ᠲᠠ ᠨᠠᠷ AED ᠭᠡᠳᠡᠭ ᠶᠠᠭᠤ ᠪᠣᠯᠬᠤ ᠶᠢ ᠮᠡᠳᠡᠬᠦ ᠦᠦ︖ | ᠮᠠᠨ ᠤ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠪᠠᠰᠠ AED ᠪᠠᠶᠢᠨ᠎ᠠ ᠭᠡᠳᠡᠭ ᠢ ᠲᠠ ᠮᠡᠳᠡᠬᠦ ᠦᠦ︖ | | ᠶᠠᠪᠤᠶ᠎ᠠ︕ ᠪᠢᠳᠡ ᠬᠠᠮᠲᠤ ᠪᠠᠷ ᠣᠶᠢᠯᠠᠭᠠᠶ᠎ᠠ᠃ | ᠣᠶᠢᠷ᠎ᠠ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠠᠴᠠ ᠣᠶᠢᠯᠠᠭᠠᠭᠰᠠᠨ ᠨᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤ | ᠂ ᠰᠢᠷᠡᠮᠦ᠋ᠷᠡᠨ ᠪᠠᠯᠭᠠᠰᠤ᠂ ᠮᠠᠨᠳᠤᠯ ᠪᠣᠭᠤᠮᠲᠠ ᠵᠡᠷᠭᠡ ᠭᠠᠵᠠᠷ ᠲᠤ ᠰᠢᠨ᠎ᠡ ᠪᠠᠷ 10 ᠰᠠᠭᠤᠷᠢ ᠪᠡᠶ᠎ᠡ ᠶᠢᠨ ᠭᠠᠳᠠᠨᠠᠬᠢ | ᠴᠡᠴᠡᠷᠡᠯ ᠠᠷᠢᠯᠭᠠᠬᠤ ᠠᠦ᠋ᠲ᠋ᠣ᠋ ᠬᠡᠮᠵᠢᠭᠦᠷᠯᠢᠭ ᠤᠭᠰᠠᠷᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ | AED ᠭᠡᠵᠦ ᠶᠠᠭᠤ ᠪᠣᠢ︖ ᠲᠡᠷᠡ ᠶᠠᠮᠠᠷ ᠦᠢᠯᠡᠳᠦᠯ ᠭᠠᠷᠭᠠᠵᠤ ᠴᠢᠳᠠᠬᠤ ᠪᠤᠢ︖ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠠᠶᠢᠩᠭᠤ ᠶᠢᠨ ᠳᠡᠳ᠋ | ᠳᠠᠷᠤᠭ᠎ᠠ ᠸᠠᠩ ᠹᠠᠩ ᠰᠤᠷᠪᠤᠯᠵᠢᠯᠠᠭᠴᠢ ᠳᠤ ᠲᠠᠨᠢᠯᠴᠠᠭᠤᠯᠬᠤ ᠳᠠᠭᠠᠨ᠄ ︽ᠪᠡᠶ᠎ᠡ ᠶᠢᠨ ᠭᠠᠳᠠᠨᠠᠬᠢ ᠴᠡᠴᠡᠷᠡᠯ | ᠠᠷᠢᠯᠭᠠᠬᠤ ᠠᠦ᠋ᠲ᠋ᠣ᠋ ᠬᠡᠮᠵᠢᠭᠦᠷᠯᠢᠭ ︵ᠲᠦᠭᠦᠮ ᠲᠠᠭᠤᠳᠠᠯᠭ᠎ᠠ AED︶ ᠪᠣᠯ ᠨᠢᠭᠡ ᠵᠦᠢᠯ ᠤᠨ ᠠᠪᠴᠤ | ᠶᠠᠪᠤᠬᠤ ᠳᠤ ᠲᠥᠬᠦᠮ ᠲᠦᠷᠭᠡᠨ ᠠᠪᠤᠷᠠᠯᠲᠠ ᠶᠢᠨ ᠲᠥᠬᠦᠭᠡᠷᠦᠮᠵᠢ ᠮᠥᠨ᠂ ᠠᠪᠤᠷᠠᠨ ᠡᠮᠨᠡᠬᠦ ᠬᠤᠷᠢᠶ᠎ᠠ ᠠᠴᠠ | ᠭᠠᠳᠠᠨᠠᠬᠢ ᠵᠢᠷᠦᠬᠡᠨ ᠡᠪᠡᠳᠴᠢᠳᠡᠨ ᠢ ᠠᠪᠤᠷᠠᠬᠤ ᠳᠤ ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠪᠣᠯᠤᠭᠰᠠᠨ ᠤ | ᠬᠤᠪᠢ ᠳᠤ᠂ ᠲᠤᠰᠬᠠᠶ ᠮᠡᠷᠭᠡᠵᠢᠯ ᠤᠨ ᠪᠤᠰᠤ ᠬᠥᠮᠦᠰ ᠪᠠᠰᠠ ᠲᠡᠭᠦᠨ ᠢ ᠠᠵᠢᠯᠯᠠᠭᠤᠯᠵᠤ ᠪᠣᠯᠤᠨ᠎ᠠ᠂ AED ᠨᠢ ︿ | ᠠᠮᠢ ᠠᠪᠤᠷᠠᠬᠤ ᠰᠠᠬᠢᠭᠤᠯᠰᠤᠨ ᠮᠠᠰᠢᠨ﹀ ᠬᠡᠮᠡᠭᠳᠡᠭᠰᠡᠨ ᠪᠠᠶᠢᠨ᠎ᠠ᠃ ᠠᠪᠤᠷᠠᠯᠳᠠ ᠶᠢᠨ ᠬᠠᠮᠤᠭ ᠤᠨ ᠰᠠᠶᠢᠨ ᠴᠠᠭ ︵ | ᠰᠢᠵᠢᠷ ᠠᠯᠲᠠᠨ 4 ᠮᠢᠨᠦ᠋ᠲ︶ ᠲᠤ᠂ AED ᠶᠢ ᠠᠰᠢᠭᠯᠠᠨ ᠡᠪᠡᠳᠴᠢᠲᠡᠨ ᠤ ᠴᠡᠴᠡᠷᠡᠯ ᠢ ᠠᠷᠢᠯᠭᠠᠵᠤ᠂ ᠵᠢᠷᠦᠬᠡ | ᠠᠭᠤᠰᠬᠢᠨ ᠤ ᠰᠡᠷᠭᠦᠯᠲᠡ ᠳᠤ ᠬᠠᠮᠵᠢᠯᠴᠠᠨ᠂ ᠵᠢᠷᠦᠬᠡᠨ ᠤ ᠭᠡᠨᠡᠳᠲᠡ ᠶᠢᠨ ᠠᠪᠤᠷᠠᠯᠲᠠ ᠶᠢᠨ ᠠᠮᠵᠢᠯᠲᠠ ᠤᠯᠬᠤ | ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠵᠦ᠂ ᠠᠮᠢ ᠨᠠᠰᠤ ᠶᠢ ᠠᠪᠤᠷᠠᠵᠤ᠂ ᠭᠡᠮᠲᠦᠯ ᠢ ᠪᠠᠭᠠᠰᠬᠠᠬᠤ ᠵᠣᠷᠢᠯᠭ᠎ᠠ ᠳᠤ | ᠬᠦᠷᠭᠡᠵᠦ ᠲᠠᠶᠢᠯᠦᠨ᠎ᠡ︾ ᠭᠡᠪᠡ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠳᠣ ᠪᠣᠯᠲᠠᠯ᠎ᠠ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠳᠤ 10 ᠰᠠᠭᠤᠷᠢ AED ᠪᠠᠶᠢᠵᠤ᠂ ᠲᠤᠰ ᠲᠤᠰ ᠪᠠᠳᠤᠬᠠᠭᠠᠯᠭ᠎ᠠ ᠶᠢᠨ ᠠᠶᠠᠨᠴᠢᠳ ᠤᠨ | ᠲᠡᠭᠡᠭᠡᠪᠦᠷᠢ ᠶᠢᠨ ᠥᠷᠲᠡᠭᠡ᠂ ᠬᠤᠲᠠ ᠶᠢᠨ ᠠᠷᠠᠳ ᠤᠨ ᠶᠡᠭᠡ ᠲᠢᠩᠬᠢᠮ᠂ ᠵᠠᠬᠢᠳᠠᠯ ᠰᠤᠷᠪᠤᠯᠵᠢᠯᠠᠭ᠎ᠠ ᠶᠢᠨ ᠶᠡᠭᠡ | ᠲᠢᠩᠬᠢᠮ᠂ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠶᠠᠫᠣᠨ ᠢ ᠡᠰᠡᠷᠭᠦᠴᠡᠬᠦ ᠵᠡᠪᠰᠡᠭᠲᠦ ᠬᠦᠴᠦᠨ ᠢ ᠲᠤᠷᠠᠰᠬᠠᠬᠤ | ᠦᠵᠡᠭᠦᠯᠦᠯᠭᠡ ᠶᠢᠨ ᠲᠢᠩᠬᠢᠮ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠤᠷᠰᠢᠯᠳᠠ ᠶᠢᠨ ᠲᠥᠪ ᠤᠨ | ᠪᠦᠸᠧ ᠠᠢ ᠰᠤᠷᠭᠠᠭᠤᠯᠢ ᠶᠢᠨ ᠡᠮᠴᠢ ᠶᠢᠨ ᠲᠠᠰᠤᠭ᠂ ᠨᠠᠭᠠᠳᠤᠮ ᠤᠨ ᠠᠵᠤ ᠦᠢᠯᠡᠰ ᠤᠨ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠪ᠂ ᠰᠢᠷᠠᠮᠦᠷᠡᠨ ᠲᠠᠯ᠎ᠠ ᠨᠤᠲᠤᠭ ᠤᠨ ᠵᠢᠭᠤᠯᠴᠢᠯᠠᠯ ᠤᠨ | ᠬᠠᠮᠢᠶᠠᠷᠤᠯᠲᠠ ᠶᠢᠨ ᠦᠢᠯᠡᠴᠢᠯᠡᠭᠡᠨ ᠤ ᠲᠥᠪ᠂ ᠰᠢᠷᠠᠮᠦᠷᠡᠨ ᠱᠧᠩ ᠶᠢᠨ ᠬᠤᠩ ᠬᠤᠣ ᠮᠣᠩᠭᠤᠯ ᠦᠨᠳᠦᠰᠦᠳᠡᠨ ᠤ | ᠵᠠᠩ ᠦᠢᠯᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠮᠠᠨᠳᠤᠯ ᠪᠣᠭᠤᠮᠲᠠ ᠶᠢᠨ ᠦᠢᠯᠡᠴᠢᠯᠡᠭᠡᠨ ᠤ ᠲᠥᠪ ᠲᠤ | ᠤᠭᠰᠠᠷᠠᠭᠰᠠᠨ ᠪᠠᠶᠢᠨ᠎ᠠ᠃ | 2017 ᠣᠨ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠲᠠ ᠶᠢᠨ ᠠᠷᠠᠳ ᠤᠨ ᠶᠡᠭᠡ | ᠲᠢᠩᠬᠢᠮ ᠳᠤ ᠂ AED ᠮᠠᠰᠢᠨ ᠢ ᠪᠠᠶᠢᠷᠢᠯᠠᠭᠤᠯᠵᠤ᠂ AED ᠶᠢᠨ ᠦᠢᠯᠡᠳᠦᠯ ᠢ ᠦᠨᠡᠨ ᠬᠦ ᠪᠠᠳᠠᠷᠠᠭᠤᠯᠬᠤ ᠶᠢᠨ | ᠲᠥᠯᠥᠭᠡ᠂ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠷᠢᠳᠠᠪᠠᠷ ︽ᠵᠢᠷᠦᠬᠡ ᠠᠭᠤᠰᠬᠢᠨ ᠤ | ᠰᠡᠷᠭᠦᠭᠡᠯᠲᠡ + AED ᠶᠢᠨ ᠬᠡᠷᠡᠭᠯᠡᠯᠲᠡ︾ ᠪᠠᠷ ᠭᠤᠤᠯ ᠠᠭᠤᠯᠭ᠎ᠠ ᠪᠣᠯᠭᠠᠭᠰᠠᠨ ᠲᠦᠷᠭᠡᠨ ᠠᠪᠤᠷᠠᠯᠲᠠ ᠶᠢᠨ | ᠮᠡᠳᠡᠯᠭᠡ ᠪᠠ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠵᠢᠯᠯᠠᠭ᠎ᠠ ᠶᠢ ᠡᠬᠢᠯᠡᠭᠦᠯᠦᠭᠰᠡᠨ ᠤ ᠬᠠᠮᠲᠤ ᠤᠷᠢᠳ ᠬᠤᠵᠢᠳ | AED ᠴᠡᠭ ᠪᠠᠶᠢᠷᠢᠯᠠᠭᠤᠯᠬᠤ ᠨᠢᠭᠡᠴᠢ᠂ ᠰᠤᠷᠭᠠᠭᠤᠯᠢ ᠵᠡᠷᠭᠡ ᠭᠠᠵᠠᠷ ᠲᠤ ᠲᠦᠷᠭᠡᠨ ᠠᠪᠤᠷᠠᠭᠴᠢ ᠶᠢᠨ ᠪᠣᠯᠪᠠᠰᠤᠷᠠᠯ | ᠪᠠ ᠲᠦᠭᠡᠮᠡᠯᠵᠢᠯᠲᠡ ᠶᠢᠨ ᠴᠢᠨᠠᠷᠲᠠᠶ ᠪᠣᠯᠪᠠᠰᠤᠷᠠᠯ ᠥᠷᠨᠢᠭᠦᠯᠪᠡ᠃ 2024 ᠣᠨ ᠳᠤ ᠨᠢᠭᠡᠨᠲᠡ 18 | ᠬᠤᠭᠤᠴᠠᠭᠠᠨ ᠤ AED ᠶᠢᠨ ᠲᠤᠰᠬᠠᠢ ᠲᠦᠷᠦᠯ ᠤᠨ ᠪᠣᠯᠪᠠᠰᠤᠷᠠᠯ ᠢ ᠥᠷᠨᠢᠭᠦᠯᠵᠦ᠂ 525 ᠭᠠᠷᠤᠢ ᠬᠥᠮᠦᠨ | ᠲᠦᠭᠡᠮᠡᠯᠵᠢᠭᠦᠯᠬᠦ ᠪᠣᠯᠪᠠᠰᠤᠷᠠᠯ ᠲᠤ ᠤᠷᠤᠯᠴᠠᠭᠰᠠᠨ ᠪᠠᠶᠢᠨ᠎ᠠ ᠃ | ︽ᠠᠮᠢ ᠠᠪᠤᠷᠠᠬᠤ ᠰᠠᠬᠢᠭᠤᠯᠰᠤᠨ ᠮᠠᠰᠢᠨ︾ ᠤ ᠦᠢᠯᠡᠳᠦᠯ ᠢ ᠦᠨᠡᠨ ᠬᠦ ᠪᠠᠳᠠᠷᠠᠭᠤᠯᠵᠤ᠂ ︽ᠭᠡᠨᠡᠳᠲᠡ ᠶᠢᠨ | ᠢᠯᠠᠭᠳᠠᠯ ᠰᠡᠷᠭᠡᠶᠢᠯᠡᠯᠲᠡ︾ ᠶᠢ ︽ᠰᠡᠷᠭᠡᠶᠢᠯᠡᠵᠦ ᠳᠡᠶᠢᠯᠬᠦ ᠢᠯᠠᠯᠲᠠ ᠶᠢᠨ ᠰᠡᠷᠭᠡᠶᠢᠯᠡᠯᠲᠡ︾ ᠪᠣᠯᠭᠠᠨ | ᠬᠤᠪᠢᠷᠠᠭᠤᠯᠤᠨ᠎ᠠ᠂ ᠸᠠᠩ ᠹᠠᠩ᠄ ︽ᠵᠠᠯᠭᠠᠭᠠᠳ ᠪᠠᠰᠠ ᠪᠠᠢ ᠹᠦ᠋ ᠰᠢᠨ ᠲᠢᠶᠠᠨ ᠳ᠋ᠢ ᠬᠤᠳᠠᠯᠳᠤᠭᠠᠨ ᠤ ᠠᠭᠤᠳᠠᠮ | ᠲᠠᠯᠠᠪᠠᠢ ᠮᠡᠳᠦ ᠶᠢᠨ ᠬᠥᠮᠦᠨ ᠤ ᠤᠷᠤᠰᠬᠠᠯ ᠤᠨ ᠬᠡᠮᠵᠢᠶ᠎ᠡ ᠨᠡᠯᠢᠶᠡᠳ ᠶᠡᠭᠡ ᠲᠠᠯᠠᠪᠤᠷ ᠲᠤ ᠴᠢᠭᠯᠡᠭᠦᠯᠦᠨ᠂ ᠨᠢᠭᠡ | ᠮᠠᠰᠢᠨ ᠨᠡᠮᠡᠵᠦ ᠲᠣᠬᠢᠷᠠᠭᠤᠯᠤᠨ᠎ᠠ᠂ ᠣᠳᠣᠬᠠᠨ ᠳᠤ ᠶᠠᠭ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠤᠨ ᠬᠤᠪᠢᠶᠠᠷᠠᠯᠠᠯᠳᠠ ᠶᠢ ᠬᠦᠯᠢᠶᠡᠵᠦ ᠪᠤᠢ ᠂ ᠪᠤᠰᠤᠳ ᠢᠵᠢ ᠪᠦᠷᠢᠳᠦᠭᠰᠡᠨ ᠪᠠᠴᠢᠮ ᠪᠠᠶᠢᠳᠠᠯ ᠢ | ᠠᠪᠤᠷᠠᠬᠤ ᠲᠥᠬᠦᠭᠡᠷᠦᠮᠵᠢ ᠶᠢ ᠨᠢᠭᠡᠨᠲᠡ ᠪᠦᠷᠢᠨ ᠭᠦᠢᠴᠡᠳ ᠪᠡᠯᠡᠳᠬᠡᠪᠡ᠃ ᠳᠠᠷᠠᠭᠠᠴᠢ ᠶᠢᠨ ᠠᠯᠬᠤᠮ ᠳᠤ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠬᠢᠨ AED ᠮᠠᠰᠢᠨ ᠢ ᠣᠷᠣᠭᠤᠯᠬᠤ᠂ ᠬᠡᠷᠡᠭᠯᠡᠬᠦ ᠪᠠ ᠪᠠᠴᠢᠮ ᠪᠠᠶᠢᠳᠠᠯ ᠢ | ᠠᠷᠭᠠᠴᠠᠵᠤ ᠠᠪᠤᠷᠠᠬᠤ ᠪᠣᠯᠪᠠᠰᠤᠷᠠᠯ ᠤᠨ ᠠᠵᠢᠯ ᠢ ᠦᠷᠭᠦᠯᠵᠢᠯᠡᠨ ᠠᠬᠢᠭᠤᠯᠵᠤ᠂ ᠨᠡᠶᠢᠭᠡᠮ ᠤᠨ ᠲᠦᠷᠭᠡᠨ ᠠᠪᠤᠷᠠᠬᠤ | ᠦᠢᠯᠡᠴᠢᠯᠡᠭᠡᠨ ᠤ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠵᠠᠷᠢᠮ ᠲᠤᠰᠬᠠᠶ ᠮᠡᠷᠭᠡᠵᠢᠯ ᠤᠨ | ᠨᠡᠶᠢᠲᠡ ᠶᠢᠨ ᠠᠰᠠᠷᠠᠮᠵᠢ ᠶᠢᠨ ᠪᠣᠯᠪᠠᠰᠤᠷᠠᠯ ᠢᠶᠠᠷ ᠳᠠᠮᠵᠢᠭᠤᠯᠤᠨ᠂ ᠨᠠᠩ ᠣᠯᠠᠨ ᠬᠥᠮᠦᠨ ᠳᠤ AED ᠮᠠᠰᠢᠨ ᠢ | ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠤᠷ᠎ᠠ ᠴᠢᠳᠠᠪᠤᠷᠢ ᠶᠢ ᠡᠵᠡᠮᠰᠢᠭᠦᠯᠵᠦ᠂ ︿ᠰᠢᠵᠢᠷ ᠠᠯᠲᠠᠨ 4 ᠮᠢᠨᠦ᠋ᠲ﹀ ᠤᠨ | ᠳᠣᠲᠣᠷ᠎ᠠ ᠪᠤᠰᠤᠳ ᠤᠨ ᠠᠮᠢ ᠨᠠᠰᠤ ᠶᠢ ᠠᠪᠤᠷᠠᠵᠤ ᠲᠡᠶᠢᠯᠬᠦ ᠶᠢ ᠪᠡᠶᠡᠯᠡᠭᠦᠯᠦᠨ᠎ᠡ︾ ᠭᠡᠪᠡ᠃ | | ᠶᠠᠭᠠᠬᠢᠵᠤ ᠬᠡᠷᠡᠭᠯᠡᠬᠦ ᠶᠢ ᠦᠵᠡᠶ᠎ᠡ︖ | 01 ᠴᠠᠬᠢᠯᠭᠠᠨ ᠡᠭᠦᠰᠬᠡᠭᠴᠢ ᠶᠢ ᠨᠡᠭᠡᠭᠡᠨ᠎ᠡ ︵ᠴᠡᠭᠡᠵᠢᠨ ᠤ ᠭᠠᠳᠠᠨ᠎ᠠ ᠲᠠᠯ᠎ᠠ ᠳᠤ ᠲᠠᠷᠤᠭᠰᠠᠨ ᠬᠡᠪ ᠢᠶᠠᠷ︶ | AED ᠮᠠᠰᠢᠨ ᠤ ᠴᠠᠬᠢᠯᠭᠠᠨ ᠡᠭᠦᠰᠬᠡᠭᠴᠢ ᠶᠢᠨ ᠨᠡᠭᠡᠭᠡᠯᠭᠡ ᠶᠢ ᠨᠡᠭᠡᠭᠡᠵᠦ᠂ ᠠᠯᠢᠪᠠ ᠠᠵᠢᠯᠯᠠᠭ᠎ᠠ ᠪᠦᠷ | ᠬᠡᠯᠡᠨ ᠤ ᠰᠠᠨᠠᠭᠤᠯᠤᠮᠵᠢ ᠲᠠᠢ ᠪᠠᠶᠢᠵᠤ᠂ ᠣᠯᠠᠩᠬᠢ ᠬᠡᠯᠪᠡᠷᠢ ᠮᠠᠶ᠋ᠢᠭ ᠤᠨ AED ᠪᠦᠷ ᠬᠢᠳᠠᠳ ᠠᠩᠭ᠍ᠯᠢ ᠬᠤᠣᠰ | ᠬᠡᠯᠡᠨ ᠤ ᠰᠣᠩᠭᠤᠯᠳᠠ ᠲᠠᠢ᠃ | 02 ᠴᠠᠬᠢᠯᠭᠠᠨ ᠲᠤᠶᠢᠯ ᠤᠨ ᠨᠠᠭᠠᠯᠳᠠ ᠶᠢ ᠨᠠᠭᠠᠨ᠎ᠠ ︵ᠴᠡᠭᠡᠵᠢᠨ ᠤ ᠭᠠᠳᠠᠨ᠎ᠠ ᠲᠠᠯ᠎ᠠ ᠳᠤ ᠲᠠᠷᠤᠭᠰᠠᠨ ᠬᠡᠪ ᠢᠶᠠᠷ︶ | ᠬᠠᠪᠬᠠᠭᠠᠰᠤ ᠶᠢ ᠨᠡᠭᠡᠭᠡᠵᠦ᠂ ᠴᠠᠬᠢᠯᠭᠠᠨ ᠲᠤᠶᠢᠯ ᠤᠨ ᠢᠯᠲᠠᠰᠤ ᠶᠢ ᠠᠪᠴᠤ ᠬᠠᠶᠠᠨ᠎ᠠ᠃ ᠡᠪᠡᠳᠴᠢᠳᠡᠨ ᠤ | ᠬᠤᠪᠴᠠᠰᠤ ᠶᠢ ᠨᠢ ᠲᠠᠶᠢᠯᠵᠤ᠂ ᠴᠡᠭᠡᠵᠢ ᠶᠢ ᠨᠢ ᠨᠢᠴᠦᠭᠦᠨ ᠪᠤᠯᠭᠠᠨ᠎ᠠ᠃ ᠡᠪᠡᠳᠴᠢᠲᠡᠨ ᠢ ᠲᠡᠭᠡᠭᠰᠢ ᠬᠠᠨᠳᠤᠭᠤᠯᠵᠤ | ᠬᠡᠪᠳᠡᠭᠦᠯᠦᠨ᠂ ᠱᠠᠭᠠᠷᠳᠠᠯᠭ᠎ᠠ ᠶᠣᠰᠤᠭᠠᠷ ᠴᠠᠬᠢᠯᠭᠠᠨ ᠲᠤᠶᠢᠯ ᠤᠨ ᠢᠯᠲᠠᠰᠤ ᠶᠢ ᠵᠦᠪ ᠣᠨᠣᠪᠴᠢᠳᠠᠢ ᠨᠠᠭᠠᠬᠤ | ᠬᠡᠷᠡᠭᠳᠡᠢ᠃ ︵ᠡᠮᠦᠨ᠎ᠡ ᠲᠠᠯ᠎ᠠ ᠶᠢᠨ ᠪᠤᠶᠤ ᠡᠮᠦᠨ᠎ᠡ ᠬᠤᠶᠢᠨᠠᠬᠢ ᠣᠷᠣᠨ︶ | 03 ᠡᠪᠡᠳᠴᠢᠳᠡᠨ ᠳᠤ ᠴᠠᠬᠢᠯᠭᠠᠨ ᠰᠡᠳᠦᠯᠳᠡ ᠦᠭᠬᠦ ᠪᠠᠷ ᠪᠡᠯᠡᠳᠬᠡᠨ᠎ᠡ ︵ᠴᠡᠭᠡᠵᠢᠨ ᠤ ᠭᠠᠳᠠᠨ᠎ᠠ ᠲᠠᠯ᠎ᠠ ᠳᠤ | ᠲᠠᠷᠤᠬᠤ ᠶᠢ ᠵᠣᠭᠰᠤᠭᠠᠨ᠎ᠠ︶ | AED ᠵᠢᠷᠦᠬᠡᠨ ᠵᠠᠳᠠᠯᠤᠯᠤᠳᠠ ᠬᠢᠬᠦ ᠠᠴᠠ ᠡᠮᠦᠨ᠎ᠡ ᠡᠪᠡᠳᠴᠢᠲᠡᠨ ᠯᠦᠭᠡ ᠨᠢᠭᠡ ᠬᠡᠰᠡᠭ ᠵᠠᠢ ᠲᠠᠢ | ᠪᠠᠶᠢᠬᠤ ᠶᠢ ᠱᠠᠭᠠᠷᠳᠠᠵᠤ᠂ ᠬᠡᠮᠵᠢᠭᠦᠷᠯᠢᠭ ᠨᠢ ᠡᠪᠡᠳᠴᠢᠲᠡᠨ ᠤ ᠵᠢᠷᠦᠬᠡᠨ ᠨᠣᠷᠮ᠎ᠠ ᠶᠢ ︽ᠶᠠᠭ ᠵᠠᠳᠠᠯᠤᠵᠤ ᠪᠠᠶᠢᠨ᠎ᠠ︾ | ᠭᠡᠵᠦ ᠰᠠᠨᠠᠭᠤᠯᠬᠤ ᠦᠶ᠎ᠡ ᠳᠤ᠂ ᠴᠡᠴᠡᠷᠡᠵᠦ ᠪᠠᠶᠢᠭ᠎ᠠ ᠡᠰᠡᠬᠦ ᠶᠢ ᠯᠠᠪᠯᠠᠵᠤ ᠦᠵᠡᠨ᠎ᠡ᠃ ᠬᠡᠷᠪᠡ ᠴᠡᠴᠡᠷᠡᠯ ᠢ | ᠠᠷᠢᠯᠭᠠᠬᠤ ᠴᠢᠬᠤᠯᠠᠲᠠᠢ ᠪᠣᠯ᠂ AED ᠠᠦ᠋ᠲ᠋ᠣ᠋ ᠴᠠᠬᠢᠯᠭᠠᠨ ᠴᠡᠨᠡᠭᠯᠡᠬᠦ ︵ᠶᠡᠷᠦ ᠳᠡᠭᠡᠨ 5 – 15 ᠰᠧᠺᠦ᠋ᠨ᠋ᠳ᠋ ︶ | ᠶᠢᠨ ᠬᠠᠮᠲᠤ᠂ ᠴᠠᠬᠢᠯᠭᠠᠨ ᠴᠡᠨᠡᠭᠯᠡᠬᠦ ᠠᠵᠢᠯ ᠳᠠᠭᠤᠰᠬᠤ ᠶᠢ ᠰᠠᠨᠠᠭᠤᠯᠵᠤ᠂ ᠴᠠᠬᠢᠯᠭᠠᠨ ᠰᠡᠳᠦᠯᠳᠡ ᠦᠭᠬᠦ ᠳᠠᠷᠤᠪᠴᠢ | ᠭᠢᠯᠠᠰᠤᠨᠠ᠃ | ᠵᠠᠳᠠᠯᠤᠵᠤ ᠪᠠᠷᠠᠭᠰᠠᠨ ᠤ ᠳᠠᠷᠠᠭ᠎ᠠ᠂ AED ᠬᠡᠷᠪᠡ ᠴᠠᠬᠢᠯᠭᠠᠨ ᠰᠡᠳᠦᠯᠳᠡ ᠦᠭᠬᠦ ᠶᠢ ᠰᠠᠨᠠᠭᠤᠯᠤᠨ | ᠠᠩᠬᠠᠷᠤᠭᠤᠯᠪᠠᠯ᠂ ᠪᠥᠬᠦ ᠬᠥᠮᠦᠰ ᠲᠤ ᠡᠪᠡᠳᠴᠢᠨ ᠲᠠᠢ ᠣᠶᠢᠷᠠᠳᠴᠤ ᠪᠣᠯᠬᠤ ᠦᠭᠡᠢ ︵ᠲᠡᠭᠡᠬᠦ ᠦᠭᠡᠢ ᠪᠣᠯ | ᠴᠠᠬᠢᠯᠭᠠᠨ ᠳᠤ ᠴᠣᠬᠢᠭᠳᠠᠨ᠎ᠠ︶ ᠶᠢ ᠳᠠᠷᠦ᠋ᠢᠬᠠᠨ ᠰᠠᠨᠠᠭᠤᠯᠵᠤ᠂ ᠳᠠᠷᠠᠭ᠎ᠠ ᠨᠢ ᠴᠠᠬᠢᠯᠭᠠᠨ ᠰᠡᠳᠦᠯᠳᠡ ᠦᠭᠬᠦ | ᠳᠠᠷᠤᠪᠴᠢ ᠶᠢ ᠳᠠᠷᠤᠨ᠎ᠠ᠃ | | 04 ᠲᠠᠬᠢᠨ ᠲᠠᠪᠳᠠᠨ ᠠᠵᠢᠯᠯᠠᠭᠤᠯᠤᠨ᠎ᠠ | AED ᠵᠠᠳᠠᠯᠤᠯᠲᠠ ᠬᠢᠭᠰᠡᠨ ᠤ ᠳᠠᠷᠠᠭ᠎ᠠ ᠬᠡᠷᠪᠡ ᠴᠠᠬᠢᠯᠭᠠᠨ ᠰᠡᠳᠦᠯᠳᠡ ᠦᠭᠬᠦ ᠶᠢ ᠰᠠᠨᠠᠭᠤᠯᠬᠤ ᠦᠭᠡᠢ ᠪᠣᠯ | ᠴᠡᠭᠡᠵᠢᠨ ᠭᠠᠳᠠᠨ᠎ᠠ ᠲᠠᠯ᠎ᠠ ᠳᠤ ᠦᠷᠭᠦᠯᠵᠢᠯᠡᠨ ᠲᠠᠷᠤᠨ᠎ᠠ᠃ ᠠᠩᠬᠠᠷ︕ ᠮᠠᠰᠢᠨ 2 ᠮᠢᠨᠦ᠋ᠲ ᠪᠣᠯᠭᠠᠨ ᠳᠤ ᠨᠢᠭᠡ | ᠤᠳᠠᠭᠠᠨ ᠤ ᠠᠦ᠋ᠲ᠋ᠣ᠋ ᠵᠢᠷᠦᠬᠡᠨ ᠵᠠᠳᠠᠯᠤᠯᠤᠳᠠ ᠬᠢᠵᠦ᠂ ᠰᠠᠨᠠᠭᠤᠯᠤᠮᠵᠢ ᠶᠢᠨ ᠠᠪᠢᠶᠠᠨ ᠤ ᠵᠢᠯᠤᠭᠤᠳᠤᠮᠵᠢ ᠶᠣᠰᠤᠭᠠᠷ | ᠳᠠᠬᠢᠨ ᠲᠠᠪᠳᠠᠨ ᠠᠵᠢᠯᠯᠠᠳᠠᠭ᠃ ᠪᠦᠬᠦ᠋ᠢᠯᠡ ᠶᠠᠪᠤᠴᠠ ᠳᠤ ᠴᠠᠬᠢᠯᠭᠠᠨ ᠲᠤᠶᠢᠯ ᠤᠨ ᠬᠡᠰᠡᠭ ᠢ ᠤᠷᠠᠵᠤ ᠬᠠᠶᠠᠵᠤ | ᠪᠣᠯᠬᠤ ᠦᠭᠡᠢ᠃ | | ᠵᠢᠷᠦᠬᠡ ᠠᠭᠤᠰᠬᠢᠨ ᠤ ᠰᠡᠷᠭᠦᠯᠲᠡ ᠶᠢᠨ ᠠᠵᠢᠯ ᠢ ᠬᠢᠬᠦ ᠠᠯᠬᠤᠮ ᠳᠠᠷᠠᠭ᠎ᠠ ᠨᠢ ᠳᠣᠤᠷᠠᠬᠢ ᠮᠡᠲᠦ᠄ | 01 ᠲᠤᠬᠠᠶ ᠶᠢᠨ ᠲᠠᠯᠠᠪᠤᠷ ᠤᠨ ᠣᠷᠴᠢᠨ ᠲᠣᠭᠤᠷᠢᠨ ᠤ ᠠᠮᠤᠷ ᠲᠦᠪᠰᠢᠨ ᠪᠠᠶᠢᠬᠤ ᠡᠰᠡᠬᠦ ᠶᠢ ᠠᠩᠬᠠᠷᠣᠨ᠎ᠠ᠄ | ᠳᠡᠭᠡᠷ᠎ᠡ ᠳᠣᠣᠷ᠎ᠠ ᠵᠡᠭᠦᠨ ᠪᠠᠷᠠᠭᠤᠨ ᠡᠯ᠎ᠡ ᠲᠠᠯ᠎ᠠ ᠪᠠᠷ ᠠᠶᠤᠯᠲᠠᠶ ᠪᠣᠳᠠᠰ ᠪᠠᠶᠢᠬᠤ ᠡᠰᠡᠬᠦ ᠶᠢ ᠪᠠᠶᠢᠴᠠᠭᠠᠬᠤ ᠶᠢᠨ ᠬᠠᠮᠲᠤ | ᠬᠥᠮᠦᠰ ᠢ ᠲᠠᠷᠬᠠᠭᠠᠨ᠂ ᠠᠭᠠᠷ ᠤᠨ ᠭᠦᠢᠯᠭᠡᠭᠡ ᠶᠢ ᠨᠡᠪᠲᠡᠷᠡᠭᠦᠯᠦᠨ᠎ᠡ᠃ | 02 ᠭᠠᠵᠠᠷ ᠲᠤ ᠤᠨᠠᠭᠰᠠᠨ ᠬᠥᠮᠦᠨ ᠮᠡᠳᠡᠭᠡ ᠰᠡᠬᠡᠭᠡ ᠪᠠᠨ ᠠᠯᠳᠠᠭᠰᠠᠨ ᠡᠰᠡᠬᠦ ᠶᠢ ᠮᠠᠭᠠᠳᠯᠠᠨ᠎ᠠ᠄ | ᠭᠠᠵᠠᠷ ᠲᠤ ᠤᠨᠠᠭᠰᠠᠨ ᠬᠥᠮᠦᠨ ᠤ ᠬᠤᠶᠠᠷ ᠮᠦᠷᠦ ᠶᠢ ᠬᠥᠩᠭᠡᠬᠡᠨ ᠠᠯᠠᠭᠠᠳᠠᠵᠤ᠂ ᠥᠨᠳᠥᠷ ᠳᠠᠭᠤᠨ ᠢᠶᠠᠷ | ᠲᠠᠭᠤᠳᠠᠵᠤ ᠲᠡᠭᠦᠨ ᠤ ᠬᠠᠷᠢᠭᠤ ᠦᠭᠴᠦ ᠲᠡᠶᠢᠯᠬᠦ ᠡᠰᠡᠬᠦ ᠶᠢ ᠦᠵᠡᠨ᠎ᠡ᠃ | ᠬᠡᠷᠪᠡ ᠭᠠᠵᠠᠷ ᠲᠤ ᠤᠨᠠᠭᠰᠠᠨ ᠬᠥᠮᠥᠨ ᠦᠴᠦᠬᠡᠨ ᠴᠤ ᠬᠠᠷᠢᠭᠤ ᠦᠭᠡᠢ ᠪᠣᠯ ᠨᠢᠭᠡᠨᠲᠡ ᠮᠡᠳᠡᠭᠡ | ᠰᠡᠬᠡᠬᠡ ᠪᠠᠨ ᠠᠯᠳᠠᠭᠰᠠᠨ ᠢ ᠬᠠᠷᠠᠭᠤᠯᠵᠤ ᠪᠤᠢ᠂ ᠡᠨᠡ ᠦᠶ᠎ᠡ ᠳᠤ ᠲᠡᠭᠦᠨ ᠤ ᠠᠮᠢᠰᠬᠤᠯ ᠪᠠ ᠰᠤᠳᠠᠰᠤ ᠶᠢ ᠡᠬᠢᠯᠡᠨ | ᠪᠠᠶᠢᠴᠠᠭᠠᠨ ᠮᠠᠭᠠᠳᠯᠠᠵᠤ ᠪᠣᠯᠣᠨ᠎ᠠ᠃ | 03 ᠬᠦᠵᠦᠭᠦᠨ ᠤ ᠯᠣᠭᠰᠢᠭᠤᠨ ᠰᠤᠳᠠᠯ ᠢ ᠬᠡᠷᠬᠢᠨ ᠣᠨᠣᠪᠴᠢᠲᠠᠢ ᠣᠯᠬᠤ ᠪᠣᠢ᠄ ᠨᠡᠶᠢᠯᠡᠭᠦᠯᠦᠭᠰᠡᠨ ᠬᠤᠶᠠᠷ | ᠭᠠᠷ ᠤᠨ ᠬᠤᠷᠤᠭᠤ ᠪᠠᠨ ᠰᠣᠩᠭᠠᠵᠤ᠂ ᠬᠤᠭᠤᠯᠠᠢ ᠶᠢᠨ ᠲᠥᠪ ︵ᠲᠥᠪᠥᠩᠬᠡᠢ ᠶᠢᠨ ᠵᠠᠩᠭᠢᠶᠠᠰᠤ︶ ᠳᠡᠭᠡᠷ᠎ᠡ ᠵᠡᠭᠦᠨᠰᠢ | ᠪᠤᠶᠤ ᠪᠠᠷᠠᠭᠤᠨᠰᠢ ᠬᠤᠶᠠᠷ ᠬᠤᠷᠤᠭᠤᠨ ᠤ ᠥᠷᠭᠡᠨ ᠬᠢᠷᠢ ᠲᠠᠢ ᠪᠠᠶᠢᠷᠢ ᠰᠢᠯᠵᠢᠭᠦᠯᠦᠨ᠎ᠡ᠂ ᠡᠨᠡ ᠪᠣᠯ ᠬᠦᠵᠦᠭᠦᠨ ᠤ | ᠯᠣᠭᠰᠢᠭᠤᠨ ᠰᠤᠳᠠᠯ ᠤᠨ ᠪᠠᠶᠢᠷᠢ ᠪᠣᠯᠤᠨ᠎ᠠ᠃ ᠬᠤᠷᠤᠭᠤᠨ ᠤ ᠰᠡᠷᠡᠯ ᠢᠶᠠᠷ ᠯᠤᠭᠰᠢᠯᠲᠠ ᠪᠠᠶᠢᠬᠤ ᠡᠰᠡᠬᠦ ᠶᠢ ᠦᠵᠡᠨ᠎ᠡ | ᠃ | ᠠᠮᠢᠰᠬᠤᠯ ᠢ ᠬᠡᠷᠬᠢᠨ ᠦᠨᠡᠯᠡᠨ ᠮᠠᠭᠠᠳᠯᠠᠬᠤ ᠪᠤᠢ᠄ ᠴᠡᠭᠡᠵᠢᠨ ᠤ ᠭᠤᠳᠤᠶᠢᠵᠤ ᠭᠦᠳᠦᠶᠢᠭᠰᠡᠨ ᠢ ᠦᠵᠡᠨ᠎ᠡ᠂ | ᠬᠡᠷᠪᠡ ᠴᠡᠭᠡᠵᠢᠨ ᠳᠡᠭᠡᠷ᠎ᠡ ᠢᠯᠡᠷᠬᠡᠢ ᠭᠤᠳᠣᠶᠢᠵᠤ ᠭᠦᠳᠦᠶᠢᠭᠰᠡᠨ ᠪᠠᠶᠢᠳᠠᠯ ᠦᠭᠡᠢ ᠪᠣᠯ᠂ ᠭᠠᠵᠠᠷ ᠲᠤ ᠤᠨᠠᠭᠰᠠᠨ | ᠬᠥᠮᠥᠨ ᠨᠢᠭᠡᠨᠲᠡ ᠠᠮᠢᠰᠬᠤᠭ᠎ᠠ ᠦᠭᠡᠢ ᠪᠣᠯᠤᠭᠰᠠᠨ ᠢ ᠬᠠᠷᠠᠭᠤᠯᠵᠤ ᠪᠠᠶᠢᠨ᠎ᠠ᠃ | 04 ᠬᠡᠷᠪᠡ ᠭᠠᠵᠠᠷ ᠲᠤ ᠤᠨᠠᠭᠰᠠᠨ ᠬᠥᠮᠥᠨ ᠠᠮᠢᠰᠬᠤᠭ᠎ᠠ ᠪᠠ ᠰᠤᠳᠠᠯ ᠤᠨ ᠯᠤᠭᠰᠢᠯᠲᠠ ᠪᠠᠶᠢᠬᠤ ᠦᠭᠡᠢ | ᠪᠣᠯ ᠣᠷᠴᠢᠨ ᠲᠣᠭᠤᠷᠢᠨ ᠤ ᠬᠥᠮᠥᠨ ᠬᠤᠷᠳᠤᠨ120 ᠳᠤ ᠤᠳᠠᠰᠤᠳᠠᠵᠤ ᠠᠪᠤᠷᠠᠯᠲᠠ ᠬᠢᠬᠦ ᠶᠢᠨ ᠬᠠᠮᠳᠤ᠂ ᠳᠠᠷᠤᠢ | ᠲᠦᠷᠭᠡᠨ ᠵᠢᠷᠦᠬᠡ ᠠᠭᠤᠰᠬᠢᠨ ᠤ ᠰᠡᠷᠭᠦᠭᠡᠯᠲᠡ ᠶᠢᠨ ᠠᠵᠢᠯ ᠢ ᠡᠬᠢᠯᠡᠭᠦᠯᠦᠨ᠎ᠡ᠂ ᠡᠭᠦᠨ ᠳᠤ ᠭᠤᠣᠯᠳᠠᠭᠤ ᠬᠤᠶᠠᠷ | ᠠᠯᠬᠤᠮ ᠳᠠᠷᠠᠭ᠎ᠠ ᠶᠢ ᠪᠠᠭᠳᠠᠭᠠᠨ᠎ᠠ᠂ ᠲᠠᠷᠤᠢ ᠨᠢᠭᠡ ᠳᠤ ᠴᠡᠭᠡᠵᠢᠨ ᠤ ᠭᠠᠳᠠᠨ᠎ᠠ ᠲᠠᠯ᠎ᠠ ᠳᠤ ᠲᠠᠷᠤᠬᠤ᠂ ᠬᠤᠶᠠᠷ ᠲᠤ | ᠬᠦᠮᠦᠨ ᠤ ᠬᠦᠴᠦ ᠪᠠᠷ ᠠᠮᠢᠰᠬᠤᠭᠤᠯᠬᠤ ᠪᠣᠯᠤᠨ᠎ᠠ᠃ | | | 120 ᠳᠤ ᠤᠳᠠᠰᠤᠳᠠᠬᠤ ᠳᠤ ᠠᠩᠬᠠᠷᠬᠤ ᠵᠦᠢᠯ᠄ | 1. ᠬᠡᠷᠡᠭ ᠭᠠᠷᠤᠭᠰᠠᠨ ᠭᠠᠵᠠᠷ ᠢ ᠣᠨᠣᠪᠴᠢᠲᠠᠶ ᠥᠭᠦᠯᠡᠬᠦ︔ | 2. ᠭᠠᠵᠠᠷ ᠲᠤ ᠤᠨᠠᠭᠰᠠᠨ ᠬᠦᠮᠦᠨ ᠤ ᠴᠢᠨᠠᠷ ᠤᠨ ᠢᠯᠭᠠᠯ᠂ ᠶᠡᠭᠡ ᠲᠦᠯᠦᠪ ᠨᠠᠰᠤ ᠪᠠ ᠡᠪᠡᠳᠴᠢᠨ ᠤ | ᠪᠠᠶᠢᠳᠠᠯ ᠶᠢ ᠲᠦᠷᠰᠦᠯᠡᠬᠦ︔ | 3. ᠤᠲᠠᠰᠤ ᠪᠠᠷ ᠰᠠᠭᠠᠳ ᠦᠭᠡᠢ ᠨᠡᠪᠳᠡᠷᠡᠬᠦ ᠶᠢ ᠪᠠᠳᠤᠯᠠᠬᠤ᠃ | | ᠴᠡᠭᠡᠵᠢᠨ ᠤ ᠭᠠᠳᠠᠨ᠎ᠠ ᠲᠠᠯ᠎ᠠ ᠳᠤ ᠲᠠᠷᠤᠬᠤ ᠳᠤ ᠠᠩᠬᠠᠷᠬᠤ ᠵᠦᠢᠯ᠄ | 1. ᠣᠷᠣᠨ ᠪᠠᠶᠢᠷᠢ ᠲᠣᠭᠲᠠᠭᠠᠬᠤ᠄ ᠬᠤᠶᠠᠷ ᠬᠥᠬᠦᠨ ᠤ ᠵᠠᠯᠭᠠᠯᠲᠠ ᠶᠢᠨ ᠳᠤᠮᠳᠠ ᠴᠡᠭ︔ | 2. ᠳᠠᠷᠤᠯᠲᠠ ᠶᠢᠨ ᠭᠦᠨᠴᠡ᠄ 5-6ᠰᠡᠨᠲ᠋ᠢᠮᠧᠲᠷ︔ | 3. ᠳᠠᠷᠤᠯᠲᠠ ᠥᠭᠬᠦ ᠳᠠᠪᠲᠠᠮᠵᠢ᠄ 100-120 ᠤᠳᠠᠭ᠎ᠠ\ ᠮᠢᠨᠦ᠋ᠲ︔ | 4. ᠳᠠᠷᠤᠯᠲᠠ ᠶᠢᠨ ᠠᠯᠤᠰᠯᠠᠬᠤ ᠴᠠᠭ᠄ 10 ᠰᠧᠺᠦ᠋ᠨ᠋ᠲ ᠠᠴᠠ ᠪᠠᠭ᠎ᠠ᠂ ᠭᠦᠢᠴᠡᠳ ᠪᠣᠯ ᠬᠠᠷᠢᠨ ᠪᠤᠴᠠᠳᠠᠭ | 5. 30 ᠤᠳᠠᠭ᠎ᠠ ᠴᠡᠭᠡᠵᠢᠨ ᠤ ᠭᠠᠳᠠᠨ᠎ᠠ ᠲᠠᠯ᠎ᠠ ᠳᠤ ᠲᠠᠷᠤᠭᠰᠠᠨ ᠤ ᠲᠠᠷᠠᠭ᠎ᠠ 2 ᠤᠳᠠᠭ᠎ᠠ ᠬᠦᠮᠦᠨ ᠤ | ᠬᠦᠴᠦ ᠪᠠᠷ ᠠᠮᠢᠰᠬᠤᠭᠤᠯᠤᠨ᠎ᠠ᠃ ᠡᠪᠡᠳᠴᠢᠲᠡᠨ ᠦᠪᠡᠷ ᠢᠶᠠᠨ ᠠᠮᠢᠰᠬᠤᠵᠤ ᠲᠡᠶᠢᠯᠬᠦ ᠪᠤᠶᠤ ᠵᠢᠷᠦᠬᠡᠨ ᠤ ᠴᠣᠬᠢᠯᠲᠠ | ᠨᠢ ᠰᠡᠷᠭᠦᠬᠦ ᠡᠰᠡᠭᠦᠯ᠎ᠡ ᠲᠤᠰᠬᠠᠢ ᠡᠮᠴᠢᠯᠡᠭᠡᠨ ᠤ ᠠᠵᠢᠯᠲᠠᠨ ᠪᠠᠴᠢᠮ ᠠᠪᠤᠷᠠᠯᠳᠠ ᠬᠢᠵᠦ ᠦᠭᠬᠦ ᠬᠦᠷᠳᠡᠯ᠎ᠡ ᠲᠡᠭᠡᠷᠡᠬᠢ | ᠠᠷᠭ᠎ᠠ ᠮᠠᠶ᠋ᠢᠭ ᠢ ᠭᠡᠷᠡᠭᠯᠡᠨ᠎ᠡ᠃ | | ᠬᠥᠮᠦᠨ ᠤ ᠬᠦᠴᠦ ᠪᠠᠷ ᠠᠮᠢᠰᠬᠤᠭᠤᠯᠬᠤ ᠳᠤ ᠠᠩᠬᠠᠷᠬᠤ ᠵᠦᠢᠯ᠄ ᠡᠪᠡᠳᠴᠢᠲᠡᠨ ᠤ ᠬᠠᠮᠠᠷ ᠠᠮᠠᠨ ᠳᠤ ᠡᠯᠳᠡᠪ | ᠪᠣᠳᠠᠰ ᠪᠠᠶᠢᠬᠤ ᠡᠰᠡᠬᠦ ᠶᠢ ᠠᠵᠢᠭᠯᠠᠵᠤ᠂ ᠡᠯᠳᠡᠪ ᠪᠣᠳᠠᠰ ᠪᠠᠶᠢᠪᠠᠯ ᠬᠠᠪᠰᠤᠷᠴᠤ ᠴᠡᠪᠡᠷᠯᠡᠨ ᠠᠷᠢᠯᠭᠠᠬᠤ ᠪᠥᠭᠡᠳ | ᠲᠣᠯᠣᠭᠠᠢ ᠥᠨᠳᠡᠶᠢᠯᠭᠡᠨ ᠡᠷᠡᠦ ᠰᠤᠩᠭᠠᠬᠤ ᠠᠷᠭ᠎ᠠ ᠶᠢ ᠬᠡᠷᠡᠭᠯᠡᠵᠦ᠂ ᠠᠮᠢᠰᠬᠤᠯ ᠤᠨ ᠵᠠᠮ ᠢ ᠨᠡᠭᠡᠭᠡᠵᠦ ᠦᠭᠬᠦ ᠳᠤ | ᠲᠤᠰᠠᠯᠠᠨ᠎ᠠ᠃ ᠳᠠᠷᠠᠭ᠎ᠠ ᠨᠢ ᠡᠪᠡᠳᠴᠢᠲᠡᠨ ᠤ ᠬᠠᠮᠠᠷ ᠢ ᠴᠢᠩᠭ᠎ᠠ ᠴᠢᠮᠬᠢᠨ 1 ᠰᠧᠺᠦ᠋ᠨ᠋ᠳ᠋ ᠦᠯᠢᠶᠡᠵᠦ᠂ ᠡᠪᠡᠳᠴᠢᠳᠡᠨ | ᠤ ᠴᠡᠭᠡᠵᠢᠨ ᠪᠡᠶ᠎ᠡ ᠨᠢ ᠭᠤᠳᠣᠶᠢᠵᠤ ᠭᠦᠳᠦᠶᠢᠵᠦ ᠪᠠᠶᠢᠬᠤ ᠡᠰᠡᠬᠦ ᠶᠢ ᠠᠵᠢᠭᠯᠠᠨ᠎ᠠ᠃ ᠶᠡᠷᠦ ᠳᠤ ᠪᠠᠨ 30 ᠤᠳᠠᠭ᠎ᠠ | ᠳᠠᠷᠤᠵᠤ᠂ ᠬᠤᠶᠠᠷ ᠤᠳᠠᠭ᠎ᠠ ᠬᠦᠮᠦᠨ ᠤ ᠬᠦᠴᠦ ᠪᠠᠷ ᠠᠮᠢᠰᠬᠤᠭᠤᠯᠳᠠᠭ᠃ | |