︽ᠰᠠᠶᠢᠨ ᠪᠠᠶᠢᠵᠠᠭᠠᠨ᠎ᠠ ᠤᠤ︕︾ ᠪᠢ ᠨᠠᠴᠢᠨ ᠪᠠᠶᠢᠨ᠎ᠠ᠂ ᠥᠨᠥᠳᠥᠷ ᠤᠨ ᠲᠠᠨᠢᠯᠴᠠᠭᠤᠯᠬᠤ ᠭᠡᠵᠦ ᠪᠠᠶᠢᠭ᠎ᠠ | ᠪᠣᠯ ᠮᠠᠨ ᠤ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠥᠪᠡᠷᠮᠢᠴᠡ ᠣᠨᠴᠠᠯᠢᠭᠳᠤ ᠠᠮᠲᠠᠲᠤ ᠢᠳᠡᠭᠡᠨ ᠤ | ᠪᠣᠭᠤᠷᠰᠤᠭ ᠪᠣᠯᠤᠨ᠎ᠠ ᠁︾ ᠣᠬᠤᠷ ᠸᠢᠳᠢᠣ᠋ ᠶᠢᠨ ᠲᠠᠪᠴᠠᠩ ᠳᠡᠭᠡᠷ᠎ᠡ᠂ ᠲᠤᠰ ᠭᠠᠵᠠᠷ ᠤᠨ ᠬᠤᠪᠢ ᠶᠢᠨ | ᠵᠠᠭᠤᠴᠢᠯᠠᠭᠤᠷ ᠤᠨ ᠴᠢᠳᠠᠪᠤᠷᠢᠳᠠᠨ ᠨᠠᠴᠢᠨ ᠲᠡᠭᠦᠨ ᠤ ᠥᠪᠡᠷᠮᠢᠴᠡ ᠬᠡᠪ ᠨᠠᠮᠪᠠ ᠪᠠᠷ ᠢᠶᠠᠨ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠲᠠᠨᠢᠯᠴᠠᠭᠤᠯᠵᠤ᠂ ᠮᠠᠰᠢ ᠣᠯᠠᠨ ᠰᠦᠯᠵᠢᠶᠡᠨ ᠠᠨᠳᠠ ᠶᠢᠨ ᠠᠩᠬᠠᠷᠤᠯ ᠢ ᠲᠠᠲᠠᠵᠤ ᠪᠠᠶᠢᠯ᠎ᠠ᠃ | ᠨᠠᠴᠢᠨ ᠤ ᠤᠭ ᠨᠡᠷ᠎ᠡ ᠭᠡᠰᠢᠭᠨᠡᠰᠦᠨ᠂ ᠬᠠᠮᠤᠭ ᠠᠩᠬᠠᠨ ᠤ ᠲᠡᠯᠭᠡᠭᠦᠷ ᠬᠠᠶᠢᠳᠠᠭ ᠪᠦᠷᠭᠡ ᠶᠢᠨ ᠡᠵᠡᠨ | ᠪᠠᠶᠢᠭᠰᠠᠨ ᠠᠴᠠ ᠣᠳᠤ ᠪᠤᠯᠬᠤ ᠳᠤ ᠦᠪᠦᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠬᠠᠮᠤᠭ ᠤᠨ ᠠᠩᠬᠠᠨ ᠤ ᠲᠠᠨᠢᠯᠴᠠᠭᠤᠯᠤᠭᠴᠢ᠂ ᠥᠪᠥᠷ ᠮᠣᠩᠭᠤᠯ ᠤᠨ ᠨᠡᠷᠡᠲᠦ ᠲᠡᠮᠳᠡᠭ ᠤᠨ | ᠪᠠᠶᠢᠭᠤᠯᠤᠯᠲᠠ ᠶᠢ ᠳᠡᠯᠭᠡᠷᠡᠭᠦᠯᠬᠦ ᠡᠯᠴᠢᠨ ᠪᠣᠯᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ | ᠵᠤᠭᠠᠴᠠᠯ ᠤᠨ ᠲᠠᠨᠢᠯᠴᠠᠭᠤᠯᠤᠭᠴᠢ ᠁ ᠪᠣᠯᠵᠤ ᠦᠰᠦᠨ ᠲᠣᠷᠨᠢᠵᠤ᠂ ᠪᠡᠶ᠎ᠡ ᠶᠢᠨ ᠭᠠᠷᠤᠯ ᠨᠢ ᠲᠠᠰᠤᠷᠠᠯᠲᠠ | ᠦᠭᠡᠢ ᠬᠤᠪᠢᠷᠠᠪᠠᠴᠤ᠂ ᠲᠡᠭᠦᠨ ᠤ ᠤᠭ ᠰᠠᠨᠠᠭ᠎ᠠ ᠨᠢ ᠤᠤᠯ ᠲᠠᠢ ᠪᠠᠨ ᠨᠢᠭᠡ ᠯᠡ ᠠᠳᠠᠯᠢ ᠪᠠᠶᠢᠵᠤ᠂ ᠨᠤᠲᠤᠭ | ᠤᠰᠤᠨ ᠤ ᠪᠠᠨ ᠰᠠᠶᠢᠨ ᠪᠤᠳᠠᠰ ᠢᠶᠠᠨ ᠨᠠᠩ ᠣᠯᠠᠨ ᠬᠥᠮᠦᠨ ᠳᠤ ᠬᠤᠪᠢᠶᠠᠯᠴᠠᠬᠤ ᠪᠠᠷ ᠴᠢᠷᠮᠠᠶᠢᠪᠠ᠃ ︽ᠪᠢ | ᠦᠪᠡᠷ ᠢᠶᠠᠨ ᠨᠡᠯᠢᠶᠡᠳ ᠰᠡᠭᠦᠳᠡᠷᠯᠡᠬᠦ ᠳᠤ ᠪᠠᠭ᠋ᠠᠳᠠᠢ᠂ ᠣᠬᠤᠷ ᠸᠢᠳᠢᠣ᠋ ᠪᠠᠷ ᠳᠠᠮᠵᠢᠨ ᠨᠤᠲᠤᠭ ᠤᠰᠤᠨ ᠤ ᠪᠠᠨ ᠰᠠᠶᠢᠨ | ᠪᠣᠳᠠᠰ ᠢᠶᠠᠨ ᠬᠤᠪᠢᠶᠠᠯᠴᠠᠵᠤ᠂ ᠮᠠᠰᠢ ᠤᠯᠠᠨ ᠬᠥᠮᠦᠨ ᠤ ᠵᠥᠪᠰᠢᠶᠡᠷᠡᠯ ᠢ ᠣᠯᠪᠠ᠃ ᠡᠨᠡ ᠵᠢᠯ ᠪᠢ ᠥᠪᠡᠷ ᠤᠨ | ᠠᠵᠢᠯᠯᠠᠬᠤ ᠭᠡᠷ ᠢᠶᠠᠨ ᠡᠬᠢᠯᠡᠭᠦᠯᠦᠭᠰᠡᠨ ᠶᠤᠮ᠂ ᠳᠠᠷᠤᠶ ᠦᠪᠡᠷ ᠤᠨ ᠬᠤᠰᠢᠭᠤᠨ ᠤ ᠪᠠᠨ ᠰᠠᠶᠢᠨ ᠦᠢᠯᠡᠳᠬᠦᠨ ᠢ | ᠴᠤᠭᠯᠠᠷᠠᠭᠤᠯᠤᠨ ᠦᠷᠭᠦᠯᠵᠢᠯᠡᠨ ᠳᠡᠯᠭᠡᠷᠡᠭᠦᠯᠬᠦ ᠶᠢᠨ ᠲᠥᠯᠥᠭᠡ ᠶᠤᠮ︾ ᠭᠡᠵᠦ ᠲᠡᠷᠡ ᠭᠡᠯᠡᠵᠦ ᠪᠠᠶᠢᠪᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠢᠳᠡᠪᠬᠢᠲᠡᠶ | ᠠᠬᠢᠭᠤᠯᠤᠯ ᠳᠣᠤᠷ᠎ᠠ᠂ ᠨᠠᠩ ᠣᠯᠠᠨ ᠲᠤᠬᠠᠶ ᠶᠢᠨ ᠭᠠᠵᠠᠷ ᠤᠨ ᠬᠤᠪᠢ ᠶᠢᠨ ᠵᠠᠭᠤᠴᠢᠯᠠᠭᠤᠷ ᠤᠨ ᠴᠢᠳᠠᠪᠤᠷᠢᠳᠠᠳ | ᠡᠯᠧᠺᠲᠷᠣᠨ ᠬᠤᠳᠠᠯᠳᠤᠭ᠎ᠠ ᠪᠠᠷ ᠲᠠᠷᠢᠶᠠᠯᠠᠩ ᠢ ᠲᠤᠰᠠᠯᠠᠬᠤ ᠡᠩᠨᠡᠭᠡᠨ ᠳᠤ ᠣᠷᠣᠵᠤ᠂ ᠲᠡᠳᠡ ᠢᠨᠲ᠋ᠧᠷ ᠰᠦᠯᠵᠢᠶᠡᠨ ᠤ | ᠲᠠᠪᠴᠠᠩ ᠢ ᠠᠰᠢᠭᠯᠠᠨ᠂ ᠲᠤᠬᠠᠶ ᠶᠢᠨ ᠭᠠᠵᠠᠷ ᠤᠨ ᠴᠢᠨᠠᠷ ᠰᠠᠶᠢᠲᠠᠶ ᠦᠬᠡᠷ ᠬᠤᠨᠢᠨ ᠮᠢᠬ᠎ᠠ᠂ ᠴᠠᠭᠠᠨ ᠢᠳᠡᠭᠡ ᠵᠢᠴᠢ | ᠡᠯ᠎ᠡ ᠲᠥᠷᠥᠯ ᠤᠨ ᠲᠠᠷᠢᠶᠠᠯᠠᠩ ᠤᠨ ᠪᠦᠲᠦᠭᠡᠭᠳᠡᠬᠦᠨ ᠢ ᠣᠬᠤᠷ ᠸᠢᠳᠢᠣ᠋ ᠪᠠ ᠰᠢᠭᠤᠳ ᠨᠡᠪᠳᠡᠷᠡᠭᠦᠯᠦᠨ ᠪᠠᠷ᠎ᠠ | ᠬᠤᠳᠠᠯᠳᠤᠬᠤ ᠵᠡᠷᠭᠡ ᠬᠡᠯᠪᠡᠷᠢ ᠪᠠᠷ ᠳᠡᠯᠭᠡᠷᠡᠭᠦᠯᠵᠦ᠂ ᠲᠤᠬᠠᠶ ᠶᠢᠨ ᠭᠠᠵᠠᠷ ᠤᠨ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠨᠠᠩ ᠥᠷᠭᠡᠨ ᠠᠭᠤᠳᠠᠮ ᠵᠠᠬ᠎ᠠ ᠳᠡᠯᠭᠡᠭᠦᠷ ᠤᠷᠤᠭᠤ ᠬᠦᠭᠵᠢᠬᠦ ᠳᠤ ᠰᠢᠨ᠎ᠡ | ᠠᠮᠢᠵᠢᠷᠠᠯ ᠤᠨ ᠬᠦᠴᠦᠨ ᠢ ᠬᠦᠭᠵᠢᠭᠡᠪᠡ᠃ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠵᠠᠮ ᠤᠨ ᠠᠰᠠᠭᠤᠳᠠᠯ ᠢ | ᠨᠡᠩ ᠰᠠᠶᠢᠳᠤᠷ ᠠᠬᠢᠭᠤᠯᠬᠤ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠠᠳᠠᠭᠠᠳᠤ | ᠶᠠᠪᠤᠳᠠᠯ ᠤᠨ ᠠᠯᠪᠠᠨ ᠭᠡᠷ ᠰᠢᠶᠠᠨ ᠤ ᠬᠡᠪᠴᠢᠶᠡᠨ ᠤ ᠬᠤᠳᠠᠯᠳᠤᠭᠠᠨ ᠤ ᠲᠣᠭᠳᠠᠯᠴᠠᠭᠠᠨ ᠤ ᠪᠠᠶᠢᠭᠤᠯᠤᠯᠳᠠ ᠶᠢ | ᠴᠢᠷᠮᠠᠶᠢᠨ ᠠᠬᠢᠭᠤᠯᠪᠠ᠃ ᠡᠭᠦᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠤᠷᠪᠠᠳᠤᠭᠠᠷ ᠳᠡᠰ ᠤᠨ | ᠪᠠᠷᠠᠭᠠᠨ ᠤ ᠭᠦᠢᠯᠭᠡᠭᠡᠨ ᠤ ᠲᠣᠭᠳᠠᠯᠴᠠᠭᠠᠨ ᠤ ᠲᠤᠬᠢᠷᠠᠭᠤᠯᠤᠨ ᠬᠦᠷᠭᠡᠬᠦ ᠲᠦᠷᠦᠯ ᠵᠦᠢᠯ ᠢ ᠰᠢᠦᠳᠠᠨ ᠤ ᠺᠣᠮᠫᠠᠨᠢ ᠶᠢᠨ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠪᠢᠶᠠᠷᠢ ᠺᠣᠮᠫᠠᠨᠢ ᠠᠴᠠ ᠳᠠᠭᠠᠭᠠᠴᠢᠯᠠᠨ ᠡᠷᠬᠢᠯᠡᠵᠦ᠂ ᠲᠤᠰ | ᠲᠦᠷᠦᠯ ᠵᠦᠢᠯ ᠤᠨ ᠭᠤᠣᠯ ᠬᠦᠢᠰᠦ — ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠷᠠᠭᠠᠨ ᠤ | ᠭᠦᠢᠯᠭᠡᠭᠡᠨ ᠤ ᠲᠤᠬᠢᠷᠠᠭᠤᠯᠤᠨ ᠬᠦᠷᠭᠡᠬᠦ ᠲᠥᠪ ᠨᠢ ᠪᠠᠲᠤᠬᠠᠭᠠᠯᠭ᠎ᠠ ᠪᠠᠯᠭᠠᠰᠤᠨ ᠤ ᠪᠧᠢ ᠵᠢᠶᠠᠩ ᠵᠠᠬ᠎ᠠ ᠳᠡᠯᠭᠡᠭᠦᠷ ᠤᠨ | ᠲᠣᠳᠤᠷ᠎ᠠ ᠪᠠᠶᠢᠷᠢᠯᠠᠵᠤ᠂ ᠲᠠᠯᠠᠪᠠᠢ ᠨᠢ 3580 ᠲᠡᠭᠰᠢ ᠳᠥᠷᠪᠡᠯᠵᠢᠨ ᠮᠧᠲᠷ ᠲᠤ ᠬᠦᠷᠴᠡᠢ᠃ ᠡᠭᠦᠨ ᠤ | ᠵᠣᠷᠢᠯᠭ᠎ᠠ ᠨᠢ ᠭᠡᠪᠡᠯ ᠠᠵᠤ ᠦᠢᠯᠡᠳᠪᠦᠷᠢ ᠶᠢᠨ ᠪᠦᠲᠦᠭᠡᠭᠳᠡᠬᠦᠨ ᠢ ᠬᠥᠳᠡᠭᠡ ᠪᠠᠭᠤᠯᠭᠠᠬᠤ ᠪᠠ ᠲᠠᠷᠢᠶᠠᠯᠠᠩ ᠤᠨ | ᠪᠦᠲᠦᠭᠡᠭᠳᠡᠬᠦᠨ ᠢ ᠬᠤᠲᠠ ᠣᠷᠣᠭᠤᠯᠬᠤ ᠵᠠᠪᠰᠠᠷ ᠥᠬᠡᠶ ᠵᠣᠯᠭᠠᠯᠴᠠᠭ᠎ᠠ ᠶᠢ ᠪᠡᠶᠡᠯᠡᠭᠦᠯᠵᠦ᠂ ᠠᠷᠠᠳ ᠠᠴᠠ | ᠡᠵᠡᠩᠨᠡᠭᠰᠡᠨ ᠲᠦᠷᠭᠡᠨ ᠬᠦᠷᠭᠡᠯᠲᠡ ᠶᠢᠨ ᠺᠣᠮᠫᠠᠨᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ | ᠲᠦᠷᠭᠡᠨ ᠬᠦᠷᠭᠡᠯᠲᠡ ᠶᠢᠨ ᠲᠣᠮᠢᠯᠠᠯᠳᠠ ᠶᠢ ᠪᠦᠬᠦ ᠵᠠᠰᠠᠭ ᠵᠠᠬᠢᠷᠭᠠᠨ ᠤ ᠲᠣᠰᠬᠤᠨ ᠳᠤ ᠬᠦᠷᠲᠡᠯ᠎ᠡ ᠤᠷᠲᠤᠳᠬᠠᠵᠤ᠂ | ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠤ ᠲᠦᠢᠯ ᠤᠨ ᠶᠡᠭᠡ ᠲᠥᠬᠦᠮ ᠦᠵᠡᠭᠦᠯᠬᠦ ᠶᠢᠨ ᠲᠥᠯᠥᠭᠡ | ᠶᠤᠮ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠷᠠᠭᠠᠨ ᠤ ᠭᠦᠢᠯᠭᠡᠭᠡᠨ ᠤ ᠲᠤᠬᠢᠷᠠᠭᠤᠯᠤᠨ ᠬᠦᠷᠭᠡᠬᠦ | ᠲᠥᠪ ᠲᠤ᠂ ᠠᠦ᠋ᠲ᠋ᠣᠴᠢᠯᠠᠭᠰᠠᠨ ᠲᠦᠷᠭᠡᠨ ᠬᠦᠷᠭᠡᠯᠲᠡ ᠶᠢᠨ ᠢᠯᠭᠠᠬᠤ ᠱᠤᠭᠤᠮ ᠢ ᠥᠨᠳᠥᠷ ᠪᠦᠲᠦᠮᠵᠢᠲᠡᠶ ᠪᠠᠷ | ᠠᠵᠢᠯᠯᠠᠭᠤᠯᠵᠤ᠂ ᠪᠠᠷᠠᠭ᠎ᠠ ᠬᠦᠷᠭᠡᠭᠴᠢ ᠨᠠᠷ ᠲᠦᠷᠭᠡᠨ ᠬᠦᠷᠭᠡᠯᠲᠡ ᠶᠢᠨ ᠪᠣᠭᠤᠳᠠᠯ ᠪᠠᠭᠯᠠᠭ᠎ᠠ ᠶᠢ ᠪᠠᠷᠠᠭᠠᠨ ᠤ | ᠭᠦᠢᠯᠭᠡᠭᠡᠨ ᠤ ᠲᠡᠷᠭᠡᠨ ᠠᠴᠠ ᠶᠠᠭᠠᠷᠠᠭᠤᠬᠠᠨ ᠮᠦᠷᠳᠡᠭᠡᠨ ᠡᠮᠬᠢ ᠵᠢᠷᠤᠮ ᠲᠠᠢ ᠪᠠᠷ ᠬᠤᠪᠢᠶᠠᠨ ᠢᠯᠭᠠᠬᠤ ᠱᠤᠭᠤᠮ | ᠤᠷᠤᠭᠤ ᠵᠦᠭᠡᠭᠡᠵᠦ᠂ ᠺᠣᠳ᠋ ᠰᠢᠷᠪᠢᠬᠦ ᠮᠠᠰᠢᠨ ᠤ ᠰᠢᠷᠪᠢᠯᠲᠡ ᠪᠠᠷ ᠳᠡᠮᠵᠢᠨ᠂ ᠲᠠᠬᠢᠨ ᠲᠣᠰ ᠲᠣᠰ ᠤᠨ ᠬᠡᠰᠡᠭ | ᠲᠣᠭᠤᠷᠢᠭ ᠤᠨ ᠪᠣᠭᠤᠳᠠᠯ ᠪᠠᠭᠯᠠᠭ᠎ᠠ ᠪᠠᠨ ᠲᠣᠭᠲᠠᠭᠰᠠᠨ ᠣᠷᠣᠨ ᠪᠦᠰᠡ ᠳᠤ ᠲᠠᠯᠪᠢᠵᠤ᠂ ᠳᠣᠭᠢᠷᠠᠭᠤᠯᠤᠨ | ᠬᠦᠷᠭᠡᠬᠦ ᠶᠢ ᠬᠦᠯᠢᠶᠡᠨ᠎ᠡ᠃ ᠡᠲᠡᠭᠡᠷ ᠪᠣᠭᠤᠳᠠᠯ ᠪᠠᠭᠯᠠᠭ᠎ᠠ ᠶᠢ ᠠᠳᠡ ᠠᠴᠠ ᠲᠥᠪᠯᠡᠷᠡᠭᠦᠯᠦᠨ ᠲᠠᠷᠬᠠᠭᠠᠵᠤ᠂ ᠪᠠᠯᠭᠠᠰᠤ | ᠵᠢᠴᠢ ᠰᠤᠮᠤ ᠰᠢᠶᠠᠩ ᠪᠠᠯᠭᠠᠰᠤᠨ ᠳᠤ ᠢᠯᠡᠭᠡᠵᠦ᠂ ᠰᠢᠤᠳᠠᠨ ᠤ ᠣᠲᠣ ᠶᠢᠨ ᠪᠠᠶᠢᠭ᠎ᠠ ᠥᠪᠡᠰᠦᠪᠡᠨ ᠡᠵᠡᠩᠨᠡᠬᠦ ᠲᠣᠤᠷ | ᠴᠡᠭ ᠵᠢᠴᠢ ᠬᠥᠳᠡᠭᠡ ᠲᠣᠰᠬᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢ ᠠᠰᠢᠭᠯᠠᠨ᠂ | ᠡᠳᠦᠷ ᠲᠤᠲᠤᠮ ᠤᠨ ᠬᠡᠷᠡᠭᠯᠡᠭᠡᠨ ᠤ ᠵᠦᠢᠯ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠥᠳᠡᠭᠡ | ᠪᠠᠭᠤᠯᠭᠠᠬᠤ ᠪᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠤᠨ ᠣᠨᠴᠠ ᠭᠠᠷᠤᠯᠲᠠ ᠶᠢ | ᠬᠤᠲᠠ ᠳᠤ ᠣᠷᠣᠭᠤᠯᠵᠤ ᠪᠠᠷᠠᠭᠠᠨ ᠤ ᠭᠦᠢᠯᠭᠡᠭᠡᠨ ᠤ ᠲᠦᠷᠭᠡᠨ ᠬᠦᠷᠭᠡᠯᠲᠡ ᠶᠢᠨ ᠬᠠᠮᠲᠤ ᠶᠢᠨ ᠳᠣᠭᠢᠷᠠᠭᠤᠯᠤᠨ | ᠬᠦᠷᠭᠡᠬᠦ ᠦᠢᠯᠡᠴᠢᠯᠡᠭᠡ ᠶᠢ ᠪᠡᠶᠡᠯᠡᠭᠦᠯᠪᠡ᠃ | ᠭᠠᠷᠠᠭ ᠪᠣᠯᠭᠠᠨ ᠤ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠥᠷᠯᠥᠭᠡ ᠶᠢᠨ ᠵᠢᠷᠭᠤᠭᠠᠨ ᠴᠠᠭ | ᠪᠣᠯᠲᠠᠯ᠎ᠠ᠂ ᠰᠤᠮᠤ ᠰᠢᠶᠠᠩ ᠪᠠᠯᠭᠠᠰᠤ ᠤᠷᠤᠭᠤ ᠶᠠᠪᠤᠭᠤᠯᠬᠤ ᠰᠢᠤᠳᠠᠨ ᠤ ᠲᠡᠷᠭᠡ ᠲᠣᠭᠳᠠᠭᠰᠠᠨ ᠴᠠᠭ ᠲᠤ ᠲᠡᠷᠭᠡ | ᠬᠦᠳᠡᠯᠥᠨᠡ᠃ ᠪᠠᠶᠠᠨᠬᠤᠸᠠ ᠶᠢᠨ ᠰᠢᠤᠳᠠᠨ ᠤ ᠭᠠᠵᠠᠷ ᠲᠤ ᠸᠧᠨ ᠶᠢᠨ ᠮᠤᠤ ᠡᠷ᠎ᠡ ᠡᠮ᠎ᠡ ᠬᠤᠶᠠᠭᠤᠯᠠ ᠶᠢᠨ | ᠰᠢᠤᠳᠠᠨ ᠤ ᠮᠠᠰᠢᠨ ᠬᠦᠷᠦᠭᠰᠡᠨ ᠤ ᠳᠠᠷᠠᠭ᠎ᠠ ᠨᠢᠭᠡᠳᠦᠭᠡᠷ ᠴᠠᠭ ᠲᠤ ᠪᠠᠷᠠᠭ᠎ᠠ ᠪᠠᠨ ᠪᠠᠭᠤᠯᠭᠠᠵᠤ᠂ ᠬᠤᠪᠢᠶᠠᠨ ᠰᠠᠯᠭᠠᠵᠤ | ᠂ ᠮᠡᠳᠡᠭᠡ ᠵᠠᠩᠭᠢ ᠣᠷᠣᠭᠤᠯᠤᠭᠰᠠᠨ ᠤ ᠳᠠᠷᠠᠭ᠎ᠠ᠂ ᠬᠦᠯᠢᠶᠡᠨ ᠠᠪᠤᠭᠴᠢ ᠳᠤ ᠨᠢᠭᠡᠳ ᠨᠢᠭᠡ ᠪᠠᠷ ᠮᠡᠳᠡᠭᠳᠡᠨ᠎ᠡ᠃ | ᠰᠢᠤᠳᠠᠨᠴᠢ ᠸᠧᠨ ᠶᠢᠨ ᠮᠤᠤ ᠬᠡᠯᠡᠬᠦ ᠳᠡᠭᠡᠨ᠄ ︽ᠲᠡᠷᠡ ᠭᠠᠷᠠᠭ ᠪᠦᠷᠢ ᠲᠣᠭᠲᠠᠭᠰᠠᠨ ᠴᠠᠭ ᠲᠤ ᠲᠣᠬᠢᠷᠠᠭᠤᠯᠤᠨ | ᠬᠦᠷᠭᠡᠵᠦ᠂ ᠨᠡᠯᠢᠶᠡᠳ ᠬᠤᠯᠠ ᠪᠠᠶᠢᠭ᠎ᠠ ᠮᠠᠯᠴᠢᠳ ᠤᠨ ᠪᠣᠭᠤᠳᠠᠯ ᠪᠠᠭᠯᠠᠭ᠎ᠠ ᠶᠢ ᠬᠤᠳᠠᠯᠳᠤᠭᠠᠨ ᠤ ᠫᠦᠰᠡ ᠳᠤ | ᠲᠠᠯᠪᠢᠵᠤ᠂ ᠲᠦᠷᠭᠡᠨ ᠬᠦᠷᠭᠡᠯᠲᠡ ᠨᠢᠭᠡᠪᠦᠷᠢ ᠶᠢ ᠴᠥᠮ ᠲᠣᠭᠲᠠᠭᠰᠠᠨ ᠴᠠᠭ ᠲᠤ ᠮᠠᠯᠴᠢᠨ ᠲᠦᠮᠡᠨ ᠳᠤ ᠬᠦᠷᠭᠡᠬᠦ ᠶᠢ | ᠦᠨᠡᠨ ᠬᠦ ᠪᠠᠳᠤᠯᠠᠨ᠎ᠠ︾ ᠭᠡᠵᠡᠢ᠃ | ᠰᠢᠤᠳᠠᠨ ᠤ ᠺᠣᠮᠫᠠᠨᠢ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠪᠢᠶᠠᠷᠢ ᠺᠣᠮᠫᠠᠨᠢ ᠶᠢᠨ | ᠳᠡᠳ᠋ ᠶᠡᠷᠦᠩᠬᠡᠶ ᠳᠠᠭᠠᠭᠠᠮᠠᠯ ᠬᠤᠸᠠᠢ ᠵᠧᠨ ᠮᠧᠩ᠄ ︽ᠣᠲᠣ ᠪᠣᠯᠲᠠᠯ᠎ᠠ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠰᠢᠤᠳᠠᠨ ᠤ ᠬᠤᠪᠢᠶᠠᠷᠢ ᠺᠣᠮᠫᠠᠨᠢ ᠨᠢᠭᠡᠨᠲᠡ ᠰᠢᠶᠠᠨ ᠤ ᠲᠠᠰ ᠤᠨ ᠪᠠᠷᠠᠭᠠᠨ ᠤ ᠭᠦᠢᠯᠭᠡᠭᠡᠨ ᠤ | ᠳᠣᠭᠢᠷᠠᠭᠤᠯᠤᠨ ᠬᠦᠷᠭᠡᠬᠦ ᠲᠥᠪ ᠤᠨ ᠪᠥᠲᠥᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠪᠡᠶᠡᠯᠡᠭᠦᠯᠵᠦ᠂ ᠣᠲᠣ | ᠨᠢᠭᠡᠨᠲᠡ ᠪᠥᠬᠦ ᠲᠠᠯ᠎ᠠ ᠪᠠᠷ ᠠᠰᠢᠭᠯᠠᠯᠲᠠ ᠳᠤ ᠣᠷᠣᠪᠠ᠃ ᠲᠣᠰ ᠲᠥᠪ ᠡᠳᠦᠷ ᠪᠦᠷᠢ ᠳᠤᠮᠳᠠᠴᠢ ᠪᠠᠷ 2700 | ᠣᠷᠴᠢᠮ ᠬᠤᠪᠢ ᠳᠣᠷᠣᠭᠰᠢ ᠰᠠᠭᠤᠭᠰᠠᠨ ᠰᠢᠤᠳᠠᠨ ᠢ ᠰᠢᠢᠳᠪᠦᠷᠢᠯᠡᠵᠦ᠂ ᠰᠢᠶᠠᠨ ᠤ ᠬᠡᠪᠴᠢᠶᠡᠨ ᠤ ᠪᠠᠷᠠᠭᠠᠨ ᠤ | ᠭᠦᠢᠯᠭᠡᠭᠡᠨ ᠤ ᠬᠠᠮᠲᠤ ᠪᠠᠷ ᠳᠣᠭᠢᠷᠠᠭᠤᠯᠤᠨ ᠬᠦᠷᠭᠡᠬᠦ ᠨᠣᠷᠮ᠎ᠠ ᠶᠢ 30% ᠳᠤ ᠬᠦᠷᠭᠡᠵᠦ᠂ ᠲᠤᠬᠠᠶ ᠶᠢᠨ ᠴᠠᠭ ᠤᠨ | ᠬᠥᠳᠡᠭᠡ ᠲᠣᠰᠬᠤᠨ ᠳᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ ᠪᠠᠷᠠᠭᠠᠨ ᠤ ᠭᠦᠢᠯᠭᠡᠭᠡᠨ ᠤ | ᠦᠢᠯᠡᠴᠢᠯᠡᠭᠡ ᠬᠠᠩᠭᠠᠬᠤ ᠶᠢ ᠪᠡᠶᠡᠯᠡᠭᠦᠯᠵᠡᠢ︾ ᠭᠡᠵᠡᠶ᠃ ᠣᠳᠣᠬᠠᠨ ᠳᠤ ᠡᠳᠦᠷ ᠪᠦᠷᠢ ᠳᠤᠮᠳᠠᠴᠢ ᠪᠠᠷ 5000 | ᠬᠤᠪᠢ ᠲᠦᠷᠭᠡᠨ ᠬᠦᠷᠭᠡᠯᠲᠡ ᠶᠢᠨ ᠪᠣᠭᠤᠳᠠᠯ ︵ᠡᠯᠪᠡᠭ ᠤᠯᠠᠷᠢᠯ ᠳᠤ8000 ᠬᠤᠪᠢ︶ ᠢ ᠲᠠᠷᠬᠠᠨ ᠮᠤᠤᠮᠢᠩᠭᠠᠨ ᠤ | ᠰᠢᠤᠳᠠᠨ ᠤ ᠬᠤᠪᠢᠶᠠᠷᠢ ᠺᠣᠮᠫᠠᠨᠢ ᠶᠢᠨ ᠸᠠᠭᠤᠨ ᠬᠡᠯᠪᠡᠷᠢᠲᠦ ᠪᠠᠷᠠᠭᠠᠨ ᠤ ᠲᠡᠷᠭᠡ᠂ ᠮᠢᠶᠠᠨᠪᠣᠤ ᠲᠡᠷᠭᠡ᠂ ᠴᠠᠬᠢᠯᠭᠠᠨ | ᠬᠥᠳᠡᠯᠭᠡᠭᠦᠷᠲᠦ ᠭᠤᠷᠪᠠᠨ ᠬᠦᠷᠳᠦᠲᠦ ᠲᠡᠷᠭᠡ ᠪᠠᠷ ᠪᠠᠲᠤᠬᠠᠭᠠᠯᠭ᠎ᠠ ᠪᠠᠯᠭᠠᠰᠤᠨ ᠤ 24 ᠥᠷᠲᠡᠭᠡ ᠪᠠ 11 ᠰᠤᠮᠤ | ᠰᠢᠶᠠᠩ ᠪᠠᠯᠭᠠᠰᠤᠨ ᠤ 70 ᠵᠠᠰᠠᠭ ᠵᠠᠬᠢᠷᠭᠠᠨ ᠤ ᠲᠣᠰᠬᠤᠨ ᠤ ᠦᠢᠯᠡᠴᠢᠯᠡᠭᠡᠨ ᠤ ᠴᠡᠭ ᠲᠤ ᠬᠦᠷᠭᠡᠵᠦ ᠪᠤᠢ᠃ | ︽ᠡᠯᠧᠺᠲᠷᠣᠨ ᠬᠤᠳᠠᠯᠳᠤᠭ᠎ᠠ ᠪᠠᠷ ᠲᠠᠷᠢᠶᠠᠯᠠᠩ ᠢ ᠲᠤᠰᠠᠯᠠᠬᠤ ᠪᠠ ᠰᠢᠶᠠᠨ ᠤ ᠬᠡᠪᠴᠢᠶᠡᠨ ᠤ | ᠬᠤᠳᠠᠯᠳᠤᠭᠠᠨ ᠤ ᠲᠣᠭᠳᠠᠯᠴᠠᠭᠠᠨ ᠤ ᠪᠠᠶᠢᠭᠤᠯᠤᠯᠲᠠ ᠠᠴᠠ ᠭᠠᠳᠠᠨ᠎ᠠ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠬᠡᠷ ᠪᠠᠰᠠ ᠢᠨᠲ᠋ᠧᠷ ᠰᠦᠯᠵᠢᠶᠡᠨ ᠤ ᠲᠠᠪᠴᠠᠩ ᠢ ᠭᠦᠢᠴᠡᠳ | ᠠᠰᠢᠭᠯᠠᠨ ᠨᠠᠷᠠᠲᠤ ᠲᠡᠮᠳᠡᠭᠲᠦ ᠶᠢ ᠳᠡᠯᠭᠡᠷᠡᠭᠦᠯᠪᠡ᠃ ᠣᠳᠣᠬᠠᠨ ᠳᠤ᠂ ᠦᠬᠡᠷ ᠤᠨ ᠪᠣᠷᠴᠠ᠂ ᠴᠠᠭᠠᠨ ᠢᠳᠡᠭᠡᠨ᠂ | ᠤᠯᠠᠭᠠᠨ ᠬᠠᠯᠢᠰᠤᠳᠤ ᠪᠤᠭᠤᠳᠠᠢ ᠵᠡᠷᠭᠡ 40 ᠢᠯᠡᠭᠦᠦ ᠵᠦᠢᠯ ᠤᠨ ᠲᠤᠰ ᠭᠠᠵᠠᠷ ᠤᠨ ᠴᠢᠨᠠᠷ ᠰᠠᠶᠢᠲᠠᠢ ᠤᠨᠴᠠᠯᠢᠬᠳᠤ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠨᠢ ᠵᠢᠩ ᠳ᠋ᠦᠩ᠂ ᠲᠢᠺ ᠲᠣᠺ᠂ ᠲᠦᠷᠭᠡᠨ ᠭᠠᠷ ᠵᠡᠷᠭᠡ | ᠡᠯᠧᠺᠲᠷᠣᠨ ᠬᠤᠳᠠᠯᠳᠤᠭᠠᠨ ᠤ ᠲᠠᠪᠴᠠᠩ ᠳᠤ ᠪᠣᠷᠣᠯᠠᠭᠤᠯᠤᠭᠳᠠᠵᠤ᠂ ᠡᠯᠧᠺᠲᠷᠣᠨ ᠬᠤᠳᠠᠯᠳᠤᠭᠠᠨ ᠤ ᠲᠦᠷᠭᠡᠨ | ᠬᠤᠷᠳᠤᠴᠠᠳᠤ ᠵᠠᠮ ᠢᠶᠠᠷ ᠳᠠᠮᠵᠢᠨ ᠪᠦᠬᠦ ᠤᠯᠤᠰ ᠤᠨ ᠡᠯ᠎ᠡ ᠭᠠᠵᠠᠷ ᠵᠦᠭ ᠲᠠᠰᠤᠷᠠᠯᠲᠠ ᠦᠭᠡᠢ ᠵᠠᠮᠨᠠᠵᠤ ᠪᠠᠶᠢᠨ᠎ᠠ︾ | ᠭᠡᠵᠦ ᠬᠡᠯᠡᠪᠡ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠬᠡᠷ ᠤᠨ | ᠳᠡᠳ᠋ ᠡᠷᠬᠢᠯᠡᠭᠴᠢ ᠳ᠋ᠢᠩ ᠢᠦᠶ ᠷᠦᠩ ᠠᠴᠠ᠂ ︽ᠲᠠᠷᠠᠭᠠᠴᠢ ᠶᠢᠨ ᠠᠯᠬᠤᠮ ᠳᠤ᠂ ᠮᠠᠨ ᠤ ᠠᠯᠪᠠᠨ ᠬᠡᠷ | ᠲᠣᠭᠠᠴᠢᠯᠠᠭᠰᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ | ᠨᠠᠩ ᠡᠷᠡᠰ ᠪᠠᠲᠤ ᠠᠯᠬᠤᠭ᠎ᠠ ᠪᠠᠷ ᠲᠠᠷᠢᠶᠠᠯᠠᠩ ᠮᠠᠯ ᠠᠵᠤ ᠠᠬᠤᠶ ᠬᠦᠴᠦᠷᠬᠡᠭᠵᠢᠬᠦ᠂ ᠮᠠᠯᠵᠢᠬᠤ ᠲᠠᠷᠢᠶᠠᠯᠠᠬᠤ ᠣᠷᠣᠨ | ᠭᠤᠸᠠᠵᠢᠬᠤ᠂ ᠮᠠᠯᠴᠢᠨ ᠲᠠᠷᠢᠶᠠᠴᠢᠨ ᠪᠠᠶᠠᠵᠢᠬᠤ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠥᠬᠡᠶ | ᠴᠢᠷᠮᠠᠶᠢᠨ᠎ᠠ︾ ᠭᠡᠵᠦ ᠢᠯᠡᠳᠬᠡᠪᠡ᠃ | ︽ᠲᠣᠭᠠᠴᠢᠯᠠᠭᠰᠠᠨ ᠬᠤᠳᠠᠯᠳᠤᠭ᠎ᠠ ᠪᠠᠷ ᠲᠠᠷᠢᠶᠠᠯᠠᠩ ᠢ ᠮᠠᠨᠳᠤᠭᠤᠯᠬᠤ︾ ᠪᠣᠯ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠴᠢᠬᠤᠯᠠ ᠭᠠᠷᠳᠠᠴᠠ ᠮᠥᠨ᠂ ᠬᠥᠳᠡᠭᠡ ᠠᠵᠤ ᠠᠬᠤᠢ | ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ ᠪᠦᠲᠦᠮᠵᠢᠲᠡᠢ ᠠᠷᠭ᠎ᠠ ᠵᠠᠮ ᠮᠥᠨ᠃ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠪᠣᠷᠣᠯᠠᠭᠤᠯᠭ᠎ᠠ ᠶᠢᠨ | ᠰᠢᠨ᠎ᠡ ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠪᠠᠷ ᠠᠵᠠ | ᠲᠣᠬᠢᠶᠠᠯ ᠪᠣᠯᠭᠠᠨ᠂ ᠡᠯᠧᠺᠲᠷᠣᠨ ᠬᠤᠳᠠᠯᠳᠤᠭᠠᠨ ᠤ ᠲᠠᠪᠴᠠᠩ᠂ ᠣᠬᠤᠷ ᠸᠢᠳᠢᠤ᠋ ᠰᠢᠭᠤᠳ ᠨᠡᠪᠲᠡᠷᠡᠭᠦᠯᠬᠦ ᠪᠠᠷ | ᠳᠠᠮᠵᠢᠭᠤᠯᠤᠨ ᠪᠠᠷᠠᠭ᠎ᠠ ᠬᠤᠳᠠᠯᠳᠤᠵᠤ᠂ ᠬᠥᠳᠡᠭᠡ ᠲᠣᠰᠬᠤᠨ ᠤ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ | ᠬᠥᠭᠵᠢᠭᠡᠵᠦ᠂ ᠤᠨᠴᠠᠯᠢᠬᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠵᠢᠵᠢᠭ ᠪᠠᠯᠭᠠᠰᠤ ᠠᠴᠠ | ᠭᠠᠷᠭᠠᠵᠤ᠂ ᠪᠥᠬᠦ ᠤᠯᠤᠰ ᠲᠤ ᠬᠦᠷᠭᠡᠨ᠂ ᠲᠣᠰᠬᠤᠨ ᠢ ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ ᠰᠢᠨ᠎ᠡ | ᠬᠠᠭᠤᠳᠠᠰᠤ ᠶᠢ ᠵᠢᠷᠤᠭᠯᠠᠪᠠ᠃ | |