ᠣᠶᠢᠷ᠎ᠠ ᠶᠢᠨ ᠵᠢᠯ ᠠᠴᠠ ᠨᠠᠭᠠᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠢᠯᠴᠢᠨ ᠤ | ᠶᠡᠷᠦᠩᠬᠡᠶ ᠡᠪᠯᠡᠯ ᠠᠵᠢᠯᠲᠠᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠶᠢ ᠨᠠᠷᠢᠨ ᠬᠢᠨᠠᠮᠠᠭᠠᠶ | ᠵᠣᠬᠢᠶᠠᠨ ᠪᠠᠶᠢᠭᠤᠯᠤᠨ ᠥᠷᠨᠢᠭᠦᠯᠵᠦ᠂ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠣᠭ ᠰᠠᠨᠠᠭ᠎ᠠ ᠪᠠᠨ ᠪᠠᠲᠤ | ᠰᠠᠬᠢᠵᠤ᠂ ᠪᠥᠬᠦ ᠰᠡᠳᠬᠢᠯ ᠪᠥᠬᠦ ᠬᠦᠴᠦᠨ ᠢᠶᠠᠷ ᠢᠶᠠᠨ ᠠᠵᠢᠯᠲᠠᠨ ᠳᠤ ᠪᠣᠳᠠᠲᠠᠶ ᠶᠠᠪᠤᠳᠠᠯ ᠬᠢᠵᠦ᠂ ᠬᠦᠴᠢᠷ | ᠠᠰᠠᠭᠤᠳᠠᠯ ᠢ ᠰᠢᠢᠳᠪᠦᠷᠢᠯᠡᠨ ᠥᠭᠴᠦ᠂ ᠠᠵᠢᠯᠲᠠᠨ ᠢ ᠨᠢᠭᠡ ᠬᠤᠪᠢ ︽ᠲᠦᠰᠢᠭ︾ ᠲᠠᠢ ᠪᠣᠯᠭᠠᠬᠤ ᠶᠢᠨ ᠬᠠᠮᠲᠤ | ᠪᠠᠰᠠ ᠨᠢᠭᠡ ᠬᠤᠪᠢ ᠪᠠᠲᠤᠯᠠᠭ᠎ᠠ ᠬᠠᠩᠭᠠᠵᠤ᠂ ᠠᠵᠢᠯᠲᠠᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠴᠤ ᠥᠷᠭᠡᠨ | ᠣᠯᠠᠨ ᠠᠵᠢᠯᠲᠠᠨ ᠳᠤ ︽ᠠᠵᠢᠯᠲᠠᠨ ᠤ ᠬᠤᠶᠠᠳᠤᠭᠠᠷ ᠡᠮᠴᠢᠯᠡᠭᠡᠨ ᠤ ᠳᠠᠭᠠᠳᠬᠠᠯ︾ ᠭᠡᠵᠦ ᠳᠣᠲᠣᠨᠣ ᠪᠠᠷ | ᠨᠡᠷᠡᠶᠢᠳᠦᠭᠳᠡᠪᠡ᠃ | ︽ᠡᠨᠡ ᠬᠦ ᠠᠵᠢᠯᠲᠠᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠰᠦᠢᠳᠬᠡᠯ ᠲᠤᠰᠢᠶᠠᠬᠤ ᠨᠢ ᠪᠠᠭ᠎ᠠ᠂ | ᠲᠠᠩᠰᠠ ᠲᠠᠶᠢᠯᠬᠤ ᠬᠠᠷᠢᠴᠠᠯ ᠨᠢ ᠥᠨᠳᠥᠷ᠂ ᠪᠠᠲᠤᠯᠠᠭ᠎ᠠ ᠶᠢᠨ ᠬᠡᠪᠴᠢᠶ᠎ᠡ ᠨᠢ ᠥᠷᠭᠡᠨ᠂ ᠲᠠᠩᠰᠠ ᠲᠠᠶᠢᠯᠬᠤ ᠪᠥᠬᠦ | ᠶᠠᠪᠤᠴᠠ ᠶᠢ ᠰᠦᠯᠵᠢᠶᠡᠨ ᠳᠡᠭᠡᠷ᠎ᠡ ᠶᠠᠪᠤᠭᠳᠠᠭᠤᠯᠵᠤ ᠪᠠᠶᠢᠨ᠎ᠠ ᠁︾ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠠᠵᠢᠯᠳᠠᠨ ᠤ ᠦᠢᠯᠡᠴᠢᠯᠡᠭᠡᠨ ᠤ ᠲᠥᠪ ᠲᠤ ᠬᠦᠷᠬᠦ ᠳᠤ᠂ | ᠠᠵᠢᠯᠲᠠᠳ ᠦ᠋ ᠨᠠ ᠶᠠᠭ ᠠᠵᠢᠯᠳᠠᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢ ᠠᠰᠠᠭᠤᠨ ᠯᠠᠪᠯᠠᠬᠤ ᠪᠠᠷ | ᠢᠷᠡᠭᠰᠡᠨ ᠠᠵᠢᠯᠳᠠᠨ ᠳᠤ ᠪᠠᠲᠤᠯᠠᠭ᠎ᠠ ᠶᠢᠨ ᠠᠭᠤᠯᠭ᠎ᠠ᠂ ᠳᠠᠭᠠᠳᠬᠠᠯ ᠳᠤ ᠣᠷᠣᠯᠴᠠᠬᠤ ᠠᠷᠭ᠎ᠠ ᠬᠡᠯᠪᠡᠷᠢ᠂ | ᠭᠦᠢᠴᠡᠳᠬᠡᠬᠦ ᠶᠠᠪᠤᠴᠠ᠂ ᠨᠥᠬᠦᠪᠥᠷᠢ ᠶᠢᠨ ᠵᠦᠢᠯ ᠵᠤᠷᠪᠤᠰ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠨ ᠥᠭᠴᠦ | ᠪᠠᠶᠢᠪᠠ᠃ ᠠᠵᠢᠯᠲᠠᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ ᠲᠤᠬᠠᠢ ᠦ᠋ ᠨᠠ ᠶᠠᠭ ᠯᠠ ᠠᠯᠠᠭᠠᠨ ᠵᠢᠷᠤᠭᠠᠰᠤ | ᠰᠢᠭ᠋ ᠢᠶᠠᠨ ᠲᠣᠳᠤᠷᠬᠠᠢ ᠪᠠᠶᠢᠯ᠎ᠠ᠃ | ᠠᠵᠢᠯᠲᠠᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠭᠡᠵᠦ ᠶᠠᠭᠤ ᠪᠤᠢ︖ ᠶᠠᠮᠠᠷ ᠦᠢᠯᠡᠳᠦᠯ ᠦᠵᠡᠭᠦᠯᠬᠦ | ᠪᠤᠢ︖ ᠡᠦ ᠨᠠ ᠰᠤᠷᠪᠤᠯᠵᠢᠯᠠᠭᠴᠢ ᠳᠤ᠄ ︽ᠠᠵᠢᠯᠲᠠᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯ | ᠪᠣᠯ ᠡᠯ᠎ᠡ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠳᠤ ᠲᠦᠰᠢᠭᠯᠡᠨ ᠠᠵᠢᠯᠯᠠᠵᠤ ᠪᠠᠶᠢᠭ᠎ᠠ | ᠠᠵᠢᠯᠲᠠᠨ ᠳᠤ ᠥᠷᠨᠢᠭᠦᠯᠦᠭᠰᠡᠨ ᠨᠢᠭᠡ ᠵᠦᠢᠯ ᠤᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠮᠥᠨ | ᠂ ᠵᠠᠷᠤᠳᠠᠯ ᠨᠢ ᠳᠣᠣᠷ᠎ᠠ᠂ ᠪᠠᠲᠤᠯᠠᠭ᠎ᠠ ᠶᠢᠨ ᠡᠷᠴᠢᠮ ᠨᠢ ᠨᠡᠯᠢᠶᠡᠳ ᠶᠡᠭᠡ᠂ ᠠᠰᠢᠭ ᠬᠤᠨᠵᠢᠪᠣᠷᠢ ᠶᠢᠨ ᠪᠤᠰᠤ | ᠴᠢᠨᠠᠷ ᠲᠠᠢ᠂ ᠭᠠᠷ ᠭᠦᠢᠴᠡᠳᠬᠡᠯ ᠨᠢ ᠳᠥᠭᠦᠮ᠂ ᠴᠠᠭ ᠲᠤᠬᠠᠶ ᠳᠤᠨᠢ ᠳᠥᠯᠥᠵᠦ᠂ ᠦᠢᠯᠡᠴᠢᠯᠡᠭᠡ ᠨᠢ ᠪᠦᠷᠢᠨ | ᠲᠦᠬᠦᠷ ᠵᠡᠷᠭᠡ ᠣᠨᠴᠠᠯᠢᠭ ᠲᠠᠢ᠂ ᠡᠭᠦᠨ ᠳᠤ ᠭᠤᠣᠯᠳᠠᠭᠤ ︽ᠠᠵᠢᠯᠯᠠᠵᠤ ᠪᠠᠶᠢᠭ᠎ᠠ ᠠᠵᠢᠯᠲᠠᠨ ᠤ ᠡᠮᠨᠡᠯᠭᠡ ᠳᠤ | ᠰᠠᠭᠤᠬᠤ ᠶᠡᠷᠦᠩᠬᠡᠶᠢᠯᠡᠯ︾᠂ ︽ᠠᠵᠢᠯ ᠳᠤ ᠪᠠᠶᠢᠭ᠎ᠠ ᠠᠵᠢᠯᠲᠠᠨ ᠤ ᠬᠦᠨᠳᠦ ᠡᠪᠡᠳᠴᠢᠨ︾ ︽ᠠᠵᠢᠯ ᠳᠤ | ᠪᠠᠶᠢᠭ᠎ᠠ ᠠᠵᠢᠯᠲᠠᠨ ᠤ ᠰᠠᠨᠠᠭᠠᠨ ᠳᠤ ᠦᠭᠡᠢ ᠭᠡᠮᠲᠦᠯ︾ ︽ᠠᠵᠢᠯ ᠳᠤ ᠪᠠᠶᠢᠭ᠎ᠠ ᠡᠮᠡᠭᠲᠡᠢ ᠠᠵᠢᠯᠲᠠᠨ ᠤ ᠣᠨᠴᠠᠭᠠᠢ | ᠡᠪᠡᠳᠴᠢᠨ︾ ᠵᠡᠷᠭᠡ ᠳᠥᠷᠪᠡᠨ ᠶᠡᠭᠡ ᠲᠥᠷᠥᠯ ᠤᠨ ᠪᠠᠲᠤᠯᠠᠭ᠎ᠠ ᠶᠢ ᠪᠠᠭᠲᠠᠭᠠᠵᠤ᠂ ᠠᠵᠢᠯᠲᠠᠨ ᠤ ᠬᠠᠷᠢᠯᠴᠠᠨ | ᠬᠠᠪᠰᠤᠷᠤᠯᠴᠠᠬᠤ ᠪᠠᠲᠤᠯᠠᠭ᠎ᠠ ᠶᠢᠨ ᠭᠤᠤᠯ ᠦᠢᠯᠡᠳᠦᠯ ᠨᠢ ᠨᠢᠭᠡᠨᠲᠡ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ | ᠠᠵᠢᠯᠯᠠᠭ᠎ᠠ ᠳᠤ ᠣᠷᠣᠯᠴᠠᠭᠰᠠᠨ ᠠᠵᠢᠯᠯᠠᠵᠤ ᠪᠠᠶᠢᠭ᠎ᠠ ᠠᠵᠢᠯᠲᠠᠨ ᠳᠤ ᠴᠢᠭᠯᠡᠭᠦᠯᠵᠦ᠂ ᠬᠡᠷᠪᠡ ᠡᠪᠡᠳᠴᠢᠯᠡᠬᠦ ᠪᠤᠶᠤ | ᠰᠠᠨᠠᠭᠠᠨ ᠠᠴᠠ ᠭᠠᠳᠠᠭᠤᠷ ᠭᠡᠮᠳᠦᠯ ᠢᠶᠠᠷ ᠡᠮᠨᠡᠯᠭᠡ ᠳᠤ ᠰᠠᠭᠤᠭᠰᠠᠨ ᠦᠶ᠎ᠡ ᠳᠤ᠂ ᠠᠵᠢᠯᠴᠢᠨ ᠤ ᠡᠪᠯᠡᠯ ᠤᠨ ᠭᠡᠰᠢᠭᠦᠳ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠤᠭᠰᠠᠨ ᠤ ᠳᠠᠷᠠᠭᠠᠬᠢ ︿ᠥᠪᠡᠰᠦᠪᠡᠨ ᠥᠭᠬᠦ﹀ | ᠬᠡᠰᠡᠭ ᠢ ᠪᠠᠰᠠ ︿ᠬᠤᠶᠠᠳᠠᠬᠢ ᠤᠳᠠᠭ᠎ᠠ ᠲᠠᠩᠰᠠ ᠲᠠᠶᠢᠯᠵᠤ﹀ ᠪᠣᠯᠤᠨ᠎ᠠ︾ ᠭᠡᠵᠦ ᠲᠠᠨᠢᠯᠴᠠᠭᠤᠯᠪᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠢᠯᠲᠠᠨ ᠤ ᠬᠠᠷᠢᠯᠴᠠᠨ ᠬᠠᠪᠰᠤᠷᠤᠯᠴᠠᠬᠤ | ᠪᠠᠲᠤᠯᠠᠭ᠎ᠠ ᠶᠢᠨ ᠠᠵᠢᠯ ᠤᠨ ᠭᠦᠨᠵᠡᠭᠡᠶᠢᠷᠡᠨ ᠥᠷᠨᠢᠬᠦ ᠶᠢ ᠳᠠᠭᠠᠯᠳᠤᠨ᠂ ᠠᠵᠢᠯᠲᠠᠨ ᠤ ᠳᠠᠭᠠᠳᠬᠠᠯ ᠳᠤ ᠣᠷᠣᠯᠴᠠᠬᠤ | ᠪᠦᠷᠬᠦᠴᠡ ᠶᠢᠨ ᠬᠡᠪᠴᠢᠶ᠎ᠡ ᠲᠠᠰᠤᠷᠠᠯᠲᠠ ᠥᠬᠡᠶ ᠥᠷᠭᠡᠳᠴᠦ᠂ ᠠᠰᠢᠭ ᠭᠥᠷᠳᠡᠭᠰᠡᠨ ᠠᠵᠢᠯᠲᠠᠨ ᠴᠦ ᠤᠯᠠᠮ ᠠᠴᠠ | ᠤᠯᠠᠮ ᠣᠯᠠᠰᠢᠷᠠᠵᠤ᠂ ᠠᠵᠢᠯᠲᠠᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠳᠤ ᠣᠷᠣᠯᠴᠠᠬᠤ ᠰᠠᠶᠢᠨ ᠲᠠᠯ᠎ᠠ ᠶᠢ | ᠳᠤᠷᠠᠳᠴᠤ᠂ ᠲᠤᠯᠠᠭᠠᠨ ᠭᠡᠷ ᠨᠡᠶᠢᠭᠡᠮ ᠲᠣᠭᠤᠷᠢᠭ ᠤᠨ ᠠᠵᠢᠯᠲᠠᠨ ᠵᠣᠣ ᠰᠢᠤ ᠬᠤᠸᠠ᠄ ︽ᠪᠢ ᠪᠣᠯ ᠨᠡᠶᠢᠭᠡᠮ | ᠲᠣᠭᠤᠷᠢᠭ ᠤᠨ ᠠᠵᠢᠯᠲᠠᠨ ᠮᠥᠨ᠂ ᠪᠢ ᠨᠢᠳᠤᠨᠤᠨ ᠡᠮᠨᠡᠯᠭᠡ ᠳᠤ ᠰᠠᠭᠤᠬᠤ ᠦᠶ᠎ᠡ ᠳᠤ ᠬᠤᠶᠠᠳᠠᠬᠢ ᠤᠳᠠᠭ᠎ᠠ | ᠲᠠᠩᠰᠠ ᠲᠠᠶᠢᠯᠬᠤ ᠶᠢ ᠭᠥᠷᠳᠡᠵᠦ᠂ ᠠᠰᠢᠭ ᠬᠦᠷᠲᠡᠭᠴᠢ ᠪᠣᠯᠤᠭᠰᠠᠨ ᠤ ᠬᠤᠪᠢ ᠳᠤ᠂ ᠡᠨᠡ ᠵᠢᠯ ᠪᠠᠰᠠ | ᠦᠷᠭᠦᠯᠵᠢᠯᠡᠨ ᠲᠤᠰᠢᠶᠠᠨ᠎ᠠ᠃ ᠮᠢᠨᠦ ᠦᠵᠡᠬᠦ ᠪᠠᠷ ᠡᠨᠡ ᠳᠠᠭᠠᠳᠬᠠᠯ ᠤᠨ ᠵᠣᠭᠤᠰ ᠢ ᠬᠡᠳᠦᠶᠢᠪᠡᠷ ᠪᠠᠭ᠎ᠠ ᠲᠤᠰᠢᠶᠠᠬᠤ | ᠪᠣᠯᠪᠠᠴᠤ᠂ ᠳᠠᠩᠰᠠ ᠲᠠᠶᠢᠯᠬᠤ ᠬᠠᠷᠢᠴᠠᠯ ᠨᠡᠯᠢᠶᠡᠳ ᠥᠨᠳᠥᠷ᠂ ᠮᠢᠨᠦ ᠦᠵᠡᠬᠦ ᠪᠠᠷ ᠲᠣᠩ ᠰᠠᠶᠢᠨ᠃ ᠠᠵᠢᠯᠲᠠᠨ ᠤ | ᠪᠠᠲᠤᠯᠠᠭ᠎ᠠ ᠨᠢ ᠮᠠᠨ ᠤ ᠠᠵᠢᠯᠲᠠᠨ ᠳᠤ ᠪᠦᠬᠦ ᠲᠠᠯ᠎ᠠ ᠶᠢᠨ ᠡᠮ ᠡᠮᠨᠡᠯᠭᠡ ᠶᠢᠨ ᠪᠠᠲᠤᠯᠠᠭ᠎ᠠ ᠬᠠᠩᠭᠠᠭᠰᠠᠨ ᠢᠶᠠᠷ ᠪᠠᠷᠠᠬᠤ | ᠦᠭᠡᠢ ᠪᠠᠰᠠ ᠬᠤᠪᠢ ᠬᠥᠮᠦᠨ ᠤ ᠠᠵᠤ ᠠᠬᠤᠢ ᠶᠢᠨ ᠳᠠᠷᠤᠭᠠᠰᠤ ᠶᠢ ᠴᠤ ᠬᠥᠩᠭᠡᠷᠡᠭᠦᠯᠪᠡ︾ ᠭᠡᠵᠦ ᠰᠡᠳᠬᠢᠯ ᠤᠨ | ᠭᠦᠨ ᠠᠴᠠ ᠪᠠᠨ ᠶᠠᠷᠢᠵᠤ ᠪᠠᠶᠢᠯ᠎ᠠ᠃ | ᠡᠪᠡᠳᠴᠢᠯᠡᠭᠰᠡᠨ ᠠᠵᠢᠯᠲᠠᠨ ᠢ ᠢᠯᠡᠭᠦᠦ ᠨᠢᠭᠡ ᠬᠤᠪᠢ ᠪᠠᠳᠤᠯᠠᠭ᠎ᠠ ᠲᠠᠢ ᠪᠤᠯᠭᠠᠵᠤ᠂ ᠠᠵᠢᠯᠴᠢᠨ ᠤ | ᠡᠪᠯᠡᠯ ᠤᠨ ᠦᠢᠯᠡᠴᠢᠯᠡᠭᠡ ᠶᠢ ︽ᠬᠠᠪᠰᠤᠷᠤᠨ ᠲᠡᠳᠬᠦᠬᠦ ᠬᠡᠯᠪᠡᠷᠢ︾ ᠠᠴᠠ ︽ᠲᠦᠭᠡᠮᠡᠯ ᠬᠠᠷᠠᠭᠠᠯᠵᠠᠯ ᠤᠨ ᠬᠡᠯᠪᠡᠷᠢ︾ | ᠪᠣᠯᠭᠠᠨ ᠬᠥᠭᠵᠢᠭᠦᠯᠦᠭᠰᠡᠨ ᠢᠶᠠᠷ ᠪᠠᠷᠠᠬᠤ ᠦᠭᠡᠢ ᠪᠠᠰᠠ ᠠᠵᠢᠯᠲᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ | ᠳᠡᠭᠡᠭᠰᠢᠯᠡᠭᠦᠯᠦᠭᠰᠡᠨ ᠪᠠᠶᠢᠨ᠎ᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠨ ᠠᠵᠢᠯᠴᠢᠨ ᠤ ᠡᠪᠯᠡᠯ ᠤᠨ ᠲᠡᠷᠢᠭᠦᠯᠡᠭᠴᠢ ᠼᠦᠢ ᠮᠢᠨ᠄ ︽ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠠᠵᠢᠯᠴᠢᠨ ᠤ ᠡᠪᠯᠡᠯ ᠤᠨ ︿ᠠᠵᠢᠯᠲᠠᠨ ᠤ E ᠭᠡᠷ﹀ ᠢᠶᠠᠷ ᠳᠠᠮᠵᠢᠭᠤᠯᠤᠨ ᠡᠨᠡ ᠬᠦ | ᠬᠠᠷᠢᠯᠴᠠᠨ ᠬᠠᠪᠰᠤᠷᠤᠯᠴᠠᠬᠤ ᠳᠠᠭᠠᠳᠬᠠᠯ ᠢ ᠣᠶᠢᠯᠠᠭᠠᠭᠰᠠᠨ ᠤ ᠳᠠᠷᠠᠭ᠎ᠠ᠂ ᠬᠠᠷᠢᠯᠴᠠᠨ ᠬᠠᠪᠰᠤᠷᠤᠯᠴᠠᠬᠤ | ᠳᠠᠭᠠᠳᠬᠠᠯ ᠤᠨ ᠵᠠᠷᠤᠳᠠᠯ ᠢ ᠵᠢᠯ ᠪᠦᠷᠢ 96 ᠲᠥᠭᠦᠷᠢᠭ ᠤᠨ ᠡᠮᠨᠡᠯᠭᠡ ᠳᠤ ᠰᠠᠭᠤᠬᠤ ᠳᠠᠭᠠᠳᠬᠠᠯ ᠲᠤᠰᠢᠶᠠᠵᠤ᠂ | ᠲᠠᠩᠰᠠ ᠲᠠᠶᠢᠯᠬᠤ ᠬᠠᠷᠢᠴᠠᠯ ᠨᠡᠯᠢᠶᠡᠳ ᠥᠨᠳᠥᠷ ᠪᠥᠭᠡᠳ ᠠᠵᠢᠯᠲᠠᠨ ᠳᠤ ᠬᠠᠮᠠᠭᠠᠯᠠᠯᠲᠠ ᠣᠯᠭᠤᠵᠤ᠂ ᠠᠵᠢᠯᠲᠠᠨ | ᠴᠤ ᠪᠦᠷ ᠮᠠᠰᠢ ᠬᠠᠨᠤᠮᠵᠢᠲᠠᠶ ᠪᠠᠶᠢᠨ᠎ᠠ︾ ᠭᠡᠵᠦ ᠬᠡᠯᠡᠪᠡ᠃ | ᠡᠪᠡᠳᠴᠢᠨ ᠲᠠᠢ ᠪᠣᠯ ᠪᠤᠰᠤᠳ ᠬᠦᠮᠦᠨ ᠨᠠᠳᠠ ᠶᠢ ᠬᠠᠪᠰᠤᠷᠴᠤ᠂ ᠡᠪᠡᠳᠴᠢᠨ ᠦᠭᠡᠢ ᠪᠤᠯ ᠪᠢ ᠪᠤᠰᠤᠳ ᠢ | ᠬᠠᠪᠰᠤᠷᠤᠨ᠎ᠠ᠃ ᠠᠵᠢᠯᠲᠠᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠨᠢ ᠠᠵᠢᠯᠳᠠᠨ ᠪᠣᠯᠤᠨ | ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠤᠭᠤᠷᠣᠨᠳᠣ ᠬᠠᠶᠢᠷ᠎ᠠ ᠬᠠᠯᠠᠮᠵᠢ ᠶᠢᠨ ᠱᠤᠭᠤᠮ ᠪᠠ | ᠰᠡᠳᠬᠢᠯ ᠵᠢᠷᠦᠬᠡ ᠪᠠᠨ ᠬᠤᠯᠪᠣᠬᠤ ᠬᠥᠭᠦᠷᠭᠡ ᠶᠢ ᠪᠠᠶᠢᠭᠤᠯᠬᠤ ᠶᠢᠨ ᠬᠠᠮᠲᠤ ᠪᠠᠰᠠ ᠥᠷᠭᠡᠨ ᠣᠯᠠᠨ ᠡᠪᠡᠳᠴᠢᠯᠡᠭᠰᠡᠨ | ᠠᠵᠢᠯᠲᠠᠨ ᠤ ᠬᠦᠨᠳᠦ ᠡᠪᠡᠳᠴᠢᠨ ᠤ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠳᠤ ᠪᠠᠲᠤᠯᠠᠭ᠎ᠠ ᠶᠢᠨ ᠱᠤᠭᠤᠮ ᠢ | ᠪᠠᠲᠤ ᠴᠣᠭᠴᠠᠯᠠᠵᠤ ᠦᠭᠪᠡ᠃ ︽ᠬᠠᠷᠢᠯᠴᠠᠨ ᠲᠤᠰᠠᠯᠠᠯᠴᠠᠬᠤ ᠪᠠᠲᠤᠯᠠᠭ᠎ᠠ ᠲᠤᠰᠢᠶᠠᠬᠤ ᠨᠢ ᠮᠠᠨ ᠤ ᠠᠵᠢᠯᠲᠠᠨ ᠤ | ᠶᠡᠭᠡ ᠪᠠᠭ᠎ᠠ ᠡᠪᠡᠳᠴᠢᠨ ᠳᠤ ᠪᠦᠷ ᠲᠥᠯᠥᠪᠦᠷᠢ ᠥᠭᠴᠦ᠂ ᠬᠦᠨᠳᠦ ᠡᠪᠡᠳᠴᠢᠨ ᠤ ᠪᠠᠲᠤᠯᠠᠭ᠎ᠠ ᠬᠠᠩᠭᠠᠵᠤ᠂ | ᠠᠵᠢᠯᠲᠠᠨ ᠤ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠤᠯᠠᠮ ᠨᠢᠭᠡ ᠠᠯᠬᠤᠮ ᠲᠡᠭᠡᠭᠰᠢᠯᠡᠭᠦᠯᠪᠡ᠃ | ᠣᠳᠣᠬᠠᠨ ᠪᠣᠯᠲᠠᠯ᠎ᠠ᠂ ᠪᠥᠬᠦ ᠬᠤᠰᠢᠭᠤᠨ ᠤ 99 ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ 8195 | ᠬᠥᠮᠦᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠳᠤ ᠣᠷᠣᠯᠴᠠᠪᠠ᠃ 2024 ᠣᠨ ᠳᠤ᠂ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 78 ᠬᠥᠮᠦᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ | 98358 ᠲᠥᠭᠦᠷᠢᠭ ᠤᠨ ᠠᠰᠢᠭ ᠭᠥᠷᠳᠡᠵᠦ᠂ ᠠᠵᠢᠯᠲᠠᠨ ᠤ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ | ᠬᠥᠩᠭᠡᠷᠡᠭᠦᠯᠵᠦ᠂ ᠥᠷᠭᠡᠨ ᠣᠯᠠᠨ ᠠᠵᠢᠯᠲᠠᠨ ᠳᠤ ᠠᠵᠢᠯᠴᠢᠨ ᠤ ᠡᠪᠯᠡᠯ ᠤᠨ ︿ᠲᠥᠷᠬᠦᠮ ᠤᠨ ᠬᠡᠷ ᠤᠨ ᠬᠥᠮᠦᠰ﹀ | ᠤᠨ ᠬᠦᠴᠦᠨ ᠴᠢᠳᠠᠯ ᠪᠠ ᠬᠠᠶᠢᠷ᠎ᠠ ᠬᠠᠯᠠᠮᠵᠢ ᠶᠢ ᠮᠡᠳᠡᠷᠡᠭᠦᠯᠦᠭᠰᠡᠨ ᠪᠠᠶᠢᠨ᠎ᠠ︾ ᠭᠡᠵᠦ ᠡᠦ ᠨᠠ ᠬᠡᠯᠡᠪᠡ᠃ |