᠷᠬᠦ᠋ᠷᠢᠶ᠎ᠡ ᠲᠡᠮᠦᠷ ᠤᠨ | ᠠᠭᠤᠷᠬᠠᠢ ᠶᠢᠨ ᠪᠦᠯᠦᠭᠯᠡᠯ ᠳᠤ ᠬᠦᠷᠴᠦ᠂ ᠰᠢᠷᠡᠮᠦ᠋ᠷᠡᠨᠬᠠᠯᠠᠭᠤᠨ ᠷᠠᠰᠢᠶᠠᠨ ᠤ ᠲᠣᠮᠣ ᠪᠠᠭᠤᠳᠠᠯ ᠤᠨ ᠲᠥᠷᠥᠯ ᠵᠦᠢᠯ | ᠂ ᠬᠦᠭᠡᠳᠡᠷᠡᠰᠦ ᠭᠠᠴᠠᠭᠠᠨ ᠤ ᠠᠳᠤᠭᠤᠨ ᠤ ᠠᠵᠤ ᠦᠢᠯᠡᠰ ᠤᠨ ᠬᠦᠷᠢᠶᠡᠯᠡᠩ ᠤᠨ ᠡᠵᠡᠩᠨᠡᠯᠲᠡ ᠵᠡᠷᠭᠡ ᠤᠴᠢᠷ | ᠶᠠᠪᠤᠳᠠᠯ ᠤᠨ ᠲᠤᠬᠠᠢ ᠵᠥᠪᠳᠡᠯᠴᠡᠬᠡᠷ ᠤᠨ ᠬᠤᠷᠠᠯ ᠬᠤᠷᠠᠯᠳᠤᠭᠤᠯᠪᠠ᠃ ᠰᠢᠪᠡᠷᠬᠦ᠋ᠷᠢᠶ᠎ᠡ ᠲᠡᠮᠦᠷ ᠤᠨ ᠠᠭᠤᠷᠬᠠᠢ ᠶᠢᠨ | ᠪᠦᠯᠦᠭᠯᠡᠯ ᠤᠨ ᠭᠤᠣᠯ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤᠪᠠᠷ ᠣᠷᠣᠯᠴᠠᠪᠠ᠃ | ᠰᠢᠷᠠᠮᠥ᠋ᠷᠡᠨ ᠲᠤᠮᠤ ᠪᠠᠭᠤᠳᠠᠯ ᠤᠨ ᠢᠵᠢ ᠪᠦᠷᠢᠳᠦᠭᠦᠯᠬᠦ ᠲᠥᠬᠦᠭᠡᠷᠦᠮᠵᠢ ᠪᠦᠷᠢᠨ ᠲᠡᠭᠦᠯᠳᠡᠷ ᠬᠦᠢᠴᠡᠳ | ᠪᠣᠯᠤᠭᠰᠠᠨ ᠪᠣᠯᠪᠠᠴᠤ ᠣᠶᠢᠷ᠎ᠠ ᠶᠢᠨ ᠵᠢᠯ ᠳᠤ ᠰᠤᠯᠠ ᠲᠠᠯᠪᠢᠭᠳᠠᠵᠤ ᠪᠠᠶᠢᠭ᠎ᠠ ᠪᠠᠶᠢᠳᠠᠯ ᠪᠣᠯ ᠰᠢᠷᠡᠮᠦ᠋ᠷᠡᠨ | ᠪᠠᠯᠭᠠᠰᠤᠨ ᠤ ᠴᠢᠬᠤᠯᠠ ᠶᠡᠭᠡ ᠰᠤᠯᠠ ᠪᠠᠶᠢᠬᠤ ᠡᠳ᠋ ᠬᠥᠷᠥᠩᠭᠡ ᠮᠥᠨ᠃ ᠡᠨᠡ ᠬᠦ ᠪᠠᠶᠢᠳᠠᠯ ᠳᠤ ᠴᠢᠭᠯᠡᠭᠦᠯᠦᠨ᠂ | ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠪᠡᠷᠬᠦ᠋ᠷᠢᠶ᠎ᠡ | ᠲᠡᠮᠦᠷ ᠤᠨ ᠠᠭᠤᠷᠬᠠᠶ ᠶᠢᠨ ᠪᠦᠯᠦᠭᠯᠡᠯ ᠲᠠᠢ ᠣᠯᠠᠨ ᠤᠳᠠᠭ᠎ᠠ ᠵᠣᠯᠭᠠᠭᠤᠯᠵᠤ ᠪᠠᠭᠤᠳᠠᠯ ᠤᠨ ᠲᠣᠮᠣ ᠠᠰᠠᠷ ᠲᠤ | ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠯᠲᠠ ᠬᠢᠬᠦ ᠪᠠ ᠵᠠᠬ᠎ᠠ ᠳᠡᠯᠭᠡᠭᠦᠷ ᠤᠨ ᠪᠠᠶᠢᠴᠠᠭᠠᠨ ᠰᠤᠳᠤᠯᠤᠯᠲᠠ ᠬᠢᠵᠦ᠂ | ᠰᠢᠷᠠᠮᠥ᠋ᠷᠡᠨᠬᠠᠯᠠᠭᠤᠨ ᠷᠠᠰᠢᠶᠠᠨ ᠤ ᠲᠣᠮᠣ ᠪᠠᠭᠤᠳᠠᠯ ᠤᠨ ᠲᠡᠤᠬᠡ ᠶᠢᠨ ᠡᠵᠡᠩᠨᠡᠯᠲᠡ ᠶᠢᠨ ᠲᠤᠭ᠎ᠠ ᠪᠠᠷᠢᠮᠲᠠ᠂ | ᠢᠷᠡᠭᠡᠳᠦᠶ ᠶᠢᠨ ᠵᠣᠴᠢᠳ ᠤᠨ ᠢᠷᠡᠯᠲᠡ ᠶᠢᠨ ᠵᠠᠬ᠎ᠠ ᠳᠡᠯᠭᠡᠭᠦᠷ ᠤᠨ ᠪᠠᠶᠢᠷᠢ ᠲᠣᠭᠲᠠᠭᠠᠯᠲᠠ᠂ ᠤᠨᠴᠠᠯᠢᠬᠳᠤ | ᠵᠢᠭᠤᠯᠴᠢᠯᠠᠯ ᠤᠨ ᠪᠦᠲᠦᠭᠡᠭᠳᠡᠬᠦᠨ ᠢ ᠡᠭᠦᠳᠬᠦ ᠵᠢᠴᠢ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ | ᠪᠠᠶᠢᠭᠤᠯᠤᠯᠲᠠ ᠵᠡᠷᠭᠡ ᠭᠤᠤᠯ ᠵᠥᠪᠯᠡᠬᠦ ᠰᠡᠳᠦᠪ ᠤᠨ ᠲᠣᠭᠤᠷᠢᠨ ᠳᠤ ᠭᠦᠨᠵᠡᠭᠡᠶ ᠰᠤᠳᠤᠯᠤᠨ ᠶᠠᠷᠢᠯᠴᠠᠵᠤ ᠰᠠᠨᠠᠯ ᠢᠶᠠᠨ | ᠰᠣᠯᠢᠯᠴᠠᠪᠠ᠃ ᠲᠣᠰ ᠤᠳᠠᠭᠠᠨ ᠤ ᠵᠥᠪᠳᠡᠯᠴᠡᠬᠡᠷ ᠤᠨ ᠬᠤᠷᠠᠯ ᠳᠡᠭᠡᠷ᠎ᠡ᠂ ᠰᠢᠷᠠᠮᠥ᠋ᠷᠡᠨ ᠪᠠᠯᠭᠠᠰᠤᠨ ᠤ ᠵᠠᠰᠠᠭ ᠤᠨ | ᠣᠷᠳᠣᠨ ᠪᠣᠯᠤᠨ ᠰᠢᠪᠡᠷᠬᠦ᠋ᠷᠢᠶ᠎ᠡ ᠲᠡᠮᠦᠷ ᠤᠨ ᠠᠭᠤᠷᠬᠠᠶ ᠶᠢᠨ ᠪᠦᠯᠦᠭᠯᠡᠯ ᠪᠣᠳᠠᠲᠠᠶ ᠬᠠᠮᠲᠤᠷᠠᠯᠴᠠᠭᠠᠨ ᠤ | ᠠᠭᠤᠯᠭ᠎ᠠ ᠶᠢᠨ ᠲᠤᠬᠠᠶ ᠠᠩᠬ᠎ᠠ ᠠᠯᠬᠤᠮ ᠰᠠᠨᠠᠯ ᠨᠢᠭᠡᠳᠴᠦ᠂ ᠢᠷᠡᠭᠡᠳᠦᠶ ᠳᠤ ᠨᠡᠪᠲᠡᠷᠡᠯᠴᠡᠭᠡ ᠬᠠᠮᠵᠢᠯᠴᠠᠭ᠎ᠠ ᠪᠠᠨ | ᠤᠯᠠᠮ ᠨᠢᠭᠡ ᠠᠯᠬᠤᠮ ᠴᠢᠩᠭᠠᠳᠬᠠᠵᠤ᠂ ᠰᠢᠷᠠᠮᠥ᠋ᠷᠡᠨ ᠬᠠᠯᠠᠭᠤᠨ ᠷᠠᠰᠢᠶᠠᠨ ᠤ ᠲᠣᠮᠣ ᠪᠠᠭᠤᠳᠠᠯ ᠤᠨ ᠲᠥᠷᠥᠯ | ᠵᠦᠢᠯ ᠤᠨ ᠡᠷᠲᠡᠬᠡᠨ ᠭᠡᠷ᠎ᠡ ᠲᠣᠭᠲᠠᠵᠤ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ | ᠰᠢᠷᠠᠮᠥ᠋ᠷᠡᠨ ᠰᠣᠶᠣᠯ ᠵᠢᠭᠤᠯᠴᠢᠯᠠᠯ ᠤᠨ ᠠᠵᠤ ᠤᠶᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠪᠠ ᠶᠠᠰᠤ ᠴᠢᠨᠠᠷ ᠤᠨ | ᠳᠡᠭᠡᠭᠰᠢᠯᠡᠯᠲᠡ ᠶᠢ ᠬᠠᠮᠲᠤ ᠪᠠᠷ ᠠᠬᠢᠭᠤᠯᠵᠤ᠂ ᠵᠢᠭᠤᠯᠴᠢᠯᠠᠭᠰᠠᠳ ᠲᠤ ᠨᠠᠩ ᠪᠠᠶᠠᠯᠢᠭ ᠭᠤᠶᠢᠳᠠ ᠰᠠᠶᠢᠬᠠᠨ ᠰᠣᠶᠣᠯ | ᠵᠢᠭᠤᠯᠴᠢᠯᠠᠯ ᠤᠨ ᠤᠶᠢᠯᠠᠭᠠᠯᠳᠠ ᠠᠪᠴᠢᠷᠠᠵᠤ ᠥᠭᠭᠦᠨ᠎ᠡ᠃ | ᠡᠨᠡ ᠵᠢᠯ ᠠᠴᠠ ᠨᠠᠰᠢ᠂ ᠰᠢᠷᠠᠮᠥ᠋ᠷᠡᠨ ᠪᠠᠯᠭᠠᠰᠤᠨ ᠤ ᠨᠠᠮ ᠤᠨ ᠬᠤᠷᠢᠶ᠎ᠡ᠂ ᠪᠠᠯᠭᠠᠰᠤᠨ ᠤ ᠵᠠᠰᠠᠭ ᠤᠨ | ᠣᠷᠳᠣᠨ ︽ᠲᠦᠷᠦᠯ ᠵᠦᠢᠯ ᠢᠶᠠᠷ ᠭᠤᠣᠯ ᠪᠣᠯᠭᠠᠬᠤ︾ ᠤᠢᠢᠯᠠᠭᠠᠭᠳᠠᠬᠤᠨ ᠢ ᠪᠤᠢ ᠪᠣᠯᠭᠠᠵᠤ᠂ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠶᠡᠬᠡᠪᠡᠷ ᠠᠳᠬᠤᠵᠤ᠂ | ᠣᠨᠴᠠᠭᠠᠶᠢᠯᠠᠨ ᠡᠪᠦᠯ ᠤᠨ ᠤᠯᠠᠷᠢᠯ ᠳᠤ ᠤᠷᠤᠭᠰᠠᠨ ᠠᠴᠠ ᠨᠠᠰᠢ᠂ ᠪᠠᠯᠭᠠᠰᠤᠨ ᠤ ᠤᠳᠤᠷᠢᠳᠬᠤ ᠪᠠᠭ ᠢᠳᠡᠪᠬᠢᠲᠡᠢ | ᠲᠥᠯᠥᠪᠵᠢᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠯᠠᠨ ᠲᠠᠯ᠎ᠠ ᠪᠠᠷ ᠬᠦᠴᠦᠯᠡᠵᠦ᠂ ᠪᠡᠭᠡᠵᠢᠩ᠂ | ᠱᠠᠩᠬᠠᠢ᠂ ᠴᠧᠩᠳᠦ᠋ ᠵᠡᠷᠭᠡ ᠭᠠᠵᠠᠷ ᠲᠤ ᠤᠯᠠᠨ ᠤᠳᠠᠭ᠎ᠠ ᠠᠷᠠᠯᠵᠢᠶᠠᠴᠢᠨ ᠤᠷᠢᠵᠤ ᠪᠡᠯᠡ ᠣᠷᠣᠭᠤᠯᠤᠨ ᠰᠢᠨᠵᠢᠯᠡᠨ | ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠤᠯᠠᠨ ᠨᠡᠷᠡᠳᠦ ᠠᠵᠤ ᠠᠬᠤᠶᠢᠯᠠᠯ ᠲᠠᠢ ᠨᠢᠭᠤᠷᠳᠠᠨ ᠵᠥᠪᠳᠡᠯᠴᠡᠵᠦ | ᠰᠠᠨᠠᠯ ᠢᠶᠠᠨ ᠰᠣᠯᠢᠯᠴᠠᠵᠤ᠂ ᠠᠷᠢᠯᠵᠢᠶᠠᠴᠢᠨ ᠤᠷᠢᠵᠤ ᠪᠡᠯᠡ ᠣᠷᠣᠭᠤᠯᠬᠤ ᠂ ᠨᠡᠩ ᠤᠯᠠᠨ ᠲᠦᠷᠦᠯ ᠵᠦᠢᠯ᠂ ᠨᠡᠩ | ᠰᠠᠶᠢᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠵᠤ᠂ ᠴᠢᠨᠠᠷ ᠰᠠᠶᠢᠲᠠᠢ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠪᠠᠷ ᠰᠠᠶᠢᠨ ᠲᠦᠷᠦᠯ ᠵᠦᠢᠯ ᠪᠣᠯᠤᠨ ᠰᠠᠶᠢᠨ ᠡᠬᠢ ᠪᠠᠶᠠᠯᠢᠭ ᠢ ᠬᠤᠣᠰ ᠴᠢᠭᠯᠡᠯ ᠢᠶᠠᠷ | ᠤᠷᠤᠭᠰᠢᠯᠠᠭᠤᠯᠵᠤ᠂ 2025 ᠤᠨ ᠵᠢᠴᠢ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠤ ᠠᠵᠤ ᠠᠬᠤᠢ ᠶᠢᠨ | ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠤᠷᠠᠮᠳᠤᠭᠤᠯᠵᠠᠢ᠃ |