ᠤᠷᠢᠭᠳᠠᠭᠴᠢ᠄ ᠸᠠᠩ ᠪᠥᠸᠧ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠤᠯᠢ ᠴᠠᠭᠠᠵᠠ ᠶᠢᠨ | ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ | ᠰᠤᠷᠪᠤᠯᠵᠢᠯᠠᠨ ᠶᠠᠷᠢᠯᠴᠠᠭᠰᠠᠨ ᠴᠠᠭ ᠄ 2024 ᠣᠨ 12 ᠰᠠᠷ᠎ᠠ 6 ᠡᠳᠦᠷ | ᠬᠥᠲᠥᠯᠥᠭᠴᠢ᠄ ᠡᠨᠡ ᠵᠢᠯ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠤᠯᠢ ᠴᠠᠭᠠᠵᠠ ᠶᠢᠨ | ᠲᠣᠪᠴᠢᠶᠠᠨ ᠤ ᠪᠦᠬᠦᠯᠢ ᠴᠣᠭᠴᠠ ᠶᠢᠨ ᠠᠵᠢᠯ ᠤᠨ ᠪᠠᠶᠢᠳᠠᠯ ᠢ ᠲᠠᠨᠢᠯᠴᠠᠭᠤᠯᠤᠨ᠎ᠠ ᠦᠦ᠃ | ᠸᠠᠩ ᠪᠥᠸᠧ᠄ ᠡᠨᠡ ᠵᠢᠯ ᠠᠴᠠ ᠨᠠᠭᠠᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠤᠯᠢ | ᠴᠠᠭᠠᠵᠠ ᠶᠢᠨ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠢᠭᠡ ᠶᠢ ᠨᠢᠭᠡᠳᠦᠯᠲᠡᠶ | ᠠᠳᠬᠤᠬᠤ᠂ ᠳᠥᠷᠪᠡᠨ ᠶᠡᠭᠡ ᠡᠭᠦᠷᠭᠡ ᠴᠢᠳᠠᠪᠤᠷᠢ ᠪᠠᠨ ᠯᠠᠪᠳᠠᠭᠤᠨ ᠪᠠᠲᠤᠲᠠᠶ ᠭᠦᠢᠴᠡᠳᠬᠡᠵᠦ᠂ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠠᠮᠢ | ᠠᠬᠤᠶ᠂ ᠠᠮᠢᠵᠢᠷᠠᠯ ᠤᠨ ᠬᠦᠴᠦᠨ᠂ ᠠᠮᠤᠷ ᠠᠮᠤᠭᠤᠯᠠᠩ᠂ ᠡᠶ᠎ᠡ ᠵᠣᠬᠢᠴᠠᠩᠭᠤᠶ ᠰᠢᠨ᠎ᠡ ᠴᠠᠭ ᠦᠶ᠎ᠡ ᠶᠢᠨ ᠨᠡᠶᠢᠭᠡᠮ | ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠳᠠᠷᠬᠠᠨ ᠮᠤᠤᠮᠢᠩᠭᠠᠨ ᠢ ᠪᠥᠲᠥᠭᠡᠨ ᠪᠠᠶᠢᠭᠤᠯᠬᠤ ᠳᠤ ᠪᠠᠲᠤ ᠴᠢᠩᠭ᠎ᠠ | ᠬᠠᠤᠯᠢᠵᠢᠯ ᠤᠨ ᠪᠠᠲᠤᠯᠠᠭ᠎ᠠ ᠬᠠᠩᠭᠠᠪᠠ᠃ | ᠬᠥᠲᠥᠯᠥᠭᠴᠢ᠄ ᠪᠣᠳᠠᠲᠠᠢ ᠠᠯᠢ ᠬᠡᠳᠦᠨ ᠲᠠᠯ᠎ᠠ ᠪᠠᠷ ᠢᠯᠡᠷᠡᠵᠦ ᠪᠠᠶᠢᠬᠤ ᠪᠣᠶ︖ | ᠸᠠᠩ ᠪᠥᠸᠧ᠄ ︽ᠨᠢᠭᠡ ᠶᠢ ᠨᠢᠭᠡᠳᠦᠯᠲᠡᠶ ᠲᠥᠯᠥᠪᠵᠢᠭᠦᠯᠬᠦ᠂ ᠭᠤᠷᠪᠠᠨ ᠶᠡᠭᠡ ᠡᠭᠦᠷᠭᠡ ᠴᠢᠳᠠᠪᠤᠷᠢ︾ | ᠭᠡᠳᠡᠭ ᠨᠢ ᠳᠠᠷᠤᠶ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠶᠢ ᠨᠢᠭᠡᠳᠦᠯᠲᠡᠶ ᠲᠥᠯᠥᠪᠵᠢᠭᠦᠯᠵᠦ᠂ | ᠬᠠᠤᠯᠢ ᠶᠣᠰᠣᠭᠠᠷ ᠶᠠᠪᠤᠭᠳᠠᠬᠤ ᠶᠢ ᠳᠥᠯᠭᠢᠨ ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ | ᠪᠠᠶᠢᠳᠠᠯ ᠢ ᠬᠠᠮᠠᠭᠠᠯᠠᠬᠤ ᠳᠤ ᠬᠦᠴᠦᠨ ᠨᠡᠮᠡᠷᠢᠯᠡᠵᠦ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠣᠯᠠᠨ ᠨᠡᠶᠢᠲᠡ ᠶᠢᠨ | ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠶᠠᠪᠤᠳᠠᠯ ᠪᠣᠯᠤᠨ᠎ᠠ᠃ ᠳᠣᠣᠷ᠎ᠠ ᠪᠢ ᠳᠡᠯᠭᠡᠷᠡᠭᠦᠯᠦᠨ | ᠲᠠᠨᠢᠯᠴᠠᠭᠤᠯᠤᠶ᠎ᠠ᠄ | ᠨᠢᠭᠡ᠂ ᠪᠦᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ | ᠨᠢᠭᠡᠳᠦᠯᠲᠡᠶ ᠠᠳᠬᠤᠪᠠ | ᠬᠠᠤᠯᠢ ᠪᠠᠷ ᠬᠤᠰᠢᠭᠤ ᠪᠠᠨ ᠵᠠᠰᠠᠬᠤ ᠠᠯᠪᠠᠨ ᠭᠡᠷ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ | ᠪᠠᠳᠠᠷᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠪᠠ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠤᠨ ᠬᠠᠤᠯᠢ ᠰᠤᠷᠬᠤ ᠲᠦᠷᠢᠮ ᠢ ᠪᠦᠷᠢᠨᠰᠢᠭᠦᠯᠵᠦ᠂ ᠰᠢ ᠶᠢᠨ ᠫᠢᠩ ᠤᠨ ᠬᠠᠤᠯᠢ ᠪᠠᠷ ᠵᠠᠰᠠᠬᠤ | ᠦᠵᠡᠯ ᠰᠠᠨᠠᠭ᠎ᠠ ᠶᠢ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ | ᠭᠤᠤᠯᠳᠠᠯᠭ᠎ᠠ ᠲᠠᠢ ᠰᠤᠷᠤᠯᠴᠠᠬᠤ ᠠᠭᠤᠯᠭ᠎ᠠ ᠳᠤ ᠣᠷᠣᠭᠤᠯᠵᠤ᠂ ᠨᠠᠮ ᠤᠨ ᠰᠤᠷᠭᠠᠭᠤᠯᠢ ᠶᠢᠨ ᠪᠣᠯᠪᠠᠰᠤᠷᠠᠭᠤᠯᠤᠯ | ᠬᠥᠮᠦᠵᠢᠯ ᠤᠨ ᠲᠥᠯᠥᠪᠯᠡᠭᠡ ᠳᠤ ᠣᠷᠣᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠬᠠᠤᠯᠢ ᠰᠤᠷᠬᠤ ᠬᠠᠤᠯᠢ ᠶᠢ 2 ᠤᠳᠠᠭ᠎ᠠ ᠵᠣᠬᠢᠶᠠᠨ | ᠪᠠᠶᠢᠭᠤᠯᠤᠨ ᠥᠷᠨᠢᠭᠦᠯᠵᠦ᠂ ᠡᠯ᠎ᠡ ᠲᠥᠷᠥᠯ ᠤᠨ ᠰᠤᠷᠤᠯᠴᠠᠯᠭ᠎ᠠ ᠪᠣᠯᠪᠠᠰᠤᠷᠠᠯ ᠢ 15 ᠤᠳᠠᠭ᠎ᠠ ᠵᠣᠬᠢᠶᠠᠨ | ᠪᠠᠶᠢᠭᠤᠯᠤᠨ ᠥᠷᠨᠢᠭᠦᠯᠵᠦ᠂ ᠤᠳᠤᠷᠢᠳᠬᠤ ᠺᠠᠳ᠋ᠷ ᠤᠨ ᠲᠤᠰᠢᠶᠠᠯ ᠳᠤ ᠭᠠᠷᠬᠤ ᠠᠴᠠ ᠡᠮᠦᠨᠡᠬᠢ ᠬᠠᠤᠯᠢ ᠴᠠᠭᠠᠵᠠ ᠶᠢᠨ | ᠮᠡᠳᠡᠯᠭᠡ ᠶᠢᠨ ᠰᠢᠯᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠳᠤᠷᠢᠳᠬᠤ ᠺᠠᠳ᠋ᠷ ᠤᠨ ᠬᠠᠤᠯᠢ ᠪᠠᠷ ᠵᠠᠰᠠᠬᠤ | ᠬᠥᠮᠦᠵᠢᠯ ᠢ ᠪᠠᠶᠢᠩᠭᠤᠵᠢᠭᠤᠯᠤᠨ ᠠᠬᠢᠭᠤᠯᠪᠠ᠃ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ ᠲᠦᠷᠢᠮ ᠤᠨ | ᠲᠣᠭᠲᠠᠴᠠ ᠶᠢ ᠲᠡᠭᠦᠯᠳᠡᠷᠵᠢᠭᠦᠯᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠤᠯᠢ ᠪᠠᠷ ᠬᠤᠰᠢᠭᠤ ᠪᠠᠨ ᠵᠠᠰᠠᠬᠤ | ᠵᠥᠪᠯᠡᠯ ᠤᠨ ᠠᠵᠢᠯ ᠤᠨ ᠲᠦᠷᠢᠮ᠂ ᠠᠯᠪᠠᠨ ᠬᠡᠷ ᠤᠨ ᠠᠵᠢᠯ ᠤᠨ ᠨᠠᠷᠢᠨ ᠲᠦᠷᠢᠮ ᠳᠤ ᠵᠠᠰᠠᠪᠤᠷᠢ ᠣᠷᠣᠭᠤᠯᠵᠤ᠂ | ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠶᠢ ᠰᠠᠬᠢᠵᠤ ᠬᠠᠤᠯᠢ ᠲᠦᠭᠡᠮᠡᠯᠵᠢᠭᠦᠯᠬᠦ᠂ ᠭᠠᠳᠠᠭᠠᠳᠤ ᠳᠤ | ᠬᠤᠯᠪᠣᠭᠳᠠᠬᠤ ᠬᠠᠤᠯᠢ ᠪᠠᠷ ᠵᠠᠰᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠪᠡ᠃ ᠵᠥᠪᠯᠡᠯ ᠤᠨ | 2024 ᠣᠨ ᠤ ᠠᠵᠢᠯ ᠤᠨ ᠭᠤᠤᠯᠳᠠᠯᠭ᠎ᠠ ᠪᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠠᠵᠢᠯ ᠤᠨ ᠭᠤᠤᠯᠳᠠᠯᠭ᠎ᠠ ᠶᠢ ᠲᠦᠷᠦᠭᠦᠯᠡᠨ ᠲᠣᠭᠲᠠᠭᠠᠨ ᠲᠠᠷᠬᠠᠭᠠᠵᠤ᠂ ᠪᠥᠬᠦ ᠬᠤᠰᠢᠭᠤᠨ ᠤ ᠬᠠᠤᠯᠢ ᠪᠠᠷ ᠵᠠᠰᠠᠬᠤ | ᠪᠠᠶᠢᠭᠤᠯᠤᠯᠲᠠ ᠳᠤ ᠪᠠᠷᠢᠯᠭ᠎ᠠ ᠶᠢᠨ ᠵᠢᠷᠤᠭ᠂ ᠵᠠᠮ ᠱᠤᠭᠤᠮ ᠤᠨ ᠵᠢᠷᠤᠭ ᠢ ᠵᠢᠷᠤᠭᠯᠠᠵᠤ ᠥᠭᠭᠦᠨ᠎ᠡ᠃ | ᠭᠤᠤᠯᠳᠠᠯᠭ᠎ᠠ ᠲᠠᠢ ᠬᠠᠷᠢᠭᠤᠴᠠᠯᠭᠠᠲᠤ ᠰᠠᠯᠠᠭ᠎ᠠ ᠮᠥᠴᠢᠷ ᠪᠠ 12 ᠰᠤᠮᠤ ᠰᠢᠶᠠᠩ ᠪᠠᠯᠭᠠᠰᠤᠨ ᠤ ᠬᠠᠤᠯᠢᠵᠢᠯ ᠤᠨ | ᠰᠢᠪᠠᠳᠠᠨ ᠪᠠᠶᠢᠴᠠᠭᠠᠯᠲᠠ ᠵᠢᠴᠢ ᠬᠠᠤᠯᠢᠵᠢᠯ ᠤᠨ ᠪᠠᠶᠢᠴᠠᠭᠠᠨ ᠦᠵᠡᠯᠭᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠨᠢᠭᠡᠳᠦᠭᠡᠷ | ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ᠂ ᠵᠠᠰᠠᠭ ᠵᠠᠬᠢᠷᠭᠠᠨ ᠤ ᠳᠠᠬᠢᠨ | ᠵᠥᠪᠯᠡᠬᠦ ᠵᠢᠴᠢ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ᠂ ᠳᠣᠲᠣᠭᠠᠳᠤ ᠶᠢᠨ ᠬᠠᠤᠯᠢ ᠲᠦᠷᠢᠮ ᠤᠨ | ᠪᠠᠶᠢᠭᠤᠯᠤᠮᠵᠢ ᠶᠢᠨ ᠦᠶ᠋ᠯᠡᠳᠦᠯ ᠢᠶᠠᠨ ᠪᠠᠳᠠᠷᠠᠭᠤᠯᠤᠭᠰᠠᠨ ᠪᠠᠶᠢᠳᠠᠯ᠂ ᠳᠦᠷᠢᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠤᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ 13 ᠲᠠᠯ᠎ᠠ ᠶᠢᠨ ᠲᠣᠭᠤᠷᠢᠨ ᠳᠤ ︽ᠰᠤᠳᠠᠯ | ᠪᠠᠷᠢᠵᠤ ᠣᠨᠣᠰᠢᠯᠠᠪᠠ︾᠃ ᠬᠠᠤᠯᠢ ᠪᠠᠷ ᠵᠠᠰᠠᠬᠤ ᠪᠠᠶᠢᠭᠤᠯᠤᠯᠲᠠ ᠶᠢ ᠰᠠᠯᠠᠭ᠎ᠠ ᠮᠥᠴᠢᠷ ᠪᠠ ᠰᠤᠮᠤ ᠰᠢᠶᠠᠩ | ᠪᠠᠯᠭᠠᠰᠤᠨ ᠤ ᠤᠳᠤᠷᠢᠳᠬᠤ ᠪᠠᠭ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠭᠦᠢᠴᠡᠳᠬᠡᠯ | ᠲᠤᠭ᠎ᠠ ᠶᠢᠨ ᠲᠣᠭᠲᠠᠯᠴᠠᠭ᠎ᠠ ᠳᠤ ᠣᠷᠣᠭᠤᠯᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠤᠳᠤᠷᠢᠳᠬᠤ ᠺᠠᠳ᠋ᠷᠴᠤᠳ ᠤᠨ ᠠᠵᠢᠯ ᠤᠨ ᠮᠡᠳᠡᠭᠦᠯᠦᠯᠲᠡ ᠬᠢᠬᠦ | ᠠᠭᠤᠯᠭ᠎ᠠ ᠳᠤ ᠵᠢᠭᠰᠠᠭᠠᠨ ᠣᠷᠣᠭᠤᠯᠪᠠ᠃ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠪᠣᠳᠠᠲᠠᠢ ᠪᠥᠭᠡᠳ ᠭᠦᠨᠵᠡᠭᠡᠢ ᠬᠢᠪᠡ᠃ | ᠨᠢᠭᠡ ᠳᠤ᠂ ᠦᠨᠡᠨᠴᠢ ᠢᠲᠡᠭᠡᠮᠵᠢ ᠶᠢᠨ ᠠᠯᠪᠠᠨ ᠬᠡᠷ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢᠯᠡᠳᠦᠯ ᠢ | ᠪᠠᠳᠠᠷᠠᠭᠤᠯᠪᠠ᠃ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠦᠯ︾ ᠢ ᠲᠣᠭᠲᠠᠭᠠᠨ ᠲᠠᠷᠬᠠᠭᠠᠵᠤ᠂ ᠠᠵᠢᠯ ᠤᠨ | ᠬᠤᠷᠠᠯ᠂ ᠲᠣᠬᠢᠷᠠᠭᠤᠯᠤᠯᠲᠠ᠂ ᠰᠢᠪᠠᠳᠠᠨ ᠪᠠᠶᠢᠴᠠᠭᠠᠯᠲᠠ᠂ ᠵᠠᠷᠯᠠᠨ ᠮᠡᠳᠡᠭᠳᠡᠬᠦ ᠠᠵᠢᠯ ᠤᠨ ᠲᠣᠭᠲᠠᠴᠠ᠂ ᠲᠤᠰᠬᠠᠶ | ᠵᠦᠢᠯ ᠤᠨ ᠳᠤᠭᠤᠶᠢᠯᠠᠩ ᠤᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠬᠤᠷᠠᠯ᠂ ᠲᠤᠰᠬᠠᠶ ᠵᠦᠢᠯ ᠤᠨ ᠠᠬᠢᠭᠤᠯᠬᠤ ᠳᠤᠭᠤᠶᠢᠯᠠᠩ ᠤᠨ | ᠬᠠᠮᠲᠤᠷᠠᠭᠰᠠᠨ ᠬᠤᠷᠠᠯ᠂ ᠲᠤᠰᠬᠠᠶ ᠰᠡᠳᠦᠪᠲᠦ ᠬᠤᠷᠠᠯ ᠢ 8 ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ | ᠵᠠᠰᠠᠭ ᠤᠨ ᠣᠷᠳᠣᠨ ᠤ ᠠᠯᠪᠠᠨ ᠬᠡᠷ ᠤᠨ ᠰᠢᠪᠠᠳᠠᠨ ᠪᠠᠶᠢᠴᠠᠭᠠᠬᠤ ᠲᠠᠰᠤᠭ ᠲᠠᠢ ᠬᠠᠮᠲᠤᠷᠠᠨ 1 ᠤᠳᠠᠭ᠎ᠠ ᠰᠢᠪᠠᠳᠠᠨ | ᠪᠠᠶᠢᠴᠠᠭᠠᠵᠤ᠂2 ᠬᠤᠭᠤᠴᠠᠭ᠎ᠠ ᠰᠢᠪᠠᠳᠠᠨ ᠪᠠᠶᠢᠴᠠᠭᠠᠯᠲᠠ ᠶᠢᠨ ᠲᠤᠰᠬᠠᠶ ᠮᠡᠳᠡᠭᠦᠯᠦᠯᠲᠡ᠂ 11 ᠬᠤᠭᠤᠴᠠᠭ᠎ᠠ | ᠳᠣᠭᠢᠷᠠᠭᠤᠯᠬᠤ ᠡᠬᠡ ᠲᠠᠩᠰᠠ ᠶᠢ᠂ 9 ᠬᠤᠪᠢ ᠠᠵᠢᠯ ᠤᠨ ᠰᠠᠨᠠᠭᠤᠯᠤᠮᠵᠢ ᠶᠢᠨ ᠵᠠᠬᠢᠳᠠᠯ᠂ 1 ᠬᠤᠪᠢ ᠰᠢᠪᠠᠳᠠᠨ | ᠰᠢᠢᠳᠪᠦᠷᠢᠯᠡᠬᠦ ᠵᠠᠬᠢᠳᠠᠯ ᠢ ᠳᠠᠷᠤᠮᠠᠯᠯᠠᠨ ᠲᠠᠷᠬᠠᠭᠠᠵᠤ᠂ ᠮᠥᠷᠳᠡᠨ ᠳᠠᠭᠠᠵᠤ ᠦᠷ᠎ᠡ ᠪᠦᠲᠦᠮᠵᠢ ᠶᠢ ᠠᠰᠠᠭᠤᠬᠤ ᠪᠠᠷ | ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃ ᠬᠤᠶᠠᠷ ᠲᠤ᠂ ᠢᠲᠡᠭᠡᠮᠵᠢ ᠠᠯᠳᠠᠭᠰᠠᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠶᠢ ᠴᠢᠩᠭᠠᠳᠬᠠᠪᠠ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ | ᠬᠦᠷᠢᠶ᠎ᠡ ᠴᠠᠷᠠᠭ᠎ᠠ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠦᠨᠡᠨᠴᠢ ᠢᠲᠡᠭᠡᠮᠵᠢ ᠶᠢᠨ | ᠵᠠᠭᠠᠯᠳᠤᠯᠭ᠎ᠠ ᠶᠢᠨ ᠴᠣᠩᠬᠤ ᠪᠠᠶᠢᠭᠤᠯᠵᠤ᠂ ︽ᠮᠧᠩ ᠴᠢ ᠲᠦᠩ︾᠂ 12345 ᠵᠠᠰᠠᠭ ᠤᠨ ᠶᠠᠪᠤᠳᠠᠯ ᠤᠨ | ᠬᠠᠯᠠᠮᠰᠢᠯ ᠤᠲᠠᠰᠤ ᠵᠡᠷᠭᠡ ᠲᠠᠪᠴᠠᠩ ᠠᠴᠠ ᠠᠰᠠᠭᠤᠳᠠᠯ ᠢ ᠪᠠᠶᠢᠴᠠᠭᠠᠨ ᠳᠡᠯᠭᠡᠬᠦ ᠶᠢᠨ ᠬᠠᠮᠲᠤ ᠴᠡᠭᠴᠡᠯᠡᠨ | ᠰᠠᠶᠢᠵᠢᠷᠠᠭᠤᠯᠬᠤ ᠡᠬᠡ ᠲᠠᠩᠰᠠ ᠲᠣᠭᠲᠠᠭᠠᠪᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠠᠮᠠᠯᠠᠯᠲᠠ ᠪᠠᠨ | ᠪᠡᠶᠡᠯᠡᠭᠦᠯᠬᠦ ᠦᠭᠡᠢ᠂ ᠰᠢᠨ᠎ᠡ ᠳᠠᠷᠤᠭ᠎ᠠ ᠬᠠᠭᠤᠴᠢᠨ ᠳᠠᠩᠰᠠ ᠶᠢ ᠬᠠᠮᠢᠶᠠᠷᠬᠤ ᠦᠭᠡᠢ ᠵᠡᠷᠭᠡ ᠢᠲᠡᠭᠡᠯ ᠠᠯᠳᠠᠭᠰᠠᠨ | ᠠᠰᠠᠭᠤᠳᠠᠯ ᠢ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠶᠢ ᠥᠷᠨᠢᠭᠦᠯᠵᠦ᠂ ᠵᠠᠰᠠᠭ ᠤᠨ ᠶᠠᠪᠤᠳᠠᠯ ᠤᠨ | ᠢᠲᠡᠭᠡᠯ ᠠᠯᠳᠠᠭᠰᠠᠨ ᠲᠠᠯ᠎ᠠ ᠪᠠᠷ ᠬᠦᠨᠳᠦ ᠶᠡᠭᠡ ᠶᠠᠷᠢᠶ᠎ᠠ ᠬᠡᠯᠡᠯᠴᠡᠭᠡᠨ ᠤ ᠬᠡᠷᠡᠭ ᠭᠠᠷᠤᠭᠰᠠᠨ ᠦᠭᠡᠢ᠃ ᠠᠯᠪᠠᠨ | ᠲᠤᠰᠢᠶᠠᠯᠲᠠᠨ ᠤ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠶᠢᠨ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ ᠭᠤᠤᠯᠳᠠᠯᠭ᠎ᠠ ᠲᠠᠢ ᠰᠤᠷᠤᠯᠴᠠᠬᠤ | ᠠᠭᠤᠯᠭ᠎ᠠ᠂ ᠨᠠᠮ ᠤᠨ ᠰᠤᠷᠭᠠᠭᠤᠯᠢ ᠶᠢᠨ ᠬᠢᠴᠢᠶᠡᠯ ᠤᠨ ᠲᠥᠯᠥᠪᠯᠡᠭᠡ ᠳᠤ ᠣᠷᠣᠭᠤᠯᠵᠤ᠂ ᠪᠥᠬᠦ ᠬᠤᠰᠢᠭᠤᠨ ᠤ | ᠬᠡᠪᠴᠢᠶᠡᠨ ᠳᠤ ᠠᠯᠪᠠᠨ ᠲᠤᠰᠢᠶᠠᠯᠲᠠᠨ ᠤ ᠦᠨᠡᠨᠴᠢ ᠢᠲᠡᠭᠡᠮᠵᠢ ᠶᠢᠨ ᠬᠥᠮᠦᠵᠢᠯ ᠥᠷᠨᠢᠭᠦᠯᠬᠦ ᠶᠢ ᠠᠬᠢᠭᠤᠯᠵᠤ᠂ ᠪᠥᠬᠦ | ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠰᠤᠳᠤᠯᠤᠨ ᠰᠤᠷᠤᠯᠴᠠᠬᠤ ᠠᠩᠭᠢ ᠶᠢ ᠵᠣᠬᠢᠴᠠᠭᠤᠯᠤᠨ | ᠡᠷᠬᠢᠯᠡᠪᠡ᠃ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠬᠦᠷᠢᠶ᠎ᠡ ᠴᠠᠷᠠᠭ᠎ᠠ ᠳᠤ᠂ ᠡᠯ᠎ᠡ ᠠᠵᠢᠯ | ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ 4 ᠡᠭᠡᠯᠵᠢ ᠶᠢᠨ ᠢᠲᠡᠭᠡᠯ ᠢᠶᠠᠨ | ᠠᠯᠳᠠᠭᠰᠠᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ | ᠬᠤᠳᠠᠯᠳᠤᠭᠠᠨ ᠤ ᠮᠡᠬᠡᠯᠡᠯ᠂ ᠭᠡᠷ᠎ᠡ ᠵᠦᠷᠢᠴᠡᠭᠰᠡᠨ ᠵᠡᠷᠭᠡ 8 ᠬᠦᠷᠢᠶ᠎ᠡ ᠴᠠᠷᠠᠭ᠎ᠠ ᠶᠢ ᠲᠥᠪᠯᠡᠷᠡᠭᠦᠯᠦᠨ ᠴᠡᠭᠴᠡᠯᠡᠨ | ᠵᠠᠰᠠᠬᠤ ᠲᠥᠰᠦᠯ᠂ ᠠᠰᠠᠭᠤᠳᠠᠯ ᠤᠨ ᠡᠬᠡ ᠲᠠᠩᠰᠠ ᠶᠢ ᠲᠣᠭᠲᠠᠭᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ | ᠦᠷᠭᠦᠯᠵᠢᠯᠡᠨ ᠠᠬᠢᠭᠤᠯᠪᠠ᠃ ᠨᠡᠶᠢᠭᠡᠮ ᠤᠨ ᠦᠨᠡᠨᠴᠢ ᠢᠲᠡᠭᠡᠮᠵᠢ ᠶᠢᠨ ᠬᠦᠷᠢᠶ᠎ᠡ ᠴᠠᠷᠠᠭ᠎ᠠ ᠳᠤ᠂ ᠭᠤᠣᠯᠳᠠᠯᠭ᠎ᠠ ᠲᠠᠢ | ᠢᠲᠡᠭᠡᠮᠵᠢ ᠠᠯᠳᠠᠭᠰᠠᠨ ᠠᠵᠢᠯᠯᠠᠭ᠎ᠠ ᠶᠢ ᠴᠡᠭᠴᠡᠯᠡᠨ ᠵᠠᠰᠠᠬᠤ ᠶᠢ ᠴᠢᠩᠭᠠᠳᠬᠠᠵᠤ᠂ 4 ᠡᠭᠡᠯᠵᠢ ᠶᠢᠨ ᠬᠥᠳᠡᠯᠮᠦᠷᠢ ᠶᠢᠨ | ᠪᠠᠲᠤᠯᠠᠭ᠎ᠠ᠂ ᠨᠡᠶᠢᠭᠡᠮ ᠤᠨ ᠦᠢᠯᠡᠴᠢᠯᠡᠭᠡ ᠪᠠ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠢᠲᠡᠭᠡᠯ ᠠᠯᠳᠠᠭᠰᠠᠳ ᠢ ᠲᠥᠪᠯᠡᠷᠡᠭᠦᠯᠦᠨ ᠴᠡᠭᠴᠡᠯᠡᠨ ᠵᠠᠰᠠᠵᠤ ᠵᠢᠭᠰᠠᠭᠠᠨ | ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠢᠲᠡᠭᠡᠯ ᠠᠯᠳᠠᠭᠰᠠᠨ ᠬᠥᠮᠥᠰ ᠤᠨ ᠨᠡᠷᠡᠰ ᠢ ᠪᠠᠶᠢᠭᠤᠯᠬᠤ ᠶᠢ | ᠠᠬᠢᠭᠤᠯᠵᠤ᠂ 55 ᠬᠥᠮᠥᠨ ᠢ ᠢᠲᠡᠭᠡᠯ ᠠᠯᠳᠠᠭᠰᠠᠨ ᠪᠠᠶᠢᠭᠠᠯᠢᠯᠢᠭ ᠬᠥᠮᠥᠨ᠂ 6 ᠬᠥᠮᠥᠨ ᠢ ᠬᠠᠤᠯᠢ ᠶᠢᠨ | ᠡᠷᠬᠡᠲᠡᠨ ᠳᠤ ᠣᠷᠣᠭᠤᠯᠵᠤ᠂ 340 ᠵᠦᠢᠯ ᠥᠨᠳᠥᠷ ᠬᠡᠷᠡᠭᠯᠡᠭᠡᠨ ᠤ ᠠᠵᠢᠯᠯᠠᠭ᠎ᠠ ᠶᠢ ᠬᠢᠵᠠᠭᠠᠷᠯᠠᠪᠠ᠃ | ᠬᠤᠶᠠᠷ᠂ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠪᠡ | ᠨᠢᠭᠡ ᠳᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠦᠯᠬᠢᠨ ᠠᠬᠢᠭᠤᠯᠪᠠ᠃ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ ᠶᠢ ᠲᠣᠭᠲᠠᠭᠠᠵᠤ᠂ 35 ᠵᠦᠢᠯ ᠤᠨ | ᠭᠤᠤᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠪᠥᠭᠡᠳ ᠪᠦᠲᠦᠮᠵᠢᠲᠡᠶ ᠠᠬᠢᠭᠤᠯᠪᠠ᠃ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ | ᠲᠣᠭᠲᠠᠭᠠᠯ ᠢ ᠲᠣᠭᠲᠠᠭᠠᠵᠤ᠂ 2024 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠵᠦᠢᠯᠡᠰ ᠤᠨ ᠨᠠᠷᠢᠨ ᠲᠠᠩᠰᠠ ᠶᠢ ᠨᠡᠶᠢᠲᠡᠯᠡᠵᠦ᠂ ᠤᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠢ | ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ | ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠲᠠᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠴᠢᠬᠤᠯᠠ ᠶᠡᠭᠡ | ᠬᠡᠷᠡᠭ ᠶᠠᠪᠤᠳᠠᠯ ᠤᠨ ᠰᠢᠢᠳᠪᠦᠷᠢᠲᠦ ᠪᠣᠳᠣᠯᠭ᠎ᠠ ᠶᠢ ᠳᠦᠷᠢᠮᠵᠢᠭᠦᠯᠬᠦ ᠶᠢ ᠠᠬᠢᠭᠤᠯᠪᠠ᠃ ᠵᠠᠰᠠᠭ ᠤᠨ ᠣᠷᠳᠣᠨ ᠤ | ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠤᠨ ᠲᠦᠷᠢᠮ ᠢ ᠲᠣᠭᠲᠠᠭᠠᠵᠤ᠂ ᠬᠠᠤᠯᠢ ᠴᠠᠭᠠᠵᠠ ᠶᠢᠨ ᠵᠥᠪᠯᠡᠭᠴᠢ᠂ | ᠠᠯᠪᠠᠨ ᠲᠤᠰᠢᠶᠠᠯᠲᠤ ᠬᠠᠤᠯᠢᠴᠢ ᠪᠦᠬᠦ ᠶᠠᠪᠤᠴᠠ ᠳᠤ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ | ᠲᠣᠭᠲᠠᠭᠠᠬᠤ ᠳᠤ ᠣᠷᠣᠯᠴᠠᠵᠤ᠂ ᠪᠦᠬᠦ ᠵᠢᠯ ᠳᠤ123 ᠬᠤᠪᠢ ᠬᠠᠤᠯᠢ ᠶᠣᠰᠣᠴᠢ ᠴᠢᠨᠠᠷ ᠤᠨ ᠬᠢᠨᠠᠨ | ᠪᠠᠶᠢᠴᠠᠭᠠᠯᠲᠠ ᠶᠢᠨ ᠰᠠᠨᠠᠯ᠂ 55 ᠬᠤᠪᠢ ᠬᠠᠤᠯᠢ ᠶᠣᠰᠣᠴᠢ ᠴᠢᠨᠠᠷ ᠤᠨ ᠲᠣᠳᠣᠷᠬᠠᠶᠢᠯᠠᠯᠲᠠ᠂ 98 ᠬᠤᠪᠢ ᠡᠯ᠎ᠡ | ᠲᠦᠷᠦᠯ ᠤᠨ ᠬᠡᠯᠡᠯᠴᠡᠭᠡᠷ ᠢ ᠬᠢᠨᠠᠨ ᠪᠠᠶᠢᠴᠠᠭᠠᠪᠠ᠃ ᠵᠠᠰᠠᠭ ᠵᠠᠬᠢᠷᠭᠠᠨ ᠤ ᠳᠦᠷᠢᠮᠵᠢᠯ ᠤᠨ ᠴᠢᠨᠠᠷᠳᠠᠢ ᠪᠢᠴᠢᠭ | ᠮᠠᠲ᠋ᠧᠷᠢᠶᠠᠯ ᠤᠨ ᠬᠠᠮᠢᠶᠠᠷᠤᠯᠲᠠ ᠶᠢ ᠴᠢᠩᠭᠠᠳᠬᠠᠨ᠂ ᠬᠠᠤᠯᠢ ᠴᠠᠭᠠᠵᠠ ᠬᠠᠤᠯᠢ ᠳᠦᠷᠢᠮ ᠤᠨ ︽ᠲᠣᠭᠲᠠᠭᠠᠬᠤ᠂ | ᠥᠭᠡᠷᠡᠴᠢᠯᠡᠬᠦ᠂ ᠬᠦᠴᠦᠨ ᠦᠭᠡᠢ ᠪᠣᠯᠭᠠᠬᠤ᠂ ᠲᠠᠶᠢᠯᠪᠤᠷᠢᠯᠠᠬᠤ︾ ᠶᠢ ᠴᠠᠭ ᠲᠤᠬᠠᠢ ᠳᠤ ᠨᠢ ᠦᠨᠳᠦᠰᠦᠯᠡᠵᠦ᠂ 7 | ᠤᠳᠠᠭ᠎ᠠ ᠵᠠᠰᠠᠭ ᠵᠠᠬᠢᠷᠭᠠᠨ ᠤ ᠳᠦᠷᠢᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠲᠤᠰᠬᠠᠶᠢᠯᠠᠨ ᠴᠡᠭᠴᠡᠯᠡᠨ | ᠲᠢᠭᠯᠡᠬᠦ ᠶᠢ ᠦᠷᠨᠢᠭᠦᠯᠪᠠ᠃ ᠲᠤᠭ᠎ᠠ ᠪᠦᠷᠢᠳᠬᠡᠯ᠂ ᠲᠣᠷᠭᠠᠭᠤᠯᠢ᠂ ᠨᠡᠭᠦᠷᠡᠰᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠦᠷᠢᠳᠬᠡᠨ ᠳᠠᠩᠰᠠᠯᠠᠭᠤᠯᠤᠭᠰᠠᠨ ᠮᠡᠳᠡᠭᠦᠯᠦᠯᠲᠡ ᠶᠢᠨ ᠬᠠᠮᠢᠶ᠎ᠠ ᠪᠥᠬᠦᠶ ᠠᠰᠠᠭᠤᠳᠠᠯ᠂ ᠠᠵᠤ | ᠠᠬᠤᠶᠢᠯᠠᠯ ᠂ ᠠᠵᠢᠯ ᠠᠴᠠ ᠪᠠᠨ ᠪᠠᠭᠤᠵᠤ ᠠᠮᠠᠷᠠᠬᠤ ᠵᠡᠷᠭᠡ ᠠᠭᠤᠯᠭ᠎ᠠ ᠳᠤ ᠡᠷᠬᠡ ᠲᠡᠭᠰᠢ ᠪᠤᠰᠤ ᠪᠠᠷ ᠬᠠᠨᠳᠤᠬᠤ | ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠲᠣᠰ ᠲᠣᠰ ᠲᠤᠰᠬᠠᠶ ᠴᠡᠪᠡᠷᠯᠡᠯᠲᠡ ᠬᠢᠪᠡ᠃ ᠬᠤᠰᠢᠭᠤᠨ ᠤ | ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ | ᠬᠦᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠲᠤᠭᠤᠷᠪᠢᠭᠰᠠᠨ 3 ᠳᠦᠷᠢᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠳᠤ ᠪᠥᠬᠦ ᠶᠠᠪᠤᠴᠠ ᠶᠢᠨ ᠮᠥᠷᠳᠡᠯᠲᠡ ᠬᠢᠵᠦ᠂ ᠲᠣᠭᠲᠠᠭᠠᠭᠰᠠᠨ ᠲᠠᠰ ᠳᠠᠷᠠᠭᠠᠯᠠᠯ ᠨᠢ ᠬᠠᠤᠯᠢ ᠳᠤ | ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠬᠦ ᠶᠢ ᠪᠠᠲᠤᠯᠠᠪᠠ᠃ ᠪᠦᠬᠦ ᠵᠢᠯ ᠳᠤ ᠠᠭᠤᠯᠭ᠎ᠠ ᠨᠢ ᠬᠠᠤᠯᠢ ᠠᠴᠠ | ᠵᠥᠷᠢᠴᠡᠭᠰᠡᠨ᠂ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠠᠴᠠ ᠪᠠᠨ ᠳᠠᠪᠠᠭᠰᠠᠨ ᠵᠡᠷᠭᠡ ᠵᠠᠷᠯᠢᠭᠳᠠᠨ | ᠵᠠᠯᠠᠷᠠᠭᠤᠯᠬᠤ ᠪᠠ ᠬᠦᠴᠦᠨ ᠦᠭᠡᠢ ᠪᠣᠯᠭᠠᠬᠤ ᠠᠰᠠᠭᠤᠳᠠᠯ ᠭᠠᠷᠤᠭᠰᠠᠨ ᠦᠭᠡᠶ᠃ | ᠬᠤᠶᠠᠷ ᠲᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠶᠢ | ᠴᠢᠩᠭᠠᠳᠬᠠᠪᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ | ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠪᠠ᠃ 11 ᠭᠤᠤᠯᠳᠠᠯᠭ᠎ᠠ ᠲᠠᠢ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠪᠠ 12 ᠰᠤᠮᠤ ᠰᠢᠶᠠᠩ ᠪᠠᠯᠭᠠᠰᠤ ᠶᠢᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠭᠰᠡᠨ 90 ᠭᠠᠷᠤᠶ ᠡᠪᠬᠡᠮᠡᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠳᠠᠩᠰᠠᠨ ᠡᠪᠬᠡᠮᠡᠯ ᠢ | ᠦᠨᠡᠯᠡᠨ ᠪᠠᠶᠢᠴᠠᠭᠠᠬᠤ ᠠᠵᠢᠯ ᠥᠷᠨᠢᠭᠦᠯᠵᠦ᠂ ᠭᠤᠷᠪᠠᠨ ᠵᠢᠯ ᠤᠨ ᠠᠵᠢᠯᠯᠠᠭ᠎ᠠ ᠶᠢᠨ ᠳᠤᠮᠳᠠ ᠬᠤᠭᠤᠴᠠᠭᠠᠨ ᠤ | ᠦᠨᠡᠯᠡᠨ ᠵᠢᠱᠢᠯᠲᠡ᠂ ᠭᠤᠤᠯᠳᠠᠯᠭ᠎ᠠ ᠲᠠᠢ ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ | ᠲᠤᠰᠬᠠᠶ ᠰᠢᠪᠠᠳᠠᠨ ᠪᠠᠶᠢᠴᠠᠭᠠᠯᠲᠠ ᠶᠢ ᠥᠷᠨᠢᠭᠦᠯᠪᠡ᠃ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠥᠮᠦᠵᠢᠯ ᠪᠣᠯᠪᠠᠰᠤᠷᠠᠭᠤᠯᠤᠯ ᠤᠨ | ᠠᠵᠢᠯ ᠤᠨ ᠲᠥᠰᠦᠯ ᠢ ᠲᠣᠭᠲᠠᠭᠠᠨ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠢ ᠳᠡᠭᠡᠭᠰᠢᠯᠡᠭᠦᠯᠬᠦ᠂ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠪᠠ ᠵᠠᠰᠠᠭ ᠵᠠᠬᠢᠷᠭᠠᠨ ᠤ ᠳᠦᠷᠢᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠢ ᠲᠣᠭᠲᠠᠭᠠᠨ ᠬᠠᠮᠢᠶᠠᠷᠬᠤ ᠵᠡᠷᠭᠡ ᠲᠤᠰᠬᠠᠶ ᠰᠡᠳᠦᠪᠲᠦ ᠪᠣᠯᠪᠠᠰᠤᠷᠠᠭᠤᠯᠤᠯ ᠢ 5 ᠤᠳᠠᠭ᠎ᠠ | ᠥᠷᠨᠢᠭᠦᠯᠵᠦ᠂ 60 ᠨᠡᠷᠡᠰ ᠰᠢᠨ᠎ᠡ ᠪᠠᠷ ᠨᠡᠮᠡᠭᠳᠡᠭᠰᠡᠨ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠢ ᠭᠡᠷᠡᠴᠢᠯᠡᠬᠦ | ᠰᠢᠯᠭᠠᠯᠲᠠ ᠶᠢ ᠵᠣᠬᠢᠶᠠᠨ ᠪᠠᠶᠢᠭᠤᠯᠵᠤ᠂ ᠣᠳᠣᠬᠠᠨ ᠳᠤ ᠨᠢᠭᠡᠨᠲᠡ 482 ᠬᠠᠤᠯᠢ ᠬᠡᠷᠡᠭᠵᠢᠭᠦᠯᠬᠦ ᠠᠵᠢᠯᠲᠠᠨ | ᠡᠯᠧᠺᠲᠷᠣᠨ ᠬᠠᠤᠯᠢ ᠬᠡᠷᠡᠭᠵᠢᠭᠦᠯᠬᠦ ᠦᠨᠡᠮᠯᠡᠯ ᠲᠠᠢ ᠪᠣᠯᠪᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠯᠥᠭᠡᠲᠦ | ᠲᠠᠰᠤᠯᠤᠯᠲᠠ ᠶᠢᠨ ᠡᠷᠬᠡ ᠶᠢ ᠥᠪᠡᠰᠦᠪᠡᠨ ᠪᠠᠶᠢᠴᠠᠭᠠᠬᠤ ᠶᠢ ᠥᠷᠨᠢᠭᠦᠯᠵᠦ᠂ 17 ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠢ ᠰᠢᠪᠠᠳᠠᠭᠤᠯᠵᠤ ᠪᠠᠶᠢᠭᠠᠳ ᠵᠠᠷᠯᠠᠨ ᠨᠡᠶᠢᠲᠡᠯᠡᠬᠦ ᠶᠢ ᠪᠡᠶᠡᠯᠡᠭᠦᠯᠪᠡ᠃ ᠲᠥᠪ | ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠳᠠᠯᠠᠵᠤ᠂ ︽ᠠᠵᠤ ᠠᠬᠤᠶᠢᠯᠠᠯ ᠳᠤ ᠬᠤᠯᠪᠣᠭᠳᠠᠭᠰᠠᠨ | ᠬᠠᠤᠯᠢ ᠠᠴᠠ ᠵᠥᠷᠢᠴᠡᠭᠰᠡᠨ ᠬᠥᠩᠭᠡᠪᠲᠦᠷ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠬᠡᠯ ᠦᠯᠦ ᠥᠭᠬᠦ ᠨᠠᠷᠢᠨ | ᠳᠠᠩᠰᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ 20 ᠵᠠᠰᠠᠭ ᠵᠠᠬᠢᠷᠭᠠᠨ ᠤ ᠰᠢᠢᠳᠬᠡᠯ ᠢ | ᠬᠥᠩᠭᠡᠷᠡᠭᠦᠯᠦᠭᠰᠡᠨ ᠬᠡᠷᠡᠭ ᠢ ᠲᠦᠯᠬᠢᠨ ᠠᠬᠢᠭᠤᠯᠪᠠ᠃ ᠲᠠᠪᠴᠠᠩ ᠤᠨ ᠬᠡᠷᠡᠭ ᠰᠢᠢᠳᠪᠦᠷᠢᠯᠡᠬᠦ ᠰᠢᠰᠲ᠋ᠧᠮ ᠤᠨ | ᠬᠡᠷᠡᠭᠯᠡᠯᠲᠡ ᠶᠢ ᠦᠷᠭᠦᠯᠵᠢᠯᠡᠨ ᠠᠬᠢᠭᠤᠯᠵᠤ᠂ ᠤᠯᠠᠷᠢᠯ ᠤᠨ ᠵᠠᠷᠯᠠᠨ ᠮᠡᠳᠡᠭᠳᠡᠬᠦ ᠲᠣᠭᠲᠠᠴᠠ ᠶᠢ ᠪᠠᠶᠢᠭᠤᠯᠵᠤ᠂ ᠬᠡᠷᠡᠭ | ᠵᠠᠷᠭᠤ ᠶᠢ ᠪᠢᠴᠢᠵᠦ ᠣᠷᠣᠭᠤᠯᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 97% ᠪᠠᠷ ᠨᠡᠮᠡᠭᠳᠡᠪᠡ᠃ | ᠦᠨᠳᠦᠰᠦᠨ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠲᠦᠷᠭᠡᠳᠬᠡᠨ ᠳᠦᠷᠢᠮᠵᠢᠭᠦᠯᠵᠦ᠂ ᠰᠤᠮᠤ | ᠰᠢᠶᠠᠩ ᠪᠠᠯᠭᠠᠰᠤᠨ ᠳᠤ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠵᠦᠢᠯᠡᠰ ᠤᠨ ᠨᠠᠷᠢᠨ | ᠳᠠᠩᠰᠠ᠂ ᠬᠠᠤᠯᠢ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ | ᠳᠠᠩᠰᠠ ᠶᠢ ᠡᠮᠬᠢᠯᠡᠨ ᠨᠡᠶᠢᠲᠡᠯᠡᠪᠡ᠃ | ᠭᠤᠷᠪᠠ᠂ ᠠᠮᠤᠷ ᠲᠦᠪᠰᠢᠨ ᠲᠣᠭᠲᠠᠭᠤᠨ ᠤ ᠬᠤᠷᠢᠭ᠎ᠠ ᠱᠤᠭᠤᠮ ᠢ ᠪᠠᠲᠤ ᠰᠠᠬᠢᠪᠠ | ᠨᠢᠭᠡ ᠳᠤ᠂ ᠳᠠᠬᠢᠨ ᠵᠥᠪᠯᠡᠵᠦ ᠮᠠᠷᠭᠤᠭᠠᠨ ᠢ ᠰᠢᠢᠳᠪᠦᠷᠢᠯᠡᠬᠦ ᠭᠤᠣᠯ ᠠᠷᠭ᠎ᠠ ᠵᠠᠮ ᠤᠨ ᠦᠢᠯᠡᠳᠦᠯ ᠢ | ᠪᠠᠳᠠᠷᠠᠭᠤᠯᠪᠠ᠃ 12 ᠰᠤᠮᠤ ᠰᠢᠶᠠᠩ ᠪᠠᠯᠭᠠᠰᠤᠨ ᠳᠤ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠣᠷᠣᠯᠠᠨ | ᠭᠦᠢᠴᠡᠳᠬᠡᠬᠦ ᠴᠡᠭ ᠪᠠᠶᠢᠭᠤᠯᠵᠤ᠂ 21 ᠬᠤᠪᠢ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠰᠢᠢᠳᠪᠦᠷᠢᠯᠡᠵᠦ᠂ | ᠨᠢᠳᠤᠨᠤᠨ ᠤ ᠪᠥᠬᠦ ᠵᠢᠯ ᠤᠨ ᠬᠡᠷᠡᠭ ᠤᠨ ᠬᠡᠮᠵᠢᠶ᠎ᠡ ᠠᠴᠠ 162.5% ᠪᠠᠷ ᠨᠡᠮᠡᠭᠳᠡᠵᠦ᠂ ᠵᠠᠰᠠᠭ ᠵᠠᠬᠢᠷᠭᠠᠨ ᠤ ᠳᠠᠬᠢᠨ | ᠵᠥᠪᠯᠡᠭᠰᠡᠨ ᠲᠣᠭᠲᠠᠭᠠᠯ ᠤᠨ ᠪᠢᠴᠢᠭ᠂ ᠡᠶᠡᠳᠡᠭᠦᠯᠭᠡ ᠶᠢᠨ ᠪᠢᠴᠢᠭ᠂ ᠰᠠᠨᠠᠯ ᠤᠨ ᠪᠢᠴᠢᠭ ᠢ ᠭᠦᠢᠴᠡᠳᠭᠡᠭᠰᠡᠨ | ᠨᠣᠷᠮ᠎ᠠ 94.4% ᠳᠤ ᠬᠦᠷᠴᠦ᠂ ᠳᠠᠬᠢᠨ ᠵᠥᠪᠯᠡᠵᠦ ᠡᠶᠡᠳᠡᠭᠦᠯᠦᠭᠰᠡᠨ ᠪᠠ ᠡᠪᠯᠡᠷᠡᠭᠦᠯᠦᠭᠰᠡᠨ ᠨᠣᠷᠮ᠎ᠠ 16. | 67%᠂ ᠵᠠᠯᠠᠷᠠᠭᠤᠯᠤᠭᠰᠠᠨ ᠨᠣᠷᠮ᠎ᠠ 11.11% ᠳᠤ ᠬᠦᠷᠪᠡ︔ ᠪᠠᠶᠢᠴᠠᠭᠠᠬᠤ ᠪᠠᠶᠢᠭᠤᠯᠭ᠎ᠠ ᠶᠢᠨ ᠬᠠᠤᠯᠢ | ᠴᠠᠭᠠᠵᠠ ᠶᠢᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠢᠳᠡᠪᠬᠢᠲᠡᠶ ᠳᠡᠮᠵᠢᠵᠦ᠂ | ᠪᠠᠶᠢᠴᠠᠭᠠᠬᠤ ᠰᠠᠨᠠᠭᠤᠯᠭ᠎ᠠ ᠶᠢ ᠬᠦᠯᠢᠶᠡᠨ ᠠᠪᠤᠭᠰᠠᠨ ᠨᠤᠷᠮ᠎ᠠ 100% ᠳᠤ ᠬᠦᠷᠪᠡ᠃ 18 ᠬᠤᠪᠢ ᠵᠠᠰᠠᠭ | ᠵᠠᠬᠢᠷᠭᠠᠨ ᠤ ᠵᠠᠷᠭᠤ ᠶᠢᠨ ᠬᠡᠷᠡᠭ ᠢ ᠰᠢᠢᠳᠪᠦᠷᠢᠯᠡᠵᠦ᠂ ᠡᠭᠦᠨ ᠳᠤ 2 ᠬᠤᠪᠢ ᠬᠤᠰᠢᠭᠤᠨ ᠤ ᠵᠠᠰᠠᠭ ᠤᠨ ᠣᠷᠳᠣᠨ ᠤ | ᠲᠣᠰ ᠱᠠᠲᠤᠨ ᠤ ᠵᠠᠷᠭᠤ ᠶᠢ ᠬᠦᠯᠢᠶᠡᠨ ᠠᠪᠴᠤ᠂ ᠵᠠᠷᠭᠤ ᠢᠯᠠᠭᠳᠠᠭᠰᠠᠨ ᠦᠭᠡᠢ᠃ | ᠬᠤᠶᠠᠷ ᠲᠤ᠂ ᠤᠯᠠᠨ ᠡᠰᠢᠲᠦ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠶᠢ ᠪᠡᠶᠡᠯᠡᠭᠦᠯᠪᠡ᠃ ︽ᠢᠯᠡ ᠪᠠᠷ | ᠡᠶᠡᠳᠡᠭᠦᠯᠬᠦ︾᠂ ︽ᠵᠠᠷᠭᠤᠯᠳᠤᠭᠤᠯᠤᠨ ᠡᠶᠡᠳᠡᠭᠦᠯᠬᠦ︾ ᠶᠢ ᠵᠣᠯᠭᠠᠭᠤᠯᠬᠤ ᠶᠢ ᠪᠣᠳᠠᠲᠠᠢ ᠠᠳᠬᠤᠵᠤ᠂ | ᠳᠣᠲᠣᠭᠠᠳᠤ ᠶᠢ ᠬᠠᠮᠠᠭᠠᠯᠠᠬᠤ ᠬᠠᠤᠯᠢ ᠴᠠᠭᠠᠵᠠ ᠶᠢᠨ ᠳᠠᠪᠠᠭᠤᠯᠢᠭ ᠲᠠᠯ᠎ᠠ ᠪᠠᠨ ᠬᠠᠷᠢᠯᠴᠠᠨ ᠨᠥᠬᠦᠪᠥᠷᠢᠯᠡᠬᠦ᠂ ᠮᠡᠳᠡᠭᠡ | ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠨᠡᠶᠢᠳᠡ 68 ᠵᠥᠷᠢᠴᠡᠯ ᠵᠢᠭᠤᠷᠠᠯᠳᠤᠭᠠᠨ ᠢ | ᠠᠮᠵᠢᠯᠲᠠ ᠲᠠᠢ ᠬᠠᠮᠲᠤᠷᠠᠨ ᠡᠶᠡᠳᠡᠭᠦᠯᠪᠡ︔ ᠵᠠᠷᠭᠤ ᠠᠴᠠ ᠡᠮᠦᠨ᠎ᠡ ᠲᠤᠬᠠᠢ ᠶᠢᠨ ᠬᠥᠮᠦᠨ ᠢ ᠬᠥᠲᠥᠯᠥᠨ | ᠵᠢᠯᠣᠭᠤᠳᠴᠤ ᠪᠠᠶᠢᠭᠠᠳ ᠡᠶᠡᠳᠡᠭᠦᠯᠬᠦ ᠠᠷᠭ᠎ᠠ ᠬᠡᠯᠪᠡᠷᠢ ᠪᠠᠷ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠵᠦ᠂ ᠰᠢᠭᠦᠬᠦ | ᠬᠤᠷᠢᠶᠠᠨ ᠤ ᠵᠠᠷᠭᠤ ᠶᠢᠨ ᠬᠡᠮᠵᠢᠶ᠎ᠡ ᠦᠷᠭᠦᠯᠵᠢᠯᠡᠨ ᠪᠠᠭᠤᠷᠠᠬᠤ ᠶᠢ ᠪᠡᠶᠡᠯᠡᠭᠦᠯᠵᠦ᠂ ᠨᠡᠶᠢᠳᠡ 133 | ᠵᠢᠭᠤᠷᠠᠯᠳᠤᠭᠠᠨ ᠢ ᠡᠶᠡᠳᠡᠭᠦᠯᠵᠦ᠂ 8 ᠬᠡᠷᠡᠭ ᠢ ᠬᠠᠤᠯᠢ ᠴᠠᠭᠠᠵᠠ ᠶᠢᠨ ᠨᠤᠲᠠᠯᠠᠯᠲᠠ ᠬᠢᠯᠭᠡᠬᠦ ᠪᠠᠷ ᠭᠤᠶᠤᠴᠢᠯᠠᠪᠠ᠃ | ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ | ᠠᠬᠠᠮᠠᠳ ᠱᠦᠵᠢ ᠶᠢᠨ ᠡᠶᠡᠳᠡᠭᠦᠯᠬᠦ ᠠᠵᠢᠯ ᠤᠨ ᠲᠠᠰᠤᠭ᠂ ᠷᠧᠨ ᠪᠢᠨ ᠡᠶᠡᠳᠡᠭᠦᠯᠬᠦ ᠠᠵᠢᠯ ᠤᠨ ᠲᠠᠰᠤᠭ ᠢ ᠪᠣᠶ | ᠪᠣᠯᠭᠠᠵᠤ᠂ ᠬᠤᠰᠢᠭᠤᠨ ᠤ ᠵᠠᠬ᠎ᠠ ᠳᠡᠯᠭᠡᠭᠦᠷ ᠤᠨ ᠲᠣᠪᠴᠢᠶ᠎ᠠ ᠲᠠᠢ ᠬᠤᠯᠪᠣᠭᠠᠯᠠᠨ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠤ | ᠠᠷᠠᠳ ᠤᠨ ᠡᠶᠡᠳᠡᠭᠦᠯᠬᠦ ᠵᠥᠪᠯᠡᠯ ᠢ ᠪᠠᠶᠢᠭᠤᠯᠪᠠ᠃ ᠵᠠᠷᠭᠤ ᠶᠢᠨ ᠪᠤᠰᠤ ᠵᠢᠭᠤᠷᠠᠯᠳᠤᠭᠠᠨ ᠢ ᠠᠷᠢᠯᠭᠠᠬᠤ ᠠᠵᠢᠯ ᠤᠨ | ᠡᠯ᠎ᠡ ᠵᠦᠢᠯ ᠤᠨ ᠡᠭᠦᠷᠭᠡ ᠴᠢᠳᠠᠪᠤᠷᠢ ᠶᠢ ᠨᠢᠭᠡᠳᠬᠡᠵᠦ᠂ ᠪᠠᠶ᠋ᠬᠠᠤᠪᠤᠭ᠎ᠠ᠂ ᠦᠬᠡᠷᠬᠤᠳᠳᠤᠭ ᠤᠨ ᠬᠠᠤᠯᠢ | ᠴᠠᠭᠠᠵᠠ ᠶᠢᠨ ᠭᠠᠵᠠᠷ ᠲᠤ ︽ᠳᠥᠷᠪᠡᠨ ᠭᠠᠵᠠᠷ ᠨᠢᠭᠡ ᠲᠢᠩᠬᠢᠮ︾ ᠤᠨ ᠠᠵᠢᠯᠯᠠᠬᠤ ᠲᠠᠰᠤᠭ ᠪᠠᠶᠢᠭᠤᠯᠵᠤ᠂ ᠬᠠᠤᠯᠢ | ᠴᠠᠭᠠᠵᠠ ᠶᠢᠨ ᠪᠠᠲᠤᠯᠠᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ ᠵᠣᠯᠭᠠᠭᠤᠯᠤᠨ ᠬᠠᠮᠵᠢᠯᠴᠠᠬᠤ ᠳᠠᠪᠠᠭᠤᠯᠢᠭ ᠢ | ᠪᠠᠳᠠᠷᠠᠭᠤᠯᠪᠠ᠃ ᠨᠡᠶᠢᠲᠡ1678 ᠬᠤᠪᠢ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠤ ᠬᠡᠷᠡᠭ ᠢ ᠣᠯᠠᠨ | ᠡᠰᠢᠴᠢᠯᠨ ᠡᠶᠡᠳᠡᠭᠦᠯᠵᠦ᠂ ᠠᠮᠵᠢᠯᠲᠠ ᠣᠯᠤᠭᠰᠠᠨ ᠨᠣᠷᠮ᠎ᠠ 99 % ᠳᠤ ᠬᠦᠷᠴᠡᠢ᠃ | ᠭᠤᠷᠪᠠ ᠳᠤ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠠᠵᠢᠯ ᠢ ᠴᠢᠩᠭ᠎ᠠ ᠳᠦᠷᠢᠮᠵᠢᠭᠦᠯᠪᠡ᠃ ᠪᠥᠬᠦ | ᠵᠢᠯ ᠳᠤ 25 ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠂23 ᠬᠤᠭᠤᠴᠠᠭ᠎ᠠ ᠨᠢ ᠳᠦᠭᠦᠷᠴᠦ ᠬᠦᠴᠦᠨ | ᠦᠭᠡᠢ ᠪᠣᠯᠭᠠᠭᠰᠠᠨ ᠬᠥᠮᠦᠨ᠂ 35 ᠳᠠᠩᠰᠠᠨ ᠳᠤ ᠪᠠᠶᠢᠭ᠎ᠠ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠢ | ᠬᠦᠯᠢᠶᠡᠨ ᠠᠪᠤᠪᠠ᠃ ᠡᠳᠦᠷ ᠪᠦᠷᠢ ᠭᠠᠷ ᠤᠨ ᠦᠰᠦᠭ ᠵᠢᠷᠤᠬᠤ᠂ ᠭᠠᠷᠠᠭ ᠤᠨ ᠪᠠᠶᠢᠷᠢ ᠲᠣᠭᠲᠠᠭᠠᠯᠲᠠ ᠬᠢᠬᠦ᠂ | ᠰᠠᠷ᠎ᠠ ᠶᠢᠨ ᠬᠠᠷᠢᠭᠤ ᠮᠡᠳᠡᠭᠦᠯᠦᠯᠲᠡ ᠬᠢᠬᠦ ᠵᠡᠷᠭᠡ ᠡᠳᠦᠷ ᠲᠤᠳᠤᠮ ᠤᠨ ᠬᠠᠮᠢᠶᠠᠷᠤᠯᠲᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠪᠠ᠃ ︽ᠶᠡᠭᠡ ᠪᠠᠷ ᠰᠤᠷᠪᠤᠯᠵᠢᠯᠠᠬᠤ᠂ ᠶᠡᠭᠡ ᠪᠠᠷ ᠳᠠᠷᠠᠭᠠᠯᠠᠨ ᠪᠠᠶᠢᠴᠠᠭᠠᠬᠤ᠂ ᠶᠡᠭᠡ ᠪᠠᠷ | ᠰᠤᠳᠤᠯᠤᠨ ᠮᠠᠭᠠᠳᠯᠠᠬᠤ᠂ ᠶᠡᠭᠡ ᠪᠠᠷ ᠴᠡᠭᠴᠡᠯᠡᠨ ᠰᠠᠶᠢᠵᠢᠷᠠᠭᠤᠯᠬᠤ︾ ᠲᠤᠰᠬᠠᠶ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠴᠢᠬᠤᠯᠠ ᠵᠠᠩᠭᠢᠯᠠᠭ᠎ᠠ ᠶᠢᠨ ᠴᠡᠭ ᠤᠨ ᠲᠣᠭᠲᠠᠭᠤᠨ ᠢ ᠬᠠᠮᠠᠭᠠᠯᠠᠬᠤ ᠠᠮᠤᠷ ᠲᠦᠪᠰᠢᠨ ᠢ ᠬᠠᠮᠠᠭᠠᠯᠠᠬᠤ | ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠰᠠᠷ᠎ᠠ ᠶᠢᠨ ᠰᠢᠯᠭᠠᠨ ᠦᠨᠡᠯᠡᠬᠦ᠂ ᠤᠯᠠᠷᠢᠯ ᠤᠨ ᠦᠨᠡᠯᠡᠨ ᠵᠢᠱᠢᠵᠦ | ᠬᠢᠨᠠᠨ ᠰᠢᠯᠭᠠᠵᠤ ᠱᠠᠩᠨᠠᠬᠤ ᠠᠷᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠪᠡ᠃ ᠨᠠᠰᠤᠨ ᠳᠤ ᠥᠯᠥ ᠬᠦᠷᠦᠭᠰᠡᠳ᠂ | ᠶᠠᠯᠠᠲᠤ ᠠᠵᠢᠯᠯᠠᠭ᠎ᠠ ᠶᠢᠨ ᠲᠦᠭᠰᠢᠭᠦᠷᠢ ᠶᠡᠬᠡᠲᠡᠶ ᠡᠲᠡᠭᠡᠳ ᠵᠡᠷᠭᠡ 30 ᠭᠠᠷᠤᠶ ᠭᠤᠤᠯᠳᠠᠯᠭ᠎ᠠ ᠲᠠᠢ ᠬᠢᠨᠠᠨ ᠡᠵᠡᠮᠳᠡᠬᠦ | ᠠᠵᠢᠯᠲᠠᠨ ᠳᠤ ᠴᠢᠭᠯᠡᠭᠦᠯᠦᠨ ︽ᠨᠢᠭᠡ ᠳᠤ ᠨᠢᠭᠡ︾ ᠶᠢᠨ ᠲᠤᠰᠬᠠᠶ ᠰᠡᠳᠬᠢᠴᠡ ᠶᠢᠨ ᠵᠢᠯᠣᠭᠤᠳᠣᠯᠭ᠎ᠠ ᠬᠢᠬᠦ ᠶᠢᠨ | ᠬᠠᠮᠲᠤ ᠣᠨᠴᠠᠭᠠᠶ ᠬᠡᠷᠡᠭ ᠤᠨ ᠣᠨᠴᠠᠯᠢᠭ ᠢ ᠦᠨᠳᠦᠰᠦᠯᠡᠨ ᠵᠠᠯᠠᠷᠠᠭᠤᠯᠤᠨ ᠵᠠᠰᠠᠬᠤ ᠰᠠᠨᠠᠯ ᠳᠤᠷᠠᠳᠪᠠ᠃ ᠬᠠᠮᠲᠤᠷᠠᠨ | ᠬᠥᠳᠡᠯᠦᠯᠴᠡᠬᠦ ᠲᠣᠭᠲᠠᠴᠠ ᠶᠢᠨ ᠪᠠᠶᠢᠭᠤᠯᠤᠯᠲᠠ ᠶᠢ ᠴᠢᠩᠭ᠎ᠠ ᠠᠳᠬᠤᠪᠠ᠃ ᠨᠡᠶᠢᠭᠡᠮ ᠲᠣᠭᠤᠷᠢᠭ ᠤᠨ | ᠵᠠᠯᠠᠷᠠᠭᠤᠯᠭ᠎ᠠ ᠶᠢᠨ ᠲᠥᠪ ᠢ ᠪᠠᠶᠢᠭᠤᠯᠵᠤ᠂ ᠪᠥᠬᠦ ᠬᠤᠰᠢᠭᠤᠨ ᠤ 12 ᠰᠤᠮᠤ ᠰᠢᠶᠠᠩ ᠪᠠᠯᠭᠠᠰᠤᠨ ᠳᠤ ᠴᠥᠮ | ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠵᠥᠪᠯᠡᠯ ᠢ ᠪᠠᠶᠢᠭᠤᠯᠵᠤ᠂ ︽ᠣᠶᠤᠨᠴᠢ ᠵᠠᠯᠠᠷᠠᠭᠤᠯᠭ᠎ᠠ ᠶᠢᠨ ᠲᠥᠪ︾ | ᠵᠡᠷᠭᠡ ᠮᠡᠳᠡᠭᠡ ᠵᠠᠩᠭᠢᠵᠢᠯᠲᠠ ᠶᠢᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ᠣᠶᠤᠨᠴᠢ ᠨᠡᠶᠢᠭᠡᠮ ᠤᠨ | ᠵᠠᠯᠠᠷᠠᠭᠤᠯᠭ᠎ᠠ ᠶᠢᠨ ᠰᠦᠯᠵᠢᠶᠡᠨ ᠳᠡᠭᠡᠷᠡᠬᠢ ᠡᠷᠭᠢᠯᠲᠡ ᠶᠢᠨ ᠨᠣᠷᠮ᠎ᠠ ᠶᠢ 100% ᠳᠤ ᠬᠦᠷᠭᠡᠪᠡ᠃ | ᠳᠥᠷᠪᠡ ᠳᠤ᠂ ᠲᠥᠪᠬᠢᠨᠡᠭᠦᠯᠵᠦ ᠬᠠᠪᠰᠤᠷᠤᠨ ᠵᠢᠯᠣᠭᠤᠳᠬᠤ ᠶᠢ ᠰᠡᠳᠬᠢᠯ ᠲᠠᠯᠪᠢᠨ ᠰᠠᠶᠢᠲᠤᠷ ᠬᠢᠪᠡ᠃ | 168 ᠨᠡᠷᠡᠰ ᠲᠥᠪᠬᠢᠨᠡᠭᠦᠯᠵᠦ ᠬᠠᠪᠰᠤᠷᠤᠨ ᠵᠢᠯᠣᠭᠤᠳᠬᠤ ᠡᠲᠡᠭᠡᠳ ᠤᠨ ᠮᠡᠳᠡᠭᠡ ᠵᠠᠩᠭᠢ ᠶᠢ ᠬᠠᠷᠭᠤᠭᠤᠯᠤᠨ | ᠪᠠᠶᠢᠴᠠᠭᠠᠬᠤ ᠶᠢ ᠪᠣᠳᠠᠲᠠᠶᠢᠵᠢᠭᠤᠯᠬᠤ᠂ ᠵᠣᠯᠭᠠᠭᠤᠯᠤᠨ ᠬᠠᠮᠢᠶᠠᠷᠬᠤ ᠶᠢ ᠪᠣᠳᠠᠲᠠᠶᠢᠵᠢᠭᠤᠯᠬᠤ᠂ ᠳᠠᠷᠠᠭᠠᠯᠠᠨ | ᠪᠠᠶᠢᠴᠠᠭᠠᠵᠤ ᠰᠤᠷᠪᠤᠯᠵᠢᠯᠠᠬᠤ ᠶᠢ ᠪᠣᠳᠠᠲᠠᠶᠢᠵᠢᠭᠤᠯᠬᠤ᠂ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ ᠶᠢ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ᠃ ᠨᠡᠶᠢᠲᠡ 200 ᠭᠠᠷᠤᠶ ᠬᠥᠮᠦᠨ ᠤᠳᠠᠭ᠎ᠠ ᠬᠠᠷᠭᠤᠭᠤᠯᠤᠨ | ᠪᠠᠶᠢᠴᠠᠭᠠᠬᠤ ᠠᠵᠢᠯ ᠢ ᠥᠷᠨᠢᠭᠦᠯᠵᠦ᠂ 12 ᠨᠡᠷᠡᠰ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ | ᠡᠷᠡᠭᠦᠤ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠦᠰ ᠢ ᠵᠠᠪᠰᠠᠷ ᠥᠬᠡᠶ ᠵᠣᠯᠭᠠᠭᠤᠯᠵᠤ᠂ ︽ᠵᠠᠪᠠᠯ | ᠬᠦᠯᠢᠶᠡᠨ ᠠᠪᠴᠤ ᠵᠠᠪᠠᠯ ᠬᠦᠷᠭᠡᠬᠦ︾ ᠠᠵᠢᠯ ᠢ ᠪᠡᠶᠡᠯᠡᠭᠦᠯᠦᠭᠰᠡᠨ ᠨᠣᠷᠮ᠎ᠠ ᠶᠢ 100 % ᠪᠠᠷ ᠪᠡᠶᠡᠯᠡᠭᠦᠯᠵᠦ᠂ 6 | ᠨᠡᠷᠡᠰ ᠲᠥᠪᠬᠢᠨᠡᠭᠦᠯᠵᠦ ᠬᠠᠪᠰᠤᠷᠤᠨ ᠵᠢᠯᠣᠭᠤᠳᠬᠤ ᠡᠲᠡᠭᠡᠳ ᠲᠤ ︽ᠬᠤᠶᠠᠷ ᠵᠢᠭᠰᠠᠭᠠᠯᠲᠤ ᠬᠠᠮᠢᠶᠠᠷᠤᠯᠲᠠ︾ | ᠬᠠᠪᠰᠤᠷᠤᠨ ᠰᠤᠷᠭᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠠᠮᠢᠶᠠᠷᠤᠯᠲᠠ ᠠᠴᠠ ᠮᠤᠯᠲᠤᠷᠠᠨ | ᠬᠠᠮᠢᠶᠠᠷᠤᠯᠲᠠ ᠠᠴᠠ ᠭᠤᠭᠤᠵᠢᠭᠳᠠᠬᠤ ᠠᠴᠠ ᠵᠠᠶᠢᠯᠠᠰᠬᠢᠪᠠ᠃ ︽ᠨᠢᠭᠡ ᠶᠢ ᠬᠠᠪᠰᠤᠷᠬᠤ︾ ᠶᠢᠨ ᠲᠥᠪᠬᠢᠨᠡᠭᠦᠯᠵᠦ | ᠬᠠᠪᠰᠤᠷᠤᠨ ᠵᠢᠯᠣᠭᠤᠳᠬᠤ ᠳᠤᠭᠤᠶᠢᠯᠠᠩ ᠢ ᠪᠠᠶᠢᠭᠤᠯᠵᠤ᠂ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ | ᠲᠣᠭᠲᠠᠭᠠᠯ᠂ ᠦᠵᠡᠯ ᠰᠠᠨᠠᠭ᠎ᠠ ᠶᠣᠰᠣ ᠮᠣᠷᠠᠯ ᠤᠨ ᠬᠥᠮᠦᠵᠢᠯ ᠢ ᠬᠠᠨᠳᠤᠯᠭᠠᠲᠤ ᠴᠢᠨᠠᠷᠲᠠᠶ ᠪᠠᠷ ᠥᠷᠨᠢᠭᠦᠯᠪᠡ᠃ | ᠠᠮᠢᠳᠤᠷᠠᠯ ᠨᠢ ᠬᠦᠴᠢᠷᠳᠡᠯᠲᠡᠶ ᠲᠥᠪᠬᠢᠨᠡᠭᠦᠯᠵᠦ ᠬᠠᠪᠰᠤᠷᠤᠨ ᠵᠢᠯᠣᠭᠤᠳᠬᠤ ᠡᠲᠡᠭᠡᠳ ᠲᠤ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠢ ᠵᠣᠬᠢᠴᠠᠭᠤᠯᠤᠨ ᠲᠦᠷ ᠴᠠᠭ ᠠᠪᠤᠷᠠᠨ ᠲᠤᠰᠠᠯᠠᠬᠤ ᠪᠠ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠣᠯᠭᠤᠪᠠ᠃ ᠡᠷᠡᠭᠦᠦ ᠶᠢᠨ ᠰᠤᠯᠠᠯᠠᠭᠰᠠᠳ ᠢ ᠲᠣᠭᠲᠠᠭᠤᠨ ᠪᠠᠶᠢᠯᠭᠠᠬᠤ᠂ ᠤᠷᠲᠤ ᠬᠤᠭᠤᠴᠠᠭ᠎ᠠ ᠪᠠᠷ | ᠪᠦᠲᠦᠮᠵᠢᠲᠡᠶ ᠲᠥᠪᠬᠢᠨᠡᠭᠦᠯᠵᠦ ᠠᠵᠢᠯ ᠣᠯᠭᠤᠬᠤ ᠠᠷᠭ᠎ᠠ ᠵᠠᠮ ᠪᠠ ᠬᠠᠪᠰᠤᠷᠤᠨ ᠰᠤᠷᠭᠠᠬᠤ ᠲᠠᠪᠴᠠᠩ | ᠪᠠᠶᠢᠭᠤᠯᠬᠤ ᠶᠢ ᠬᠠᠶᠢᠨ ᠰᠦᠪᠡᠭᠴᠢᠯᠡᠵᠦ᠂ ᠰᠢᠪᠠᠷᠬᠦ᠋ᠷᠢᠶ᠎ᠡ ᠲᠡᠮᠦᠷ ᠤᠨ ᠠᠭᠤᠷᠬᠠᠶ᠂ ᠪᠦᠦ ᠰᠢᠨ ᠣᠨᠴᠣᠭᠤᠶ ᠪᠣᠯᠣᠳ | ᠵᠡᠷᠭᠡ ᠠᠵᠤ ᠠᠬᠤᠶᠢᠯᠠᠯ ᠳᠤ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠦᠰ ᠢ | ᠲᠥᠪᠬᠢᠨᠡᠭᠦᠯᠬᠦ ᠬᠠᠪᠰᠤᠷᠤᠨ ᠰᠤᠷᠭᠠᠬᠤ ᠰᠠᠭᠤᠷᠢᠨ ᠭᠠᠵᠠᠷ ᠪᠠᠶᠢᠭᠤᠯᠵᠤ᠂ ᠨᠡᠶᠢᠲᠡ 33 ᠬᠥᠮᠦᠨ ᠢ ᠲᠥᠪᠬᠢᠨᠡᠭᠦᠯᠦᠨ | ᠠᠵᠢᠯ ᠣᠯᠭᠤᠵᠤ᠂ ᠬᠠᠪᠰᠤᠷᠤᠨ ᠰᠤᠷᠭᠠᠬᠤ ᠡᠲᠡᠭᠡᠳ᠂ ᠬᠠᠷ᠎ᠠ ᠪᠦᠯᠦᠭᠲᠡᠨ ᠬᠠᠷᠭᠢᠰ ᠬᠦᠴᠦᠨ ᠳᠤ | ᠬᠤᠯᠪᠣᠭᠳᠠᠭᠰᠠᠨ ᠬᠥᠮᠦᠰ ᠢ ᠬᠠᠪᠰᠤᠷᠤᠨ ᠰᠤᠷᠭᠠᠬᠤ ᠨᠣᠷᠮ᠎ᠠ ᠶᠢ 98% ᠳᠤ ᠬᠦᠷᠭᠡᠪᠡ᠃ | ᠳᠥᠷᠪᠡ᠂ ᠬᠠᠮᠤᠷᠬᠤ ᠬᠡᠪᠴᠢᠶ᠎ᠡ ᠨᠠᠩ ᠥᠷᠭᠡᠨ᠂ ᠠᠭᠤᠯᠭ᠎ᠠ ᠨᠠᠩ ᠪᠠᠶᠠᠯᠢᠭ᠂ ᠶᠠᠰᠤ ᠴᠢᠨᠠᠷ ᠨᠠᠩ ᠥᠨᠳᠥᠷ᠂ | ᠬᠦᠷᠲᠡᠮᠵᠢ ᠶᠢᠨ ᠲᠥᠷᠥᠭᠳᠡᠯ ᠨᠠᠩ ᠴᠢᠩᠭ᠎ᠠ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ | ᠬᠠᠩᠭᠠᠪᠠ | ᠨᠢᠭᠡ ᠳᠤ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠶᠠᠰᠤ ᠴᠢᠨᠠᠷ ᠪᠠ ᠤᠯᠠᠨ | ᠨᠡᠶᠢᠲᠡ ᠶᠢ ᠢᠲᠡᠭᠡᠭᠦᠯᠬᠦ ᠬᠦᠴᠦᠨ ᠢ ᠲᠦᠷᠭᠡᠳᠬᠡᠨ ᠳᠡᠭᠡᠭᠰᠢᠯᠡᠭᠦᠯᠪᠡ᠃ ᠬᠤᠲᠠ ᠬᠥᠳᠡᠭᠡ ᠶᠢᠨ ᠡᠬᠢ ᠪᠠᠶᠠᠯᠢᠭ ᠢ | ᠲᠡᠩᠴᠡᠭᠦᠷᠢᠲᠡᠶ ᠲᠣᠬᠢᠷᠠᠭᠤᠯᠵᠤ᠂ ᠣᠳᠣ ᠦᠶ᠎ᠡ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠪᠠ᠃ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ | ᠲᠥᠷᠥᠯ ᠤᠨ ᠠᠵᠢᠯ ᠮᠡᠷᠭᠡᠵᠢᠯ ᠤᠨ ᠳᠠᠩᠰᠠ ᠡᠪᠬᠡᠮᠡᠯ ᠢ ᠡᠯᠧᠺᠲᠷᠤᠨᠴᠢᠯᠠᠬᠤ ᠶᠢ ᠠᠬᠢᠭᠤᠯᠵᠤ᠂ ᠠᠯᠪᠠᠨ | ᠭᠡᠷᠡᠴᠢᠯᠡᠭᠴᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠬᠤ ᠠᠵᠢᠯᠲᠠᠨ᠂ ᠬᠠᠤᠯᠢᠴᠢ ᠶᠢᠨ ᠡᠯᠧᠺᠲᠷᠣᠨ ᠳᠠᠩᠰᠠ | ᠡᠪᠬᠡᠮᠡᠯ ᠢ ᠪᠠᠶᠢᠭᠤᠯᠪᠠ᠃ ᠬᠠᠤᠯᠢ ᠴᠠᠭᠠᠵᠠ ᠶᠢᠨ ᠲᠤᠰᠠᠯᠠᠮᠵᠢ ᠶᠢᠨ ︽ᠰᠠᠭᠠᠳ ᠦᠭᠡᠶ ᠨᠡᠪᠲᠡᠷᠡᠬᠦ ᠵᠠᠮ︾ ᠢ | ᠢᠳᠡᠪᠬᠢᠲᠡᠶ ᠪᠠᠷ ᠥᠷᠭᠡᠳᠬᠡᠵᠦ᠂ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠶᠡᠭᠡ ᠠᠩᠭᠢ᠂ ᠴᠡᠷᠢᠭ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠳᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ | ᠥᠷᠲᠡᠭᠡ ᠪᠠᠶᠢᠭᠤᠯᠵᠤ᠂ ᠬᠠᠤᠯᠢ ᠴᠠᠭᠠᠵᠠ ᠶᠢᠨ ᠭᠠᠵᠠᠷ ᠲᠤ ᠲᠦᠰᠢᠭᠯᠡᠨ ᠣᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡᠨ ᠤ ᠥᠷᠲᠡᠭᠡ ᠶᠢ ᠪᠠᠶᠢᠭᠤᠯᠪᠠ᠃ ᠬᠠᠤᠯᠢ ᠴᠠᠭᠠᠵᠠ ᠶᠢᠨ ᠲᠤᠰᠠᠯᠠᠮᠵᠢ ᠶᠢ ᠮᠡᠳᠡᠭᠳᠡᠵᠦ | ᠠᠮᠠᠯᠠᠭᠤᠯᠬᠤ ᠲᠦᠷᠢᠮ ᠢ ᠬᠡᠷᠡᠭᠵᠢᠭᠦᠯᠵᠦ᠂ ᠪᠥᠬᠦ ᠵᠢᠯ ᠳᠤ 24 ᠬᠤᠪᠢ ᠬᠠᠤᠯᠢ ᠴᠠᠭᠠᠵᠠ ᠶᠢᠨ ᠲᠤᠰᠠᠯᠠᠮᠵᠢ ᠶᠢᠨ | ᠬᠡᠷᠡᠭ ᠢ ᠭᠥᠯᠢᠶᠡᠨ ᠠᠪᠴᠤ᠂ 87 ᠬᠥᠮᠦᠨ ᠤᠳᠠᠭ᠎ᠠ ᠬᠠᠤᠯᠢ ᠴᠠᠭᠠᠵᠠ ᠶᠢᠨ ᠯᠠᠪᠯᠠᠯᠲᠠ ᠶᠢ ᠭᠥᠯᠢᠶᠡᠨ ᠠᠪᠴᠤ᠂ | 14 ᠬᠥᠯᠥᠰᠥᠨ ᠠᠵᠢᠯᠴᠢᠨ ᠢ ᠲᠤᠰᠠᠯᠠᠵᠤ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ 367485 | ᠲᠦᠮᠡᠨ ᠲᠥᠭᠦᠷᠢᠭ ᠲᠤ ᠬᠦᠷᠴᠦ᠂ 15 ᠨᠡᠷᠡᠰ ᠡᠮᠡᠭᠲᠡᠶᠢᠴᠦᠳ᠂ ᠨᠠᠰᠤᠲᠠᠨ᠂ ᠵᠡᠮᠳᠡᠭᠴᠦᠳ᠂ ᠨᠢᠯᠬ᠎ᠠ ᠬᠡᠤᠬᠡᠳ | ᠵᠡᠷᠭᠡ ᠬᠦᠴᠢᠷᠳᠡᠯᠲᠡᠶ ᠬᠦᠮᠦᠰ ᠢ ᠳᠡᠮᠵᠢᠨ ᠲᠤᠰᠠᠯᠠᠵᠤ᠂ ᠡᠷᠡᠭᠦᠦ ᠶᠢᠨ ᠬᠡᠷᠡᠭ ᠤᠨ ᠬᠠᠤᠯᠢᠴᠢ ᠶᠢ ᠪᠦᠬᠦᠨ ᠢ | ᠬᠠᠮᠤᠷᠤᠭᠤᠯᠬᠤ ᠶᠢ ᠪᠡᠶᠡᠯᠡᠭᠦᠯᠵᠦ᠂ ᠲᠤᠰᠠᠯᠠᠮᠵᠢ ᠶᠢᠨ ᠬᠡᠷᠡᠭ ᠤᠨ ᠬᠠᠷᠢᠭᠤ ᠰᠤᠷᠪᠤᠯᠵᠢᠯᠠᠭᠰᠠᠨ ᠨᠣᠷᠮ᠎ᠠ | 98% ᠠᠴᠠ ᠳᠡᠭᠡᠭᠰᠢ ᠪᠣᠯᠪᠠ᠃ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠤᠯᠢ ᠴᠠᠭᠠᠵᠠ ᠶᠢᠨ | ᠲᠤᠰᠠᠯᠠᠮᠵᠢ ᠶᠢᠨ ︿ᠬᠤᠲᠠ ᠶᠢᠨ ᠬᠡᠪᠴᠢᠶᠡᠨ ᠳᠤ ᠨᠡᠶᠢᠳᠡᠮ ᠭᠦᠢᠴᠡᠳᠭᠡᠬᠦ﹀ ᠠᠵᠢᠯ ᠤᠨ ᠬᠡᠷᠡᠭᠵᠢᠭᠦᠯᠬᠦ ᠲᠥᠰᠦᠯ︾ | ᠢ ᠲᠣᠭᠲᠠᠭᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠷᠢᠮᠵᠢᠶ᠎ᠠ ᠶᠢ ᠳᠣᠷᠣᠭᠰᠢᠯᠠᠭᠤᠯᠤᠨ᠂ ᠣᠷᠣᠨ | ᠪᠦᠰᠡ ᠶᠢᠨ ᠪᠠᠬᠢᠯᠡᠯᠲᠡ ᠶᠢ ᠨᠡᠪᠲᠡᠷᠡᠭᠦᠯᠪᠡ᠃ | ᠬᠤᠶᠠᠷ ᠲᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ | ᠭᠦᠨᠵᠡᠭᠡᠢ ᠬᠡᠷᠡᠭᠵᠢᠭᠦᠯᠪᠡ᠃ ︽ᠬᠠᠤᠯᠢ ᠪᠠᠷ ᠵᠠᠰᠠᠬᠤ ᠶᠢ ᠬᠠᠮᠠᠭᠠᠯᠠᠨ ᠬᠠᠪᠤᠷ ᠤᠨ ᠲᠠᠷᠢᠶᠠᠯᠠᠭ᠎ᠠ ᠶᠢ ᠪᠠᠲᠤᠯᠠᠬᠤ︾ | ᠬᠠᠤᠯᠢ ᠶᠢ ᠬᠥᠳᠡᠭᠡ ᠬᠦᠷᠭᠡᠬᠦ᠂ ᠦᠨᠡᠨᠴᠢ ᠢᠲᠡᠭᠡᠮᠵᠢ ᠪᠠᠷ ᠬᠠᠤᠯᠢ ᠲᠦᠭᠡᠮᠡᠯᠵᠢᠭᠦᠯᠬᠦ᠂ ᠬᠡᠷᠡᠭ ᠢᠶᠠᠷ ᠬᠠᠤᠯᠢ ᠶᠢ | ᠲᠦᠭᠡᠮᠡᠯᠵᠢᠭᠦᠯᠦᠨ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠡᠷᠭᠡ ᠠᠵᠢᠯᠯᠠᠭ᠎ᠠ ᠶᠢ 187 ᠲᠠᠯᠠᠪᠤᠷ | ᠥᠷᠨᠢᠭᠦᠯᠪᠡ᠃ ᠬᠤᠪᠢᠰᠬᠠᠯᠲᠤ ᠮᠣᠩᠭᠤᠯ ᠭᠡᠷ᠂ ᠤᠮᠠᠷᠠᠲᠤ ᠬᠢᠯᠢ ᠶᠢᠨ ᠬᠠᠮᠲᠤᠷᠠᠭᠰᠠᠨ ᠨᠠᠮ ᠤᠨ ᠬᠤᠷᠢᠶ᠎ᠠ᠂ | ᠤᠯᠠᠭᠠᠨᠮᠥ᠋ᠴᠢᠷ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠠᠰᠢᠭᠯᠠᠨ ᠬᠠᠤᠯᠢ ᠪᠠᠷ ᠵᠠᠰᠠᠬᠤ | ᠦᠢᠯᠡᠴᠢᠯᠡᠭᠡ ᠶᠢ ᠥᠷᠨᠢᠭᠦᠯᠵᠦ᠂ ︽ᠮᠣᠷᠢᠨ ᠨᠢᠷᠤᠭᠤᠨ ᠳᠡᠭᠡᠷᠡᠬᠢ ᠬᠠᠤᠯᠢ ᠪᠠᠷ ᠵᠠᠰᠠᠬᠤ ᠦᠢᠯᠡᠴᠢᠯᠡᠭᠡ︾ ᠨᠢ | ᠲᠠᠪᠤᠳᠤᠭᠠᠷ ᠪᠦᠯᠦᠭ ᠤᠨ ᠪᠥᠬᠦ ᠤᠯᠤᠰ ᠤᠨ ᠺᠠᠲᠠᠷᠴᠤᠳ ᠤᠨ ᠰᠤᠷᠤᠯᠴᠠᠯᠭ᠎ᠠ ᠪᠣᠯᠪᠠᠰᠤᠷᠠᠭᠤᠯᠤᠯ ᠤᠨ ᠵᠢᠭᠠᠬᠤ | ᠮᠠᠲ᠋ᠧᠷᠢᠶᠠᠯ᠂ 2024 ᠣᠨ ᠤ ᠪᠥᠬᠦ ᠣᠷᠣᠨ ᠤ ᠺᠠᠲᠠᠷᠴᠤᠳ ᠤᠨ ᠬᠥᠮᠦᠵᠢᠯ ᠪᠣᠯᠪᠠᠰᠤᠷᠠᠭᠤᠯᠤᠯ ᠤᠨ ᠰᠠᠶᠢᠨ | ᠬᠢᠴᠢᠶᠡᠯ ᠳᠤ ᠰᠣᠩᠭᠤᠭᠳᠠᠨ ᠣᠷᠤᠵᠤ᠂ ︽ᠬᠠᠢ ᠳ᠋ᠠᠨ ᡁᠢ ᠠᠴᠠ ᠬᠠᠤᠯᠢ ᠰᠤᠷᠬᠤ︾ ᠬᠠᠤᠯᠢ ᠲᠦᠭᠡᠮᠡᠯᠵᠢᠭᠦᠯᠬᠦ | ᠪᠤᠯᠤᠩ ᠳᠤ ᠬᠤᠶᠠᠳᠤᠭᠠᠷ ᠬᠤᠭᠤᠴᠠᠭᠠᠨ ᠤ ᠬᠠᠤᠯᠢ ᠪᠠᠷ ᠵᠠᠰᠠᠬᠤ ᠴᠠᠭ ᠦᠶ᠎ᠡ ᠶᠢᠨ ᠰᠢᠨ᠎ᠡ ᠶᠢ ᠡᠭᠦᠳᠦᠭᠰᠡᠨ | ᠶᠠᠷᠢᠯᠴᠠᠭᠠᠨ ᠤ ᠲᠠᠪᠴᠠᠩ ᠤᠨ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠶᠢ ᠣᠯᠣᠭᠰᠠᠨ ᠪᠠᠶᠢᠨ᠎ᠠ᠃ ᠬᠠᠤᠯᠢ ᠪᠠᠷ | ᠵᠠᠰᠠᠬᠤ ᠬᠥᠳᠡᠭᠡ ᠲᠣᠰᠬᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ 1 ᠭᠠᠴᠠᠭ᠎ᠠ ᠲᠣᠰᠬᠤᠨ ︵ᠨᠡᠶᠢᠭᠡᠮ | ᠲᠣᠭᠤᠷᠢᠭ︶ ᠳᠤ 1 ᠬᠠᠤᠯᠢ ᠴᠠᠭᠠᠵᠠ ᠶᠢᠨ ᠵᠥᠪᠯᠡᠭᠴᠢ + 5 ︽ᠬᠠᠤᠯᠢ ᠴᠠᠭᠠᠵᠠ ᠶᠢᠨ ᠮᠡᠷᠭᠡᠨ ᠬᠥᠮᠥᠨ︾ ᠢ | ᠲᠣᠬᠢᠷᠠᠭᠤᠯᠬᠤ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠪᠠ᠃ ᠠᠷᠠᠳᠴᠢᠯᠠᠯ ᠢᠶᠠᠷ ᠬᠠᠤᠯᠢ ᠪᠠᠷ ᠵᠠᠰᠠᠬᠤ | ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠪᠠᠷᠢᠮᠵᠢᠶ᠎ᠠ ᠳᠤ ᠬᠦᠷᠦᠭᠦᠯᠦᠨ ᠦᠨᠡᠯᠡᠨ ᠵᠢᠱᠢᠬᠦ ᠶᠢ ᠠᠬᠢᠭᠤᠯᠵᠤ᠂ | ᠨᠡᠶᠢᠲᠡ 3ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠷᠠᠳᠴᠢᠯᠠᠯ ᠢᠶᠠᠷ ᠬᠠᠤᠯᠢ ᠪᠠᠷ ᠵᠠᠰᠠᠬᠤ ᠭᠠᠴᠠᠭ᠎ᠠ ᠶᠢᠨ | ᠵᠢᠱᠢᠶ᠎ᠡ ᠦᠵᠡᠭᠦᠯᠬᠦ ᠲᠣᠰᠬᠤᠨ᠂ 8 ᠪᠤᠭᠤᠲᠤ ᠬᠤᠲᠠ ᠶᠢᠨ ᠱᠠᠲᠤᠨ ᠤ ᠳᠡᠰ ᠤᠨ ᠬᠢ ᠶᠢ ᠠᠮᠵᠢᠯᠲᠠ ᠲᠠᠢ ᠪᠠᠷ | ᠭᠤᠶᠤᠴᠢᠯᠠᠨ ᠮᠡᠳᠡᠭᠦᠯᠪᠡ᠃ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠳᠦᠷᠢᠮ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠯᠡᠨ | ᠶᠠᠷᠢᠯᠴᠠᠬᠤ ᠶᠢ ᠥᠷᠨᠢᠭᠦᠯᠵᠦ᠂ ᠴᠤᠭ ᠢᠶᠠᠷ ᠠᠳᠬᠤᠵᠤ ᠬᠠᠮᠲᠤ ᠪᠠᠷ ᠬᠠᠮᠢᠶᠠᠷᠬᠤ ︽ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠶᠡᠭᠡ ᠪᠠᠷ ᠲᠦᠭᠡᠮᠡᠯᠵᠢᠭᠦᠯᠬᠦ︾ ᠪᠦᠲᠦᠴᠡ ᠮᠠᠶ᠋ᠢᠭ ᠢ ᠲᠤᠬᠠᠢ ᠶᠢᠨ ᠭᠠᠵᠠᠷ ᠣᠷᠣᠨ ᠤ | ᠪᠠᠶᠢᠳᠠᠯ ᠳᠤ ᠨᠢ ᠲᠣᠬᠢᠷᠠᠭᠤᠯᠤᠨ ︽ᠤᠳᠤᠷᠢᠳᠬᠤ ᠺᠠᠳ᠋ᠷᠴᠤᠳ ᠤᠨ ᠮᠡᠳᠡᠪᠡᠯ ᠵᠣᠬᠢᠬᠤ ᠨᠠᠮ ᠤᠨ ᠳᠣᠲᠣᠭᠠᠳᠤ ᠶᠢᠨ | ᠬᠠᠤᠯᠢ ᠲᠣᠭᠲᠠᠭᠠᠯ ᠪᠠ ᠤᠯᠤᠰ ᠤᠨ ᠬᠠᠤᠯᠢ ᠴᠠᠭᠠᠵᠠ ᠶᠢᠨ ᠵᠢᠯᠣᠭᠤᠳᠤᠯᠭ᠎ᠠ ᠶᠢᠨ ᠨᠠᠷᠢᠨ ᠲᠠᠩᠰᠠ︾ ᠶᠢ | ᠨᠡᠶᠢᠲᠡᠯᠡᠵᠦ᠂ ᠵᠢᠷᠭᠤᠭᠠᠨ ᠠᠬᠢᠭᠤᠯᠬᠤ ᠳᠦᠷᠢᠮ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠡᠶᠢᠭᠡᠮ ᠤᠨ ᠢᠲᠡᠭᠡᠮᠵᠢ ᠶᠢᠨ ᠳᠦᠷᠢᠮ︾ ᠤᠨ ᠲᠤᠰᠬᠠᠢ ᠰᠡᠳᠦᠪᠲᠦ ᠤᠬᠠᠭᠤᠯᠭ᠎ᠠ ᠶᠢ ᠥᠷᠨᠢᠭᠦᠯᠪᠡ᠃ | ᠭᠤᠷᠪᠠ ᠳᠤ᠂ ᠬᠠᠤᠯᠢ ᠴᠠᠭᠠᠵᠠ ᠶᠢᠨ ᠭᠠᠵᠠᠷ ᠢ ᠳᠦᠷᠢᠮᠵᠢᠭᠦᠯᠬᠦ ᠪᠠᠶᠢᠭᠤᠯᠤᠯᠲᠠ ᠶᠢ ᠶᠡᠭᠡ ᠪᠠᠷ ᠲᠦᠯᠬᠢᠨ | ᠠᠬᠢᠭᠤᠯᠪᠠ᠃ ᠬᠠᠲᠠᠭᠤ ᠪᠣᠳᠠᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠠᠵᠢᠯ ᠤᠨ ᠬᠦᠴᠦᠨ ᠢᠶᠠᠨ | ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠭᠠᠵᠠᠷ ᠤᠨ ᠪᠠᠲᠤᠯᠠᠭ᠎ᠠ ᠶᠢ ᠴᠢᠩᠭᠠᠳᠬᠠᠪᠠ᠃ ᠬᠠᠷᠢᠶ᠎ᠠ ᠣᠷᠣᠨ ᠤ | ᠲᠠᠯᠠᠪᠠᠢ᠂ ᠬᠥᠮᠥᠨ ᠠᠮᠠ ᠶᠢᠨ ᠬᠡᠪᠴᠢᠶ᠎ᠡ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠵᠢᠴᠢ ᠠᠵᠢᠯ | ᠥᠷᠨᠢᠭᠦᠯᠬᠦ ᠬᠡᠷᠡᠭᠴᠡᠭᠡ ᠶᠢ ᠦᠨᠳᠦᠰᠦᠯᠡᠨ᠂ ᠬᠠᠤᠯᠢ ᠴᠠᠭᠠᠵᠠ ᠶᠢᠨ ᠭᠠᠵᠠᠷ ᠤᠨ ᠠᠵᠢᠯᠲᠠᠨ ᠤ ᠬᠦᠴᠦᠨ ᠢ | ᠲᠡᠭᠦᠯᠳᠡᠷᠵᠢᠭᠦᠯᠵᠦ᠂ ᠨᠠᠰᠤᠨ ᠤ ᠪᠦᠲᠦᠴᠡ ᠪᠠ ᠮᠡᠳᠡᠯᠭᠡ ᠶᠢᠨ ᠪᠦᠲᠦᠴᠡ ᠶᠢ ᠰᠢᠯᠢᠳᠡᠭᠵᠢᠭᠦᠯᠦᠨ᠂ ᠲᠣᠪᠴᠢᠶ᠎ᠠ | ᠪᠠᠶᠢᠭᠤᠯᠭ᠎ᠠ ᠶᠢᠨ ᠵᠠᠯᠠᠭᠤ ᠺᠠᠳ᠋ᠷᠴᠤᠳ ᠢ ᠬᠠᠤᠯᠢ ᠴᠠᠭᠠᠵᠠ ᠶᠢᠨ ᠭᠠᠵᠠᠷ ᠲᠤ ᠪᠠᠭᠤᠯᠭᠠᠵᠤ᠂ ᠡᠯ᠎ᠡ ᠭᠠᠵᠠᠷ ᠤᠨ | ᠠᠵᠢᠯᠲᠠᠨ ᠢ 3 ᠬᠥᠮᠥᠨ ᠳᠤ ᠬᠦᠷᠭᠡᠪᠡ᠂ ᠡᠭᠦᠨ ᠳᠤ 9 ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠤᠨ ᠠᠬᠤᠢ | ᠪᠠᠶᠢᠳᠠᠯ ᠲᠠᠢ ᠬᠥᠮᠥᠨ᠂ 6 ᠬᠠᠤᠯᠢ ᠴᠠᠭᠠᠵᠠ ᠶᠢᠨ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠣᠯᠣᠭᠰᠠᠨ ᠬᠥᠮᠥᠨ | ᠪᠠᠶᠢᠨ᠎ᠠ᠃ ᠬᠤᠳᠠᠯᠳᠤᠨ ᠠᠪᠬᠤ᠂ ᠰᠣᠯᠢᠬᠤ ᠵᠡᠷᠭᠡ ᠬᠡᠯᠪᠡᠷᠢ ᠪᠠᠷ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠢ ᠵᠣᠬᠢᠴᠠᠭᠤᠯᠵᠤ ᠪᠠᠶᠢᠭᠠᠳ ᠪᠥᠬᠦ ᠬᠤᠰᠢᠭᠤᠨ ᠤ 6 ᠦᠨᠳᠦᠰᠦᠨ ᠱᠠᠲᠤᠨ ᠤ ᠬᠠᠤᠯᠢ | ᠴᠠᠭᠠᠵᠠ ᠶᠢᠨ ᠭᠠᠵᠠᠷ ᠤᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠢ ᠲᠠᠰ ᠳᠡᠪᠰᠢᠭᠦᠯᠦᠨ | ᠥᠭᠡᠷᠡᠴᠢᠯᠡᠵᠦ᠂ ᠶᠡᠷᠦᠩᠬᠡᠢ ᠲᠠᠯᠠᠪᠠᠶ ᠨᠢ 1041.29 ᠲᠡᠭᠰᠢ ᠳᠥᠷᠪᠡᠯᠵᠢᠨ ᠮᠧᠲᠷ ᠲᠤ ᠬᠦᠷᠴᠦ᠂ ᠲᠠᠯᠠᠪᠤᠷ | ᠭᠠᠵᠠᠷ ᠨᠢ ᠲᠤᠰᠠᠭᠠᠷ᠂ ᠭᠠᠳᠠᠷ ᠪᠠᠶᠢᠳᠠᠯ ᠨᠢ ᠨᠢᠭᠡᠳᠦᠯᠲᠡᠢ᠂ ᠴᠢᠳᠠᠮᠵᠢ ᠨᠢ ᠪᠦᠷᠢᠨ ᠲᠡᠭᠦᠯᠳᠡᠷ ᠵᠢᠷᠤᠮᠵᠢᠭᠰᠠᠨ | ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠴᠦ᠂ 12 ᠦᠨᠳᠦᠰᠦᠨ ᠱᠠᠲᠤᠨ ᠤ ᠬᠠᠤᠯᠢ ᠴᠠᠭᠠᠵᠠ ᠶᠢᠨ | ᠭᠠᠵᠠᠷ ᠨᠢ ᠴᠥᠮ ᠨᠢᠭᠡᠳᠦᠭᠡᠷ ᠳᠡᠰ ᠤᠨ ᠬᠠᠤᠯᠢ ᠴᠠᠭᠠᠵᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠪᠠᠷᠢᠮᠵᠢᠶ᠎ᠠ ᠳᠤ ᠬᠦᠷᠴᠦ᠂ 4 ᠥᠪᠡᠷᠲᠡᠭᠡᠨ ᠵᠠᠰᠠᠬᠤ ᠣᠷᠣᠨ ᠠᠴᠠ ᠨᠡᠷᠡᠶᠢᠳᠦᠭᠰᠡᠨ ᠨᠢᠭᠡᠳᠦᠭᠡᠷ ᠳᠡᠰ ᠤᠨ ᠬᠠᠤᠯᠢ | ᠴᠠᠭᠠᠵᠠ ᠶᠢᠨ ᠭᠠᠵᠠᠷ ᠪᠣᠢ᠃ | ᠳᠠᠷᠬᠠᠨ ᠮᠤᠤᠮᠢᠩᠭᠠᠨ ᠬᠤᠯᠪᠣᠭᠠᠲᠤ ᠬᠤᠱᠢᠭᠤᠨ ᠤ | ᠬᠠᠤᠯᠢ ᠴᠠᠭᠠᠵᠠ ᠶᠢᠨ ᠲᠣᠪᠴᠢᠶ᠎ᠠ | 2024 ᠣᠨ ᠤ 12 ᠳ᠋ᠤᠭᠠᠷ ᠰᠠᠷ᠎ᠠ ᠶᠢᠨ 6 ᠤ ᠡᠳᠦᠷ | |