12 ᠳ᠋ᠤᠭᠠᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠲᠠᠷᠢᠶᠠᠯᠠᠩ ᠮᠠᠯ ᠠᠵᠤ ᠠᠬᠤᠶ ᠶᠢᠨ ᠠᠯᠪᠠᠨ ᠬᠡᠷ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠵᠡᠷᠭᠡ | ᠪᠠᠶᠢᠭᠤᠯᠭ᠎ᠠ ᠨᠢᠭᠡᠴᠡ ᠲᠠᠢ ᠬᠠᠮᠲᠤᠷᠠᠨ ᠡᠷᠭᠢᠯᠡᠭᠰᠡᠨ ᠬᠤᠶᠠᠳᠤᠭᠠᠷ ᠬᠤᠭᠤᠴᠠᠭᠠᠨ ᠤ ︽ᠥᠪᠥᠷ ᠮᠣᠩᠭᠤᠯ ᠤᠨ | ᠲᠠᠷᠢᠶᠠᠯᠠᠩ ᠤᠨ ᠲᠠᠨᠢᠯᠴᠠᠭᠤᠯᠤᠭᠴᠢ︾ ᠶᠢ ᠰᠢᠯᠭᠠᠷᠠᠭᠤᠯᠬᠤ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠤ | ᠱᠠᠩᠨᠠᠯ ᠣᠯᠭᠤᠬᠤ ᠶᠡᠭᠡ ᠬᠤᠷᠠᠯ ᠬᠥᠬᠡᠬᠤᠲᠠ ᠳᠤ ᠠᠮᠵᠢᠯᠲᠠ ᠲᠠᠢ ᠲᠡᠭᠦᠰᠪᠡ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠱᠢ ᠰᠢᠶᠤᠤ ᠯᠢᠩ᠂ ᠡᡁᠦ᠋ᠸᠧ ᠵᠢᠶᠦ᠋ᠨ ᠯᠢᠩ ᠪᠣᠯᠤᠨ | ᠭᠤᠤ ᠵᠢᠶᠠᠨ ᠹᠧᠩ ᠭᠤᠷᠪᠠᠨ ᠤᠷᠤᠯᠴᠠᠭᠴᠢ ᠪᠦᠬᠦ ᠣᠷᠣᠨ ᠤ ᠡᠯ᠎ᠡ ᠠᠶᠢᠮᠠᠭ ᠬᠤᠳᠠ ᠶᠢᠨ ᠰᠢᠯᠢᠳᠡᠭ | ᠤᠷᠤᠯᠴᠠᠭᠴᠢ ᠶᠢᠨ ᠳᠤᠮᠳᠠ ᠠᠴᠠ ᠴᠣᠯᠭᠤᠷᠠᠨ ᠭᠠᠷᠴᠤ᠂ ᠥᠪᠥᠷ ᠮᠣᠩᠭᠤᠯ ᠤᠨ ᠲᠠᠷᠢᠶᠠᠯᠠᠩ ᠤᠨ | ᠲᠠᠨᠢᠯᠴᠠᠭᠤᠯᠤᠭᠴᠢ ᠪᠠᠷ ᠠᠮᠵᠢᠯᠲᠠ ᠲᠠᠢ ᠰᠣᠩᠭᠤᠭᠳᠠᠪᠠ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠡᠭᠦᠨ ᠢᠶᠠᠷ ᠠᠵᠠ ᠲᠣᠬᠢᠶᠠᠯ ᠪᠣᠯᠭᠠᠵᠤ᠂ ᠤᠯᠤᠰ ᠤᠨ | ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ | ᠭᠠᠵᠠᠷ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠮᠠᠨ ᠤ ᠬᠤᠰᠢᠭᠤᠨ ᠤ ᠴᠢᠨᠠᠷ ᠰᠠᠶᠢᠲᠠᠶ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠤᠬᠠᠭᠤᠯᠭ᠎ᠠ ᠲᠠᠨᠢᠯᠴᠠᠭᠤᠯᠭ᠎ᠠ ᠶᠢᠨ ᠡᠷᠴᠢᠮ ᠢᠶᠠᠨ | ᠴᠢᠩᠭᠠᠷᠠᠭᠤᠯᠵᠤ᠂ ᠲᠠᠷᠢᠶᠠᠯᠠᠩ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ᠂ ᠬᠥᠳᠡᠭᠡ ᠲᠣᠰᠬᠤᠨ ᠤ ᠣᠷᠣᠰᠢᠨ | ᠰᠠᠭᠤᠬᠤ ᠳᠤ ᠲᠣᠬᠢᠷᠠᠮᠵᠢᠲᠠᠶ᠂ ᠲᠠᠷᠢᠶᠠᠴᠢᠳ ᠤᠨ ᠪᠠᠶᠠᠨ ᠴᠢᠨᠡᠭᠡᠯᠢᠭ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠢᠷᠤᠭ ᠲᠥᠯᠥᠪᠯᠡᠭᠡ ᠶᠢ ᠵᠢᠷᠤᠭᠯᠠᠨ᠎ᠠ᠃ ᠮᠠᠨ ᠤ ᠬᠤᠰᠢᠭᠤᠨ ᠤ ᠲᠠᠷᠢᠶᠠᠯᠠᠩ ᠤᠨ ᠲᠠᠨᠢᠯᠴᠠᠭᠤᠯᠤᠭᠴᠢ | ᠨᠠᠷ ᠬᠤᠶᠢᠰᠢᠳᠠ ᠶᠢᠨ ᠲᠠᠨᠢᠯᠴᠠᠭᠤᠯᠬᠤ ᠠᠵᠢᠯ ᠤᠨ ᠳᠤᠮᠳᠠ ᠳᠠᠬᠢᠨᠲᠠ ᠰᠢᠯᠢᠳᠡᠭ ᠠᠮᠵᠢᠯᠲᠠ ᠪᠦᠲᠦᠮᠵᠢ ᠭᠠᠷᠭᠠᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠲᠤ ᠨᠠᠩ ᠣᠯᠠᠨ ᠣᠶᠤᠨ ᠤᠬᠠᠭᠠᠨ ᠪᠠ ᠬᠦᠴᠦᠨ | ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ︕ |