ᠴᠢᠬᠢᠯᠳᠦᠨ ᠲᠦᠭᠵᠢᠷᠡᠬᠦ ᠥᠷᠯᠥᠭᠡᠨ ᠤ ᠣᠷᠭᠢᠯ ᠦᠶ᠎ᠡ ᠳᠤ ︽ᠠᠭᠠᠷ ᠤᠨ ᠲᠡᠺᠰᠢ︾ ᠲᠦᠷᠢᠶᠡᠰᠦᠯᠡᠵᠦ᠂ | ᠬᠦᠮᠦᠨ ᠥᠬᠡᠶ ᠨᠢᠰᠬᠡᠯ ᠤᠨ ᠬᠦᠷᠭᠡᠭᠰᠡᠨ ᠵᠠᠬᠢᠶᠠᠯᠠᠭ᠎ᠠ ᠶᠢᠨ ᠰᠢᠷᠠᠭᠰᠠᠨ ᠲᠠᠬᠢᠶ᠎ᠠ ᠶᠢ ᠢᠳᠡᠵᠦ᠂ ︽ᠨᠢᠰᠳᠡᠭ ᠮᠠᠰᠢᠨ | ᠲᠡᠷᠭᠡᠨ︾ ᠳᠤ ᠰᠠᠭᠤᠵᠤ ᠪᠠᠶᠢᠭᠠᠳ ᠨᠢᠭᠡ ᠤᠳᠠᠭ᠎ᠠ ᠳᠣᠣᠷ᠎ᠠ ᠣᠭᠲᠠᠷᠭᠤᠢ ᠪᠠᠷ ᠲᠣᠭᠤᠷᠢᠨ ᠵᠤᠭᠠᠴᠠᠬᠤ ᠁ | ᠰᠢᠨᠵᠢᠯᠡᠬᠦ ᠤᠬᠠᠭᠠᠨ ᠤ ᠤᠷᠠᠨ ᠵᠥᠩᠨᠡᠯᠲᠦ ᠺᠢᠨᠣ᠋ ᠳᠤᠮᠳᠠ ᠣᠷᠣᠰᠢᠵᠤ ᠪᠠᠶᠢᠭᠰᠠᠨ ᠲᠡᠳᠡᠭᠡᠷ ᠢᠷᠡᠭᠡᠳᠦᠢ ᠶᠢᠨ ᠠᠬᠤᠢ | ᠪᠠᠶᠢᠳᠠᠯ ᠪᠢᠳᠡᠨ ᠳᠤ ᠡᠭᠦᠳᠡ ᠪᠠᠨ ᠨᠡᠭᠡᠭᠡᠵᠦ ᠥᠭᠴᠦ ᠪᠠᠶᠢᠨ᠎ᠠ᠃ ᠬᠠᠷᠢᠨ ᠡᠭᠦᠳᠡ ᠶᠢ ᠨᠡᠭᠡᠭᠡᠬᠦ ᠭᠠᠶᠢᠬᠠᠮᠰᠢᠭᠲᠤ | ᠲᠦᠯᠬᠢᠭᠦᠷ ᠢ ︽ᠳᠣᠣᠷ᠎ᠠ ᠣᠭᠲᠠᠷᠭᠤᠢ ᠶᠢᠨ ᠠᠵᠤ ᠠᠬᠤᠢ︾ ᠭᠡᠳᠡᠭ᠃ | ᠢᠷᠡᠭᠡᠳᠦᠢ ᠶᠢᠨ ᠬᠥᠭᠵᠢᠯᠲᠡ ᠶᠢᠨ ᠠᠤᠭ᠎ᠠ ᠲᠥᠰᠥᠪ ᠲᠤ᠂ ᠳᠣᠣᠷ᠎ᠠ ᠣᠭᠲᠠᠷᠭᠤᠢ ᠶᠢᠨ ᠠᠵᠤ ᠠᠬᠤᠢ ᠳᠤ | ᠲᠦᠢᠯ ᠤᠨ ᠴᠢᠬᠤᠯᠠ ᠡᠭᠦᠷᠭᠡ ᠳᠠᠭᠠᠭᠠᠯᠭᠠᠭᠰᠠᠨ ᠪᠠᠶᠢᠨ᠎ᠠ᠃ 2023 ᠣᠨ ᠤ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ ᠪᠣᠯᠤᠨ 2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠤᠶᠢᠨ᠎ᠠ | ᠬᠤᠶᠢᠨ᠎ᠠ ᠠᠴᠠ ᠪᠠᠨ ᠲᠥᠪᠯᠡᠷᠡᠪᠡ᠃ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠣᠷ᠎ᠠ | ᠣᠭᠲᠠᠷᠭᠤᠢ ᠶᠢᠨ ᠠᠭᠠᠷ ᠤᠨ ᠣᠷᠣᠨ ᠪᠦᠰᠡ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ | ᠲᠥᠰᠦᠯ︾ ᠢ ᠳᠠᠷᠤᠮᠠᠯᠯᠠᠨ ᠲᠠᠷᠬᠠᠭᠠᠪᠠ᠃ ︽ᠲᠥᠰᠦᠯ︾ ᠳᠤ 2027 ᠣᠨ ᠪᠣᠯᠲᠠᠯ᠎ᠠ᠂ ᠪᠥᠬᠦ ᠣᠷᠣᠨ ᠤ | ᠳᠣᠤᠷ᠎ᠠ ᠣᠭᠲᠠᠷᠭᠤᠢ ᠶᠢᠨ ᠣᠷᠣᠨ ᠪᠦᠰᠡ ᠶᠢ ᠭᠦᠢᠴᠡᠳ ᠰᠤᠯᠠᠯᠠᠵᠤ᠂ ᠥᠨᠳᠥᠷ ᠪᠦᠲᠦᠮᠵᠢᠲᠡᠶ ᠪᠠᠷ ᠠᠰᠢᠭᠯᠠᠨ᠂ | ᠳᠣᠤᠷ᠎ᠠ ᠣᠭᠲᠠᠷᠭᠤᠢ ᠶᠢᠨ ᠨᠢᠰᠦᠯᠲᠡ ᠶᠢᠨ ᠰᠠᠭᠤᠷᠢ ᠪᠡᠯᠡᠳᠬᠡᠮᠵᠢ ᠶᠢ ᠪᠦᠲᠦᠮᠵᠢᠲᠡᠶ ᠪᠦᠷᠬᠦᠭᠦᠯᠵᠦ᠂ | ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠥᠨᠳᠥᠷ ᠪᠦᠲᠦᠮᠵᠢᠲᠡᠶ ᠪᠠᠷ | ᠠᠵᠢᠯᠯᠠᠭᠤᠯᠵᠤ᠂ ᠲᠦᠷᠢᠮ ᠲᠣᠭᠲᠠᠭᠠᠯ ᠢ ᠪᠦᠷᠢᠨᠰᠢᠭᠦᠯᠦᠨ ᠳᠦᠷᠢᠮᠵᠢᠭᠦᠯᠵᠦ᠂ ︽ᠴᠡᠷᠢᠭ ᠠᠩᠭᠢ᠂ ᠣᠷᠣᠨ | ᠨᠤᠲᠤᠭ ᠤᠨ ᠵᠠᠰᠠᠭ ᠤᠨ ᠣᠷᠳᠣᠨ᠂ ᠠᠷᠠᠳ ᠤᠨ ᠵᠣᠬᠢᠶᠠᠨ ᠪᠠᠶᠢᠭᠤᠯᠤᠯᠲᠠ︾ ᠭᠤᠷᠪᠠᠨ ᠲᠠᠯ᠎ᠠ ᠶᠢᠨ ᠳᠣᠤᠷ᠎ᠠ | ᠣᠭᠲᠠᠷᠭᠤᠢ ᠶᠢᠨ ᠣᠷᠣᠨ ᠪᠦᠰᠡ ᠶᠢ ᠬᠠᠮᠵᠢᠯᠴᠠᠨ ᠬᠠᠮᠢᠶᠠᠷᠬᠤ ᠲᠣᠭᠲᠠᠯᠴᠠᠭ᠎ᠠ ᠶᠢ ᠦᠨᠳᠦᠰᠦᠨ ᠳᠤ ᠪᠠᠨ | ᠲᠡᠭᠦᠯᠳᠡᠷᠵᠢᠭᠦᠯᠬᠦ ᠶᠢ ᠳᠤᠷᠠᠳᠤᠨ ᠭᠠᠷᠭᠠᠪᠠ᠃ | ︽ᠬᠤᠷᠳᠤᠨ ᠦᠵᠡ︕ ᠲᠡᠭᠷᠢ ᠳᠡᠭᠡᠷ᠎ᠡ ᠠᠴᠠ ᠬᠤᠨᠢᠨ ᠮᠢᠬ᠎ᠠ ᠢᠷᠡᠵᠦ ᠪᠠᠶᠢᠨ᠎ᠠ︕︾᠃ 11 ᠳ᠋ᠦ᠋ᠭᠡᠷ | ᠰᠠᠷ᠎ᠠ ᠶᠢᠨ 30 ᠤ ᠡᠳᠦᠷ᠂ ᠪᠤᠭᠤᠲᠤ ᠬᠤᠲᠠ ᠶᠢᠨ ᠡᠪᠦᠯ ᠤᠨ ᠤᠯᠠᠷᠢᠯ ᠤᠨ ᠨᠠᠭᠠᠳᠤᠮ ᠤᠨ ᠬᠤᠷᠠᠯ ᠡᠬᠢᠯᠡᠬᠦ | ᠶᠣᠰᠣᠯᠠᠯ ᠵᠢᠴᠢ ᠤᠷᠤᠯᠳᠤᠭᠠᠨ ᠤ ᠮᠣᠷᠢᠨ ᠤ ︽ᠲᠣᠰᠬᠤᠨ ᠤ ᠬᠡᠳᠦ︾ ᠶᠢᠨ ᠥᠷᠢᠰᠥᠯᠳᠦᠭᠡᠨ ᠤ ᠤᠷᠤᠯᠳᠤᠭᠠᠨ · | ᠡᠪᠦᠯ ᠤᠨ ᠢᠳᠡᠰᠢ ᠶᠢᠨ ᠰᠣᠶᠣᠯ ᠤᠨ ᠠᠵᠢᠯᠯᠠᠭ᠎ᠠ ᠳᠤᠮᠳᠠ᠂ ᠬᠠᠩ ᠲᠢᠶᠠᠨ ᠱᠢ ᠳ᠋ᠠᠢ ᠹᠸᠢ ᠬᠤᠩ ᠰᠢᠯᠭᠠᠬᠤ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ FP981A ᠬᠦᠮᠦᠨ ᠦᠭᠡᠢ ᠨᠢᠰᠬᠡᠯ ᠤᠨ ᠪᠦᠯᠬᠦᠮ ᠨᠢ ᠬᠦᠮᠦᠨ ᠥᠬᠡᠶ | ᠨᠢᠰᠬᠡᠯ ᠢᠶᠠᠷ ᠳᠣᠣᠷ᠎ᠠ ᠣᠭᠲᠠᠷᠭᠤᠢ ᠪᠠᠷ ᠵᠥᠭᠡᠭᠡᠪᠦᠷᠢᠯᠡᠬᠦ ᠪᠠᠷ ᠳᠠᠮᠵᠢᠭᠤᠯᠤᠨ᠂ ᠰᠢᠨᠡᠬᠡᠨ ᠠᠯᠠᠵᠤ ᠨᠢᠲᠤᠯᠠᠭᠰᠠᠨ | ᠲᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢ ᠶᠢ ᠲᠢᠶᠠᠨ ᠢᠦᠶ ᠮᠥ ᠭᠧ ᠲᠠᠷᠢᠶᠠᠯᠠᠩ ᠮᠠᠯ ᠠᠵᠤ ᠠᠬᠤᠶ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠠᠴᠠ 10 ᠺᠢᠯᠤᠮᠧᠲᠷ ᠰᠢᠬᠠᠮ | ᠣᠶᠢᠷ᠎ᠠ ᠪᠠᠶᠢᠭ᠎ᠠ ᠪᠠᠲᠤᠬᠠᠭᠠᠯᠭ᠎ᠠ ᠶᠢᠨ ᠨᠠᠭᠠᠳᠤᠮ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠬᠦᠷᠲᠡᠯ᠎ᠡ | ᠳᠣᠣᠷ᠎ᠠ ᠣᠭᠲᠠᠷᠭᠤᠢ ᠪᠠᠷ ᠵᠥᠭᠡᠭᠡᠪᠦᠷᠢᠯᠡᠵᠦ᠂ ᠬᠤᠨᠢᠨ ᠮᠢᠬ᠎ᠠ ᠶᠢ ᠨᠢᠭᠡ ᠮᠥᠴᠡ ᠶᠢᠨ ᠳᠣᠲᠣᠷ᠎ᠠ ᠮᠠᠯᠵᠢᠯ ᠤᠨ | ᠲᠠᠯᠠᠪᠠᠢ ᠠᠴᠠ ᠲᠣᠭᠤᠭᠠᠨ ᠳᠤ ᠣᠷᠣᠭᠤᠯᠬᠤ ᠶᠠᠪᠤᠴᠠ ᠶᠢ ᠪᠡᠶᠡᠯᠡᠭᠦᠯᠪᠡ᠃ ᠳᠣᠣᠷ᠎ᠠ ᠣᠭᠲᠠᠷᠭᠤᠢ ᠶᠢᠨ ᠠᠵᠤ | ᠠᠬᠤᠢ ᠶᠢᠨ ᠬᠤᠰᠢᠭᠤᠴᠢ ᠮᠡᠷᠭᠡᠵᠢᠯ ᠪᠣᠯᠤᠨ ᠤᠯᠠᠮᠵᠢᠯᠠᠯᠲᠤ ᠠᠮᠲᠠᠲᠤ ᠢᠳᠡᠭᠡᠨ ᠤ ᠪᠡᠶᠡᠴᠢ ᠣᠶᠢᠯᠠᠭᠠᠯᠲᠠ ᠶᠢ | ᠬᠠᠷᠢᠯᠴᠠᠨ ᠠᠭᠤᠰᠤᠯᠴᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠥᠪᠡᠷᠮᠢᠴᠡ ᠰᠢᠨ᠎ᠡ ᠡᠬᠢᠯᠡᠯᠲᠡ ᠲᠠᠢ | ᠦᠪᠡᠳᠡᠭᠰᠢ ᠳᠠᠶᠢᠯᠠᠯᠭ᠎ᠠ ᠶᠢ ᠴᠣᠭᠴᠠᠯᠠᠪᠠ᠃ | ᠡᠭᠦᠨ ᠠᠴᠠ ᠡᠮᠦᠨ᠎ᠡ᠂ ᠶᠤᠸᠠᠨ ᠵᠢᠩ ᠲᠡᠭ ᠨᠡᠭᠦᠷᠡᠰᠦᠲᠥ᠋ᠷᠥᠭᠴᠢᠲᠦ ᠬᠤᠨᠳᠠᠭᠠᠲᠤ · ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ 2024 ᠤᠷᠤᠯᠳᠤᠭᠠᠨ ᠤ ᠮᠣᠷᠢᠨ ᠤ ︽ᠲᠣᠰᠬᠤᠨ ᠤ ᠬᠡᠳᠦ︾ ᠶᠢᠨ ᠬᠤᠯᠪᠣᠭᠠᠲᠤ | ᠤᠷᠤᠯᠳᠤᠭᠠᠨ ᠤ ᠲᠤᠬᠠᠶ ᠶᠢᠨ ᠲᠠᠯᠠᠪᠠᠶ ᠳᠤ᠂ ᠥᠪᠥᠷ ᠮᠣᠩᠭᠤᠯ ᠤᠨ ᠬᠤᠸᠠ ᠢ ᠨᠡᠶᠢᠳᠡᠮ ᠬᠡᠷᠡᠭᠯᠡᠭᠡᠨ ᠤ ᠠᠭᠠᠷ | ᠠᠶᠠᠯᠠᠯ ᠤᠨ ᠬᠢᠵᠠᠭᠠᠷᠲᠤ ᠺᠣᠮᠫᠠᠨᠢ ᠠᠴᠠ ᠳᠡᠮᠵᠢᠭᠰᠡᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠤᠷ᠎ᠠ | ᠣᠭᠲᠠᠷᠭᠤᠢ ᠵᠢᠨᠵᠢᠭᠤᠯᠴᠢᠯᠠᠯ ᠤᠨ ᠡᠭᠴᠡ ᠨᠢᠰᠬᠡᠯ ᠨᠢ ᠳᠥᠷᠪᠡᠨ ᠲᠠᠩ ᠴᠣᠭᠴᠠᠲᠤ ᠪᠠᠷᠢᠯᠭ᠎ᠠ᠂ ᠪᠠᠲᠤᠬᠠᠭᠠᠯᠭ᠎ᠠ | ᠪᠠᠯᠭᠠᠰᠤ ᠶᠢᠨ ᠭᠤᠤᠯ ᠬᠤᠲᠠ ᠶᠢᠨ ᠲᠣᠭᠤᠷᠢᠭ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠪᠠᠲᠤᠬᠠᠭᠠᠯᠭ᠎ᠠ ᠨᠢᠰᠬᠡᠯ ᠤᠨ ᠪᠠᠭᠤᠳᠠᠯ᠂ ᠲᠤᠤ ᠮᠠ ᠭᠧᠤ ᠲᠣᠰᠬᠤᠨ᠂ ᠰᠧ ᠯᠦ ᠮᠧᠩ ᠵᠢᠶᠦ᠋ᠨ ᠤ ᠦᠵᠡᠮᠵᠢ ᠶᠢᠨ | ᠣᠷᠣᠨ ᠳᠤ ᠠᠩᠬ᠎ᠠ ᠤᠳᠠᠭ᠎ᠠ ᠣᠯᠠᠨ ᠤ ᠡᠮᠦᠨ᠎ᠡ ᠢᠯᠡᠷᠡᠬᠦ ᠶᠢ ᠪᠡᠶᠡᠯᠡᠭᠦᠯᠦᠨ᠂ ᠵᠤᠭᠠᠴᠠᠭᠰᠠᠳ ᠤᠨ ᠬᠦᠮᠦᠨ ᠤ | ᠤᠷᠤᠰᠬᠠᠯ ᠠᠴᠠ ᠮᠤᠯᠲᠤᠷᠠᠨ ᠡᠭᠦᠯᠡᠨ ᠳᠡᠭᠡᠭᠦᠷ ᠨᠢᠰᠬᠦ ᠳᠣᠩᠰᠤᠯᠤᠮᠠ ᠲᠦᠷᠦᠭᠳᠡᠯ ᠢ ᠣᠶᠢᠯᠠᠭᠠᠬᠤ᠂ | ᠣᠭᠲᠠᠷᠭᠤᠢ ᠠᠴᠠ ᠠᠴᠠ ᠡᠬᠡ ᠭᠠᠵᠠᠷ ᠢ ᠥᠩᠭᠡᠶᠢᠨ ᠬᠠᠷᠠᠵᠤ᠂ ᠲᠠᠯ᠎ᠠ ᠨᠤᠲᠤᠭ ᠤᠨ ᠦᠵᠡᠰᠬᠦᠯᠡᠩᠲᠦ ᠰᠠᠶᠢᠬᠠᠨ | ᠥᠩᠭᠡ ᠦᠵᠡᠮᠵᠢ ᠲᠠᠢ ᠤᠴᠠᠷᠠᠬᠤ ᠳᠤ᠂ ᠳᠣᠣᠷ᠎ᠠ ᠣᠭᠲᠠᠷᠭᠤᠢ ᠶᠢᠨ ᠵᠢᠭᠤᠯᠴᠢᠯᠠᠯ ᠢ ᠬᠥᠭᠵᠢᠭᠦᠯᠬᠦ ᠬᠢᠵᠠᠭᠠᠯᠠᠰᠢ | ᠦᠭᠡᠢ ᠪᠣᠯᠤᠮᠵᠢ ᠶᠢ ᠬᠠᠩᠭᠠᠭᠰᠠᠨ ᠪᠠᠶᠢᠨ᠎ᠠ᠃ | ᠳᠣᠣᠷ᠎ᠠ ᠣᠭᠲᠠᠷᠭᠤᠢ ᠶᠢᠨ ᠠᠵᠤ ᠠᠬᠤᠢ ᠨᠢ ︽ᠣᠯᠠᠨ ᠬᠦᠷᠢᠶ᠎ᠡ ᠴᠠᠷᠠᠭ᠎ᠠ᠂ ᠠᠵᠢᠯ ᠲᠥᠷᠥᠯ ᠠᠯᠤᠰᠯᠠᠭᠰᠠᠨ | ᠂ ᠪᠦᠬᠦ ᠬᠡᠯᠬᠢᠶ᠎ᠡ︾ ᠶᠢᠨ ᠣᠨᠴᠠᠯᠢᠭ ᠲᠠᠢ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠰᠤᠨᠳᠠᠯᠠᠵᠤ | ᠂ ᠳᠡᠭᠡᠳᠦ ᠳᠤᠮᠳᠠ ᠳᠣᠣᠷᠠᠳᠤ ᠤᠷᠤᠰᠬᠠᠯ ᠤᠨ ᠪᠦᠬᠦ᠋ᠢᠯᠡ ᠬᠥᠭᠵᠢᠯᠲᠡ ᠶᠢᠨ ᠬᠡᠯᠬᠢᠶ᠎ᠡ ᠶᠢ ᠬᠠᠮᠤᠷᠴᠤ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤ ᠨᠢ ᠶᠠᠭ ︽ᠳᠣᠣᠷ᠎ᠠ ᠣᠭᠲᠠᠷᠭᠤᠢ ᠶᠢᠨ ᠠᠵᠤ ᠠᠬᠤᠶ︾ ᠪᠠᠷ ᠰᠠᠭᠤᠷᠢ | ᠪᠣᠯᠭᠠᠭᠰᠠᠨ ᠥᠷᠭᠡᠨ ᠳᠡᠯᠭᠡᠷ ᠬᠡᠷᠡᠭᠯᠡᠭᠡᠨ ᠤ ᠵᠢᠷᠤᠭ ᠲᠥᠰᠦᠪ ᠢ ᠪᠤᠶᠢᠵᠢᠭᠤᠯᠵᠤ ᠪᠠᠶᠢᠨ᠎ᠠ᠃ | ᠠᠷᠪᠠᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠦᠵᠡᠭᠦᠯᠦᠯᠭᠡ ᠳᠤ᠂ | ᠬᠠᠩ ᠲᠢᠶᠠᠨ ᠹᠸᠢ ᠬᠤᠩ ᠺᠣᠮᠫᠠᠨᠢ ᠲᠥᠷᠥᠯ ᠤᠭᠰᠠᠭᠠᠲᠤ ᠰᠢᠷᠢᠰᠵᠢᠭᠦᠯᠦᠭᠰᠡᠨ ᠲᠣᠨᠤᠭ | ᠲᠥᠬᠦᠭᠡᠷᠦᠮᠵᠢ ᠶᠢ ᠳᠠᠭᠠᠭᠤᠯᠤᠨ ᠣᠯᠠᠨ ᠤ ᠡᠮᠦᠨ᠎ᠡ ᠢᠯᠡᠷᠡᠵᠦ᠂ ᠬᠡᠯᠪᠡᠷᠢ ᠶᠢᠨ ᠲᠥᠯᠦᠪᠵᠢᠭᠦᠯᠭᠡ ᠨᠢ ᠪᠦᠷᠢᠨ | ᠪᠦᠲᠦᠨ᠂ ᠰᠢᠰᠲ᠋ᠧᠮ ᠨᠢ ᠳᠡᠭᠡᠳᠦ ᠬᠡᠮᠵᠢᠶ᠎ᠡ ᠪᠠᠷ ᠪᠡᠶ᠎ᠡ ᠪᠠᠨ ᠳᠠᠭᠠᠭᠠᠭᠰᠠᠨ ᠬᠦᠮᠦᠨ ᠦᠭᠡᠢ ᠨᠢᠰᠬᠡᠯ ᠤᠨ ᠰᠢᠷᠢᠰ | ᠦᠢᠯᠡᠳᠭᠦᠨ ᠢ ᠪᠦᠬᠦ ᠦᠵᠡᠮᠵᠢᠲᠦ ᠮᠠᠶ᠋ᠢᠭ ᠢᠶᠠᠷ ᠳᠡᠯᠭᠡᠨ ᠦᠵᠡᠭᠦᠯᠬᠦ ᠶᠢᠨ ᠬᠠᠮᠲᠤ ᠪᠠᠰᠠ ᠠᠭᠠᠷ ᠤᠨ ᠠᠶᠠᠯᠠᠯ ᠤᠨ | ᠦᠵᠡᠭᠦᠯᠦᠯᠭᠡ ᠶᠢᠨ ᠲᠤᠬᠠᠢ ᠶᠢᠨ ᠲᠠᠯᠠᠪᠠᠢ ᠳᠤ 2600 ᠺᠢᠯᠤᠮᠧᠲᠷ ᠤᠨ ᠭᠠᠳᠠᠨᠠᠬᠢ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ 091 ᠰᠠᠭᠤᠷᠢᠨ ᠭᠠᠵᠠᠷ ᠲᠠᠢ ᠬᠤᠯᠪᠣᠭᠠᠯᠠᠨ ᠬᠥᠳᠡᠯᠦᠯᠴᠡᠵᠦ᠂ FH-95 ᠬᠦᠮᠦᠨ | ᠦᠭᠡᠢ ᠨᠢᠰᠬᠡᠯ ᠤᠨ ᠪᠦᠯᠦᠭᠵᠢᠯ ᠤᠨ ᠴᠠᠭ ᠲᠤᠬᠠᠢ ᠳᠤ ᠨᠢ ᠬᠤᠯᠪᠣᠭᠠᠯᠠᠨ᠂ ᠠᠯᠤᠰ ᠡᠵᠡᠮᠰᠢᠯ ᠢᠶᠠᠷ ᠵᠢᠯᠣᠭᠤᠳᠤᠨ᠂ | ᠪᠤᠳᠤᠯᠢᠶᠠᠨᠲᠠᠢ ᠪᠠᠶᠢᠳᠠᠯ ᠳᠣᠣᠷᠠᠬᠢ ᠬᠦᠮᠦᠨ ᠦᠭᠡᠢ ᠨᠢᠰᠬᠡᠯ ᠤᠨ ᠪᠦᠯᠦᠭᠵᠢᠯ ᠤᠨ ᠪᠠᠶᠢᠯᠳᠤᠭᠠᠨ ᠤ ᠦᠵᠡᠭᠦᠯᠦᠯᠭᠡ ᠶᠢ | ᠪᠡᠶᠡᠯᠡᠭᠦᠯᠵᠦ᠂ ᠰᠢᠰᠲ᠋ᠧᠮᠵᠢᠭᠰᠡᠨ᠂ ᠪᠦᠯᠦᠭᠯᠡᠯᠵᠢᠭᠰᠡᠨ ᠬᠦᠮᠦᠨ ᠦᠭᠡᠢ ᠪᠠᠶᠢᠯᠳᠤᠭᠠᠨ ᠤ ᠴᠢᠳᠠᠪᠤᠷᠢ ᠶᠢ ᠪᠦᠬᠦ | ᠲᠠᠯ᠎ᠠ ᠪᠠᠷ ᠳᠡᠯᠭᠡᠨ ᠦᠵᠡᠭᠦᠯᠪᠡ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 091 ᠰᠠᠭᠤᠷᠢᠨ ᠭᠠᠵᠠᠷ ᠪᠣᠯ ᠳᠤᠮᠳᠠᠳᠤ ᠤᠯᠤᠰ ᠤᠨ | ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠠᠩᠬᠠᠳᠠᠭᠴᠢ ᠬᠥᠮᠦᠨ | ᠥᠬᠡᠶ ᠣᠶᠤᠨᠴᠢ ᠰᠢᠰᠲ᠋ᠧᠮ ᠢ ᠰᠤᠳᠤᠯᠤᠨ ᠪᠣᠯᠪᠠᠰᠤᠷᠠᠭᠤᠯᠬᠤ ᠰᠠᠭᠤᠷᠢᠨ ᠭᠠᠵᠠᠷ ᠪᠣᠯᠤᠨ᠎ᠠ᠃ ᠰᠠᠭᠤᠷᠢᠨ ᠭᠠᠵᠠᠷ ᠨᠢ | 7 000 ᠭᠠᠷᠤᠢ ᠮᠦ ᠭᠠᠵᠠᠷ ᠡᠵᠡᠯᠡᠨ᠂ ᠨᠢᠭᠡ ᠨᠡᠶᠢᠳᠡᠮ ᠨᠡᠪᠲᠡᠷᠡᠬᠦ ᠨᠢᠰᠬᠡᠯ ᠤᠨ ᠪᠠᠭᠤᠳᠠᠯ ᠲᠠᠢ᠂ ᠨᠢᠭᠡ ᠵᠤᠷᠪᠤᠰ | ᠤᠷᠲᠤ ᠨᠢ 2 800 ᠮᠧᠲᠷ᠂ ᠥᠷᠭᠡᠨ ᠨᠢ 45 ᠮᠧᠲᠷ ᠤᠨ ᠵᠡᠭᠦᠨᠰᠢ ᠪᠠᠷᠠᠭᠤᠨᠰᠢ ᠴᠢᠭᠯᠡᠯ ᠲᠠᠢ ᠭᠤᠯᠭᠤᠯᠲᠠ ᠶᠢᠨ | ᠵᠠᠮ ᠲᠠᠢ ᠪᠠᠶᠢᠵᠤ᠂ ᠠᠭᠠᠷ ᠤᠨ ᠣᠷᠣᠨ ᠪᠦᠰᠡ ᠶᠢᠨ ᠤᠷᠳᠤ ᠨᠢ 100 ᠺᠢᠯᠤᠮᠧᠲᠷ᠂ ᠥᠷᠭᠡᠨ ᠨᠢ 50 ᠺᠢᠯᠤᠮᠧᠲᠷ | ᠂ ᠦᠨᠳᠦᠷ ᠨᠢ 13 000 ᠮᠧᠲᠷ ᠪᠠᠶᠢᠳᠠᠭ᠃ ᠤᠯᠠᠨ ᠠᠴᠠ ᠳᠠᠪᠠᠭᠤ ᠨᠥᠬᠦᠴᠡᠯ ᠲᠠᠢ ᠲᠠᠯᠠᠪᠤᠷ ᠪᠠ ᠠᠭᠠᠷ ᠤᠨ | ᠣᠷᠣᠨ ᠪᠦᠰᠡ ᠲᠠᠢ ᠪᠠᠶᠢᠵᠤ᠂ ᠵᠢᠯᠣᠭᠤᠴᠢ ᠦᠭᠡᠢ ᠰᠢᠰᠲ᠋ᠧᠮ ᠤᠨ ᠲᠤᠷᠰᠢᠯᠲᠠ ᠬᠢᠵᠦ ᠬᠢᠨᠠᠨ ᠲᠣᠭᠲᠠᠭᠠᠬᠤ᠂ | ᠲᠤᠭ᠎ᠠ ᠪᠠ ᠪᠣᠲᠠᠲᠠᠢ ᠶᠢ ᠤᠶᠠᠯᠳᠤᠭᠤᠯᠤᠨ ᠵᠡᠷᠭᠡ ᠪᠠᠷ ᠤᠯᠠᠷᠢᠭᠤᠯᠬᠤ᠂ ᠴᠢᠳᠠᠪᠤᠷᠢᠲᠠᠨ ᠢ ᠬᠥᠮᠥᠵᠢᠭᠦᠯᠬᠦ᠂ | ᠦᠵᠡᠰᠬᠦᠯᠡᠩ ᠳᠡᠯᠭᠡᠨ ᠦᠵᠡᠭᠦᠯᠬᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠵᠡᠷᠭᠡ | ᠦᠢᠯᠡᠴᠢᠯᠡᠭᠡ ᠶᠢ ᠬᠠᠩᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠦᠮᠡ ᠭᠠᠷᠤᠢ ᠰᠤᠷᠤᠭᠴᠢ ᠶᠢ | ᠪᠣᠯᠪᠠᠰᠤᠷᠠᠭᠤᠯᠪᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 091 ᠰᠠᠭᠤᠷᠢᠨ ᠭᠠᠵᠠᠷ ᠲᠤ ᠲᠦᠰᠢᠭᠯᠡᠨ | ᠂ ᠬᠠᠩ ᠲᠢᠶᠠᠨ ᠹᠸᠢ ᠬᠤᠩ ᠺᠣᠮᠫᠠᠨᠢ ᠬᠦᠮᠦᠨ ᠥᠬᠡᠶ ᠰᠢᠰᠲ᠋ᠧᠮ ᠤᠨ ᠦᠢᠯᠡᠴᠢᠯᠡᠭᠡᠨ ᠤ ᠣᠶᠢᠯᠠᠭᠠᠭᠳᠠᠬᠤᠨ ᠪᠠ ᠬᠡᠪ | ᠵᠠᠭᠪᠤᠷ ᠢ ᠰᠢᠨᠡᠴᠢᠯᠡᠵᠦ᠂ ᠥᠪᠥᠷ ᠮᠣᠩᠭᠤᠯ ᠤᠨ ᠴᠢᠨᠠᠷ ᠰᠠᠶᠢᠲᠠᠶ ᠲᠤᠷᠰᠢᠯᠲᠠ᠂ ᠫᠤᠤᠳᠠᠯᠭ᠎ᠠ ᠶᠢᠨ ᠲᠠᠯᠠᠪᠠᠶ᠂ | ᠠᠭᠠᠷ ᠤᠨ ᠣᠷᠣᠨ ᠪᠦᠰᠡ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠠᠭᠤᠷᠢᠨ ᠭᠠᠵᠠᠷ ᠢᠶᠠᠷ ᠲᠥᠪ ᠪᠣᠯᠭᠠᠨ᠂ | ︽ᠵᠡᠭᠦᠨ ᠪᠠᠷᠠᠭᠤᠨ ᠢ ᠨᠡᠪᠲᠡᠷᠡᠭᠦᠯᠵᠦ᠂ ᠡᠮᠦᠨ᠎ᠡ ᠤᠮᠠᠷ᠎ᠠ ᠳᠤ ᠲᠤᠭᠤᠰᠢᠯᠠᠭᠤᠯᠬᠤ︾ ᠲᠤᠷᠰᠢᠯᠲᠠ ᠶᠢᠨ ᠲᠠᠯᠠᠪᠤᠷ | ᠣᠷᠣᠨ ᠢ ᠪᠠᠶᠢᠭᠤᠯᠵᠤ᠂ ᠬᠥᠮᠦᠨ ᠥᠬᠡᠶ ᠰᠢᠰᠲ᠋ᠧᠮ ᠤᠨ ᠲᠤᠷᠰᠢᠯᠲᠠ ᠶᠢᠨ ᠨᠢᠰᠦᠯᠲᠡ᠂ ︽ᠳᠣᠤᠷ᠎ᠠ ᠣᠭᠲᠠᠷᠭᠤᠢ | +︾ ᠬᠡᠷᠡᠭᠯᠡᠭᠡᠨ ᠤ ᠪᠠᠶᠢᠳᠠᠯ ᠵᠡᠷᠭᠡ ᠬᠠᠮᠢᠶ᠎ᠠ ᠪᠥᠬᠦᠶ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠬᠥᠲᠥᠯᠥᠨ | ᠳᠠᠭᠠᠭᠤᠯᠵᠤ᠂ ᠬᠥᠮᠦᠨ ᠥᠬᠡᠶ ᠰᠢᠰᠲ᠋ᠧᠮ ᠤᠨ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠤᠷᠠᠳᠤ | ᠤᠷᠤᠰᠬᠠᠯ ᠤᠨ ᠠᠵᠤ ᠠᠬᠤᠶᠢᠯᠠᠯ ᠳᠤ ᠴᠢᠨᠠᠷ ᠰᠠᠶᠢᠲᠠᠶ ᠦᠢᠯᠡᠴᠢᠯᠡᠭᠡ ᠬᠠᠩᠭᠠᠪᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ︽ᠳᠣᠣᠷ᠎ᠠ ᠣᠭᠲᠠᠷᠭᠤᠢ ᠶᠢᠨ ᠠᠵᠤ ᠠᠬᠤᠶ +︾ | ᠪᠠᠶᠢᠳᠠᠯ ᠤᠨ ᠬᠡᠷᠡᠭᠯᠡᠯᠲᠡ ᠶᠢᠨ ᠣᠯᠠᠨ ᠶᠠᠩᠵᠤᠴᠢᠯᠠᠯᠲᠠ ᠶᠢ ᠲᠠᠰᠤᠷᠠᠯᠲᠠ ᠥᠬᠡᠶ ᠬᠠᠶᠢᠨ ᠰᠦᠪᠡᠭᠴᠢᠯᠡᠵᠦ | ᠥᠷᠭᠡᠳᠬᠡᠵᠦ ᠪᠣᠢ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢᠦᠶ ᡁᠢ ᠭᠠᠩ᠄ ︽ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ ᠳᠡᠭᠡᠳᠦ ᠱᠠᠲᠤᠨ ᠤ ᠪᠠᠯᠠ ᠮᠥᠩᠭᠦ ᠶᠢ ᠲᠡᠮᠡᠴᠡᠨ ᠣᠯᠵᠤ᠂ 14 ᠳ᠋ᠠ ᠵᠢᠶᠠᠩ | ᠲᠡᠮᠳᠡᠭᠲᠦ ᠬᠦᠮᠦᠨ ᠥᠬᠡᠶ ᠨᠢᠰᠬᠡᠯ ᠢ ᠲᠥᠪᠯᠡᠷᠡᠭᠦᠯᠦᠨ ᠬᠤᠳᠠᠯᠳᠤᠨ ᠠᠪᠴᠤ᠂ 12 ᠰᠤᠮᠤ ᠰᠢᠶᠠᠩ ᠪᠠᠯᠭᠠᠰᠤ ᠳᠤ | ᠲᠣᠰ ᠲᠣᠰ ᠨᠢᠭᠡ ᠢᠵᠢ ᠳᠣᠭᠢᠷᠠᠭᠤᠯᠤᠨ ᠲᠠᠷᠬᠠᠭᠠᠵᠤ᠂ ᠭᠤᠤᠯᠳᠠᠭᠤ ᠪᠥᠬᠦ ᠬᠤᠰᠢᠭᠤᠨ ᠤ ᠪᠡᠯᠴᠢᠭᠡᠷᠯᠡᠭᠦᠯᠬᠦ ᠶᠢ | ᠴᠠᠭᠠᠵᠠᠯᠠᠬᠤ ᠰᠡᠯᠭᠦᠨ ᠪᠡᠯᠴᠢᠭᠡᠷᠯᠡᠭᠦᠯᠬᠦ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠲᠣᠭᠤᠷᠢᠨ | ᠪᠠᠶᠢᠴᠠᠭᠠᠵᠤ ᠬᠢᠨᠠᠨ ᠬᠠᠮᠢᠶᠠᠷᠬᠤ ᠳᠤ ᠬᠡᠷᠡᠭᠯᠡᠪᠡ︾ ᠭᠡᠵᠦ ᠲᠠᠨᠢᠯᠴᠠᠭᠤᠯᠪᠠ᠃ ᠡᠭᠦᠨ ᠤ ᠬᠠᠮᠲᠤ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤ ᠦᠷᠭᠦᠯᠵᠢᠯᠡᠨ ᠬᠦᠮᠦᠨ ᠥᠬᠡᠶ ᠨᠢᠰᠬᠡᠯ ᠤᠨ ᠬᠢᠨᠠᠨ ᠬᠡᠮᠵᠢᠬᠦ ᠬᠡᠪᠴᠢᠶ᠎ᠡ | ᠥᠷᠭᠡᠨ᠂ ᠣᠨᠣᠪᠴᠢᠲᠤ ᠴᠢᠨᠠᠷ ᠢᠶᠠᠷ ᠥᠨᠳᠥᠷ᠂ ᠡᠵᠡᠮᠳᠡᠵᠦ ᠪᠣᠯᠬᠤᠶᠢᠴᠠ ᠴᠢᠨᠠᠷ ᠢᠶᠠᠷ ᠴᠢᠩᠭ᠎ᠠ ᠳᠠᠪᠠᠭᠤᠯᠢᠭ | ᠲᠠᠯ᠎ᠠ ᠶᠢ ᠦᠷᠭᠦᠯᠵᠢᠯᠡᠨ ᠠᠰᠢᠭᠯᠠᠵᠤ᠂ ᠲᠣᠭᠤᠷᠢᠨ ᠪᠠᠶᠢᠴᠠᠭᠠᠬᠤ ᠬᠡᠪᠴᠢᠶ᠎ᠡ ᠪᠠᠨ ᠥᠷᠭᠡᠳᠬᠡᠵᠦ᠂ ᠣᠶ ᠰᠢᠭᠤᠢ ᠶᠢᠨ | ᠦᠢᠯᠡᠰ ᠤᠨ ᠠᠵᠢᠯ ᠳᠤ ᠬᠦᠴᠦᠨ ᠨᠡᠮᠡᠷᠢᠯᠡᠵᠦ᠂ ᠪᠠᠶᠢᠩᠭᠤ ᠶᠢᠨ ᠲᠣᠭᠤᠷᠢᠨ ᠬᠠᠮᠠᠭᠠᠯᠠᠯᠲᠠ ᠶᠢ ᠪᠡᠶᠡᠯᠡᠭᠦᠯᠦᠨ᠂ ᠪᠥᠬᠦ | ᠬᠤᠰᠢᠭᠤᠨ ᠤ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠵᠤ᠂ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠬᠢᠵᠢᠭᠦᠯᠬᠦ ᠳᠤ ᠪᠠᠲᠤ ᠪᠠᠬᠢ ᠪᠠᠲᠤᠯᠠᠭ᠎ᠠ ᠬᠠᠩᠭᠠᠬᠤ ᠪᠠᠷ ᠪᠣᠢ᠃ | ᠬᠥᠮᠥᠨ ᠲᠥᠷᠥᠯᠬᠢᠲᠡᠨ ᠤ ᠣᠭᠲᠠᠷᠭᠤᠢ ᠶᠢᠨ ᠲᠤᠬᠠᠢ ᠬᠦᠰᠡᠯ ᠡᠷᠡᠮᠡᠯᠵᠡᠯ ᠨᠢ ᠥᠨᠳᠥᠷ ᠣᠭᠲᠠᠷᠭᠤᠢ ᠶᠢᠨ | ᠠᠷᠠᠳ ᠤᠨ ᠠᠭᠠᠷ ᠤᠨ ᠠᠶᠠᠯᠠᠯ ᠪᠣᠯᠣᠨ ᠰᠠᠨᠰᠠᠷ ᠤᠨ ᠠᠶᠠᠯᠠᠯ ᠳᠤ ᠬᠢᠵᠠᠭᠠᠷᠯᠠᠭᠳᠠᠬᠤ ᠦᠭᠡᠢ ᠪᠣᠯᠵᠤ᠂ ᠳᠣᠣᠷ᠎ᠠ | ᠣᠭᠲᠠᠷᠭᠤᠢ ᠶᠢᠨ ᠬᠦᠷᠢᠶ᠎ᠡ ᠳᠤ ᠣᠳᠣ ᠶᠠᠭ ᠨᠢᠭᠡᠨ ᠤᠳᠠᠭᠠᠨ ᠤ ᠬᠤᠪᠢᠰᠤᠯᠲᠠ ᠰᠡᠮᠡᠭᠡᠷ ᠭᠠᠷᠴᠤ ᠪᠠᠶᠢᠨ᠎ᠠ᠃ ᠠᠯᠢ | ᠤᠯᠠᠨ ᠬᠡᠷᠡᠭᠯᠡᠭᠡᠨ ᠤ ᠬᠦᠷᠢᠶ᠎ᠡ ᠴᠠᠷᠠᠭ᠎ᠠ ᠶᠢᠨ ᠣᠨᠢᠰᠤ ᠶᠢ ᠠᠯᠳᠠᠷᠠᠭᠠᠵᠤ᠂ ᠳᠣᠣᠷ᠎ᠠ ᠣᠭᠲᠠᠷᠭᠤᠢ ᠶᠢᠨ ᠠᠵᠤ ᠠᠬᠤᠢ | ᠭᠡᠬᠦ ᠡᠨᠡᠬᠦ ᠰᠢᠨ᠎ᠡ ᠪᠠᠷ ᠮᠠᠨᠳᠤᠭᠰᠠᠨ ᠤᠷᠤᠯᠳᠤᠭᠠᠨ ᠤ ᠵᠠᠮ ᠳᠡᠭᠡᠷ᠎ᠡ᠂ ᠳᠠᠷᠬᠠᠨ ᠮᠤᠤᠮᠢᠩᠭᠠᠨ ᠬᠤᠰᠢᠭᠤ ᠰᠢᠨ᠎ᠡ | ᠨᠡᠮᠡᠭᠳᠡᠯ ᠤᠨ ᠲᠤᠶᠢᠯ ᠢᠶᠠᠨ ᠬᠥᠭᠵᠢᠭᠦᠯᠵᠦ᠂ ᠬᠢᠵᠠᠭᠠᠯᠠᠰᠢ ᠦᠭᠡᠢ ᠪᠣᠯᠣᠯᠴᠠᠭ᠎ᠠ ᠪᠦᠬᠦᠢ ᠰᠢᠨ᠎ᠡ ᠣᠷᠣᠨ ᠵᠠᠢ ᠶᠢ | ᠨᠡᠭᠡᠭᠡᠵᠦ ᠪᠤᠢ᠃ |