ᠥᠷᠭᠡᠨ ᠣᠯᠠᠨ ᠵᠢᠯᠤᠭᠤᠴᠢ ᠦᠢᠯᠡᠴᠢᠯᠡᠭᠴᠢ᠄ | ᠰᠢ ᠾᠧ ᠰᠢᠶᠠᠩ ᠤᠨ ᠮᠠᠭᠤᠬᠤᠳᠳᠤᠭ ᠲᠣᠰᠬᠤᠨ᠂ ᠵᠢᠤᠢ ᠪᠦᠦ ᠵᠤᠸᠠᠩ ᠲᠣᠰᠬᠤᠨ ᠤ ᠣᠯᠠᠨ ᠲᠦᠮᠡᠨ ᠤ | ᠬᠦᠰᠡᠯ ᠱᠠᠭᠠᠷᠳᠠᠯᠭ᠎ᠠ ᠪᠠᠷ ᠳᠠᠮᠵᠢᠨ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠬᠠᠮᠠᠭᠠᠯᠠᠬᠤ ᠪᠠ ᠲᠣᠰᠬᠤᠨ ᠤ ᠵᠠᠮ ᠤᠨ ᠡᠷᠬᠡ ᠶᠢ ᠬᠠᠮᠠᠭᠠᠯᠠᠵᠤ᠂ ᠲᠣᠮᠣ ᠬᠡᠯᠪᠡᠷᠢ ᠶᠢᠨ ᠪᠠᠷᠠᠭᠠᠨ ᠤ ᠲᠡᠷᠭᠡ ᠠᠴᠠ | ᠪᠣᠯᠵᠤ ᠬᠥᠳᠡᠭᠡ ᠲᠣᠰᠬᠤᠨ ᠤ ᠵᠠᠮ ᠳᠠᠭᠠᠤ ᠶᠢᠨ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠢ | ᠨᠥᠯᠥᠭᠡᠯᠡᠵᠦ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾᠂ ︽ᠵᠠᠰᠠᠮᠠᠯ ᠵᠠᠮ ᠤᠨ ᠠᠮᠤᠷ ᠲᠦᠪᠰᠢᠨ ᠢ | ᠬᠠᠮᠠᠭᠠᠯᠠᠬᠤ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠳᠠᠷᠬᠠᠨ | ᠮᠤᠤᠮᠢᠩᠭᠠᠨ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠲᠣᠰᠬᠤᠨ ᠤ ᠵᠠᠮ ᠤᠨ C093 ᠪᠠ C181 | ᠥᠨᠳᠥᠷ ᠢ ᠬᠢᠵᠠᠭᠠᠷᠯᠠᠬᠤ ᠠᠶᠠᠯᠠᠬᠤ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠥᠨᠳᠥᠷ ᠢ | ᠬᠢᠵᠠᠭᠠᠷᠯᠠᠬᠤ ᠵᠢᠶᠠᠰᠠ ᠶᠢ ᠤᠭᠰᠠᠷᠠᠪᠠ᠃ | ᠨᠢᠭᠡ᠂ ᠥᠨᠳᠥᠷ ᠢ ᠬᠢᠵᠠᠭᠠᠷᠯᠠᠬᠤ ᠭᠠᠵᠠᠷ | ᠲᠣᠰᠬᠤᠨ ᠤ ᠵᠠᠮ ᠤᠨ C181 ︵k9 +030︶ ︵ᠮᠠᠭᠤᠬᠤᠳᠳᠤᠭ ᠲᠣᠰᠬᠤᠨ︶ ᠪᠣᠯᠣᠨ C093 ︵ | k1+719︶ ︵ᠵᠢᠦᠢ ᠪᠦᠦ ᠵᠤᠸᠠᠩ ᠲᠣᠰᠬᠤᠨ︶ ᠳᠤ ᠪᠠᠶᠢᠷᠢᠯᠠᠵᠤ᠂ 2 ᠥᠨᠳᠥᠷ ᠢ ᠬᠢᠵᠠᠭᠠᠷᠯᠠᠬᠤ ᠵᠢᠶᠠᠰᠠ ᠶᠢ | ᠲᠣᠬᠢᠷᠠᠭᠤᠯᠵᠤ᠂ ᠬᠢᠵᠠᠭᠠᠷᠯᠠᠭᠰᠠᠨ ᠦᠨᠳᠦᠷᠴᠡ ᠨᠢ 3.2 ᠮᠧᠲᠷ᠃ | ᠬᠤᠶᠠᠷ᠂ ᠲᠣᠮᠣ ᠬᠡᠯᠪᠡᠷᠢ ᠶᠢᠨ ᠪᠠᠷᠠᠭᠠᠨ ᠤ ᠲᠡᠷᠭᠡ ᠶᠢᠨ ᠵᠠᠮ ᠱᠤᠭᠤᠮ | ᠨᠠᠭᠠᠰᠢ ᠴᠠᠭᠠᠰᠢ ᠶᠠᠪᠤᠬᠤ ᠥᠨᠳᠥᠷ᠂ ᠬᠡᠮᠵᠢᠶ᠎ᠡ ᠨᠢ ᠭᠡᠳᠦᠷᠡᠭᠰᠡᠨ ᠲᠡᠷᠭᠡ S211᠂ X093 ᠱᠤᠭᠤᠮ ᠢ | ᠲᠣᠭᠤᠷᠢᠨ ᠶᠠᠪᠤᠵᠤ ᠪᠣᠯᠤᠨ᠎ᠠ᠃ | |