2024 ᠣᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠲᠣᠰ ᠪᠡᠶ᠎ᠡ ᠶᠢᠨ ᠡᠬᠢ ᠪᠠᠶᠠᠯᠢᠭ ᠤᠨ | ᠲᠥᠷᠥᠯᠬᠢ ᠳᠠᠪᠠᠭᠤᠯᠢᠭ᠂ ᠠᠵᠤ ᠦᠢᠯᠡᠰ ᠤᠨ ᠰᠠᠭᠤᠷᠢ ᠵᠡᠷᠭᠡ ᠲᠠᠯ᠎ᠠ ᠪᠠᠷ ᠬᠢ ᠥᠪᠡᠷᠮᠢᠴᠡ ᠳᠠᠪᠠᠭᠤᠯᠢᠭ ᠢᠶᠠᠨ | ᠭᠦᠨᠵᠡᠭᠡᠶ ᠠᠭᠤᠳᠠᠯᠠᠬᠤ ᠶᠢᠨ ᠬᠠᠮᠲᠤ ᠪᠠᠲᠤ ᠵᠣᠭᠰᠣᠵᠤ ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠪᠠᠷ | ᠬᠥᠲᠥᠯᠥᠮᠵᠢ ᠪᠣᠯᠭᠠᠵᠤ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠵᠤ᠂ ᠰᠢᠨ᠎ᠡ ᠠᠵᠤ ᠦᠢᠯᠡᠰ ᠂ | ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠬᠤ ᠪᠠ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠴᠠᠭ ᠦᠶ᠎ᠡ ᠶᠢᠨ ᠬᠥᠭᠵᠢᠯᠲᠡ ᠶᠢᠨ ᠰᠢᠨ᠎ᠡ ᠬᠠᠨᠳᠤᠰᠢ᠂ ᠰᠢᠨ᠎ᠡ ᠠᠵᠠ ᠲᠣᠬᠢᠶᠠᠯ ᠢ ᠬᠤᠷᠴᠠ ᠰᠡᠷᠭᠡᠭ ᠢᠶᠠᠷ | ᠡᠵᠡᠮᠳᠡᠪᠡ᠃ ᠡᠭᠦᠨ ᠤ ᠵᠡᠷᠬᠡ ᠳᠤ᠂ ᠨᠡᠮᠡᠭᠲᠡᠯ ᠤᠨ ᠦᠵᠡᠯ ᠤᠬᠠᠮᠰᠠᠷ ᠢᠶᠠᠨ ᠢᠲᠡᠪᠭᠢᠲᠡᠢ ᠴᠢᠩᠭᠠᠷᠠᠭᠤᠯᠵᠤ ᠂ | ᠤᠲᠤᠭᠢ ᠪᠠᠶᠢᠲᠠᠯ ᠳᠤ ᠬᠠᠩᠬᠤ ᠦᠭᠡᠢ᠂ ᠨᠡᠬᠡᠬᠡᠯᠲᠡ ᠲᠠᠢ ᠪᠠᠷ ᠤᠷᠤᠭᠰᠢᠯᠠᠨ ᠲᠠᠪᠰᠢᠬᠤ ᠳᠦᠷᠢ ᠪᠠᠶᠢᠲᠠᠯ ᠢᠶᠠᠷ ᠠᠵᠤ | ᠠᠬᠤᠢ ᠶᠢᠨ ᠰᠢᠨ᠎ᠡ ᠨᠡᠮᠡᠭᠲᠡᠯ ᠤᠨ ᠴᠡᠭ ᠢ ᠴᠢᠷᠮᠠᠶᠢᠨ ᠡᠷᠢᠯᠬᠢᠯᠡᠪᠡ᠃ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ | ᠠᠯᠢ ᠣᠯᠠᠨ ᠬᠦᠴᠢᠷ ᠠᠰᠠᠭᠤᠳᠠᠯ ᠤᠨ ᠡᠮᠦᠨ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠦᠭᠦᠳᠡ | ᠣᠯᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠦᠨᠡᠨ ᠬᠦ | ᠠᠳᠬᠤᠨ ᠪᠣᠳᠠᠲᠠᠢ ᠠᠵᠢᠯᠯᠠᠬᠤ ᠰᠢᠯᠢᠳᠡᠭ ᠰᠤᠷᠲᠠᠯ ᠢ ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠭᠰᠢᠯᠠᠵᠤ᠂ | ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠨᠢᠳᠦ ᠭᠢᠯᠠᠰᠤᠮ᠎ᠠ ᠬᠥᠭᠵᠢᠯᠲᠡ ᠶᠢᠨ ᠬᠠᠷᠢᠭᠤᠯᠲᠠ ᠶᠢᠨ | ᠬᠠᠭᠤᠳᠠᠰᠤ ᠶᠢ ᠲᠤᠰᠢᠶᠠᠪᠠ᠃ | ᠲᠦᠷᠦᠭᠦᠤ ᠭᠤᠷᠪᠠᠨ ᠤᠯᠠᠷᠢᠯ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠨᠢ 105.50 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 12.7% ᠪᠠᠷ ᠨᠡᠮᠡᠭᠳᠡᠨ᠂ ᠳᠡᠭᠡᠷ᠎ᠡ ᠬᠠᠭᠠᠰ ᠵᠢᠯ ᠤᠨ ᠬᠢ ᠠᠴᠠ 1.4 ᠵᠠᠭᠤᠨ ᠤ | ᠴᠡᠭ ᠢᠶᠠᠷ ᠬᠤᠷᠳᠤᠰᠴᠤ ᠂ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ 4.7 ᠵᠠᠭᠤᠨ ᠤ ᠴᠡᠭ ᠥᠨᠳᠥᠷ | ᠪᠣᠯᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠬᠤᠶᠠᠳᠤᠭᠠᠷ ᠲᠤ ᠣᠷᠣᠪᠠ᠃ | 2024 ᠣᠨ ᠤ 3 ᠳ᠋ᠤᠭᠠᠷ ᠰᠠᠷ᠎ᠠ ᠶᠢᠨ 1 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠪᠠ ᠿᠦᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠨᠡᠷᠡᠶᠢᠳᠦᠯ ᠢ ᠵᠢᠩᠬᠢᠨᠢ ᠪᠠᠷ ᠪᠤᠭᠤᠲᠤ ᠶᠢᠨ | ᠳᠠᠷᠬᠠᠨ ᠮᠤᠤᠮᠢᠩᠭᠠᠨ ᠤ ᠲᠡᠭ ᠨᠡᠭᠦᠷᠡᠰᠦᠳᠦᠷᠦᠭᠴᠢᠳᠦ ᠬᠦᠷᠢᠶᠡᠯᠡᠩ ᠲᠣᠭᠤᠷᠢᠭ ᠭᠡᠵᠦ ᠬᠠᠯᠠᠵᠤ᠂ ᠭᠤᠣᠯᠯᠠᠬᠤ ᠠᠵᠤ | ᠦᠢᠯᠡᠰ ᠨᠢ ᠰᠢᠨ᠎ᠡ ᠮᠠᠲ᠋ᠧᠷᠢᠶᠠᠯ᠂ ᠬᠢᠮᠢ ᠶᠢᠨ ᠠᠵᠤ ᠦᠢᠯᠡᠳᠪᠦᠷᠢ᠂ ᠲᠣᠨᠤᠭ ᠲᠥᠬᠦᠭᠡᠷᠦᠮᠵᠢ ᠦᠢᠯᠡᠳᠬᠦ ᠪᠠᠶᠢᠵᠤ ᠂ | ᠡᠭᠦᠨ ᠠᠴᠠ ᠡᠬᠢᠯᠡᠨ ᠰᠢᠨ᠎ᠡ ᠬᠥᠭᠵᠢᠯᠲᠡ ᠶᠢᠨ ᠱᠠᠲᠤᠨ ᠤ ᠰᠢᠨ᠎ᠡ ᠬᠠᠭᠤᠳᠠᠰᠤ ᠶᠢ ᠪᠢᠴᠢᠭᠯᠡᠪᠡ᠃ 2024 ᠣᠨ ᠤ | 1—12 ᠳ᠋ᠤᠭᠠᠷ ᠰᠠᠷ᠎ᠠ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠡᠭ ᠨᠡᠭᠦᠷᠡᠰᠦᠳᠦᠷᠦᠭᠴᠢᠳᠦ | ᠬᠦᠷᠢᠶᠡᠯᠡᠩ ᠲᠣᠭᠤᠷᠢᠭ ᠨᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠢ 160 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.4% ᠪᠠᠷ ᠨᠡᠮᠡᠭᠳᠡᠵᠦ᠂ ᠭᠠᠶᠢᠯᠢ ᠲᠠᠲᠠᠪᠤᠷᠢ 24. | 6 ᠳ᠋ᠦᠩᠰᠢᠭᠤᠷ ᠲᠥᠭᠦᠷᠢᠭ ᠢ ᠪᠡᠶᠡᠯᠡᠭᠦᠯᠬᠦ ᠪᠠᠷ ᠵᠢᠱᠢᠵᠦ ᠪᠣᠶ᠃ | 3 ᠳ᠋ᠤᠭᠠᠷ ᠰᠠᠷ᠎ᠠ ᠳᠤ᠂ ᠳᠠᠷᠬᠠᠨ ᠮᠤᠤᠮᠢᠩᠭᠠᠨ ᠬᠤᠰᠢᠭᠤᠨ ᠤ ᠬᠤᠸᠠ ᠳ᠋ᠢᠶᠠᠨ ᠤ 20 ᠲᠦᠮᠡᠨ | ᠺᠢᠯᠤᠸᠠᠲ ᠤᠨ ᠰᠢᠨ᠎ᠡ ᠡᠨᠧᠷᠭᠢ ᠶᠢᠨ ᠤᠰᠤᠲᠥ᠋ᠷᠥᠭᠴᠢ ᠦᠢᠯᠡᠳᠬᠦ ᠵᠢᠱᠢᠶ᠎ᠡ ᠦᠵᠡᠭᠦᠯᠬᠦ ᠢᠨᠵᠧᠨᠧᠷᠢᠩ ᠨᠢ | ᠤᠰᠤᠲᠥ᠋ᠷᠥᠭᠴᠢ ᠶᠢ ᠤᠷᠤᠭᠰᠢᠲᠠᠢ ᠦᠢᠯᠡᠳᠪᠦᠷᠢᠯᠡᠬᠦ ᠶᠢᠨ ᠬᠠᠮᠲᠤ ᠳᠦᠭᠦᠷᠲᠡᠯ᠎ᠡ ᠰᠠᠪᠠᠯᠠᠵᠤ᠂ ᠤᠰᠤᠲᠥ᠋ᠷᠥᠭᠴᠢ | ᠬᠡᠢ ᠶᠢᠨ ᠴᠡᠪᠡᠷ ᠬᠡᠮᠵᠢᠶ᠎ᠡ ᠨᠢ 99.99% ᠶᠢ ᠳᠠᠪᠠᠪᠠ᠃ ᠲᠤᠰ ᠲᠦᠷᠦᠯ ᠵᠦᠢᠯ ᠪᠣᠯ ᠪᠦᠬᠦ ᠤᠯᠤᠰ ᠤᠨ | ᠠᠩᠬᠠᠳᠠᠭᠴᠢ ᠪᠦᠯᠦᠭ ᠶᠡᠭᠡ ᠬᠡᠪᠴᠢᠶᠡᠨ ᠤ ᠳᠠᠬᠢᠯᠲᠠ ᠡᠨᠧᠷᠭᠢ ᠪᠠᠷ ᠪᠣᠬᠢᠷᠲᠤᠯ ᠦᠭᠡᠢ ᠤᠰᠤᠲᠥ᠋ᠷᠥᠭᠴᠢ ᠦᠢᠯᠡᠳᠬᠦ | ᠵᠢᠱᠢᠶ᠎ᠡ ᠦᠵᠡᠭᠦᠯᠬᠦ ᠲᠦᠷᠦᠯ ᠵᠦᠢᠯ ᠪᠣᠯᠤᠨ᠎ᠠ᠂ ᠪᠠᠰᠠ ᠴᠤ ᠥᠪᠥᠷ ᠮᠣᠩᠭᠤᠯ ᠤᠨ ᠠᠩᠬᠠᠳᠠᠭᠴᠢ ᠪᠦᠯᠦᠭ ᠰᠠᠯᠬᠢ | ᠭᠡᠷᠡᠯ ᠢᠶᠠᠷ ᠤᠰᠤᠲᠥ᠋ᠷᠥᠭᠴᠢ ᠦᠢᠯᠡᠳᠬᠦ ᠵᠢᠱᠢᠶ᠎ᠡ ᠦᠵᠡᠭᠦᠯᠬᠦ 7 ᠲᠦᠷᠦᠯ ᠵᠦᠢᠯ ᠤᠨ ᠨᠢᠭᠡ ᠨᠢ ᠪᠣᠯᠤᠨ᠎ᠠ᠂ ︽ | ᠰᠠᠯᠬᠢ ᠭᠡᠷᠡᠯ ᠢᠶᠠᠷ ᠤᠰᠤᠲᠥ᠋ᠷᠥᠭᠴᠢ ᠶᠢ ᠨᠥᠭᠡᠴᠡᠯᠡᠬᠦ︾ ᠶᠢ ᠨᠢᠭᠡ ᠴᠤᠬᠴᠠᠵᠢᠭᠤᠯᠬᠤ ᠮᠡᠷᠭᠡᠵᠢᠯ ᠤᠨ ᠡᠪᠴᠡᠯ ᠤᠨ | ᠠᠷᠭ᠎ᠠ ᠪᠠᠷᠢᠯ ᠢ ᠬᠡᠷᠡᠭᠯᠡᠵᠦ᠂ ᠲᠦᠷᠦᠯ ᠵᠦᠢᠯ ᠨᠢ ᠵᠢᠯ ᠪᠦᠷᠢ 7800 ᠲᠣᠨ ᠪᠣᠬᠢᠷᠲᠤᠯ ᠦᠭᠡᠢ | ᠤᠰᠤᠲᠥ᠋ᠷᠥᠭᠴᠢ ᠶᠢ ᠦᠢᠯᠡᠳᠪᠦᠷᠢᠯᠡᠵᠦ᠂ ᠪᠠᠷᠤᠭ 1000 ᠰᠠᠭᠤᠷᠢ ᠰᠢᠲᠠᠭᠠᠯᠭ᠎ᠠ ᠶᠢᠨ ᠳ᠋ᠢᠶᠠᠨ ᡂᠢ ᠶᠢᠨ ᠬᠦᠨᠳᠦ | ᠬᠡᠯᠪᠡᠷᠢ ᠶᠢᠨ ᠠᠴᠢᠶᠠᠨ ᠤ ᠮᠠᠰᠢᠨ ᠤ ᠬᠡᠷᠡᠭᠴᠡᠭᠡ ᠶᠢ ᠬᠠᠩᠭᠠᠵᠤ᠂ ᠪᠣᠬᠢᠷᠲᠤᠯ ᠦᠭᠡᠢ ᠤᠰᠤᠲᠥ᠋ᠷᠥᠭᠴᠢ ᠶᠢᠨ ᠠᠵᠤ | ᠦᠢᠯᠡᠰ ᠤᠨ ᠬᠡᠪᠴᠢᠶᠡᠵᠢᠭᠰᠡᠨ ᠬᠥᠭᠵᠢᠯᠲᠡ ᠶᠢ ᠬᠦᠴᠦᠲᠡᠢ ᠲᠦᠯᠬᠢᠨ ᠠᠬᠢᠭᠤᠯᠵᠤ᠂ ᠮᠠᠨ ᠤ ᠤᠯᠤᠰ ᠤᠨ ᠲᠡᠭ | ᠨᠡᠭᠦᠷᠡᠰᠦᠳᠦᠷᠦᠭᠴᠢᠳᠦ᠂ ᠥᠪᠡᠷ ᠤᠨ ᠦᠷᠳᠡᠭ ᠢᠶᠠᠷ ᠳᠣᠣᠷ᠎ᠠ᠂ ᠠᠮᠤᠷ ᠲᠦᠪᠰᠢᠨ ᠨᠠᠶᠢᠳᠠᠪᠤᠷᠢᠲᠠᠢ ᠪᠣᠬᠢᠷᠲᠤᠯ | ᠦᠭᠡᠢ ᠤᠰᠤᠲᠥ᠋ᠷᠥᠭᠴᠢ ᠶᠢᠨ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠬᠤ ᠳᠤ ᠬᠠᠭᠤᠯᠪᠤᠷᠢᠯᠠᠨ ᠪᠣᠯᠬᠤᠶᠢᠴᠠ ᠂ | ᠳᠡᠯᠭᠡᠷᠡᠭᠦᠯᠵᠦ ᠪᠣᠯᠬᠤᠶᠢᠴᠠ ᠵᠢᠱᠢᠶ᠎ᠡ ᠦᠵᠡᠭᠦᠯᠬᠦ ᠬᠡᠷᠡᠭ ᠤᠨ ᠵᠢᠱᠢᠶ᠎ᠡ ᠬᠠᠩᠭᠠᠪᠠ᠃ | 9 ᠳ᠋ᠦ᠋ᠭᠡᠷ ᠰᠠᠷ᠎ᠠ ᠶᠢᠨ 26 ᠤ ᠡᠳᠦᠷ᠂ ᠶᠤᠸᠠᠨ ᠵᠢᠩ ᠮᠧᠩ ᠰᠢᠨ ᠪᠦᠯᠦᠭᠯᠡᠯ ᠤᠨ ᠳᠡᠭᠡᠳᠦ ᠰᠢᠨ᠎ᠡ | ᠮᠡᠷᠭᠡᠵᠢᠯ ᠤᠨ ᠠᠷᠠᠭᠠᠲᠤ ᠬᠦᠷᠳᠦᠲᠦ ᠬᠠᠶᠢᠷᠴᠠᠭ ᠣᠶᠤᠨᠴᠢ ᠦᠢᠯᠡᠳᠪᠦᠷᠢᠯᠡᠯ ᠤᠨ ᠰᠠᠭᠤᠷᠢᠨ ᠭᠠᠵᠠᠷ ᠤᠨ | ᠠᠩᠬᠠᠳᠠᠭᠴᠢ ᠦᠢᠯᠡᠳᠬᠦᠨ ᠨᠢ ᠳᠠᠷᠬᠠᠨ ᠮᠤᠤᠮᠢᠩᠭᠠᠨ ᠤ ᠲᠡᠭ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ ᠲᠤ | ᠵᠢᠩᠬᠢᠨᠢ ᠪᠠᠷ ᠠᠰᠢᠭᠯᠠᠯᠲᠠ ᠳᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠲᠣᠮᠣ ᠮᠧᠭᠠᠸᠠᠲ ᠤᠨ | ᠥᠪᠡᠷ ᠢᠶᠠᠨ ᠰᠤᠳᠤᠯᠵᠤ ᠂ ᠥᠪᠡᠷ ᠢᠶᠠᠨ ᠦᠢᠯᠡᠳᠴᠦ ᠂ ᠥᠪᠡᠷ ᠢᠶᠠᠨ ᠬᠡᠷᠡᠭᠯᠡᠬᠦ ᠳᠡᠭᠡᠳᠦ ᠰᠢᠨ᠎ᠡ ᠮᠡᠷᠭᠡᠵᠢᠯ ᠤᠨ | ᠣᠶᠤᠨᠴᠢ ᠠᠷᠠᠭᠠᠲᠤ ᠬᠦᠷᠳᠦᠲᠦ ᠬᠠᠶᠢᠷᠴᠠᠭ ᠨᠢ ᠪᠥᠭᠡᠮ ᠢᠶᠠᠷ ᠦᠢᠯᠡᠳᠪᠦᠷᠢᠯᠡᠬᠦ ᠱᠠᠲᠤᠨ ᠳᠤ ᠣᠷᠣᠭᠰᠠᠨ ᠢ | ᠬᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠣᠶᠤᠨᠴᠢ ᠰᠠᠯᠬᠢᠨ ᠬᠦᠴᠦᠨ ᠤ ᠮᠠᠰᠢᠨ ᠤ ᠠᠵᠤ ᠦᠢᠯᠡᠰ ᠤᠨ | ᠬᠡᠯᠬᠢᠶᠡᠨ ᠤ ᠭᠤᠣᠯ ᠤᠭᠰᠠᠷᠠᠭ᠎ᠠ ᠲᠣᠨᠤᠭ ᠤᠨ ᠦᠢᠯᠡᠳᠬᠦ ᠭᠤᠭᠴᠤᠭ᠎ᠠ ᠶᠢᠨ ᠬᠤᠭᠤᠰᠣᠨ ᠢ ᠨᠥᠬᠦᠪᠥᠷᠢᠯᠡᠵᠦ᠂ | ᠪᠤᠭᠤᠲᠤ ᠬᠤᠳᠠ ᠶᠢᠨ ᠬᠠᠭᠤᠷᠠᠢ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠲᠣᠨᠣᠭᠯᠠᠯ ᠦᠢᠯᠡᠳᠬᠦ ᠠᠵᠤ | ᠦᠢᠯᠡᠰ ᠤᠨ ᠪᠦᠯᠦᠭᠵᠢᠯ ᠢ ᠴᠣᠭᠴᠠᠯᠠᠬᠤ ᠨᠢᠭᠡᠨ ᠰᠢᠨ᠎ᠡ ᠪᠡᠯᠭᠡ ᠲᠡᠮᠳᠡᠭ ᠪᠣᠯᠤᠭᠰᠠᠨ ᠪᠠᠶᠢᠨ᠎ᠠ᠃ | 12 ᠳ᠋ᠤᠭᠠᠷ ᠰᠠᠷ᠎ᠠ ᠶᠢᠨ 10 ᠤ ᠡᠳᠦᠷ᠂ ᠲᠦᠩ ᠸᠧᠢ ᠪᠤᠬᠢᠷᠳᠤᠯ ᠦᠭᠡᠢ ᠮᠠᠲ᠋ᠧᠷᠢᠶᠠᠯ ︵ᠥᠪᠥᠷ ᠮᠣᠩᠭᠤᠯ | ︶ ᠤᠨ 12 ᠲᠦᠮᠡᠨ ᠲᠣᠨ ᠠᠵᠤ ᠦᠢᠯᠡᠳᠪᠦᠷᠢ ᠶᠢᠨ ᠴᠠᠬᠢᠭᠤᠷ ᠤᠨ ᠲᠦᠷᠦᠯ ᠵᠦᠢᠯ ᠠᠰᠢᠭᠯᠠᠯᠲᠠ ᠳᠤ ᠣᠷᠣᠪᠠ᠂ | ᠡᠨᠡ ᠨᠢ ᠨᠢ ᠪᠤᠭᠤᠲᠤ ᠬᠤᠳᠠ ᠶᠢᠨ ︽ᠳᠡᠯᠡᠬᠡᠢ ᠶᠢᠨ ᠪᠣᠬᠢᠷᠲᠤᠯ ᠦᠭᠡᠢ ᠴᠠᠬᠢᠭᠤᠷ ᠤᠨ ᠬᠤᠳᠠ ︾ ᠶᠢ ᠪᠠᠶᠢᠭᠤᠯᠵᠤ᠂ | ᠪᠠᠰᠠ ᠨᠢᠭᠡ ᠤᠳᠠᠭ᠎ᠠ ᠶᠢᠨ ᠦᠰᠦᠷᠦᠯᠲᠡ ᠶᠢ ᠪᠡᠶᠡᠯᠡᠭᠦᠯᠦᠭᠰᠡᠨ ᠢ ᠬᠠᠷᠠᠭᠤᠯᠵᠤ ᠪᠠᠶᠢᠬᠤ ᠪᠥᠭᠡᠳ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠳᠤ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠶᠡᠭᠡ ᠪᠠᠷ | ᠪᠤᠶᠢᠵᠢᠭᠤᠯᠵᠤ᠂ ᠮᠢᠩᠭᠠᠨ ᠳ᠋ᠦᠩᠰᠢᠭᠤᠷ ᠲᠥᠭᠦᠷᠢᠭ ᠤᠨ ᠲᠡᠰ ᠤᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠬᠦ ᠳᠤ ᠰᠦᠷ ᠳᠠᠯᠠᠶᠢᠴᠠᠲᠠᠢ ᠬᠥᠳᠡᠯᠭᠡᠬᠦ ᠬᠦᠴᠦᠨ | ᠨᠡᠮᠡᠷᠢᠯᠡᠭᠰᠡᠨ ᠪᠠᠶᠢᠨ᠎ᠠ᠃ | ᠡᠨᠡ ᠵᠢᠯ ᠠᠴᠠ ᠨᠠᠭᠠᠰᠢ ᠂ ᠮᠠᠨᠳᠤᠯ ᠪᠣᠭᠤᠮᠲᠠ ᠪᠠᠷ ᠥᠩᠭᠡᠷᠡᠬᠦ ᠪᠠᠷᠠᠭ᠎ᠠ ᠶᠢᠨ ᠬᠡᠮᠵᠢᠶ᠎ᠡ ᠲᠠᠰᠤᠷᠠᠯᠲᠠ ᠦᠭᠡᠢ | ᠲᠡᠮᠳᠡᠭᠯᠡᠯ ᠢ ᠰᠢᠨᠡᠳᠬᠡᠵᠦ ᠂ 11 ᠳ᠋ᠦ᠋ᠭᠡᠷ ᠰᠠᠷ᠎ᠠ ᠶᠢᠨ 23 ᠤ ᠡᠳᠦᠷ ᠤᠨ ᠪᠠᠷᠠᠭ᠎ᠠ ᠥᠩᠭᠡᠷᠡᠬᠦ ᠬᠡᠮᠵᠢᠶ᠎ᠡ ᠨᠢ 6.94 | ᠲᠦᠮᠡᠨ ᠲᠤᠨ ᠳᠤ ᠬᠦᠷᠴᠦ᠂ 11 ᠳ᠋ᠦ᠋ᠭᠡᠷ ᠰᠠᠷ᠎ᠠ ᠶᠢᠨ ᠭᠠᠭᠴᠠ ᠰᠠᠷ᠎ᠠ ᠶᠢᠨ ᠪᠠᠷᠠᠭ᠎ᠠ ᠥᠩᠭᠡᠷᠡᠬᠦ ᠬᠡᠮᠵᠢᠶ᠎ᠡ ᠨᠢ | 100 ᠲᠦᠮᠡᠨ ᠲᠤᠨ ᠢ ᠳᠠᠪᠠᠵᠤ᠂ 12 ᠳ᠋ᠤᠭᠠᠷ ᠰᠠᠷ᠎ᠠ ᠶᠢᠨ 5 ᠤ ᠡᠳᠦᠷ 800 ᠲᠦᠮᠡᠨ ᠲᠤᠨ ᠢ ᠳᠠᠪᠠᠵᠤ᠂ 26 | ᠡᠳᠦᠷ ᠤᠨ ᠡᠮᠦᠨ᠎ᠡ ᠥᠪᠡᠷᠲᠡᠭᠡᠨ ᠵᠠᠰᠠᠬᠤ ᠣᠷᠣᠨ ᠤ ᠪᠠᠷᠠᠭ᠎ᠠ ᠥᠩᠭᠡᠷᠡᠭᠦᠯᠬᠦ ᠬᠠᠷᠠᠯᠲᠠ ᠪᠠᠨ ᠤᠷᠢᠳᠴᠢᠯᠠᠨ | ᠪᠡᠶᠡᠯᠡᠭᠦᠯᠵᠦ᠂ 22 ᠵᠢᠯ ᠤᠨ ᠲᠤᠷᠰᠢᠬᠢ ᠬᠠᠮᠤᠭ ᠤᠨ ᠥᠨᠳᠥᠷ ᠲᠡᠮᠳᠡᠭᠯᠡᠯ ᠢ ᠡᠭᠦᠳᠪᠡ᠃ | 2024 ᠣᠨ ᠤ 11ᠳ᠋ᠦ᠋ᠭᠡᠷ ᠰᠠᠷ᠎ᠠ ᠳᠤ᠂ ᠠᠷᠪᠠᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ | ᠤᠯᠠᠨ ᠤᠯᠤᠰ ᠤᠨ ᠠᠭᠠᠷ ᠰᠠᠨᠰᠠᠷ ᠤᠨ ᠠᠶᠠᠯᠠᠯ ᠤᠨ ᠦᠵᠡᠰᠬᠦᠯᠡᠩ ᠭᠤᠸᠠᠩᠳᠦ᠋ᠩ ᠤᠨ ᠵᠦᠬᠠᠶ ᠬᠤᠲᠠ ᠳᠤ | ᠶᠠᠪᠤᠭᠳᠠᠵᠤ᠂ ᠳᠠᠷᠬᠠᠨ ᠮᠤᠤᠮᠢᠩᠭᠠᠨ ᠬᠤᠰᠢᠭᠤᠨ ᠤ 091 ᠰᠠᠭᠤᠷᠢᠨ ᠭᠠᠵᠠᠷ ᠨᠢ ᠳᠤᠮᠳᠠᠳᠤ ᠤᠯᠤᠰ ᠤᠨ | ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠠᠩᠬᠠᠳᠠᠭᠴᠢ ᠵᠢᠯᠣᠭᠤᠴᠢ | ᠦᠭᠡᠢ ᠣᠶᠤᠨᠴᠢ ᠰᠢᠰᠲ᠋ᠧᠮ ᠢ ᠰᠤᠳᠤᠯᠤᠨ ᠪᠣᠯᠪᠠᠰᠤᠷᠠᠭᠤᠯᠬᠤ ᠰᠠᠭᠤᠷᠢᠨ ᠭᠠᠵᠠᠷ ᠤᠨ ᠬᠤᠪᠢ ᠪᠠᠷ ᠂ ᠠᠩᠬ᠎ᠠ | ᠤᠳᠠᠭ᠎ᠠ ᠣᠯᠠᠨ ᠤ ᠡᠮᠦᠨ᠎ᠡ ᠢᠯᠡᠷᠡᠭᠰᠡᠨ ᠪᠥᠭᠡᠳ ᠵᠢᠯᠣᠭᠤᠴᠢ ᠦᠭᠡᠢ ᠨᠢᠰᠬᠡᠯ ᠤᠨ ᠪᠦᠯᠦᠭᠵᠢᠯ ᠤᠨ ᠪᠠᠶᠢᠯᠳᠤᠭᠠᠨ ᠤ | ᠦᠵᠡᠭᠦᠯᠦᠯᠭᠡ ᠶᠢᠨ ᠡᠭᠦᠷᠭᠡ ᠪᠠᠨ ᠪᠡᠶᠡᠯᠡᠭᠦᠯᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢ ᠲᠡᠭᠷᠢ ᠳᠤ | ᠭᠠᠷᠲᠠᠯ᠎ᠠ ︽ ᠬᠤᠮᠢᠷᠠᠯᠳᠤᠪᠠ ︾ ᠃ | ᠴᠢᠷᠮᠠᠶᠢᠭᠰᠠᠨ ᠳᠡᠭᠡᠷ᠎ᠡ ᠪᠠᠷ ᠴᠢᠷᠮᠠᠶᠢᠵᠤ᠂ ᠰᠢᠨ᠎ᠡ ᠨᠢᠭᠡ ᠵᠢᠯ ᠢ ᠪᠠᠷᠠᠯᠠᠬᠤᠶ᠎ᠠ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤ ᠦᠷᠭᠦᠯᠵᠢᠯᠡᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ ︽ | ᠵᠢᠷᠭᠤᠭᠠᠨ ᠢᠨᠵᠧᠨᠧᠷᠢᠩ︾ ᠢ ᠲᠦᠷᠭᠡᠳᠬᠡᠨ ᠬᠡᠷᠡᠭᠵᠢᠭᠦᠯᠵᠦ᠂ ᠪᠥᠬᠦ ᠬᠤᠰᠢᠭᠤ ᠪᠠᠷ ᠢᠶᠠᠨ ᠬᠥᠭᠵᠢᠯᠲᠡ ᠶᠢ ᠪᠥᠬᠦ | ᠬᠦᠴᠦᠨ ᠢᠶᠠᠷ ᠢᠶᠠᠨ ᠠᠬᠢᠭᠤᠯᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠥᠬᠦ ᠬᠤᠰᠢᠭᠤᠨ ᠤ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠢ ᠠᠬᠢᠭᠤᠯᠬᠤ ᠠᠶᠠᠨ ᠵᠠᠮ ᠳᠤ ᠯᠠᠪᠳᠠᠭᠤᠨ ᠪᠠᠲᠤᠲᠠᠶ | ᠤᠷᠤᠭᠰᠢᠯᠠᠵᠤ᠂ ᠨᠠᠩ ᠪᠠᠲᠤ ᠪᠠᠬᠢ ᠠᠯᠬᠤᠭ᠎ᠠ ᠪᠠᠷ ᠠᠯᠬᠤᠯᠠᠨ᠎ᠠ ᠃ | |