ᠨᠡᠪᠲᠡ ᠦᠵᠡᠬᠦ — ︽ᠨᠡᠪᠲᠡᠯ ᠰᠠᠯᠬᠢ︾ ᠠᠴᠠ ︽ᠪᠠᠷᠢᠮᠵᠢᠶᠠᠲᠤ ᠣᠳᠣ︾ ᠬᠦᠷᠲᠡᠯ᠎ᠡ᠂ ᠮᠠᠨᠳᠤᠯ ᠪᠣᠭᠤᠮᠲᠠ ᠶᠢᠨ ︽ᠵᠠᠮ ᠤᠨ ᠠᠵᠤ ᠠᠬᠤᠢ︾ ᠬᠡᠷᠬᠢᠨ ︽ᠪᠣᠳᠠᠲᠠᠶᠢᠵᠢᠭᠰᠠᠨ ᠠᠵᠤ ᠠᠬᠤᠢ︾ ᠪᠣᠯᠣᠨ ᠬᠤᠪᠢᠷᠠᠬᠤ ᠪᠣᠶ︖
ᠨᠡᠶᠢᠲᠡᠯᠡᠭᠰᠡᠨ ᠴᠠᠭ᠄
2024/12/30
ᠪᠤᠯᠤᠩ ᠨᠡᠭᠡᠭᠡᠬᠦ ᠦᠭᠡ᠄      ︽ᠨᠡᠪᠲᠡ ᠦᠵᠡᠬᠦ︾ ᠪᠣᠯ ᠨᠢᠭᠡ ᠵᠦᠢᠯ ᠤᠨ ᠲᠩᠷᠢ ᠭᠠᠵᠠᠷ ᠢ ᠡᠪᠦᠷᠯᠡᠭᠰᠡᠨ ᠥᠷᠭᠡᠨ ᠠᠭᠤᠳᠠᠮ ᠬᠠᠷᠠᠭᠠᠰᠤ ᠮᠥᠨ᠂ ᠲᠡᠷᠡ ᠨᠢ ᠪᠢᠳᠡᠨ ᠢ ᠬᠡᠰᠡᠭ ᠲᠠᠯ᠎ᠠ ᠶᠢᠨ ᠬᠠᠷᠠᠭ᠎ᠠ ᠠᠴᠠ ᠮᠤᠯᠲᠤᠷᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠭᠵᠢᠯᠲᠡ ᠶᠢᠨ ᠶᠡᠭᠡ ᠪᠠᠶᠢᠷᠢᠰᠢᠯ ᠤᠨ ᠳᠡᠭᠡᠷ᠎ᠡ ᠵᠣᠭᠰᠣᠵᠤ᠂ ᠬᠡᠷᠡᠭ ᠶᠠᠪᠤᠳᠠᠯ᠂ ᠦᠵᠡᠭᠳᠡᠯ ᠢ ᠬᠢᠨᠠᠨ ᠦᠵᠡᠬᠦ ᠬᠡᠷᠡᠭᠲᠡᠢ ᠭᠡᠵᠦ ᠱᠠᠭᠠᠷᠳᠠᠪᠠ᠃      ︽ᠨᠡᠪᠲᠡ ᠦᠵᠡᠬᠦ︾ ᠭᠡᠳᠡᠭ ᠨᠢ ᠮᠥᠨ ᠴᠦ ᠨᠢᠭᠡ ᠵᠦᠢᠯ ᠤᠨ ᠨᠠᠷᠢᠨ ᠠᠵᠢᠭᠯᠠᠯᠲᠠ ᠪᠠᠷ ᠨᠠᠷᠢᠨ ᠵᠦᠢᠯ ᠢ ᠬᠤᠷᠴᠠ ᠭᠢᠷᠠᠬᠠᠢ ᠬᠠᠷᠠᠴᠠ ᠪᠠᠷ ᠣᠯᠵᠤ᠂ ᠣᠶᠤᠨᠴᠢ ᠰᠡᠳᠬᠢᠬᠦᠢ ᠪᠠᠷ ᠮᠥᠨ ᠴᠢᠨᠠᠷ ᠢ ᠵᠠᠳᠠᠯᠤᠨ ᠰᠢᠨᠵᠢᠯᠡᠵᠦ᠂ ᠠᠮᠠᠷᠬᠠᠨ ᠣᠮᠲᠣᠭᠠᠶᠢᠯᠠᠭᠳᠠᠬᠤ ᠪᠣᠯᠪᠠᠴᠤ ᠲᠦᠢᠯ ᠤᠨ ᠴᠢᠬᠤᠯᠠ ᠠᠭᠤᠯᠬᠤᠨ ᠢ ᠠᠭᠤᠳᠠᠯᠤᠨ ᠢᠯᠡᠷᠡᠭᠦᠯᠬᠦ ᠶᠢᠨ ᠲᠥᠯᠥᠭᠡ ᠶᠤᠮ᠃       ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠨᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠴᠠᠭ ᠤᠨ ᠪᠠᠶᠢᠳᠠᠯ ᠤᠨ ᠦᠨᠡᠯᠡᠯᠲᠡ ᠶᠢᠨ ᠲᠤᠰᠬᠠᠢ ᠪᠤᠯᠤᠩ ᠭᠠᠷᠭᠠᠵᠤ᠂ ᠶᠡᠭᠡ ᠬᠠᠨᠳᠤᠰᠢ ᠶᠢ ᠠᠵᠢᠭᠯᠠᠨ᠂ ᠢᠷᠡᠭᠡᠳᠦᠢ ᠶᠢ ᠪᠠᠷᠠᠯᠠᠨ᠂ ᠪᠢᠳᠡ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤ ᠥᠭᠴᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠭᠵᠢᠯᠲᠡ ᠳᠤ ᠠᠷᠭ᠎ᠠ ᠤᠬᠠᠭᠠᠨ ᠭᠠᠷᠭᠠᠬᠤ ᠪᠣᠯᠤᠨ᠎ᠠ᠃      12 ᠳ᠋ᠤᠭᠠᠷ ᠰᠠᠷ᠎ᠠ ᠶᠢᠨ 5 ᠤ ᠡᠳᠦᠷ᠂ ᠮᠠᠨᠳᠤᠯ ᠪᠣᠭᠤᠮᠲᠠ ᠶᠢᠨ ᠪᠠᠷᠠᠭ᠎ᠠ ᠥᠩᠭᠡᠷᠡᠬᠦ ᠬᠡᠮᠵᠢᠶ᠎ᠡ 800 ᠲᠦᠮᠡᠨ ᠲᠣᠨ ᠢ ᠳᠠᠪᠠᠵᠤ᠂ ᠥᠪᠡᠷᠲᠡᠭᠡᠨ ᠵᠠᠰᠠᠬᠤ ᠣᠷᠣᠨ ᠤ ᠨᠢᠭᠡᠨᠲᠡ ᠲᠣᠭᠲᠠᠭᠠᠭᠰᠠᠨ ᠪᠠᠷᠠᠭ᠎ᠠ ᠥᠩᠭᠡᠷᠡᠬᠦ ᠬᠠᠷᠠᠯᠲᠠ ᠶᠢ 26 ᠡᠳᠦᠷ ᠤᠨ ᠡᠮᠦᠨ᠎ᠡ ᠪᠡᠶᠡᠯᠡᠭᠦᠯᠪᠡ᠃ ᠮᠠᠨᠳᠤᠯ ᠪᠣᠭᠤᠮᠲᠠ 1992 ᠣᠨ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠥᠪᠰᠢᠶᠡᠷᠡᠯ ᠢᠶᠠᠷ ᠨᠡᠭᠡᠭᠡᠭᠳᠡᠵᠦ᠂ 2015 ᠣᠨ ᠤ 5 ᠳ᠋ᠤᠭᠠᠷ ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ ᠪᠠᠶᠢᠩᠭᠤ ᠶᠢᠨ ᠨᠡᠭᠡᠭᠡᠯᠲᠡᠲᠤ ᠴᠢᠨᠠᠷᠲᠠᠢ ᠪᠣᠭᠤᠮᠲᠠ ᠪᠣᠯᠵᠤ᠂ ᠤᠯᠠᠷᠢᠯ ᠤᠨ ᠴᠢᠨᠠᠷᠲᠠᠢ ᠪᠣᠭᠤᠮᠲᠠ ᠠᠴᠠ ᠪᠠᠶᠢᠩᠭᠤ ᠶᠢᠨ ᠴᠢᠨᠠᠷᠲᠠᠢ ᠨᠡᠭᠡᠭᠡᠯᠲᠡᠲᠤ ᠪᠣᠭᠤᠮᠲᠠ ᠬᠦᠷᠲᠡᠯᠡᠬᠢ ᠬᠡᠭᠡᠨᠴᠢᠷ ᠰᠠᠶᠢᠬᠠᠨ ᠡᠷᠭᠢᠯᠲᠡ ᠶᠢ ᠪᠡᠶᠡᠯᠡᠭᠦᠯᠦᠭᠰᠡᠨ ᠪᠠᠶᠢᠨ᠎ᠠ᠃ ᠡᠭᠦᠨ ᠤ ᠳᠠᠷᠠᠭᠠᠬᠢ ᠬᠡᠳᠦᠨ ᠵᠢᠯ ᠳᠤ᠂ ᠮᠠᠨᠳᠤᠯ ᠪᠣᠭᠤᠮᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠠᠰᠤᠷᠠᠯᠳᠠ ᠦᠭᠡᠢ ᠲᠡᠭᠦᠯᠳᠡᠷᠵᠢᠵᠦ ᠂ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠬᠢ ᠡᠳᠦᠷ ᠢᠷᠡᠬᠦᠶ᠎ᠡ ᠲᠡᠭᠦᠯᠳᠡᠷᠵᠢᠵᠦ᠂ 2017 ᠣᠨ ᠳᠤ 100 ᠲᠦᠮᠡᠨ ᠲᠣᠨ ᠢ ᠳᠠᠪᠠᠵᠤ᠂ 2018 ᠣᠨ ᠳᠤ 300 ᠲᠦᠮᠡᠨ ᠲᠣᠨ ᠢ ᠳᠠᠪᠠᠵᠤ᠂ 2023 ᠣᠨ ᠳᠤ ᠠᠩᠬ᠎ᠠ ᠤᠳᠠᠭ᠎ᠠ 500 ᠲᠦᠮᠡᠨ ᠲᠣᠨ ᠢ ᠳᠠᠪᠠᠭᠰᠠᠨ ᠪᠠᠶᠢᠨ᠎ᠠ᠃ 2024 ᠣᠨ ᠳᠤ᠂ ᠮᠠᠨᠳᠤᠯ ᠪᠣᠭᠤᠮᠲᠠ ᠨᠢ ᠨᠡᠩ ᠴᠤ ︽ᠬᠡᠪ ᠠᠴᠠ ᠪᠠᠨ ᠬᠡᠲᠦᠷᠡᠲᠡᠯ᠎ᠡ ᠪᠠᠳᠠᠷᠠᠭᠤᠯᠵᠤ︾᠂ ᠲᠡᠦᠬᠡ ᠶᠢᠨ ᠲᠡᠮᠳᠡᠭᠯᠡᠯ ᠢ ᠲᠠᠰᠤᠷᠠᠯᠲᠠ ᠦᠭᠡᠢ ᠰᠢᠨᠡᠳᠬᠡᠵᠦ᠂ ᠥᠷᠥᠭᠰᠡᠨ ᠡᠳᠦᠷ ᠤᠨ ᠪᠠᠷᠠᠭ᠎ᠠ ᠥᠩᠭᠡᠷᠡᠬᠦ ᠬᠡᠮᠵᠢᠶ᠎ᠡ᠂ ᠥᠷᠥᠭᠡᠰᠦᠨ ᠰᠠᠷ᠎ᠠ ᠶᠢᠨ ᠪᠠᠷᠠᠭ᠎ᠠ ᠥᠩᠭᠡᠷᠡᠬᠦ ᠬᠡᠮᠵᠢᠶ᠎ᠡ᠂ ᠪᠦᠬᠦ ᠵᠢᠯ ᠤᠨ ᠪᠠᠷᠠᠭ᠎ᠠ ᠥᠩᠭᠡᠷᠡᠬᠦ ᠬᠡᠮᠵᠢᠶ᠎ᠡ ᠴᠥᠮ ᠲᠡᠦᠬᠡ ᠶᠢᠨ ᠲᠡᠮᠳᠡᠭᠯᠡᠯ ᠢ ᠡᠭᠦᠳᠪᠡ᠃       ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠬᠡᠮᠵᠢᠶ᠎ᠡ ᠲᠠᠰᠤᠷᠠᠯᠲᠠ ᠥᠬᠡᠶ ᠨᠡᠮᠡᠭᠳᠡᠬᠦ ᠶᠢ ᠳᠠᠭᠠᠯᠳᠤᠨ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠬᠡᠮᠵᠢᠶ᠎ᠡ ᠴᠦ ᠳᠠᠭᠠᠯᠳᠤᠨ ᠥᠰᠪᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠪᠦᠷᠢᠳᠬᠡᠭᠰᠡᠨ ᠲᠤᠭ᠎ᠠ ᠪᠠᠷᠢᠮᠲᠠ ᠶᠢ ᠦᠨᠳᠦᠰᠦᠯᠡᠪᠡᠯ᠂ 2024 ᠣᠨ ᠤ 1 — 11 ᠳ᠋ᠦ᠋ᠭᠡᠷ ᠰᠠᠷ᠎ᠠ ᠶᠢᠨ ᠮᠠᠨᠳᠤᠯ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠲᠤᠭ᠎ᠠ 58.84 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.52% ᠪᠠᠷ ᠨᠡᠮᠡᠭᠳᠡᠪᠡ᠃      ᠥᠷᠥᠭᠡᠰᠦᠨ ᠡᠳᠦᠷ ᠤᠨ ᠪᠠᠷᠠᠭ᠎ᠠ ᠥᠩᠭᠡᠷᠡᠬᠦ ᠬᠡᠮᠵᠢᠶ᠎ᠡ᠂ ᠥᠷᠥᠭᠡᠰᠦᠨ ᠰᠠᠷ᠎ᠠ ᠶᠢᠨ ᠪᠠᠷᠠᠭ᠎ᠠ ᠥᠩᠭᠡᠷᠡᠬᠦ ᠬᠡᠮᠵᠢᠶ᠎ᠡ᠂ ᠪᠥᠬᠦ ᠵᠢᠯ ᠤᠨ ᠪᠠᠷᠠᠭ᠎ᠠ ᠥᠩᠭᠡᠷᠡᠬᠦ ᠬᠡᠮᠵᠢᠶ᠎ᠡ ᠪᠣᠯ ᠮᠥᠨ ᠴᠦ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠶᠡᠷᠦᠩᠬᠡᠶ ᠬᠡᠮᠵᠢᠶ᠎ᠡ ᠮᠥᠨ᠂ ᠬᠢᠨᠠᠨ ᠬᠠᠮᠢᠶᠠᠷᠬᠤ ᠲᠠᠯᠠᠪᠤᠷ ᠭᠠᠵᠠᠷ ᠤᠨ ᠪᠥᠲᠥᠭᠡᠨ ᠪᠠᠶᠢᠭᠤᠯᠤᠯᠲᠠ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠴᠤ ᠲᠡᠷᠡ᠂ ᠡᠰᠡᠪᠡᠯ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠭᠡᠰᠡᠨ ᠦᠭᠡᠢ ᠂ ᠬᠥᠬᠡᠬᠤᠲᠠ ᠪᠤᠭᠤᠲᠤ ᠣᠷᠳᠣᠰ ᠤᠨ ᠭᠠᠵᠠᠷ ᠣᠷᠣᠨ ᠤ ᠴᠣᠷᠢ ᠶᠢᠨ ᠭᠠᠭᠴᠠ ᠤᠯᠤᠰ ᠤᠨ ᠵᠢᠯ ᠲᠤᠷᠰᠢ ᠬᠠᠭᠤᠷᠠᠶ ᠵᠠᠮ ᠤᠨ ᠪᠣᠭᠤᠮᠲᠠ ᠪᠣᠯᠤᠭᠰᠠᠨ ᠤ ᠬᠤᠪᠢ ᠳᠤ ᠂ ᠮᠠᠨᠳᠤᠯ ᠪᠣᠭᠤᠮᠲᠠ 2024 ᠣᠨ ᠳᠤ ᠦᠰᠦᠷᠦᠩᠭᠦᠢ ᠬᠥᠭᠵᠢᠯᠲᠡ ᠶᠢ ᠪᠡᠶᠡᠯᠡᠭᠦᠯᠵᠦ᠂ ᠡᠭᠦᠨ ᠳᠤ ᠤᠯᠤᠰ ᠤᠨ ᠳᠣᠲᠣᠭᠠᠳᠤ ᠪᠠ ᠣᠯᠠᠨ ᠤᠯᠤᠰ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠠᠬ᠎ᠠ ᠳᠡᠯᠭᠡᠭᠦᠷ ᠤᠨ ᠠᠬᠤᠶ ᠪᠠᠶᠢᠳᠠᠯ ᠤᠨ ᠰᠢᠯᠲᠠᠭᠠᠨ ᠪᠠᠶᠢᠵᠤ᠂ ᠨᠠᠩ ᠣᠯᠠᠨ ᠨᠢ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ᠂ ᠪᠣᠭᠤᠮᠲᠠ᠂ ᠬᠢᠯᠢ ᠶᠢᠨ ᠪᠠᠶᠢᠴᠠᠭᠠᠯᠲᠠ ᠵᠡᠷᠭᠡ ᠰᠠᠯᠠᠭ᠎ᠠ ᠮᠥᠴᠢᠷ ᠤᠨ ᠮᠠᠨᠳᠤᠯ ᠪᠣᠭᠤᠮᠲᠠ ᠶᠢ ᠴᠢᠬᠤᠯᠠᠴᠢᠯᠠᠨ ᠳᠡᠮᠵᠢᠵᠦ ᠠᠬᠢᠭᠤᠯᠤᠭᠰᠠᠨ ᠦᠷ᠎ᠡ ᠳ᠋ᠦᠩ ᠪᠣᠯᠤᠨ᠎ᠠ᠃      ᠪᠠᠶᠠᠷᠯᠠᠭᠤᠰᠢᠲᠠᠢ ᠠᠮᠵᠢᠯᠲᠠ ᠶᠢᠨ ᠡᠮᠦᠨ᠎ᠡ᠂ ᠪᠢᠳᠡ ᠪᠠᠶᠠᠷᠯᠠᠯᠳᠤᠨ ᠬᠥᠭᠡᠷᠦᠯᠳᠦᠬᠦ ᠤᠴᠢᠷ ᠰᠢᠯᠲᠠᠭᠠᠨ ᠪᠠᠶᠢᠬᠤ ᠨᠢ ᠶᠠᠷᠢᠶᠠᠨ ᠦᠭᠡᠢ᠂ ᠭᠡᠪᠡᠴᠦ ᠪᠠᠶᠠᠷᠯᠠᠯᠳᠤᠨ ᠬᠥᠭᠡᠷᠦᠯᠳᠦᠭᠰᠡᠨ ᠤ ᠲᠠᠷᠠᠭ᠎ᠠ ᠪᠠᠰᠠ ᠰᠡᠳᠬᠢᠯ ᠰᠠᠨᠠᠭ᠎ᠠ ᠪᠠᠨ ᠨᠠᠮ ᠪᠠᠶᠢᠯᠭᠠᠵᠤ ᠲᠠᠶᠢᠪᠤᠭᠤᠨ ᠪᠣᠳᠣᠯᠬᠢᠯᠠᠬᠤ ᠬᠡᠷᠡᠭᠲᠡᠢ᠂ ᠡᠷᠬᠡᠪᠰᠢ ᠰᠡᠷᠭᠡᠭ ᠢᠶᠠᠷ ᠲᠠᠨᠢᠵᠤ ᠣᠯᠬᠤ ᠬᠡᠷᠡᠭᠲᠡᠢ ᠵᠦᠢᠯ ᠭᠡᠪᠡᠯ᠂ ᠪᠠᠷᠠᠭ᠎ᠠ ᠥᠩᠭᠡᠷᠡᠬᠦ ᠬᠡᠮᠵᠢᠶ᠎ᠡ ᠳᠡᠭᠡᠭᠰᠢᠯᠡᠪᠡ᠂ ᠠᠷᠠᠯᠵᠢᠶᠠᠨ ᠤ ᠬᠡᠮᠵᠢᠶ᠎ᠡ ᠳᠡᠭᠡᠭᠰᠢᠯᠡᠪᠡ᠂ ᠬᠢᠯᠢ ᠶᠢᠨ ᠪᠣᠭᠤᠮᠲᠠ ᠶᠢᠨ ᠣᠷᠣᠨ ᠨᠤᠲᠤᠭ ᠤᠨ ᠠᠵᠤ ᠠᠬᠤᠢ ᠶᠢ ᠳᠠᠶᠢᠴᠢᠯᠠᠬᠤ ᠬᠡᠮᠵᠢᠶ᠎ᠡ ᠳᠡᠭᠡᠭᠰᠢᠯᠡᠭᠰᠡᠨ ᠦᠦ︖ ᠬᠢᠯᠢ ᠶᠢᠨ ᠪᠣᠭᠤᠮᠲᠠ ᠪᠠᠷ ᠲᠠᠪᠴᠠᠩ ᠪᠠᠶᠢᠭᠤᠯᠬᠤ ᠶᠢᠨ ᠵᠣᠷᠢᠯᠭ᠎ᠠ ᠨᠢ ᠠᠵᠤ ᠠᠬᠤᠢ ᠪᠠᠷ ᠰᠢ ᠳᠠᠭᠤᠯᠠᠭᠤᠯᠵᠤ᠂ ᠬᠢᠯᠢ ᠶᠢᠨ ᠪᠣᠭᠤᠮᠲᠠ ᠶᠢᠨ ᠠᠵᠤ ᠠᠬᠤᠢ ᠶᠢ ᠬᠥᠭᠵᠢᠭᠦᠯᠬᠦ ᠶᠢᠨ ᠲᠥᠯᠥᠭᠡ ᠶᠤᠮ᠂ ᠡᠭᠦᠨ ᠳᠤ ᠬᠡᠷᠬᠢᠨ ︽ᠵᠠᠮ ᠤᠨ ᠠᠵᠤ ᠠᠬᠤᠢ︾ ᠶᠢ ︽ᠪᠣᠳᠠᠲᠠᠶᠢᠵᠢᠭᠰᠠᠨ ᠠᠵᠤ ᠠᠬᠤᠢ︾ ᠪᠣᠯᠭᠠᠵᠤ᠂ ᠴᠢᠨᠠᠭᠰᠢᠳᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠬᠤ ᠰᠢᠨ᠎ᠡ ᠬᠥᠳᠡᠯᠭᠡᠭᠦᠷ ᠪᠣᠯᠭᠠᠬᠤ ᠶᠢ ᠪᠣᠳᠣᠯᠬᠢᠯᠠᠬᠤ ᠴᠢᠬᠤᠯᠠᠲᠠᠢ ᠶᠤᠮ᠃      ᠣᠷᠳᠣ ᠬᠤᠭᠤᠴᠠᠭᠠᠨ ᠤ ᠲᠤᠷᠰᠢ᠂ ᠮᠠᠨᠳᠤᠯ ᠪᠣᠭᠤᠮᠲᠠ ᠨᠢ ︽ᠵᠠᠮ ᠤᠨ ᠠᠵᠤ ᠠᠬᠤᠢ︾ ᠪᠠᠷ ᠭᠤᠣᠯᠯᠠᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠨᠢ ᠮᠠᠨᠳᠤᠯ ᠪᠣᠭᠤᠮᠲᠠ ᠳᠤ ᠵᠥᠪᠬᠡᠨ ᠲᠦᠷ ᠵᠠᠭᠤᠷ᠎ᠠ ᠶᠢᠨ ᠵᠣᠭᠰᠣᠩᠭᠢᠷᠠᠯ ᠪᠠ ᠳᠠᠮᠵᠢᠯᠭ᠎ᠠ ᠲᠡᠳᠦᠢ ᠪᠠᠶᠢᠵᠤ᠂ ᠲᠤᠬᠠᠢ ᠶᠢᠨ ᠭᠠᠵᠠᠷ ᠲᠤ ᠠᠵᠤ ᠦᠢᠯᠡᠰ ᠤᠨ ᠴᠤᠭᠯᠠᠷᠠᠯ ᠪᠠ ᠥᠷᠲᠡᠭ ᠤᠨ ᠲᠤᠨᠳᠠᠰᠤ ᠶᠢ ᠪᠣᠶ ᠪᠣᠯᠭᠠᠬᠤ ᠳᠤ ᠬᠦᠴᠢᠷᠲᠡᠢ ᠪᠠᠶᠢᠪᠠ᠃ ᠬᠠᠷᠢᠨ ᠪᠣᠳᠠᠲᠠᠶᠢᠵᠢᠭᠰᠠᠨ ᠠᠵᠤ ᠠᠬᠤᠢ ᠨᠢ ᠡᠬᠢ ᠪᠠᠶᠠᠯᠢᠭ᠂ ᠡᠯᠧᠮᠧᠨ᠋ᠲ ᠢ ᠲᠤᠰ ᠭᠠᠵᠠᠷ ᠣᠷᠣᠨ ᠳᠤ ᠪᠠᠨ ᠰᠢᠩᠭᠡᠭᠡᠬᠦ ᠶᠢ ᠴᠢᠬᠤᠯᠠᠴᠢᠯᠠᠵᠤ᠂ ᠡᠭᠦᠨ ᠤ ᠤᠯᠠᠮ ᠠᠴᠠ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠬᠥᠭᠵᠢᠭᠦᠯᠬᠦ ᠶᠢ ᠴᠢᠬᠤᠯᠠᠴᠢᠯᠠᠳᠠᠭ᠃ 10 ᠵᠢᠯ ᠰᠢᠬᠠᠮ ᠤᠨ ᠬᠤᠭᠤᠴᠠᠭᠠᠨ ᠳᠤ ᠮᠠᠨᠳᠤᠯ ᠪᠣᠭᠤᠮᠲᠠ ᠨᠢᠭᠡᠨᠲᠡ ᠡᠷᠪᠡᠬᠡᠢ ᠶᠢᠨ ᠬᠤᠪᠢᠷᠠᠯᠲᠠ ᠶᠢ ᠪᠡᠶᠡᠯᠡᠭᠦᠯᠵᠦ᠂ ︽ᠪᠣᠳᠠᠲᠠᠶᠢᠵᠢᠭᠰᠠᠨ ᠠᠵᠤ ᠠᠬᠤᠢ︾ ᠶᠢ ᠬᠥᠭᠵᠢᠭᠦᠯᠬᠦ ᠳᠠᠯᠳᠠ ᠬᠦᠴᠦᠨ ᠲᠠᠢ ᠪᠣᠯᠤᠭᠰᠠᠨ ᠪᠠᠶᠢᠨ᠎ᠠ᠃ ︽ᠵᠠᠮ ᠤᠨ ᠠᠵᠤ ᠠᠬᠤᠢ︾ ᠶᠢ ︽ᠪᠣᠳᠠᠲᠠᠶᠢᠵᠢᠭᠰᠠᠨ ᠠᠵᠤ ᠠᠬᠤᠢ︾ ᠲᠡᠶᠢᠰᠢ ᠬᠤᠪᠢᠷᠠᠭᠤᠯᠬᠤ ᠶᠢ ᠲᠦᠯᠬᠢᠨ ᠠᠬᠢᠭᠤᠯᠬᠤ ᠨᠢ ᠮᠠᠨᠳᠤᠯ ᠪᠣᠭᠤᠮᠲᠠ ᠶᠢᠨ ᠲᠣᠰ ᠪᠡᠶ᠎ᠡ ᠶᠢᠨ ᠦᠷᠭᠦᠯᠵᠢᠯᠡᠨ ᠴᠡᠴᠡᠭᠯᠡᠨ ᠬᠥᠭᠵᠢᠬᠦ ᠳᠤ ᠬᠤᠯᠪᠣᠭᠳᠠᠬᠤ ᠪᠠᠷ ᠪᠠᠷᠠᠬᠤ ᠦᠭᠡᠢ᠂ ᠨᠠᠩ ᠴᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠶᠢ ᠨᠥᠯᠥᠭᠡᠯᠡᠬᠦ ᠪᠣᠯᠣᠨ᠎ᠠ᠃       ᠡᠨᠡ ᠬᠦ ᠬᠡᠯᠪᠡᠷᠢ ᠶᠢᠨ ᠬᠤᠪᠢᠷᠠᠭᠤᠯᠤᠯᠲᠠ ᠶᠢ ᠪᠡᠶᠡᠯᠡᠭᠦᠯᠬᠦ ᠳᠤ᠂ ᠡᠩ ᠲᠡᠷᠢᠭᠦᠨ ᠳᠤ ᠬᠥᠭᠵᠢᠯᠲᠡ ᠶᠢᠨ ᠬᠠᠷᠠᠯᠲᠠ᠂ ᠬᠥᠭᠵᠢᠯᠲᠡ ᠶᠢᠨ ᠰᠡᠳᠬᠢᠴᠡ ᠪᠣᠯᠣᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠲᠣᠳᠣᠷᠬᠠᠶᠢᠯᠠᠵᠤ᠂ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠤᠷᠢᠳᠴᠢᠯᠠᠭᠰᠠᠨ ᠰᠡᠳᠬᠢᠬᠦᠢ᠂ ᠪᠠᠷᠠᠯᠠᠯᠲᠤ ᠰᠡᠳᠬᠢᠬᠦᠢ ᠪᠠᠷ ᠮᠠᠨᠳᠤᠯ ᠪᠣᠭᠤᠮᠲᠠ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠳᠠᠰᠤᠷᠠᠯᠳᠠ ᠦᠭᠡᠢ ᠤᠷᠲᠤᠳᠬᠠᠵᠤ᠂ ᠡᠳ᠋ ᠪᠠᠷᠠᠭ᠎ᠠ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ᠂ ᠬᠥᠮᠥᠷᠭᠡᠯᠡᠨ ᠬᠠᠳᠠᠭᠠᠯᠠᠬᠤ᠂ ᠲᠤᠬᠠᠢ ᠶᠢᠨ ᠭᠠᠵᠠᠷ ᠲᠤ ᠨᠢ ᠪᠣᠯᠪᠠᠰᠤᠷᠠᠭᠤᠯᠬᠤ᠂ ᠭᠠᠳᠠᠭᠠᠳᠤ ᠳᠤ ᠪᠣᠷᠣᠯᠠᠭᠤᠯᠬᠤ ᠵᠢᠴᠢ ᠤᠯᠠᠨ ᠨᠡᠶᠢᠲᠡ ᠶᠢᠨ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠪᠣᠭᠤᠮᠲᠠ ᠶᠢᠨ ᠠᠵᠤ ᠠᠬᠤᠢ ᠶᠢᠨ ᠬᠡᠯᠬᠢᠶ᠎ᠡ ᠶᠢ ᠪᠦᠷᠢᠯᠳᠦᠭᠦᠯᠬᠦ ᠬᠡᠷᠡᠭᠲᠡᠢ᠃       ᠳᠠᠷᠠᠭᠠᠯᠠᠪᠠᠯ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ᠃ ᠣᠶᠢᠷ᠎ᠠ ᠶᠢᠨ ᠵᠢᠯ ᠤᠳ ᠲᠤ ᠮᠠᠨᠳᠤᠯ ᠪᠣᠭᠤᠮᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠵᠤ᠂ ᠤᠷᠢᠳ ᠬᠤᠵᠢᠳ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠵᠠᠮ ᠵᠢᠴᠢ ᠬᠤᠭᠤᠯᠠᠢ ᠲᠣᠣᠷ᠂ ᠶᠡᠷᠦᠩᠬᠡᠶᠢᠯᠡᠭᠰᠡᠨ ᠲᠡᠷᠭᠡᠨ ᠵᠣᠭᠰᠣᠭᠠᠯ ᠂ ᠪᠢᠲᠡᠭᠦᠮᠵᠢᠯᠡᠭᠰᠡᠨ ᠵᠠᠮ ᠵᠡᠷᠭᠡ ᠢᠵᠢ ᠪᠦᠷᠢᠳᠦᠭᠦᠯᠬᠦ ᠦᠢᠯᠡᠴᠢᠯᠡᠭᠡᠨ ᠤ ᠢᠨᠵᠧᠨᠧᠷᠢᠩ ᠢ ᠪᠠᠶᠢᠭᠤᠯᠵᠤ᠂ ᠵᠥᠪᠬᠡᠨ 2024 ᠣᠨ ᠳᠤ 9 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠨ᠎ᠠ᠃ ᠭᠡᠪᠡᠴᠦ ᠠᠯᠤᠰ ᠬᠡᠲᠦ ᠶᠢᠨ ᠬᠥᠭᠵᠢᠯᠲᠡ ᠶᠢᠨ ᠡᠭᠦᠳᠡᠨ ᠠᠴᠠ ᠠᠪᠴᠤ ᠦᠵᠡᠪᠡᠯ᠂ ᠪᠦᠷᠢᠨ ᠲᠡᠭᠦᠯᠳᠡᠷ ᠵᠠᠮ ᠬᠠᠷᠢᠯᠴᠠᠭᠠᠨ ᠤ ᠲᠣᠣᠷ ᠰᠦᠯᠵᠢᠶ᠎ᠡ᠂ ᠬᠥᠮᠥᠷᠭᠡᠯᠡᠨ ᠬᠠᠳᠠᠭᠠᠯᠠᠬᠤ ᠪᠡᠯᠡᠳᠬᠡᠮᠵᠢ ᠠᠴᠠ ᠢᠵᠢ ᠪᠦᠷᠢᠳᠦᠭᠰᠡᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠪᠦᠷᠢᠨ ᠪᠦᠲᠦᠨ ᠰᠢᠰᠲ᠋ᠧᠮ ᠬᠦᠷᠲᠡᠯ᠎ᠡ᠂ ᠮᠠᠨᠳᠤᠯ ᠪᠣᠭᠤᠮᠲᠠ ᠳᠤ ᠪᠠᠰᠠ ᠮᠠᠰᠢ ᠣᠯᠠᠨ ᠳᠤᠲᠠᠭᠤᠳᠠᠯ ᠣᠷᠣᠰᠢᠵᠤ ᠪᠠᠶᠢᠨ᠎ᠠ᠂ ᠵᠢᠱᠢᠶᠡᠯᠡᠪᠡᠯ ᠬᠢᠯᠢ ᠪᠠᠷ ᠣᠷᠣᠵᠤ ᠭᠠᠷᠬᠤ ᠬᠥᠮᠥᠰ ᠵᠢᠴᠢ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠬᠤᠨᠤᠭ ᠬᠤᠭᠤᠯᠠ ᠤᠮᠳᠠᠭᠠᠨ ᠤ ᠦᠢᠯᠡᠴᠢᠯᠡᠭᠡ᠂ ᠮᠠᠰᠢᠨ ᠲᠡᠷᠭᠡ ᠰᠡᠯᠪᠢᠨ ᠵᠠᠰᠠᠬᠤ᠂ ᠡᠨᠧᠷᠭᠢ ᠶᠢᠨ ᠨᠥᠬᠦᠪᠦᠷᠢ ᠬᠠᠩᠭᠠᠬᠤ ᠵᠡᠷᠭᠡ ᠲᠠᠯ᠎ᠠ ᠪᠠᠷ ᠪᠠᠰᠠ ᠬᠦᠴᠦ ᠣᠷᠣᠭᠤᠯᠵᠤ ᠪᠠᠶᠢᠭᠠᠳ ︽ᠪᠣᠳᠠᠲᠠᠶᠢᠵᠢᠭᠰᠠᠨ ᠠᠵᠤ ᠠᠬᠤᠢ︾ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠴᠢᠬᠤᠯᠠᠲᠠᠢ ᠪᠠᠶᠢᠨ᠎ᠠ       ᠡᠭᠦᠨ ᠠᠴᠠ ᠭᠠᠳᠠᠨ᠎ᠠ᠂ ᠮᠠᠨᠳᠤᠯ ᠪᠣᠭᠤᠮᠲᠠ ᠥᠪᠡᠷ ᠤᠨ ᠳᠠᠪᠠᠭᠤᠯᠢᠭ ᠲᠤ ᠪᠠᠨ ᠰᠠᠭᠤᠷᠢᠯᠠᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠤ᠂ ᠣᠨᠴᠠᠯᠢᠭᠲᠤ ᠠᠵᠤ ᠦᠢᠯᠡᠰ ᠢ ᠢᠳᠡᠪᠬᠢᠲᠡᠢ ᠪᠠᠷ ᠪᠤᠶᠢᠵᠢᠭᠤᠯᠤᠨ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ᠂ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠦᠢᠯᠡᠳᠬᠦ ᠵᠢᠴᠢ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠎ᠠ᠂ ᠬᠢᠯᠢ ᠠᠯᠤᠰᠯᠠᠭᠰᠠᠨ ᠵᠢᠭᠤᠯᠴᠢᠯᠠᠯ ᠵᠡᠷᠭᠡ ᠠᠵᠤ ᠦᠢᠯᠡᠰ ᠢ ᠬᠥᠭᠵᠢᠭᠦᠯᠵᠦ᠂ ᠬᠤᠯᠪᠣᠭᠳᠠᠯ ᠪᠦᠬᠦᠢ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠤᠨ ᠴᠤᠭᠯᠠᠷᠠᠯ ᠢ ᠲᠠᠲᠠᠵᠤ᠂ ᠠᠵᠤ ᠦᠢᠯᠡᠰ ᠤᠨ ᠪᠦᠯᠦᠭᠵᠢᠯ ᠤᠨ ᠦᠢᠯᠡᠳᠦᠯ ᠢ ᠪᠦᠷᠢᠯᠳᠦᠭᠦᠯᠵᠦ᠂ ᠤᠯᠠᠨ ᠡᠰᠢᠴᠢᠯᠡᠭᠰᠡᠨ ᠠᠵᠤ ᠠᠬᠤᠢ ᠶᠢᠨ ᠲᠣᠭᠲᠠᠯᠴᠠᠭ᠎ᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠨᠡᠩ ᠤᠯᠠᠨ ᠠᠷᠠᠯᠵᠢᠶᠠᠨ ᠤ ᠠᠵᠢᠯᠯᠠᠭ᠎ᠠ ᠪᠣᠯᠣᠨ ᠠᠵᠤ ᠠᠬᠤᠢ ᠶᠢᠨ ᠦᠷᠳᠡᠭ ᠢ ᠨᠠᠶᠢᠳᠠᠪᠤᠷᠢᠵᠢᠭᠤᠯᠪᠠᠯ ᠵᠣᠬᠢᠨ᠎ᠠ᠃       ᠡᠭᠦᠨ ᠤ ᠬᠠᠮᠲᠤ᠂ ᠮᠠᠨᠳᠤᠯ ᠪᠣᠭᠤᠮᠲᠠ ᠪᠠᠰᠠ ᠤᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠭᠠᠳᠠᠭᠠᠳᠤ ᠨᠡᠭᠡᠭᠡᠯᠲᠡ ᠶᠢᠨ ᠬᠡᠮᠵᠢᠶ᠎ᠡ ᠪᠣᠯᠣᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠦᠷᠭᠦᠯᠵᠢᠯᠡᠨ ᠥᠷᠭᠡᠳᠬᠡᠵᠦ᠂ ᠮᠣᠩᠭᠤᠯ ᠤᠯᠤᠰ ᠯᠤᠭ᠎ᠠ ᠶᠢᠨ ᠬᠤᠶᠠᠷ ᠲᠠᠯ᠎ᠠ ᠶᠢᠨ ᠬᠤᠶᠠᠷ ᠲᠠᠯ᠎ᠠ ᠶᠢᠨ ᠵᠠᠬ᠎ᠠ ᠶᠢᠨ ᠠᠷᠠᠯᠵᠢᠶᠠᠨ ᠤ ᠬᠠᠮᠲᠤᠷᠠᠯᠴᠠᠭ᠎ᠠ ᠶᠢ ᠶᠡᠬᠡᠪᠡᠷ ᠠᠬᠢᠭᠤᠯᠵᠤ᠂ ᠬᠥᠮᠥᠨ ᠤ ᠤᠷᠤᠰᠬᠠᠯ᠂ ᠪᠠᠷᠠᠭᠠᠨ ᠤ ᠭᠦᠢᠯᠭᠡᠭᠡ᠂ ᠮᠡᠳᠡᠭᠡ ᠵᠠᠩᠭᠢ ᠶᠢᠨ ᠭᠦᠢᠯᠭᠡᠭᠡᠨ ᠤ ᠬᠤᠷᠳᠤᠴᠠ ᠶᠢ ᠲᠦᠷᠭᠡᠳᠬᠡᠵᠦ᠂ ᠬᠤᠶᠠᠷ ᠲᠠᠯ᠎ᠠ ᠶᠢᠨ ᠨᠡᠩ ᠤᠯᠠᠨ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠬᠡᠷᠡᠭᠲᠡᠢ᠃ ᠬᠢᠯᠢ ᠶᠢᠨ ᠮᠠᠯ ᠤᠨ ᠠᠰᠢᠭ ᠰᠢᠮ᠎ᠡ ᠶᠢ ᠪᠣᠯᠪᠠᠰᠤᠷᠠᠭᠤᠯᠬᠤ ᠲᠣᠭᠤᠷᠢᠭ ᠂ ᠪᠣᠭᠤᠮᠲᠠ ᠶᠢᠨ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠭᠠᠶᠢᠯᠢ ᠪᠠᠲᠤᠯᠠᠬᠤ ᠣᠷᠣᠨ ᠵᠢᠴᠢ ᠡᠬᠢ ᠪᠠᠶᠠᠯᠢᠭ ᠢ ᠭᠦᠨᠵᠡᠭᠡᠢ ᠪᠣᠯᠪᠠᠰᠤᠷᠠᠭᠤᠯᠬᠤ ᠣᠷᠣᠨ ᠢ ᠪᠦᠲᠦᠭᠡᠨ ᠪᠠᠶᠢᠭᠤᠯᠬᠤ ᠪᠠᠷ ᠳᠠᠮᠵᠢᠭᠤᠯᠤᠨ ᠂ ᠠᠵᠤ ᠠᠬᠤᠶᠢᠯᠠᠯ ᠳᠤ ᠨᠠᠩ ᠪᠦᠷᠢᠨ ᠲᠡᠭᠦᠯᠳᠡᠷ ᠢᠵᠢ ᠪᠦᠷᠢᠳᠦᠭᠦᠯᠬᠦ ᠦᠢᠯᠡᠴᠢᠯᠡᠭᠡᠨ ᠪᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠣᠷᠴᠢᠨ ᠲᠣᠭᠤᠷᠢᠨ ᠢ ᠬᠠᠩᠭᠠᠵᠤ᠂ ᠨᠠᠩ ᠣᠯᠠᠨ ᠠᠵᠤ ᠠᠬᠤᠶᠢᠯᠠᠯ ᠢ ᠲᠡᠳᠡᠨ ᠣᠷᠣᠭᠤᠯᠵᠤ ᠰᠠᠭᠤᠯᠭᠠᠵᠤ᠂ ᠬᠠᠷᠢᠯᠴᠠᠨ ᠠᠬᠢᠭᠤᠯᠬᠤ᠂ ᠬᠠᠮᠲᠤᠪᠠᠷ ᠬᠥᠭᠵᠢᠬᠦ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠨ᠎ᠠ᠃       ᠤᠯᠤᠰ ᠤᠨ ︽ᠨᠢᠭᠡ ᠪᠦᠰᠡ ᠨᠢᠭᠡ ᠵᠠᠮ︾ ᠪᠣᠯᠣᠨ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠠᠭᠢᠬᠤ ᠶᠢ ᠳᠠᠭᠠᠯᠳᠤᠨ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠳᠤ ᠰᠠᠭᠤᠷᠢᠯᠠᠵᠤ᠂ ᠮᠠᠨᠳᠤᠯ ᠪᠣᠭᠤᠮᠲᠠ ᠶᠢᠨ ︽ᠵᠠᠮ ᠤᠨ ᠠᠵᠤ ᠠᠬᠤᠢ︾ ᠠᠴᠠ ︽ᠪᠣᠳᠠᠲᠠᠶᠢᠵᠢᠭᠰᠠᠨ ᠠᠵᠤ ᠠᠬᠤᠢ︾ ᠲᠡᠶᠢᠰᠢ ᠤᠷᠤᠭᠰᠢᠯᠠᠬᠤ ᠪᠣᠯ ᠴᠠᠭ ᠦᠶ᠎ᠡ ᠶᠢᠨ ᠬᠥᠭᠵᠢᠯᠲᠡ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠡᠨᠡ ᠬᠦ ᠬᠡᠯᠪᠡᠷᠢ ᠢᠶᠠᠨ ᠬᠤᠪᠢᠷᠠᠭᠤᠯᠬᠤ ᠶᠠᠪᠤᠴᠠ ᠳᠤ ᠠᠵᠠ ᠲᠣᠬᠢᠶᠠᠯ ᠪᠠ ᠥᠷᠢᠰᠦᠯᠳᠦᠭᠡᠨ ᠵᠡᠷᠭᠡ ᠪᠠᠷ ᠣᠷᠣᠰᠢᠵᠤ ᠪᠠᠶᠢᠨ᠎ᠠ᠃ ᠭᠡᠪᠡᠴᠦ ᠢᠲᠡᠭᠡᠯ ᠵᠣᠷᠢᠭ ᠢᠶᠠᠨ ᠪᠠᠲᠤᠳᠬᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠮᠣᠩᠭᠤᠯ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠳᠠᠭ ᠯᠠ ᠶᠤᠮ ᠪᠣᠯ᠂ ᠮᠠᠨᠳᠤᠯ ᠪᠣᠭᠤᠮᠲᠠ ᠯᠠᠪᠳᠠᠶ᠎ᠠ ︽ᠪᠣᠳᠠᠲᠠᠶᠢᠵᠢᠭᠰᠠᠨ ᠠᠵᠤ ᠠᠬᠤᠢ︾ ᠶᠢᠨ ᠬᠥᠭᠵᠢᠯᠲᠡ ᠶᠢᠨ ᠵᠠᠮ ᠢᠶᠠᠷ ᠯᠠᠪᠳᠠᠭᠤᠨ ᠢᠶᠠᠷ ᠤᠷᠤᠭᠰᠢᠯᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠴᠢᠨᠠᠭᠰᠢᠯᠠᠪᠠᠯ ᠪᠤᠭᠤᠲᠤ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠣᠯᠣᠨ᠎ᠠ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号