ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠄ ᠬᠦᠢᠲᠡᠨ ᠬᠡᠯᠬᠢᠶ᠎ᠡ ︽ᠬᠠᠯᠠᠭᠤᠷᠠᠵᠤ︾ ᠠᠵᠤ ᠦᠢᠯᠡᠰ ︽ᠪᠠᠶᠠᠵᠢᠬᠤ︾
ᠨᠡᠶᠢᠲᠡᠯᠡᠭᠰᠡᠨ ᠴᠠᠭ᠄
2024/12/30
      ᠣᠶᠢᠷ᠎ᠠ ᠳᠤ᠂ ᠪᠠᠲᠤᠬᠠᠭᠠᠯᠭ᠎ᠠ ᠪᠠᠯᠭᠠᠰᠤᠨ ᠤ ᠬᠤᠩᠭᠤᠷᠲᠠᠯ᠎ᠠ ᠲᠣᠰᠬᠤᠨ ᠤ ᠪᠥᠲᠥᠭᠡᠨ ᠪᠠᠶᠢᠭᠤᠯᠤᠭᠰᠠᠨ ᠲᠣᠭᠲᠠᠮᠠᠯ ᠳᠤᠯᠠᠭᠠᠨᠲᠤ ᠰᠢᠨ᠎ᠡ ᠰᠣᠷᠭᠤᠭ ᠪᠠᠶᠢᠯᠭᠠᠬᠤ ᠬᠥᠮᠥᠷᠭᠡ ᠶᠢᠨ ᠲᠥᠷᠥᠯ ᠵᠦᠢᠯ ᠨᠢᠭᠡᠨᠲᠡ ᠪᠠᠷᠢᠯᠭ᠎ᠠ ᠳᠠᠭᠤᠰᠤᠭᠰᠠᠨ ᠪᠥᠭᠡᠳ ᠰᠢᠯᠭᠠᠨ ᠠᠪᠤᠯᠲᠠ ᠶᠢ ᠤᠷᠤᠭᠰᠢᠲᠠᠶ ᠥᠩᠭᠡᠷᠡᠭᠦᠯᠪᠡ᠃ ᠲᠣᠰ ᠰᠢᠨ᠎ᠡ ᠰᠣᠷᠭᠤᠭ ᠪᠠᠶᠢᠯᠭᠠᠬᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠨᠢ ᠤᠯᠠᠷᠢᠯ ᠤᠨ ᠴᠢᠨᠠᠷᠲᠠᠢ ᠵᠢᠮᠢᠰ ᠨᠣᠭᠤᠭ᠎ᠠ ᠶᠢᠨ ᠬᠠᠳᠠᠭᠠᠯᠠᠬᠤ ᠳᠤ ᠬᠦᠴᠢᠷ᠂ ᠬᠦᠢᠲᠡᠨ ᠬᠡᠯᠬᠢᠶᠡᠲᠦ ᠵᠥᠭᠡᠭᠡᠪᠦᠷᠢ ᠶᠢᠨ ᠥᠪᠡᠷ ᠤᠨ ᠦᠷᠳᠡᠭ ᠵᠡᠷᠭᠡ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ ᠪᠠᠰᠠ ᠲᠣᠰᠬᠤᠨ ᠤ ᠠᠷᠠᠳ ᠤᠨ ︽ᠵᠣᠭᠤᠰᠣᠨ ᠤᠭᠤᠲᠠ︾ ᠶᠢ ᠬᠥᠪᠴᠢᠯᠡᠭᠰᠡᠨ ᠪᠠᠶᠢᠨ᠎ᠠ᠃ ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 225 ᠲᠦᠮᠡᠨ ᠲᠥᠭᠦᠷᠢᠭ ᠪᠠᠶᠢᠵᠤ᠂ ᠶᠡᠷᠦᠩᠬᠡᠶ ᠲᠠᠯᠠᠪᠠᠶ ᠨᠢ 3300 ᠺᠤᠸᠠᠳ᠋ ᠮᠤᠲᠷ᠂ ᠬᠥᠮᠥᠷᠭᠡ ᠶᠢᠨ ᠶᠡᠷᠦᠩᠬᠡᠶ ᠲᠠᠯᠠᠪᠠᠶ ᠨᠢ 800 ᠺᠤᠸᠠᠳ᠋ ᠮᠤᠲᠷ᠂ ᠡᠭᠦᠨ ᠳᠤ ᠰᠣᠷᠭᠤᠭ ᠪᠠᠶᠢᠯᠭᠠᠬᠤ ᠬᠥᠮᠥᠷᠭᠡ 8 ᠰᠠᠭᠤᠷᠢ ᠪᠠᠶᠢᠵᠤ᠂ ᠰᠠᠭᠤᠷᠢ ᠪᠦᠷᠢ ᠨᠢ 50 ᠲᠣᠨ ᠵᠢᠮᠢᠰ ᠨᠣᠭᠤᠭ᠎ᠠ ᠬᠠᠳᠠᠭᠠᠯᠠᠵᠤ ᠪᠤᠯᠤᠨ᠋ ᠎ᠠ᠂ ᠬᠥᠯᠳᠡᠭᠡᠬᠦ ᠬᠥᠮᠥᠷᠭᠡ 2 ᠰᠠᠭᠤᠷᠢ ᠪᠠᠶᠢᠵᠤ᠂ ᠰᠠᠭᠤᠷᠢ ᠪᠦᠷᠢ ᠨᠢ 60 ᠲᠣᠨ ᠪᠠᠷᠠᠭ᠎ᠠ ᠬᠠᠳᠠᠭᠠᠯᠠᠵᠤ ᠪᠣᠯᠣᠨ᠎ᠠ᠂ ᠵᠢᠱᠢᠯᠲᠡ ᠪᠠᠷ 2025 ᠣᠨ ᠳᠤ ᠠᠰᠢᠭᠯᠠᠯᠲᠠ ᠳᠤ ᠣᠷᠣᠭᠤᠯᠬᠤ ᠪᠣᠯᠤᠨ᠎ᠠ       ︽ᠲᠣᠭᠲᠠᠮᠠᠯ ᠳᠤᠯᠠᠭᠠᠨᠲᠤ ᠬᠦᠢᠲᠡᠨ ᠬᠥᠮᠥᠷᠭᠡ ᠠᠵᠢᠯᠯᠠᠪᠠᠯ ᠵᠣᠬᠢᠨ᠎ᠠ᠂ ᠲᠠᠷᠢᠶᠠᠯᠠᠩ ᠤᠨ ᠪᠦᠲᠦᠭᠡᠭᠳᠡᠬᠦᠨ ᠤ ᠬᠠᠮᠤᠭ ᠤᠨ ᠠᠩᠬᠠᠨ ᠤ ᠨᠢᠭᠡ ᠺᠢᠯᠤᠮᠧᠳ᠋ᠷ ᠤᠨ ᠬᠦᠮᠦᠷᠭᠡ ᠪᠣᠯᠣᠭᠰᠠᠨ ᠤ ᠬᠤᠪᠢ ᠳᠤ᠂ ᠲᠠᠷᠢᠶᠠᠯᠠᠩ ᠤᠨ ᠪᠦᠲᠦᠭᠡᠭᠳᠡᠬᠦᠨ ᠨᠢᠭᠡ ᠪᠦᠷᠢ ᠶᠢ ᠴᠥᠮ ᠨᠠᠷᠢᠨ ᠨᠢᠮᠪᠠᠶ ᠬᠠᠮᠠᠭᠠᠯᠠᠬᠤ ᠬᠡᠷᠡᠭᠲᠡᠶ᠂ ᠵᠥᠪ ᠣᠨᠣᠪᠴᠢᠲᠠᠢ ᠬᠠᠳᠠᠭᠠᠯᠠᠯᠲᠠ ᠂ ᠲᠤᠬᠠᠶᠢᠯᠠᠪᠠᠯ ᠲᠣᠬᠢᠷᠠᠮᠵᠢᠲᠠᠶ ᠳᠤᠯᠠᠭᠠᠨ ᠤ ᠬᠡᠮᠵᠢᠶ᠎ᠡ ᠪᠠ ᠴᠢᠭᠢᠭ ᠤᠨ ᠬᠡᠮᠵᠢᠶ᠎ᠡ ᠨᠢ᠂ ᠲᠡᠳᠡᠨ ᠤ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢ ᠦᠷᠭᠦᠯᠵᠢᠯᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠲᠡᠳᠡᠨ ᠤ ᠪᠠᠶᠢᠭᠠᠯᠢ ᠶᠢᠨ ᠣᠬᠢ ᠰᠣᠳᠣ ᠪᠠ ᠰᠢᠮ᠎ᠡ ᠲᠡᠵᠢᠭᠡᠯ ᠢ ᠬᠠᠳᠠᠭᠠᠯᠠᠭᠰᠠᠨ ᠪᠠᠶᠢᠨ᠎ᠠ᠃ ᠬᠤᠩᠭᠤᠷᠲᠠᠯ᠎ᠠ ᠲᠣᠰᠬᠤᠨ ᠤ ᠢᠳᠡᠰᠢᠨ ᠨᠣᠭᠤᠭ᠎ᠠ ᠲᠠᠷᠢᠭᠰᠠᠨ ᠲᠡᠦᠬᠡ ᠥᠨᠢ ᠤᠳᠠᠭᠠᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠢᠳᠡᠰᠢᠨ ᠨᠣᠭᠤᠭ᠎ᠠ ᠬᠠᠩᠭᠠᠬᠤ ᠰᠠᠭᠤᠷᠢᠨ ᠭᠠᠵᠠᠷ ᠪᠠᠶᠢᠵᠤ᠂ ᠲᠣᠭᠲᠠᠮᠠᠯ ᠳᠤᠯᠠᠭᠠᠨᠲᠤ ᠰᠢᠨ᠎ᠡ ᠰᠣᠷᠭᠤᠭ ᠪᠠᠶᠢᠯᠭᠠᠬᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠴᠡᠢ᠃ ᠡᠭᠦᠨ ᠤ ᠬᠠᠮᠲᠤ ᠬᠤᠩᠭᠤᠷᠲᠠᠯ᠎ᠠ ᠲᠣᠰᠬᠤᠨ ᠪᠠᠲᠤᠬᠠᠭᠠᠯᠭ᠎ᠠ ᠪᠠᠯᠭᠠᠰᠤᠨ ᠤ ᠵᠡᠭᠦᠨ ᠡᠮᠦᠨ᠎ᠡ 8 ᠺᠢᠯᠤᠮᠧᠳ᠋ᠷ ᠤᠨ ᠭᠠᠵᠠᠷ ᠲᠤ ᠪᠠᠶᠢᠷᠢᠯᠠᠵᠤ᠂ ︿10 ᠮᠢᠨᠦ᠋ᠲ ᠤᠨ ᠵᠠᠮ ᠬᠠᠷᠢᠯᠴᠠᠭᠠᠨ ᠤ ᠬᠦᠷᠢᠶ᠎ᠡ﹀ ᠳᠤ ᠣᠷᠣᠰᠢᠵᠤ᠂ G335᠂ S104᠂ S211 ᠲᠠᠢ ᠬᠥᠷᠰᠢᠯᠡᠵᠦ᠂ ᠵᠠᠮ ᠬᠠᠷᠢᠯᠴᠠᠭ᠎ᠠ ᠳᠥᠭᠦᠮ᠂ ᠵᠢᠮᠢᠰ ᠨᠣᠭᠤᠭ᠎ᠠ᠂ ᠡᠮ ᠤᠨ ᠮᠠᠲ᠋ᠧᠷᠢᠶᠠᠯ ᠢ ᠵᠥᠭᠡᠭᠡᠪᠦᠷᠢᠯᠡᠬᠦ ᠳᠤ ᠤᠷᠢᠳ ᠢᠶᠠᠷ ᠨᠥᠬᠦᠴᠡᠯ ᠬᠠᠩᠭᠠᠭᠰᠠᠨ ᠪᠠᠶᠢᠨ᠎ᠠ︾ ᠭᠡᠵᠦ ᠪᠠᠲᠤᠬᠠᠭᠠᠯᠭ᠎ᠠ ᠪᠠᠯᠭᠠᠰᠤᠨ ᠤ ᠳᠡᠳ᠋ ᠳᠠᠷᠤᠭ᠎ᠠ ᠵᠠᠩ ᠢ ᠰᠢᠤᠸᠠᠨ ᠰᠤᠷᠪᠤᠯᠵᠢᠯᠠᠭᠴᠢ ᠳᠤ ᠲᠠᠨᠢᠯᠴᠠᠭᠤᠯᠪᠠ᠃      ᠲᠣᠭᠲᠠᠮᠠᠯ ᠳᠤᠯᠠᠭᠠᠨᠲᠤ ᠰᠢᠨ᠎ᠡ ᠰᠣᠷᠭᠤᠭ ᠪᠠᠶᠢᠯᠭᠠᠬᠤ ᠬᠥᠮᠥᠷᠭᠡ ᠶᠢ ᠪᠠᠶᠢᠭᠤᠯᠤᠨ ᠬᠡᠷᠡᠭᠯᠡᠭᠰᠡᠨ ᠨᠢ᠂ ᠲᠠᠷᠢᠶᠠᠯᠠᠩ ᠤᠨ ᠪᠦᠲᠦᠭᠡᠭᠳᠡᠬᠦᠨ ᠢ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠨᠡᠮᠡᠯᠲᠡ ᠦᠷᠳᠡᠭ ᠢ ᠨᠡᠮᠡᠭᠳᠡᠭᠦᠯᠵᠦ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠵᠦ ᠪᠣᠯᠬᠤ ᠪᠥᠭᠡᠳ ᠪᠠᠰᠠ ᠭᠠᠳᠠᠷ ᠣᠷᠣᠨ ᠤ ᠵᠢᠮᠢᠰ ᠨᠣᠭᠤᠭ᠎ᠠ᠂ ᠡᠮ ᠤᠨ ᠮᠠᠲ᠋ᠧᠷᠢᠶᠠᠯ ᠤᠨ ᠠᠷᠠᠯᠵᠢᠶᠠᠴᠢᠨ ᠲᠤᠰ ᠭᠠᠵᠠᠷ ᠲᠠᠭᠠᠨ ᠢᠷᠡᠵᠤ ᠵᠢᠮᠢᠰ ᠢᠳᠡᠰᠢᠨ ᠨᠣᠭᠤᠭ᠎ᠠ ᠡᠮ ᠤᠨ ᠮᠠᠲ᠋ᠧᠷᠢᠶᠠᠯ ᠬᠤᠳᠠᠯᠳᠤᠨ ᠠᠪᠴᠤ᠂ ᠲᠤᠬᠠᠢ ᠶᠢᠨ ᠭᠠᠵᠠᠷ ᠲᠤ ᠨᠢ ᠬᠠᠳᠠᠭᠠᠯᠠᠵᠤ ᠂ ᠲᠠᠷᠢᠶᠠᠯᠠᠩ ᠤᠨ ᠪᠦᠲᠦᠭᠡᠭᠳᠡᠬᠦᠨ ᠢ ᠠᠷᠠᠯᠵᠢᠶᠠᠯᠠᠬᠤ᠂ ᠲᠤᠬᠢᠷᠠᠭᠤᠯᠤᠨ ᠬᠦᠷᠭᠡᠬᠦ᠂ ᠬᠠᠳᠠᠭᠠᠯᠠᠵᠤ ᠵᠥᠭᠡᠭᠡᠪᠦᠷᠢᠯᠡᠬᠦ ᠶᠢ ᠨᠢᠭᠡ ᠴᠤᠬᠴᠠᠵᠢᠭᠤᠯᠤᠬᠰᠠᠨ ᠤᠳᠤ ᠦᠶ᠎ᠡ ᠶᠢᠨ ᠲᠠᠷᠢᠶᠠᠯᠠᠩ ᠤᠨ ᠪᠦᠲᠦᠭᠡᠭᠳᠡᠬᠦᠨ ᠤ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠪᠦᠷᠢᠯᠳᠦᠭᠦᠯᠵᠦ ᠪᠣᠯᠤᠨ᠎ᠠ᠃ ᠡᠭᠦᠨ ᠤ ᠬᠠᠮᠲᠤ᠂ ᠪᠠᠰᠠ ᠪᠠᠶᠠᠵᠢᠯᠲᠠ ᠶᠢᠨ ᠲᠡᠮᠲᠡᠷᠢᠭᠦᠯ ᠢ ᠪᠥᠬᠦ ᠬᠤᠰᠢᠭᠤᠨ ᠳᠤ ᠬᠦᠷᠲᠡᠯ᠎ᠡ ᠥᠷᠭᠡᠳᠬᠡᠵᠦ᠂ ᠪᠥᠬᠦ ᠬᠤᠰᠢᠭᠤᠨ ᠤ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠤᠨ ᠰᠢᠨ᠎ᠡ ᠰᠣᠷᠭᠤᠭ ᠬᠠᠳᠠᠭᠠᠯᠠᠬᠤ ᠨᠥᠬᠦᠴᠡᠯ ᠳᠤᠲᠠᠮᠠᠭ ᠪᠠᠶᠢᠬᠤ ᠪᠠᠶᠢᠳᠠᠯ ᠢ ᠤᠯᠠᠮ ᠨᠢᠭᠡ ᠠᠯᠬᠤᠮ ᠨᠠᠮᠳᠠᠭᠤᠯᠵᠤ᠂ ᠴᠢᠨᠠᠭᠰᠢᠯᠠᠪᠠᠯ ᠪᠠᠰᠠ ᠮᠣᠩᠭᠤᠯ ᠤᠯᠤᠰ ᠤᠨ ᠵᠢᠮᠢᠰ ᠢᠳᠡᠰᠢᠨ ᠨᠣᠭᠤᠭ᠎ᠠ ᠶᠢ ᠭᠠᠳᠠᠭᠠᠳᠤ ᠳᠤ ᠭᠠᠷᠭᠠᠬᠤ ᠡᠮᠦᠨ᠎ᠡ ᠵᠠᠬ᠎ᠠ ᠶᠢᠨ ᠰᠠᠭᠤᠷᠢᠨ ᠭᠠᠵᠠᠷ ᠪᠣᠯᠭᠠᠵᠤ᠂ ᠪᠣᠭᠤᠮᠲᠠ ᠶᠢᠨ ᠲᠤᠬᠠᠶᠢᠯᠠᠭᠰᠠᠨ ᠠᠵᠢᠯ ᠤᠨ ᠬᠤᠭᠤᠰᠣᠨ ᠢ ᠨᠥᠬᠦᠪᠥᠷᠢᠯᠡᠵᠦ ᠪᠣᠯᠤᠨ᠎ᠠ᠃      ︽ᠰᠠᠶᠢᠨ ᠰᠠᠶᠢᠬᠠᠨ ᠬᠦᠰᠡᠯ ᠡᠷᠡᠮᠡᠯᠵᠡᠯ︾ ᠠᠴᠠ ︽ᠦᠨᠡᠨ ᠪᠣᠳᠠᠲᠠᠶ ᠪᠠᠶᠢᠳᠠᠯ︾ ᠪᠣᠯᠲᠠᠯ᠎ᠠ᠂ ᠬᠤᠩᠭᠤᠷᠲᠠᠯ᠎ᠠ ᠶᠢᠨ ᠰᠢᠨ᠎ᠡ ᠰᠣᠷᠭᠤᠭ ᠪᠠᠶᠢᠯᠭᠠᠬᠤ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠨᠢ ᠡᠷᠬᠢᠨ ᠲᠣᠭᠤᠷᠢᠨ ᠤ ᠣᠷᠣᠨ ᠪᠦᠰᠡ ᠶᠢᠨ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠳᠤ ᠨᠠᠩ ᠣᠯᠠᠨ ᠬᠠᠷᠢᠮᠠᠬᠠᠢ ᠣᠷᠣᠨ ᠵᠠᠶ ᠬᠠᠩᠭᠠᠭᠰᠠᠨ ᠪᠥᠭᠡᠳ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃             ᠬᠦᠢᠲᠡᠨ ᠬᠡᠯᠬᠢᠶᠡᠲᠦ ᠬᠥᠮᠥᠷᠭᠡᠯᠡᠨ ᠬᠠᠳᠠᠭᠠᠯᠠᠬᠤ ᠲᠣᠭᠲᠠᠯᠴᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ            ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠲᠣᠮᠣ ᠬᠦᠯᠳᠡᠭᠡᠭᠦᠷ︾ ᠨᠢ            ᠲᠠᠷᠢᠶᠠᠯᠠᠩ ᠤᠨ ᠲᠤᠰᠠᠯᠠᠬᠤ ᠪᠦᠲᠦᠭᠡᠭᠳᠡᠬᠦᠨ ᠢ ᠨᠡᠩ ᠬᠤᠯᠠ ᠶᠠᠪᠤᠭᠤᠯᠵᠤ              ᠨᠡᠩ ᠰᠠᠶᠢᠨ ᠶᠠᠪᠤᠭᠤᠯᠤᠨ᠎ᠠ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号