11 ᠰᠠᠷ᠎ᠠ ᠶᠢᠨ 29 ᠤ ᠡᠳᠦᠷ ᠤᠨ ᠤᠷᠤᠢ ᠶᠢᠨ 8 ᠴᠠᠭ ᠲᠤ᠂ ᠲᠤᠰ ᠡᠳᠦᠷ ᠤᠨ ᠬᠠᠮᠤᠭ ᠰᠡᠭᠦᠯᠴᠢ ᠶᠢᠨ | ᠨᠢᠭᠡ ᠴᠢᠩᠭᠡᠯᠢᠭ ᠢ ᠲᠡᠭᠡᠭᠡᠭᠰᠡᠨ ᠪᠠᠷᠠᠭᠠᠨ ᠤ ᠲᠡᠷᠭᠡ ᠮᠠᠨᠳᠤᠯ ᠪᠣᠭᠤᠮᠲᠠ ᠪᠠᠷ ᠬᠢᠯᠢ ᠳᠤ ᠣᠷᠣᠬᠤ ᠶᠢ ᠳᠠᠭᠠᠯᠳᠤᠨ᠂ | ᠮᠠᠨᠳᠤᠯ ᠪᠣᠭᠤᠮᠲᠠ ᠶᠢᠨ 11 ᠰᠠᠷ᠎ᠠ ᠶᠢᠨ ᠬᠢᠯᠢ ᠪᠠᠷ ᠤᠷᠤᠵᠤ ᠭᠠᠷᠤᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ | 103.77 ᠲᠦᠮᠡᠨ ᠲᠣᠨ ᠳᠤ ᠬᠦᠷᠴᠦ᠂ ᠠᠩᠬ᠎ᠠ ᠤᠳᠠᠭ᠎ᠠ ᠨᠢᠭᠡ ᠰᠠᠷ᠎ᠠ ᠶᠢᠨ ᠪᠠᠷᠠᠭᠠᠨ ᠤ ᠲᠡᠭᠡᠭᠡᠪᠦᠷᠢ ᠶᠢᠨ | ᠬᠡᠮᠵᠢᠶ᠎ᠡ 100 ᠲᠦᠮᠡᠨ ᠲᠣᠨ ᠢ ᠳᠠᠪᠠᠪᠠ᠃ | 11 ᠰᠠᠷ᠎ᠠ ᠠᠴᠠ ᠨᠠᠰᠢ᠂ ᠬᠡᠳᠦ᠋ᠢᠪᠡᠷ ᠠᠭᠤᠷ ᠠᠮᠢᠰᠬᠤᠯ ᠠᠭᠠᠵᠢᠮ ᠢᠶᠠᠷ ᠬᠦᠢᠲᠡᠷᠡᠵᠦ ᠪᠠᠶᠢᠬᠰᠠᠨ ᠴᠤ | ᠮᠠᠨᠳᠤᠯ ᠪᠣᠭᠤᠮᠲᠠ ᠶᠢᠨ ᠤᠯᠤᠰ ᠤᠨ ᠡᠭᠦᠳᠡ ᠪᠠᠷ ᠥᠩᠭᠡᠷᠡᠭᠦ ᠪᠠᠷᠠᠭ᠎ᠠ ᠶᠢᠨ ᠲᠡᠷᠭᠡ ᠤᠷᠳᠥ ᠭᠡᠭᠴᠢ ᠮᠥᠷᠯᠡᠨ | ᠵᠢᠭᠰᠠᠵᠤ᠂ ᠪᠤᠭᠤᠮᠳᠠ ᠶᠢᠨ ᠪᠠᠷᠠᠭ᠎ᠠ ᠶᠢᠨ ᠲᠡᠭᠡᠭᠡᠪᠦᠷᠢ ᠶᠢᠨ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠭᠰᠡᠨ ᠢ | ᠬᠠᠷᠠᠭᠤᠯᠪᠠ᠃ | 11 ᠰᠠᠷ᠎ᠠ ᠶᠢᠨ 22 ᠤᠨ ᠡᠳᠦᠷ ᠤᠨ ᠮᠠᠨᠳᠤᠯ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠪᠠᠷᠠᠭᠠᠨ ᠤ | ᠲᠡᠭᠡᠭᠡᠪᠦᠷᠢ ᠶᠢᠨ ᠲᠡᠷᠭᠡ 954 ᠳᠡᠷᠭᠡ ᠤᠳᠠᠭ᠎ᠠ ᠪᠠᠶᠢᠵᠤ᠂ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ 6.27 ᠲᠦᠮᠡᠨ ᠲᠣᠨ ᠳᠤ ᠬᠦᠷᠴᠦ᠂ ᠨᠢᠭᠡ ᠡᠳᠦᠷ ᠤᠨ ᠪᠠᠷᠠᠭ᠎ᠠ ᠥᠩᠭᠡᠷᠡᠬᠦ ᠬᠡᠮᠵᠢᠶ᠎ᠡ | ᠠᠩᠬ᠎ᠠ ᠤᠳᠠᠭ᠎ᠠ 6 ᠲᠦᠮᠡᠨ ᠲᠣᠨ ᠢ ᠳᠠᠪᠠᠪᠠ᠃ 11 ᠰᠠᠷ᠎ᠠ ᠶᠢᠨ 29 ᠤ ᠡᠳᠦᠷ ᠪᠣᠯᠲᠠᠯ᠎ᠠ᠂ 11 ᠰᠠᠷ᠎ᠠ ᠶᠢᠨ | ᠮᠠᠨᠳᠤᠯ ᠪᠣᠭᠤᠮᠲᠠ ᠶᠢᠨ ᠡᠳᠦᠷ ᠤᠨ ᠪᠠᠷᠠᠭ᠎ᠠ ᠥᠩᠭᠡᠷᠡᠬᠦ ᠬᠡᠮᠵᠢᠶ᠎ᠡ 6 ᠡᠳᠦᠷ ᠲᠤ 5 ᠲᠦᠮᠡᠨ ᠲᠣᠨ ᠢ ᠳᠠᠪᠠᠵᠤ᠂ | ᠲᠣᠰ ᠲᠣᠰ 14 ᠤ ᠡᠳᠦᠷ 5.06 ᠲᠦᠮᠡᠨ ᠲᠣᠨ᠂ 16 ᠤ ᠡᠳᠦᠷ 5.08 ᠲᠦᠮᠡᠨ ᠲᠣᠨ᠂ 19 ᠤ ᠡᠳᠦᠷ 5. | 2 ᠲᠦᠮᠡᠨ ᠲᠣᠨ᠂ 20 ᠤ ᠡᠳᠦᠷ 5.37 ᠲᠦᠮᠡᠨ ᠲᠣᠨ᠂ 21 ᠤ ᠡᠳᠦᠷ 5.46 ᠲᠦᠮᠡᠨ ᠲᠣᠨ᠂ 23 ᠤ | ᠡᠳᠦᠷ 5.20 ᠲᠦᠮᠡᠨ ᠲᠣᠨ ᠪᠣᠯᠤᠨ᠎ᠠ᠃ | ᠡᠨᠡ ᠵᠢᠯ ᠠᠴᠠ ᠨᠠᠰᠢ᠂ ᠪᠤᠭᠤᠲᠤ ᠶᠢᠨ ᠬᠢᠯᠢ ᠶᠢᠨ ᠪᠣᠭᠤᠮᠲᠠ ᠣᠶᠤᠨᠴᠢ ᠪᠣᠭᠤᠮᠲᠠ ᠶᠢᠨ ᠪᠠᠢᠭᠤᠯᠤᠯᠲᠠ ᠶᠢ | ᠪᠦᠬᠦ ᠲᠠᠯ᠎ᠠ ᠪᠠᠷ ᠠᠬᠢᠭᠤᠯᠵᠤ᠂ ︽ᠣᠶᠤᠨᠴᠢ ᠬᠢᠨᠠᠨ ᠬᠠᠮᠢᠶᠠᠷᠤᠯᠲᠠ ᠶᠢᠨ ᠠᠵᠢᠯᠯᠠᠬᠤ ᠲᠠᠪᠴᠠᠩ︾ ᠢ ᠪᠠᠶᠢᠭᠤᠯᠵᠤ᠂ | ᠣᠶᠤᠨᠴᠢ ᠺᠠᠷᠲ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ ᠮᠧᠬᠠᠨᠢᠭᠵᠢᠭᠤᠯᠤᠭᠰᠠᠨ ᠦᠯᠢᠭᠡᠷ ᠠᠪᠬᠤ ᠵᠡᠷᠭᠡ | ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠶᠡᠷᠦᠩᠬᠡᠢᠯᠡᠨ ᠬᠡᠷᠡᠭᠯᠡᠵᠦ᠂ ᠪᠣᠭᠤᠮᠲᠠ ᠶᠢᠨ ᠬᠢᠨᠠᠨ | ᠬᠠᠮᠢᠶᠠᠷᠤᠯᠲᠠ ᠶᠢᠨ ︽ᠪᠦᠬᠦ ᠠᠬᠤᠢ ᠪᠠᠶᠢᠳᠠᠯ ᠤᠨ᠂ ᠣᠶᠤᠨᠴᠢᠯᠠᠭᠰᠠᠨ᠂ ᠦᠵᠡᠭᠳᠡᠮᠡᠷ︾ ᠶᠢ ᠪᠡᠶᠡᠯᠡᠭᠦᠯᠪᠡ᠃ | H986 ᠲᠥᠬᠦᠭᠡᠷᠦᠮᠵᠢ ᠳᠤ ᠲᠦᠰᠢᠭᠯᠡᠨ ︽ᠦᠯᠦ ᠬᠠᠯᠳᠠᠭᠠᠬᠤ ᠬᠡᠯᠪᠡᠷᠢ︾ ᠶᠢᠨ ᠤᠷᠢᠳ ᠢᠶᠠᠷ ᠮᠠᠰᠢᠨ ᠤ | ᠪᠠᠶᠢᠴᠠᠭᠠᠯᠲᠠ ᠵᠢᠴᠢ ᠠᠦ᠋ᠲ᠋ᠣ᠋ ᠰᠠᠴᠤᠷᠠᠭ ᠤᠨ ᠬᠠᠶᠢᠨ ᠬᠡᠮᠵᠢᠯᠲᠡ ᠶᠢ ᠥᠷᠨᠢᠭᠦᠯᠵᠦ᠂ ᠲᠤᠬᠠᠶ ᠶᠢᠨ ᠲᠠᠯᠠᠪᠤᠷ ᠤᠨ | ᠪᠠᠶᠢᠴᠠᠭᠠᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠳᠠᠯᠤᠯᠲᠠ ᠶᠢᠨ ᠮᠠᠰᠢᠨ ᠤ | ᠪᠠᠶᠢᠴᠠᠭᠠᠯᠲᠠ ᠶᠢᠨ ᠵᠢᠷᠤᠭ ᠳᠦᠷᠰᠦ ᠳᠤ ᠴᠢᠩᠭᠡᠯᠢᠭ᠂ ᠲᠡᠷᠭᠡ ᠬᠥᠰᠬᠡ ᠵᠡᠷᠭᠡ ᠠᠴᠢᠶᠠᠯᠠᠪᠤᠷᠢ ᠶᠢᠨ ᠳᠣᠲᠣᠷᠠᠬᠢ | ᠪᠠᠷᠠᠭ᠎ᠠ᠂ ᠳᠠᠯᠳᠠ ᠭᠡᠮ ᠵᠢᠴᠢ ᠴᠠᠭᠠᠵᠠ ᠲᠠᠢ ᠪᠣᠳᠠᠰ ᠢ ᠲᠡᠷᠡ ᠳᠤᠤᠷ᠎ᠠ ᠨᠢ ᠢᠯᠡᠷᠡᠭᠦᠯᠵᠦ ᠳᠡᠶᠢᠯᠥᠨ᠂ ︽ᠲᠦᠷᠭᠡᠨ | ᠨᠡᠪᠲᠡᠷᠡᠭᠦᠯᠬᠦ︾ ᠮᠥᠷᠲᠡᠭᠡᠨ ︽ᠬᠠᠮᠢᠶᠠᠷᠴᠤ ᠳᠡᠶᠢᠯᠬᠦ︾ ᠶᠢ ᠪᠡᠶᠡᠯᠡᠬᠦᠯᠪᠡ᠃ ︽ᠮᠠᠰᠢᠨ ᠪᠠᠶᠢᠴᠠᠭᠠᠯᠲᠠ + | ᠬᠥᠮᠦᠨ ᠤ ᠬᠦᠴᠦᠨ ᠤ ᠪᠠᠶᠢᠴᠠᠭᠠᠯᠲᠠ︾ ᠶᠢᠨ ᠵᠠᠭᠪᠤᠷ ᠢᠶᠠᠷ ᠳᠠᠮᠵᠢᠭᠤᠯᠤᠨ ᠪᠥᠬᠦ ᠬᠡᠯᠬᠢᠶ᠎ᠡ ᠶᠢᠨ ᠥᠨᠳᠥᠷ | ᠪᠦᠲᠦᠮᠵᠢᠲᠡᠶ ᠪᠣᠭᠤᠮᠲᠠ ᠪᠠᠷ ᠥᠩᠭᠡᠷᠡᠬᠦ ᠶᠢ ᠪᠥᠬᠦ ᠬᠦᠴᠦᠨ ᠢᠶᠠᠷ ᠢᠶᠠᠨ ᠪᠠᠳᠤᠯᠠᠪᠠ᠃ ᠡᠭᠦᠨ ᠤ ᠬᠠᠮᠲᠤ᠂ | ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ 6 | × 12 ᠴᠠᠭ ᠤᠨ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠵᠠᠭᠪᠤᠷ ᠢ ᠬᠡᠷᠡᠭᠯᠡᠨ᠂ ︽ᠰᠠᠭᠠᠳ | ᠥᠬᠡᠶ ᠨᠡᠪᠲᠡᠷᠡᠬᠦ ᠵᠠᠮ︾᠂ ︽ᠪᠣᠯᠵᠣᠵᠤ ᠪᠠᠶᠢᠴᠠᠭᠠᠨ ᠰᠢᠯᠭᠠᠬᠤ︾ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ︽ | ᠪᠣᠭᠤᠮᠲᠠ ᠶᠢᠨ ᠳᠠᠷᠤᠭ᠎ᠠ ᠶᠢᠨ ᠲᠥᠷᠥ ᠶᠢᠨ ᠪᠣᠳᠣᠯᠭ᠎ᠠ ᠶᠢ ᠬᠡᠷ ᠲᠤᠨᠢ ᠬᠦᠷᠭᠡᠬᠦ︾ ᠬᠡᠯᠪᠡᠷᠢ ᠪᠠᠷ ︽ᠭᠠᠳᠠᠭᠠᠳᠤ ᠠᠴᠠ | ᠣᠷᠣᠭᠤᠯᠬᠤ ᠨᠡᠭᠦᠷᠡᠰᠦ ᠶᠢ ᠪᠠᠶᠢᠴᠠᠭᠠᠨ ᠰᠢᠯᠭᠠᠵᠤ ᠢᠲᠡᠭᠡᠮᠵᠢ ᠠᠪᠬᠤ︾᠂ ︽ᠬᠠᠶᠢᠯᠤᠭᠤᠷ ᠵᠣᠩᠰᠢ ᠶᠢᠨ | ᠭᠠᠳᠠᠭᠠᠳᠤ ᠠᠴᠠ ᠣᠷᠣᠭᠤᠯᠬᠤ ᠳᠤ ᠪᠣᠭᠤᠮᠲᠠ ᠶᠢᠨ ᠭᠠᠶᠢᠯᠢ ᠥᠬᠡᠶ︾ ᠵᠡᠷᠭᠡ ᠲᠥᠷᠥ ᠶᠢᠨ ᠪᠣᠳᠣᠯᠭ᠎ᠠ ᠶᠢ | ᠤᠬᠠᠭᠤᠯᠤᠨ ᠲᠠᠶᠢᠯᠪᠤᠷᠢᠯᠠᠵᠤ᠂ ᠲᠥᠷᠥ ᠶᠢᠨ ᠪᠣᠳᠣᠯᠭ᠎ᠠ ᠶᠢᠨ ᠠᠵᠤ ᠠᠬᠤᠶᠢᠯᠠᠯ ᠳᠤ ᠠᠰᠢᠭ ᠬᠦᠷᠲᠡᠭᠡᠬᠦ ︽ | ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠵᠦ᠂ ᠪᠣᠭᠤᠮᠲᠠ ᠪᠠᠷ ᠥᠩᠭᠡᠷᠡᠬᠦ ᠪᠠᠷᠠᠭᠠᠨ ᠤ ᠬᠡᠮᠵᠢᠶ᠎ᠡ ᠶᠢ | ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃ | ᠥᠪᠥᠷ ᠮᠣᠩᠭᠤᠯ ᠤᠨ ᠵᠢᠶᠧ ᠱᠦᠨ ᠰᠢᠶᠠᠩ ᠣᠯᠠᠨ ᠤᠯᠤᠰ ᠤᠨ ᠠᠷᠠᠯᠵᠢᠶᠠᠨ ᠤ ᠬᠢᠵᠠᠭᠠᠷᠲᠤ ᠺᠣᠮᠫᠠᠨᠢ ᠪᠣᠯ | ᠮᠠᠨᠳᠤᠯ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠨᠡᠭᠦᠷᠡᠰᠦᠨ ᠤ ᠲᠤᠬᠠᠶᠢᠯᠠᠭᠰᠠᠨ ᠠᠵᠢᠯ ᠢ ᠡᠵᠡᠩᠨᠡᠵᠦ | ᠪᠠᠶᠢᠭ᠎ᠠ ᠨᠢᠭᠡᠨ ᠠᠵᠤ ᠠᠬᠤᠶᠢᠯᠠᠯ ᠮᠥᠨ᠂ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠬᠤᠷᠳᠤᠴᠠ ᠶᠢᠨ | ᠬᠤᠪᠢᠷᠠᠯᠲᠠ ᠶᠢ ᠳᠣᠷᠠᠳᠬᠤ ᠳᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠴᠧᠨ ᡁᠢ ᠸᠧᠶ᠄ ︽ | ᠥᠩᠭᠡᠷᠡᠭᠰᠡᠨ ᠳᠤ ᠭᠠᠳᠠᠭᠠᠳᠤ ᠠᠴᠠ ᠣᠷᠣᠭᠤᠯᠬᠤ ᠨᠡᠭᠦᠷᠡᠰᠦ ᠶᠢ ᠬᠢᠯᠢ ᠪᠠᠷ ᠣᠷᠣᠭᠤᠯᠤᠭᠰᠠᠨ ᠤ ᠳᠠᠷᠠᠭ᠎ᠠ᠂ ᠨᠠᠭᠠᠳᠤ | ᠵᠠᠬ᠎ᠠ ᠳᠠᠭᠠᠨ ᠪᠣᠭᠤᠮᠲᠠ ᠳᠤ 3 - 5 ᠡᠳᠦᠷ ᠵᠣᠭᠰᠣᠪᠠᠯ ᠰᠠᠶ᠋ᠢ ᠶᠡᠪᠤᠵᠤ ᠪᠣᠯᠤᠨ᠎ᠠ᠂ ᠣᠲᠣ ᠪᠣᠭᠤᠮᠲᠠ ᠶᠢᠨ | ᠬᠢᠨᠠᠯᠲᠠ ᠬᠠᠮᠢᠶᠠᠷᠤᠯᠲᠠ ᠨᠠᠩ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠪᠣᠯᠵᠣ᠂ ᠪᠣᠭᠤᠮᠲᠠ ᠪᠠᠷ | ᠥᠩᠭᠡᠷᠡᠬᠦ ᠬᠤᠷᠳᠤᠴᠠ ᠨᠢ ᠴᠦ ᠶᠡᠭᠡ ᠪᠠᠷ ᠳᠡᠭᠡᠭᠰᠢᠯᠡᠵᠦ᠂ ᠬᠡᠷᠪᠡ ᠬᠢᠯᠢ ᠶᠢᠨ ᠭᠠᠳᠠᠨᠠᠬᠢ ᠤᠷᠢᠳᠴᠢᠯᠠᠨ | ᠪᠠᠶᠢᠴᠠᠭᠠᠯᠲᠠ ᠬᠢᠬᠦ ᠢᠲᠡᠭᠡᠮᠵᠢ ᠤᠯᠤᠭᠰᠠᠨ ᠪᠤᠯ᠂ ᠨᠡᠭᠦᠷᠡᠰᠦ ᠶᠢ ᠬᠠᠮᠤᠭ ᠤᠨ ᠲᠦᠷᠭᠡᠨ ᠳᠡᠭᠡᠨ ᠲᠤᠬᠠᠢ ᠶᠢᠨ | ᠡᠳᠦᠷ ᠲᠤ ᠭᠠᠷᠭᠠᠨ ᠠᠪᠴᠤ᠂ ᠠᠵᠤ ᠠᠬᠤᠶᠢᠯᠠᠯ ᠤᠨ ᠪᠠᠷᠠᠭᠠᠨ ᠤ ᠭᠦᠢᠯᠭᠡᠭᠡ ᠪᠠ ᠬᠥᠮᠥᠷᠭᠡᠯᠡᠨ ᠬᠠᠳᠠᠭᠠᠯᠠᠬᠤ | ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠤᠭᠰᠠᠨ ᠪᠠᠶᠢᠨ᠎ᠠ︾ ᠭᠡᠵᠡᠶ᠃ | |