﹇ᠵᠢᠯ ᠤᠨ ᠡᠴᠤᠰ ᠤᠨ ᠣᠨᠴᠠ ᠲᠥᠰᠥᠪᠯᠡᠯ﹈ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠨᠡ ᠨᠢᠭᠡ ᠵᠢᠯ • 2024 ᠵᠠᠩᠭᠢᠯᠠᠭ᠎ᠠ ᠶᠢᠨ ᠦᠭᠡ — ᠨᠣᠭᠤᠭᠠᠨ ᠥᠩᠭᠡ ᠶᠢ ᠬᠥᠭᠡᠭᠡᠴᠡᠯᠳᠦᠬᠦ
ᠨᠡᠶᠢᠲᠡᠯᠡᠭᠰᠡᠨ ᠴᠠᠭ᠄
2024/12/30
      ᠨᠣᠭᠤᠭᠠᠨ ᠥᠩᠭᠡ ᠶᠢ ᠬᠥᠭᠡᠭᠡᠴᠡᠯᠳᠦᠬᠦ ᠄ ᠰᠠᠶᠢᠬᠠᠨ ᠤ ᠵᠦᠭ᠂ ᠰᠢᠯᠢᠳᠡᠭ ᠤᠨ ᠵᠦᠭ ᠂ ᠰᠢᠨ᠎ᠡ ᠱᠠᠲᠤᠨ ᠤ ᠵᠦᠭ       ᠲᠤᠭᠤᠷᠭ᠎ᠠ ᠰᠢᠭ᠋ ᠬᠦᠮᠦᠭᠡᠷ ᠲᠡᠭᠷᠢ᠂ ᠳᠦᠷᠪᠡᠨ ᠵᠦᠭ ᠢ ᠬᠦᠮᠦᠷᠢᠨ ᠪᠦᠲᠦᠭᠡᠪᠡᠢ ᠃ ᠬᠠᠷᠠᠭ᠎ᠠ ᠬᠦᠷᠦᠭᠰᠡᠨ ᠭᠠᠵᠠᠷ ᠲᠤ᠂ ᠨᠣᠭᠤᠭᠠᠨ ᠲᠠᠯ᠎ᠠ ᠬᠢᠵᠠᠭᠠᠯᠠᠰᠢ ᠦᠭᠡᠢ᠃ᠦᠡᠭᠭᠡᠷᠡᠭᠰᠡᠨ ᠤ ᠨᠢᠴᠦᠭᠦᠨ ᠭᠠᠵᠠᠷ ᠰᠢᠷᠣᠢ ᠰᠢᠨ᠎ᠡ ᠨᠣᠭᠤᠭᠠᠨ ᠥᠩᠭᠡ ᠶᠢ ᠨᠥᠮᠦᠷᠢᠵᠦ᠂ ᠲᠡᠭᠷᠢ ᠨᠠᠭᠤᠷ ᠠᠮᠢᠵᠢᠷᠠᠯ ᠤᠨ ᠬᠦᠴᠦᠨ ᠪᠠᠳᠠᠷᠠᠨ᠎ᠠ ᠁ ᠲᠠᠷᠬᠠᠨ ᠮᠤᠤᠮᠢᠩᠭᠠᠨ ᠤ ᠲᠠᠯ᠎ᠠ ᠨᠤᠲᠤᠭ ᠢᠶᠠᠷ ᠠᠶᠠᠯᠠᠬᠤ ᠳᠤ᠂ ᠬᠦᠬᠡ ᠲᠩᠷᠢ ᠴᠠᠭᠠᠨ ᠡᠭᠦᠯᠡ  ᠨᠢ ᠵᠢᠷᠤᠭ ᠮᠡᠲᠦ ᠂ ᠬᠥᠬᠡᠮᠳᠦᠭ ᠠᠭᠤᠯᠠ ᠨᠣᠭᠤᠭᠠᠨ ᠤᠰᠤ ᠰᠢᠯᠦᠭ ᠰᠢᠭ ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠡᠮᠬᠢᠯᠡᠬᠦ ᠳᠤ᠂ ᠨᠢᠭᠡᠨ ᠵᠤᠷᠪᠤᠰ ᠰᠤᠳᠠᠰᠤ ᠨᠢ ᠡᠳᠦᠷ ᠢᠷᠡᠬᠦᠶ᠎ᠡ ᠲᠣᠳᠣᠷᠬᠠᠢ ᠪᠣᠯᠣᠨ᠎ᠠ᠄ ᠨᠣᠭᠤᠭᠠᠨ ᠥᠩᠭᠡ ᠶᠢ ᠬᠥᠭᠡᠭᠡᠴᠡᠯᠳᠦᠨ ᠤᠷᠤᠭᠰᠢᠯᠠᠵᠤ᠂ ᠨᠣᠭᠤᠭᠠᠨ ᠥᠩᠭᠡ ᠪᠠᠷ ᠬᠥᠭᠵᠢᠨ ᠮᠠᠨᠳᠤᠨ᠎ᠠ      ᠤᠢᠢᠷ᠎ᠠ ᠶᠢᠨ ᠵᠢᠯ ᠠᠴᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠂ ︽ᠬᠥᠬᠡᠮᠳᠦᠭ ᠠᠭᠤᠯᠠ ᠨᠣᠭᠤᠭᠠᠨ ᠤᠰᠤ ᠪᠣᠯ ᠠᠯᠳᠠ ᠮᠥᠩᠭᠦᠨ ᠠᠭᠤᠯᠠ ︾ ᠭᠡᠬᠦ ᠣᠨᠣᠯᠵᠢᠬᠤᠨ ᠢ ᠦᠢᠯᠡᠳᠦᠯᠭᠡᠵᠢᠭᠦᠯᠵᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠮᠢ ᠠᠬᠤᠢ ᠪᠠᠷ ᠬᠤᠰᠢᠭᠤ ᠪᠠᠨ ᠪᠤᠰᠬᠠᠬᠤ︾ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ᠠᠮᠢ ᠠᠬᠤᠢ ᠶᠢᠨ ᠤᠯᠠᠭᠠᠨ ᠱᠤᠭᠤᠮ ᠪᠣᠯᠤᠨ ᠨᠣᠭᠤᠭᠠᠨ ᠥᠩᠭᠡ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮᠵᠢᠭᠦᠯᠦᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠶᠢᠨ ︽ᠨᠣᠭᠤᠭᠠᠨ ᠠᠭᠤᠯᠤᠭᠳᠠᠴᠠ︾ ᠶᠢ ᠲᠠᠰᠤᠷᠠᠯᠲᠠ ᠦᠭᠡᠢ ᠨᠡᠮᠡᠭᠳᠡᠭᠦᠯᠵᠦ᠂ ︽ᠰᠢᠯᠦᠭ ᠪᠣᠯᠤᠨ ᠠᠯᠤᠰ ᠢᠷᠡᠭᠡᠳᠦᠢ︾ ᠶᠢᠨ ᠰᠠᠶᠢᠨ ᠰᠠᠶᠢᠬᠠᠨ ᠦᠵᠡᠮᠵᠢᠲᠦ ᠵᠢᠷᠤᠭ ᠢ ᠭᠠᠷ ᠬᠦᠷᠦᠯᠴᠡᠬᠦᠶᠢᠴᠡ ᠪᠣᠯᠭᠠᠪᠠ ᠃      ᠡᠨᠡ ᠨᠢᠭᠡ ᠵᠢᠯ ᠳᠤ᠂ ᠪᠢᠳᠡ ᠮᠠᠯ ᠪᠡᠯᠴᠢᠭᠡᠷ ᠤᠨ ᠲᠡᠩᠴᠡᠭᠦᠷᠢ ᠶᠢ ᠦᠷᠭᠦᠯᠵᠢᠯᠡᠨ ᠠᠩᠬᠠᠷᠴᠤ᠂ ᠤᠯᠠᠨ ᠵᠦᠢᠯ ᠤᠨ ᠬᠡᠪ ᠵᠠᠭᠪᠤᠷ ᠢᠶᠠᠷ ᠳᠠᠮᠵᠢᠭᠤᠯᠤᠨ ᠪᠣᠬᠢᠷᠲᠤᠯ ᠦᠭᠡᠢ ᠡᠷᠭᠢᠯᠲᠡ ᠶᠢ ᠪᠡᠶᠡᠯᠡᠭᠦᠯᠪᠡ︔      ᠡᠨᠡ ᠨᠢᠭᠡ ᠵᠢᠯ ᠳᠤ᠂ ᠪᠢᠳᠡ ︽ᠨᠢᠭᠡᠳᠦᠯᠲᠡᠶ ᠳᠠᠷᠢᠵᠤ ᠨᠢᠭᠡᠳᠦᠯᠲᠡᠶ ᠲᠡᠵᠢᠭᠡᠬᠦ︾ ᠪᠠᠷ ᠳᠠᠮᠵᠢᠭᠤᠯᠤᠨ᠂ ᠭᠠᠴᠠᠭ᠎ᠠ ᠲᠣᠰᠬᠤᠨ ᠤ ᠬᠠᠮᠲᠤ ᠨᠡᠶᠢᠲᠡ ᠠᠰᠢᠭ ᠬᠤᠨᠵᠢᠪᠣᠷᠢ ᠲᠠᠢ᠂ ᠮᠠᠯᠴᠢᠨ ᠲᠠᠷᠢᠶᠠᠴᠢᠨ ᠠᠰᠢᠭ ᠭᠥᠷᠳᠡᠭᠰᠡᠨ ᠰᠠᠶᠢᠨ ᠬᠥᠳᠡᠯᠦᠯᠴᠡᠯ ᠢ ᠪᠡᠶᠡᠯᠡᠭᠦᠯᠪᠡ︔      ᠡᠨᠡ ᠨᠢᠭᠡ ᠵᠢᠯ ᠳᠤ᠂ ︽ᠳᠠᠷᠬᠠᠨ ᠮᠤᠤᠮᠢᠩᠭᠠᠨ ᠲᠠᠯ᠎ᠠ ᠨᠤᠲᠤᠭ ᠤᠨ ᠬᠤᠨᠢ︾ ᠶᠢ ᠥᠪᠥᠷ ᠮᠣᠩᠭᠤᠯ ᠤᠨ ᠨᠠᠷᠠᠲᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠪᠣᠯᠭᠠᠵᠤ᠂ 41.97 ᠳ᠋ᠦᠩᠰᠢᠭᠤᠷ ᠲᠥᠭᠦᠷᠢᠭ ᠤᠨ ᠥᠷᠲᠡᠭ ᠢ ᠵᠢᠱᠢᠵᠦ ᠂ ᠠᠮᠢ ᠠᠬᠤᠶ ᠪᠠᠷ ᠬᠦᠴᠦᠨ ᠣᠯᠭᠤᠵᠤ᠂ ᠥᠷᠲᠡᠭ ᠤᠨ ᠬᠤᠪᠢᠷᠠᠭᠤᠯᠤᠯᠲᠠ ᠶᠢ ᠠᠬᠢᠭᠤᠯᠪᠠ︔      ᠡᠨᠡ ᠨᠢᠭᠡ ᠵᠢᠯ ᠳᠤ᠂ ᠪᠢᠳᠡ ᠰᠢᠰᠲ᠋ᠧᠮ ᠲᠠᠢ ᠬᠡᠷᠡᠭᠵᠢᠭᠦᠯᠦᠨ ᠵᠠᠰᠠᠵᠤ᠂ ᠭᠤᠣᠯ ᠮᠥᠷᠡᠨ ᠪᠠ ᠭᠤᠣᠯ ᠮᠥᠷᠡᠨ ᠤ ᠬᠤᠭᠤᠷᠣᠨᠳᠣᠬᠢ ︽ᠬᠢᠯᠭᠠᠰᠤᠨ ᠰᠤᠳᠠᠯ︾ ᠢ ᠨᠡᠪᠲᠡᠷᠡᠭᠦᠯᠵᠦ᠂ ︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ︾ ᠢᠶᠠᠷ ︽ᠭᠤᠣᠯ ᠮᠥᠷᠡᠨ ᠨᠠᠭᠤᠷ ᠴᠥᠭᠦᠷᠥᠮ ᠤᠨ ᠤᠷᠲᠤ ᠵᠠᠰᠠᠯᠲᠠ︾ ᠶᠢ ᠲᠦᠯᠬᠢᠨ ᠠᠬᠢᠭᠤᠯᠪᠠ᠃      ᠡᠨᠡ ᠨᠢᠭᠡ ᠵᠢᠯ ᠳᠤ᠂ ᠪᠢᠳᠡ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠵᠠᠰᠠᠨ ᠰᠡᠷᠭᠦᠭᠡᠬᠦ ᠶᠢ ᠦᠷᠭᠦᠯᠵᠢᠯᠡᠨ ᠲᠦᠯᠬᠢᠨ ᠠᠬᠢᠭᠤᠯᠵᠤ᠂ 5000 ᠭᠠᠷᠤᠢ ᠮᠦ ᠡᠬᠡ ᠭᠠᠵᠠᠷ ᠤᠨ ︽ᠰᠢᠷᠬ᠎ᠠ︾ ᠶᠢ ᠵᠠᠰᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠲᠠᠰᠤᠷᠠᠯᠲᠠ ᠦᠭᠡᠢ ᠲᠦᠯᠬᠢᠨ ᠠᠬᠢᠭᠤᠯᠬᠤ ᠢᠳᠡᠷᠡᠭᠦᠨ ᠠᠯᠬᠤᠭ᠎ᠠ ᠶᠢ ᠣᠯᠵᠤ ᠬᠠᠷᠠᠪᠠ ᠃ᠮᠠᠯ ᠪᠡᠯᠴᠢᠭᠡᠷ ᠤᠨ ᠲᠡᠩᠴᠡᠭᠦᠷᠢ      ᠨᠤᠲᠤᠭ ᠪᠡᠯᠴᠢᠭᠡᠷ ᠤᠨ ᠬᠡᠲᠦᠷᠡᠲᠡᠯ᠎ᠡ ᠮᠠᠯᠵᠢᠬᠤ ᠠᠰᠠᠭᠤᠳᠠᠯ ᠢ ᠬᠡᠷᠬᠢᠨ ᠰᠢᠢᠳᠪᠦᠷᠢᠯᠡᠵᠦ᠂ ᠮᠠᠯ ᠪᠡᠯᠴᠢᠭᠡᠷ ᠤᠨ ᠲᠡᠩᠴᠡᠭᠦᠷᠢ ᠶᠢ ᠬᠡᠷᠬᠢᠨ ᠪᠡᠶᠡᠯᠡᠭᠦᠯᠬᠦ ᠪᠤᠢ︖      ᠨᠢᠭᠡ ᠬᠦᠴᠢᠷ ᠠᠰᠠᠭᠤᠳᠠᠯ ᠳᠤ᠂ ᠣᠯᠠᠨ ᠵᠦᠢᠯ ᠤᠨ ᠰᠢᠢᠳᠪᠦᠷᠢᠯᠡᠬᠦ ᠠᠷᠭ᠎ᠠ ᠲᠠᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢᠳᠦ ᠭᠡᠷᠡᠯᠲᠦᠭᠦᠯᠦᠮ᠎ᠡ ᠬᠠᠷᠢᠭᠤᠯᠲᠠ ᠶᠢᠨ ᠬᠠᠭᠤᠳᠠᠰᠤ ᠲᠤᠰᠢᠶᠠᠪᠠ ᠄ ︽ᠣᠶᠤᠨᠴᠢ ᠮᠠᠯᠵᠢᠯ ᠤᠨ ᠲᠠᠯᠠᠪᠠᠢ︾ ᠶᠢ ᠪᠦᠲᠦᠭᠡᠨ ᠪᠠᠶᠢᠭᠤᠯᠵᠤ᠂ ᠪᠡᠯᠴᠢᠭᠡᠷ ᠤᠨ ᠪᠠᠭᠲᠠᠭᠠᠮᠵᠢ ᠶᠢ ᠬᠤᠪᠢᠷᠠᠭᠤᠯᠬᠤ ᠦᠭᠡᠢ ᠪᠠᠶᠢᠳᠠᠯ ᠳᠣᠣᠷ᠎ᠠ᠂ ᠪᠡᠯᠴᠢᠭᠡᠷ ᠤᠨ ᠳᠠᠷᠤᠯᠲᠠ ᠶᠢ ᠬᠥᠩᠭᠡᠷᠡᠭᠦᠯᠦᠨ ᠂ ᠬᠡᠪᠡᠷᠡᠭ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠨ ᠬᠥᠭᠵᠢᠭᠦᠯᠵᠦ ᠴᠢᠳᠠᠬᠤ ᠪᠠᠷ ᠪᠠᠷᠠᠬᠤ ᠦᠭᠡᠢ᠂ ᠪᠠᠰᠠ ᠮᠠᠯᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠵᠦ ᠴᠢᠳᠠᠨ᠎ᠠ ︔ ︽ᠮᠠᠯ ᠣᠷᠣᠨ ᠤ ᠰᠣᠶᠣᠯ ᠵᠢᠭᠤᠯᠴᠢᠯᠠᠯ ︾ ᠢ ᠠᠭᠤᠰᠤᠯᠴᠠᠭᠤᠯᠬᠤ ᠶᠢ ᠭᠦᠨᠵᠡᠭᠡᠶᠢᠷᠡᠭᠦᠯᠵᠦ᠂ ᠮᠠᠯᠵᠢᠬᠤ ᠣᠷᠣᠨ ᠤ ᠠᠵᠤ ᠦᠢᠯᠡᠰ ᠢᠶᠠᠷ ᠰᠠᠭᠤᠷᠢ ᠪᠣᠯᠭᠠᠵᠤ᠂ ᠮᠠᠯ ᠲᠡᠵᠢᠭᠡᠬᠦ ᠶᠢᠨ ᠬᠠᠮᠲᠤ ᠮᠠᠯᠵᠢᠬᠤ ᠣᠷᠣᠨ ᠤ ᠵᠢᠭᠤᠯᠴᠢᠯᠠᠯ ᠢ ᠢᠳᠡᠪᠬᠢᠲᠡᠢ ᠬᠥᠭᠵᠢᠭᠦᠯᠵᠦ᠂ ᠦᠢᠯᠡᠳᠪᠦᠷᠢᠯᠡᠯ᠂ ᠪᠣᠯᠪᠠᠰᠤᠷᠠᠭᠤᠯᠤᠯᠲᠠ᠂ ᠦᠢᠯᠡᠴᠢᠯᠡᠭᠡ ᠵᠡᠷᠭᠡ ᠭᠤᠷᠪᠠᠨ ᠭᠤᠭᠴᠣᠭᠠᠨ ᠤ ᠬᠤᠯᠪᠣᠭᠠᠯᠠᠨ ᠬᠥᠳᠡᠯᠦᠯᠴᠡᠵᠦ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠪᠠ ︔ ︽ᠮᠠᠯ ᠤᠨ ᠡᠭᠦᠯᠳᠡᠷ ᠢ ᠰᠠᠶᠢᠵᠢᠷᠠᠭᠤᠯᠬᠤ︾  ᠨᠢ ︽ᠴᠥᠭᠡᠨ ᠲᠡᠵᠢᠭᠡᠵᠦ ᠨᠠᠷᠢᠯᠢᠭ ᠠᠷᠠᠴᠢᠯᠠᠬᠤ︾ ᠲᠠᠯ᠎ᠠ ᠨᠤᠲᠤᠭ ᠤᠨ ᠦᠷᠭᠦᠯᠵᠢᠯᠡᠬᠦ ᠲᠡᠵᠢᠭᠡᠨ ᠦᠷᠡᠵᠢᠭᠦᠯᠬᠦ ᠵᠠᠮ ᠢᠶᠠᠷ ᠵᠠᠮᠨᠠᠵᠤ᠂ ᠨᠣᠯᠤᠤᠷ ᠤᠨ ᠢᠮᠠᠭ᠎ᠠ ᠶᠢ ︽ᠪᠠᠶᠠᠵᠢᠯ ᠤᠨ ᠢᠮᠠᠭ᠎ᠠ ︾ ᠪᠣᠯᠭᠠᠪᠠ᠃ ᠨᠤᠲᠤᠭ ᠪᠡᠯᠴᠢᠭᠡᠷ ᠤᠨ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠰᠢᠪᠲᠤᠯᠤᠯᠲᠠ ᠶᠢᠨ ᠪᠠᠶᠢᠯᠳᠤᠭᠠᠨ ᠤ ᠳᠤᠮᠳᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠡᠯᠴᠢᠭᠡᠷᠯᠡᠭᠦᠯᠬᠦ ᠶᠢ ᠴᠠᠭᠠᠵᠠᠯᠠᠪᠠᠴᠤ ᠲᠡᠵᠢᠭᠡᠬᠦ ᠶᠢ ᠴᠠᠭᠠᠵᠠᠯᠠᠬᠤ ᠦᠭᠡᠢ ᠂ ᠮᠠᠯ ᠢ ᠪᠠᠭᠠᠰᠬᠠᠪᠠᠴᠤ ᠣᠷᠣᠯᠭ᠎ᠠ ᠶᠢ ᠪᠠᠭᠠᠰᠬᠠᠬᠤ ᠦᠭᠡᠢ ᠪᠠᠶᠢᠬᠤ ᠬᠠᠷᠠᠯᠲᠠ ᠲᠡᠶᠢᠰᠢ ᠴᠢᠷᠮᠠᠶᠢᠨ ᠤᠷᠤᠭᠰᠢᠯᠠᠪᠠ᠃ᠨᠢᠭᠡᠳᠦᠯᠳᠡᠶ ᠲᠠᠷᠢᠵᠤ ᠨᠢᠭᠡᠳᠦᠯᠳᠡᠢ ᠲᠡᠵᠢᠭᠡᠬᠦ      ︽ᠬᠡᠨ ᠲᠠᠷᠢᠶ᠎ᠠ ᠲᠠᠷᠢᠬᠤ︾ ᠠᠰᠠᠭᠤᠳᠠᠯ ᠢ ᠠᠩᠬᠠᠷᠤᠯ ᠢᠶᠠᠨ ᠲᠥᠪᠯᠡᠷᠡᠭᠦᠯᠦᠨ ᠰᠢᠢᠳᠪᠦᠷᠢᠯᠡᠵᠦ ᠂ ᠲᠠᠷᠠᠬᠠᠶ ᠪᠤᠲᠠᠷᠬᠠᠶ ᠵᠢᠵᠢᠭ ᠲᠠᠷᠢᠶᠠᠴᠢᠨ ᠡᠷᠦᠬᠡ ᠶᠢ ᠠᠯᠬᠤᠮ ᠠᠯᠬᠤᠮ ᠢᠶᠠᠷ ᠵᠣᠬᠢᠶᠠᠨ ᠪᠠᠶᠢᠭᠤᠯᠵᠢᠭᠰᠠᠨ ᠂ ᠲᠤᠰᠬᠠᠶᠢᠵᠢᠭᠰᠠᠨ ᠂ ᠣᠳᠣᠬᠢᠴᠢᠯᠠᠭᠰᠠᠨ ᠦᠢᠯᠡᠳᠪᠦᠷᠢᠯᠡᠯ ᠡᠵᠡᠩᠨᠡᠯᠲᠡ ᠶᠢᠨ ᠬᠠᠮᠲᠤ ᠶᠢᠨ ᠴᠣᠭᠴᠠ ᠪᠣᠯᠭᠠᠪᠠ ᠃ ︽ᠨᠢᠭᠡᠳᠦᠯᠲᠡᠶ ᠳᠠᠷᠢᠵᠤ ᠬᠠᠮᠲᠤ ᠪᠠᠷ ᠪᠠᠶᠠᠵᠢᠬᠤ︾ ᠨᠢ ᠶᠠᠭ ᠲᠠᠷᠢᠶᠠᠨ ᠭᠠᠵᠠᠷ ᠤᠨ ᠢᠵᠢᠷ ᠪᠢᠵᠢᠷ ᠂ ᠲᠠᠷᠢᠶᠠᠨ ᠭᠠᠵᠠᠷ ᠤᠨ ᠦᠷ᠎ᠡ ᠠᠰᠢᠭ ᠳᠣᠤᠷ᠎ᠠ᠂ ᠲᠠᠷᠢᠶᠠᠴᠢᠳ ᠤᠨ ᠨᠠᠰᠤᠵᠢᠯᠲᠠ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠵᠠᠮ ᠲᠠᠩ ᠴᠤᠯᠭᠤᠶ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠬᠦ ᠰᠢᠨ᠎ᠡ ᠬᠡᠪ ᠵᠠᠭᠪᠤᠷ ᠪᠣᠯᠪᠠ ᠃      ᠣᠶᠤᠨᠴᠢ ᠮᠠᠯᠵᠢᠯ ᠤᠨ ᠲᠠᠯᠠᠪᠠᠶ ᠶᠢ ᠪᠦᠲᠦᠭᠡᠨ ᠪᠠᠶᠢᠭᠤᠯᠬᠤ᠂ ︽ᠡᠷᠦᠬᠡ ᠬᠤᠯᠪᠣᠭᠠᠯᠠᠨ ᠡᠵᠡᠩᠨᠡᠬᠦ︾ ᠶᠢ ᠰᠦᠪᠡᠭᠴᠢᠯᠡᠬᠦ ᠪᠠᠷ ᠳᠠᠮᠵᠢᠭᠤᠯᠤᠨ᠂ ︽ᠲᠣᠰᠬᠤᠨ ᠤ ᠬᠠᠮᠲᠤ ᠨᠡᠶᠢᠲᠡ + ᠬᠤᠷᠰᠢᠶᠠᠵᠢᠯ + ᠮᠠᠯᠵᠢᠬᠤ ᠲᠠᠷᠢᠶᠠᠯᠠᠬᠤ ᠡᠷᠦᠬᠡ︾ ᠶᠢᠨ ᠠᠰᠢᠭ ᠲᠤᠰᠠ ᠶᠢ ᠬᠤᠯᠪᠣᠬᠤ ᠠᠷᠭ᠎ᠠ ᠮᠠᠶ᠋ᠢᠭ ᠢᠶᠠᠷ ︽ᠨᠢᠭᠡᠳᠦᠯᠲᠡᠶ ᠲᠡᠵᠢᠭᠡᠵᠦ ᠬᠠᠮᠲᠤ ᠪᠠᠷ ᠪᠠᠶᠠᠵᠢᠬᠤ︾ ᠶᠢ ᠪᠦᠷᠢᠯᠳᠦᠭᠦᠯᠵᠦ᠂ ᠮᠠᠯ ᠠᠵᠤ ᠠᠬᠤᠶ ᠶᠢ ᠴᠢᠯᠥᠭᠡᠲᠡᠶ ᠪᠡᠯᠴᠢᠭᠡᠷᠯᠡᠭᠦᠯᠬᠦ ᠠᠴᠠ ᠡᠷᠴᠢᠮᠵᠢᠭᠦᠯᠦᠨ ᠲᠡᠵᠢᠭᠡᠨ ᠦᠷᠡᠵᠢᠭᠦᠯᠬᠦ ᠲᠡᠶᠢᠰᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠨᠤᠲᠤᠭ ᠪᠡᠯᠴᠢᠭᠡᠷ ᠤᠨ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠮᠠᠯ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠬᠦ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠵᠢᠴᠢ ᠨᠤᠲᠤᠭ ᠪᠡᠯᠴᠢᠭᠡᠷ ᠤᠨ ᠬᠡᠲᠦᠷᠡᠲᠡᠯ᠎ᠡ ᠮᠠᠯᠵᠢᠬᠤ ᠶᠢ ᠰᠢᠢᠳᠪᠦᠷᠢᠯᠡᠬᠦ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠢᠳᠡᠪᠬᠢᠲᠡᠶ ᠬᠠᠶᠢᠨ ᠰᠦᠪᠡᠭᠴᠢᠯᠡᠪᠡ᠃      ᠭᠠᠵᠠᠷ ᠲᠠᠷᠢᠶ᠎ᠠ ᠶᠢ ᠬᠠᠮᠲᠤ ᠪᠠᠷ ᠳᠠᠷᠢᠵᠤ᠂ ᠬᠡᠭᠡᠷ᠎ᠡ ᠲᠠᠯ᠎ᠠ ᠶᠢ ᠬᠠᠮᠲᠤ ᠪᠠᠷ ᠲᠡᠵᠢᠭᠡᠵᠦ᠂ ᠳᠠᠷᠬᠠᠨ ᠮᠤᠤᠮᠢᠩᠭᠠᠨ ᠬᠤᠰᠢᠭᠤ  ᠨᠢ ᠶᠠᠭ ︽ᠨᠢᠭᠡᠳᠦᠯᠲᠡᠢ ᠳᠠᠷᠢᠵᠤ ᠬᠠᠮᠲᠤ ᠪᠠᠷ ᠪᠠᠶᠠᠵᠢᠬᠤ︾᠂ ︽ᠨᠢᠭᠡᠳᠦᠯᠲᠡᠢ ᠲᠡᠵᠢᠭᠡᠵᠦ ᠬᠠᠮᠲᠤ ᠪᠠᠷ ᠪᠠᠶᠠᠵᠢᠬᠤ︾ ᠬᠤᠣᠰ ᠬᠦᠷᠳᠦᠲᠦ ᠬᠥᠳᠡᠯᠭᠡᠭᠦᠷ  ᠲᠠᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠦᠯᠢᠭᠡᠷ ᠬᠡᠪ ᠢ ᠡᠭᠦᠳᠴᠦ ᠪᠠᠶᠢᠨ᠎ᠠ᠃ᠦᠪᠡᠷᠳᠡᠭᠡᠨ ᠵᠠᠰᠠᠬᠤ ᠤᠷᠤᠨ ᠤ ᠲᠡᠰ ᠤᠨ ᠮᠤᠩᠭᠤᠯ ᠠᠳᠤᠭᠤᠨ ᠤ ᠡᠭᠦᠯᠳᠡᠷ ᠬᠠᠮᠠᠭᠠᠯᠠᠬᠤ ᠲᠠᠯᠠᠪᠠᠢ      2024 ᠣᠨ ᠤ 10 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠷᠪᠠᠳᠤᠭᠠᠷ ᠪᠦᠯᠦᠭ ᠡᠭᠦᠯᠳᠡᠷ ᠬᠠᠮᠠᠭᠠᠯᠠᠬᠤ ᠲᠠᠯᠠᠪᠠᠶ ᠶᠢᠨ ᠨᠡᠷᠡᠰ ᠢ ᠨᠡᠶᠢᠲᠡᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠠᠬᠤᠶᠢᠯᠠᠯ ᠤᠨ ᠪᠤᠭᠤᠲᠤ ᠬᠤᠲᠠ ᠶᠢᠨ ᠳ᠋ᠠ ᠮᠦᠸᠧ ᠴᠠᠭᠠᠨ ᠴᠣᠬᠤᠷ ᠠᠳᠤᠭᠤ ᠪᠤᠶᠢᠵᠢᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠮᠵᠢᠯᠲᠠ ᠲᠠᠢ ᠪᠠᠷ ᠰᠣᠩᠭᠤᠭᠳᠠᠨ ᠣᠷᠣᠵᠤ᠂ ᠪᠤᠭᠤᠲᠤ ᠬᠤᠲᠠ ᠶᠢᠨ ᠠᠩᠬᠠᠳᠠᠭᠴᠢ ᠥᠪᠡᠷᠲᠡᠭᠡᠨ ᠵᠠᠰᠠᠬᠤ ᠣᠷᠣᠨ ᠤ ᠲᠠᠰ ᠤᠨ ᠮᠣᠩᠭᠤᠯ ᠠᠳᠤᠭᠤᠨ ᠤ ᠡᠭᠦᠯᠳᠡᠷ ᠬᠠᠮᠠᠭᠠᠯᠠᠬᠤ ᠲᠡᠭ ᠲᠠᠯᠠᠪᠠᠶ ᠶᠢᠨ ᠰᠢᠪᠲᠤᠯᠤᠯᠲᠠ ᠶᠢ ᠪᠡᠶᠡᠯᠡᠭᠦᠯᠪᠡ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠲᠣᠰ ᠭᠠᠵᠠᠷ ᠣᠷᠣᠨ ᠤ ᠪᠠᠨ ᠮᠣᠩᠭᠤᠯ ᠠᠳᠤᠭᠤᠨ ᠤ ᠡᠭᠦᠯᠳᠡᠷ ᠬᠠᠮᠠᠭᠠᠯᠠᠵᠤ ᠰᠣᠩᠭᠤᠨ ᠪᠤᠶᠢᠵᠢᠭᠤᠯᠬᠤ ᠠᠵᠢᠯ ᠢ ᠳᠡᠮᠵᠢᠬᠦ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠴᠠᠭᠠᠨ ᠴᠣᠬᠤᠷ ᠮᠣᠷᠢ ᠰᠣᠩᠭᠤᠨ ᠪᠤᠶᠢᠵᠢᠭᠤᠯᠬᠤ ᠲᠠᠯ᠎ᠠ ᠪᠠᠷ ᠭᠤᠤᠯᠳᠠᠯᠭ᠎ᠠ ᠲᠠᠢ ᠪᠠᠯᠠ ᠮᠥᠩᠭᠦ ᠪᠠ ᠮᠡᠷᠭᠡᠵᠢᠯ ᠤᠨ ᠲᠡᠳᠬᠦᠮᠵᠢ ᠦᠵᠡᠭᠦᠯᠵᠦ᠂ ᠣᠲᠣ ᠦᠶ᠎ᠡ ᠶᠢᠨ ᠬᠤᠳᠠᠯᠳᠤᠭᠠᠨ ᠤ ᠡᠵᠡᠩᠨᠡᠯᠲᠡ ᠶᠢᠨ ᠬᠡᠪ ᠵᠠᠭᠪᠤᠷ ᠢᠶᠠᠷ ᠳᠡᠮᠵᠢᠨ ᠲᠡᠭᠦᠨ ᠤ ᠥᠷᠲᠡᠭ ᠢ ᠨᠡᠭᠡᠭᠡᠨ ᠬᠥᠭᠵᠢᠭᠦᠯᠵᠦ᠂ ᠮᠠᠯᠴᠢᠳ ᠤᠨ ᠤᠯᠠᠮᠵᠢᠯᠠᠯᠲᠤ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ᠂ ᠨᠤᠲᠤᠭ ᠪᠡᠯᠴᠢᠭᠡᠷ ᠤᠨ ᠠᠮᠢ ᠠᠬᠤᠶ ᠶᠢᠨ ᠰᠡᠷᠭᠦᠯᠲᠡ ᠵᠡᠷᠭᠡ ᠶᠢ ᠤᠯᠠᠮ ᠨᠢᠭᠡ ᠠᠯᠬᠤᠮ ᠠᠬᠢᠭᠤᠯᠪᠠ ᠃ ᠡᠭᠦᠨ ᠤ ᠬᠠᠮᠲᠤ᠂ ᠤᠨᠴᠠᠯᠢᠬᠳᠤ ᠠᠵᠤ ᠦᠢᠯᠡᠰ ᠤᠨ ᠪᠥᠲᠥᠭᠡᠨ ᠪᠠᠶᠢᠭᠤᠯᠤᠯᠲᠠ ᠶᠢ ᠶᠡᠭᠡ ᠪᠠᠷ ᠳᠡᠮᠵᠢᠵᠦ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢ ᠬᠥᠲᠥᠯᠦᠨ ᠵᠢᠯᠣᠭᠤᠳᠴᠤ ᠪᠠᠶᠢᠭᠠᠳ ︽ᠡᠭᠦᠯᠳᠡᠷ ᠬᠠᠮᠠᠭᠠᠯᠠᠬᠤ + ᠰᠣᠶᠣᠯ ᠵᠢᠭᠤᠯᠴᠢᠯᠠᠯ︾ ᠲᠡᠶᠢᠰᠢ ᠬᠥᠭᠵᠢᠭᠦᠯᠵᠦ᠂ ᠡᠭᠦᠨ ᠤ ᠤᠯᠠᠮ ᠠᠴᠠ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠭᠦᠨᠵᠡᠭᠡᠶᠢᠷᠡᠭᠦᠯᠦᠨ᠂ ᠦᠷ᠎ᠡ ᠶᠢᠨ ᠮᠠᠯ ᠤᠨ ᠤᠳᠤᠮᠯᠠᠯ ᠤᠨ ᠡᠬᠢ ᠪᠠᠶᠠᠯᠢᠭ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠵᠡᠷᠭᠡ ᠪᠠᠷ ᠬᠥᠭᠵᠢᠭᠦᠯᠬᠦ ᠶᠢ ᠪᠡᠶᠡᠯᠡᠭᠦᠯᠪᠡ ᠃ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢ      2024 ᠣᠨ ᠤ 7 ᠳ᠋ᠤᠭᠠᠷ ᠰᠠᠷ᠎ᠠ ᠳᠤ᠂ ︽ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢ︾ ᠣᠷᠣᠨ ᠪᠦᠰᠡ ᠶᠢᠨ ᠨᠠᠷᠠᠲᠤ ᠲᠡᠮᠳᠡᠭ ᠢ ᠡᠷᠭᠦᠨ ᠲᠠᠨᠢᠯᠴᠠᠭᠤᠯᠬᠤ ᠬᠤᠷᠠᠯ ᠵᠢᠴᠢ ᠬᠤᠳᠠᠯᠳᠤᠭᠠᠴᠢᠨ ᠤᠷᠢᠬᠤ ᠬᠤᠷᠠᠯ ᠪᠤᠭᠤᠲᠤ ᠬᠤᠲᠠ ᠳᠤ ᠠᠮᠵᠢᠯᠲᠠ ᠲᠠᠢ ᠶᠠᠪᠤᠭᠳᠠᠪᠠ ︔ 2024 ᠣᠨ ᠤ 9 ᠳ᠋ᠦ᠋ᠭᠡᠷ ᠰᠠᠷ᠎ᠠ ᠳᠤ᠂ ︽ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢ︾  ᠨᠢ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠡᠮᠳᠡᠭ ᠤᠨ ᠭᠠᠷᠴᠠᠭ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢᠶᠠᠷ ᠠᠮᠵᠢᠯᠲᠠ ᠲᠠᠢ ᠰᠣᠩᠭᠤᠭᠳᠠᠪᠠ︔ 2024 ᠣᠨ ᠤ 10 ᠳ᠋ᠤᠭᠠᠷ ᠰᠠᠷ᠎ᠠ ᠳᠤ᠂ ︽ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠨᠢ ᠬᠠᠩᠵᠸᠦ ᠳᠤ ᠢᠯᠡᠷᠡᠵᠦ᠂ C ᠪᠠᠶᠢᠷᠢᠨ ᠳᠤ ᠣᠯᠠᠨ ᠳᠤ ᠮᠡᠳᠡᠷᠡᠭᠳᠡᠪᠡ︔ 2024 ᠣᠨ ᠤ 11 ᠳ᠋ᠦ᠋ᠭᠡᠷ ᠰᠠᠷ᠎ᠠ ᠳᠤ᠂ ︽ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢ︾  ᠨᠢ ᠳᠤᠮᠳᠠᠳᠤ ᠤᠯᠤᠰ ᠤᠨ ᠲᠠᠷᠢᠶᠠᠯᠠᠩ ᠤᠨ ᠨᠠᠷᠠᠲᠤ ᠲᠡᠮᠳᠡᠭ ᠤᠨ ᠭᠠᠷᠴᠠᠭ ᠲᠤ ᠰᠣᠩᠭᠤᠭᠳᠠᠨ ᠣᠷᠣᠵᠤ᠂ 2024 ᠣᠨ ᠤ 12 ᠳ᠋ᠤᠭᠠᠷ ᠰᠠᠷ᠎ᠠ ᠳᠤ᠂ ︽ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢ︾  ᠨᠢ 2024 ᠣᠨ ᠤ ᠥᠪᠥᠷ ᠮᠣᠩᠭᠤᠯ ᠤᠨ ᠨᠠᠷᠠᠲᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠲᠤ ᠰᠣᠩᠭᠤᠭᠳᠠᠨ ᠣᠷᠣᠵᠤ ᠂ 41.97 ᠳ᠋ᠦᠩᠰᠢᠭᠤᠷ ᠲᠥᠭᠦᠷᠢᠭ ᠶᠢᠨ ᠥᠷᠲᠡᠭ ᠵᠢᠱᠢᠪᠡ ᠁ ︽ᠬᠤᠨᠢ ︾ ᠪᠠᠷ ᠨᠠᠶᠢᠵᠠ ᠪᠣᠯᠭᠠᠨ ᠵᠠᠪᠰᠢᠶᠠᠨ ᠬᠦᠴᠦ ᠶᠢ ᠠᠮᠵᠢᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢ ᠨᠡᠷᠡᠲᠦ ᠲᠡᠮᠳᠡᠭ ᠢᠶᠠᠷ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠦᠨ ᠳᠠᠭᠠᠭᠤᠯᠵᠤ ᠪᠤᠢ᠃︽ ᠥᠪᠥᠷ ᠮᠣᠩᠭᠤᠯ︾ ᠨᠡᠷᠡᠮᠵᠢᠲᠦ ᠭᠡᠷᠡᠴᠢᠯᠡᠭᠡ      ᠶᠠᠭᠤ ᠶᠢ ︽ ᠥᠪᠥᠷ ᠮᠣᠩᠭᠤᠯ︾ ᠨᠡᠷᠡᠮᠵᠢᠲᠦ ᠭᠡᠷᠡᠴᠢᠯᠡᠭᠡ ᠭᠡᠬᠦ ᠪᠤᠢ︖      ︽ ᠥᠪᠥᠷ ᠮᠣᠩᠭᠤᠯ︾ ᠨᠡᠷᠡᠮᠵᠢᠲᠦ ᠭᠡᠷᠡᠴᠢᠯᠡᠭᠡ ᠪᠣᠯ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠢᠯᠤᠭᠤᠳᠤᠯᠭ᠎ᠠ ᠪᠠ ᠬᠢᠨᠠᠯᠲᠠ ᠲᠠᠯᠪᠢᠯᠲᠠ ᠳᠣᠣᠷ᠎ᠠ ᠬᠤᠯᠪᠣᠭᠠᠯᠠᠨ ᠭᠡᠷᠡᠴᠢᠯᠡᠬᠦ ᠬᠡᠯᠪᠡᠷᠢ ᠪᠠᠷ ᠡᠭᠦᠳᠦᠭᠰᠡᠨ ᠪᠦᠲᠦᠭᠡᠭᠳᠡᠬᠦᠨ ᠤ ᠭᠡᠷᠡᠴᠢᠯᠡᠯ ᠨᠡᠷᠡᠲᠦ ᠲᠡᠮᠳᠡᠭ ᠪᠠᠶᠢᠵᠤ᠂ ᠪᠦᠲᠦᠭᠡᠭᠳᠡᠬᠦᠨ ᠤ ᠭᠤᠣᠯᠯᠠᠭᠴᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ᠂ ᠥᠪᠥᠷ ᠮᠣᠩᠭᠤᠯ ᠤᠨ ᠲᠠᠯ᠎ᠠ ᠨᠤᠲᠤᠭ ᠤᠨ ᠣᠨᠴᠠᠯᠢᠭᠲᠤ ᠣᠷᠣᠨ ᠪᠦᠰᠡ ᠶᠢᠨ ᠪᠦᠲᠦᠭᠡᠭᠳᠡᠬᠦᠨ ᠤ ᠦᠨ᠎ᠡ ᠥᠷᠲᠡᠭ ᠪᠠ ᠨᠥᠯᠥᠭᠡᠯᠡᠬᠦ ᠬᠦᠴᠦᠨ ᠢ ᠢᠯᠡᠷᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃      2024 ᠣᠨ ᠤ 11 ᠳ᠋ᠦ᠋ᠭᠡᠷ ᠰᠠᠷ᠎ᠠ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠸᠢ ᠹᠠᠩ ᠾᠧ ᠮᠠᠯ ᠠᠵᠤ ᠠᠬᠤᠶ ᠶᠢᠨ ᠲᠤᠰᠬᠠᠶ ᠬᠤᠷᠰᠢᠶᠠᠵᠢᠯ ᠨᠢ ︽ ᠥᠪᠥᠷ ᠮᠣᠩᠭᠤᠯ︾ ᠨᠡᠷᠡᠮᠵᠢᠲᠦ ᠭᠡᠷᠡᠴᠢᠯᠡᠭᠡ ᠶᠢᠨ ᠵᠥᠪᠰᠢᠶᠡᠷᠡᠯ ᠢ ᠠᠮᠵᠢᠯᠲᠠ ᠲᠠᠢ ᠪᠠᠷ ᠭᠥᠷᠳᠡᠪᠡ᠃ ᠡᠨᠡ ᠪᠣᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 2024 ᠣᠨ  ᠳᠠᠬᠢ ᠠᠩᠬᠠᠳᠠᠭᠴᠢ ︽ ᠥᠪᠥᠷ ᠮᠣᠩᠭᠤᠯ︾ ᠨᠡᠷᠡᠮᠵᠢᠲᠦ ᠭᠡᠷᠡᠴᠢᠯᠡᠭᠡ ᠭᠥᠷᠳᠡᠭᠰᠡᠨ ᠠᠵᠤ ᠠᠬᠤᠶᠢᠯᠠᠯ ᠪᠠᠶᠢᠵᠤ᠂ ᠪᠥᠬᠦ ᠬᠤᠰᠢᠭᠤᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ︽ ᠥᠪᠥᠷ ᠮᠣᠩᠭᠤᠯ ︾ ᠨᠡᠷᠡᠮᠵᠢᠲᠦ ᠭᠡᠷᠡᠴᠢᠯᠡᠭᠡ ᠶᠢᠨ ᠲᠡᠭ ᠰᠢᠪᠲᠤᠯᠤᠯᠲᠠ ᠶᠢ ᠪᠡᠶᠡᠯᠡᠭᠦᠯᠪᠡ᠃      ᠣᠷᠣᠨ ᠪᠦᠰᠡ ᠶᠢᠨ ᠨᠡᠷᠡᠲᠦ ᠲᠡᠮᠳᠡᠭ ᠢᠶᠠᠷ ᠲᠠᠶᠢᠴᠢᠯᠠᠯᠳᠠ ᠪᠣᠯᠭᠠᠵᠤ᠂ ︽ ᠥᠪᠥᠷ ᠮᠣᠩᠭᠤᠯ︾ ᠨᠡᠷᠡᠮᠵᠢᠲᠦ ᠭᠡᠷᠡᠴᠢᠯᠡᠭᠡ ᠪᠠᠷ ᠬᠥᠲᠥᠯᠦᠮᠵᠢ ᠪᠣᠯᠭᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠢᠨ ᠪᠦᠬᠦ ᠣᠷᠣᠨ ᠪᠦᠰᠡ ᠶᠢᠨ ᠨᠡᠷᠡᠲᠦ ᠲᠡᠮᠳᠡᠭ ᠤᠨ ᠪᠠᠶᠢᠭᠤᠯᠤᠯᠲᠠ ᠶᠢᠨ ᠠᠵᠢᠯ ᠢ ᠶᠡᠭᠡ ᠪᠠᠷ ᠲᠦᠯᠬᠢᠨ ᠠᠬᠢᠭᠤᠯᠵᠤ᠂ ᠦᠨᠡᠨ ᠬᠦ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠨ ᠪᠦᠰᠡ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ᠂ ᠶᠠᠰᠤ ᠴᠢᠨᠠᠷ ᠤᠨ ᠳᠠᠪᠠᠭᠤᠯᠢᠭ᠂ ᠰᠣᠶᠣᠯ ᠢᠷᠭᠡᠨᠰᠢᠯ ᠤᠨ ᠳᠠᠪᠠᠭᠤᠯᠢᠭ ᠢ ᠨᠡᠷᠡᠲᠦ ᠲᠡᠮᠳᠡᠭ ᠤᠨ ᠳᠠᠪᠠᠭᠤᠯᠢᠭ ᠪᠣᠯᠭᠠᠨ ᠬᠤᠪᠢᠷᠠᠭᠤᠯᠵᠤ᠂ ︽ᠳᠠᠷᠬᠠᠨ ᠮᠤᠤᠮᠢᠩᠭᠠᠨ︾ ᠢ ᠤᠨᠴᠠᠯᠢᠬᠳᠤ ᠰᠢᠯᠢᠳᠡᠭ ᠴᠢᠨᠠᠷ ᠪᠦᠬᠦᠢ ᠪᠦᠲᠦᠭᠡᠭᠳᠡᠬᠦᠨ ᠪᠠ ᠦᠢᠯᠡᠴᠢᠯᠡᠭᠡᠨ ᠤ ︽ ᠲᠥᠯᠥᠭᠡᠨ ᠤ ᠨᠡᠷ᠎ᠡ︾ ᠪᠣᠯᠤᠨ᠎ᠠ᠃ᠡᠪᠡᠰᠦᠨ ᠤ ᠪᠢᠯᠧᠲ      12 ᠳ᠋ᠤᠭᠠᠷ ᠰᠠᠷ᠎ᠠ ᠶᠢᠨ 6 ᠤ ᠡᠳᠦᠷ᠂ ︽ᠨᠣᠭᠤᠭᠠᠨ ᠡᠪᠡᠰᠦᠨ ᠤ ᠪᠢᠯᠧᠲ ᠨᠡᠭᠦᠷᠡᠰᠦᠲᠥ᠋ᠷᠥᠭᠴᠢ ᠬᠤᠷᠠᠮᠳᠤᠭᠰᠠᠨ ᠳᠠᠷᠬᠠᠨ ᠮᠤᠤᠮᠢᠩᠭᠠᠨ ︾ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠡᠪᠡᠰᠦᠨ ᠪᠢᠯᠧᠲ︾ ᠤᠨ ᠭᠡᠷ᠎ᠡ ᠲᠣᠭᠲᠠᠬᠤ ᠵᠢᠴᠢ ᠲᠠᠷᠬᠠᠭᠠᠬᠤ ᠶᠣᠰᠣᠯᠠᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠠᠮᠵᠢᠯᠲᠠ ᠲᠠᠢ ᠶᠠᠪᠤᠭᠳᠠᠪᠠ᠃      ᠡᠪᠡᠰᠦᠨ ᠪᠢᠯᠧᠲ ᠪᠣᠯ ᠨᠢᠭᠡ ᠵᠦᠢᠯ ᠤᠨ ᠠᠵᠤ ᠠᠬᠤᠶ ᠶᠢᠨ ᠡᠷᠬᠡ ᠠᠰᠢᠭ ᠤᠨ ᠭᠡᠷᠡᠴᠢ ᠪᠠᠶᠢᠵᠤ᠂ ᠰᠠᠶᠢᠨ ᠳᠤᠷ᠎ᠠ ᠠᠴᠠ ᠪᠠᠨ ᠪᠡᠯᠡ ᠣᠷᠣᠭᠤᠯᠬᠤ᠂ ᠡᠷᠬᠡ ᠲᠡᠭᠰᠢ ᠪᠠᠷ ᠵᠥᠪᠳᠡᠯᠴᠡᠬᠦ ᠵᠠᠷᠴᠢᠮ ᠢ ᠵᠢᠷᠤᠮᠯᠠᠬᠤ ᠵᠠᠷᠴᠢᠮ ᠤᠨ ᠳᠣᠤᠷ᠎ᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ ᠮᠠᠯᠵᠢᠬᠤ ᠡᠷᠦᠬᠡ ᠯᠦᠭᠡ ᠡᠵᠡᠩᠨᠡᠯᠲᠡ ᠶᠢᠨ ᠡᠷᠬᠡ ᠪᠠᠷ ᠬᠤᠪᠢ ᠣᠷᠣᠬᠤ ᠬᠡᠯᠪᠡᠷᠢ ᠪᠠᠷ ᠨᠤᠲᠤᠭ ᠪᠡᠯᠴᠢᠭᠡᠷ ᠢ ᠬᠠᠮᠲᠤ ᠪᠠᠷ ᠡᠵᠡᠩᠨᠡᠬᠦ ᠶᠢᠨ ᠬᠠᠮᠲᠤ ᠡᠭᠦᠳᠦᠨ ᠪᠦᠲᠦᠭᠡᠭᠰᠡᠨ ᠠᠰᠢᠭ ᠬᠤᠨᠵᠢᠪᠣᠷᠢ ᠳᠤ ᠪᠠᠨ ᠲᠦᠰᠢᠭᠯᠡᠨ᠂ ᠮᠠᠯᠵᠢᠬᠤ ᠡᠷᠦᠬᠡ ᠳᠤ ᠬᠠᠨᠳᠤᠭᠤᠯᠤᠨ ᠵᠣᠬᠢᠶᠠᠨ ᠲᠠᠷᠬᠠᠭᠠᠪᠠ ᠃ ︽ᠡᠪᠡᠰᠦᠨ ᠤ ᠪᠢᠯᠧᠲ︾ ᠲᠠᠷᠬᠠᠭᠠᠬᠤ ᠶᠢᠨ ᠵᠣᠷᠢᠯᠭ᠎ᠠ ᠨᠢ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ᠂ ᠮᠠᠯ ᠪᠡᠯᠴᠢᠭᠡᠷ ᠤᠨ ᠲᠡᠩᠴᠡᠭᠦᠷᠢ ᠶᠢ ᠪᠡᠶᠡᠯᠡᠭᠦᠯᠬᠦ᠂ ᠠᠵᠢᠯ ᠤᠨ ᠪᠠᠶᠢᠷᠢ ᠡᠭᠦᠳᠬᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠤᠬᠠᠮᠰᠠᠷ ᠢ ᠤᠯᠠᠮ ᠨᠢᠭᠡ ᠠᠯᠬᠤᠮ ᠬᠥᠭᠵᠢᠭᠡᠬᠦ᠂ ᠮᠠᠯ ᠠᠵᠤ ᠠᠬᠤᠢ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠶᠢᠨ ᠲᠥᠯᠥᠭᠡ ᠶᠤᠮ᠃      ︽ᠨᠢᠭᠡ ᠬᠡᠰᠡᠭ ᠡᠪᠡᠰᠦ︾ ᠠᠴᠠ ︽ᠨᠢᠭᠡ ᠪᠢᠯᠧᠲ︾ ᠬᠦᠷᠲᠡᠯ᠎ᠡ᠂ ︽ᠡᠪᠡᠰᠦᠨ ᠤ ᠪᠢᠯᠧᠲ︾ ᠨᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠭᠳᠡᠬᠦᠨ ᠤ ᠦᠷᠳᠡᠭ ᠢ ᠤᠬᠠᠭᠳᠠᠬᠤᠨ ᠠᠴᠠ ᠪᠣᠳᠠᠲᠤ ᠦᠵᠡᠮᠵᠢ ᠪᠣᠯᠭᠠᠬᠤ ᠶᠢ ᠪᠡᠶᠡᠯᠡᠭᠦᠯᠵᠦ᠂ ᠠᠮᠢ ᠠᠬᠤᠢ ᠶᠢᠨ ︽ᠨᠣᠭᠤᠭᠠᠨ ᠠᠭᠤᠯᠤᠭᠳᠠᠴᠠ︾ ᠪᠠᠷ ᠳᠠᠮᠵᠢᠭᠤᠯᠵᠤ᠂ ᠬᠥᠭᠵᠢᠯᠲᠡ ᠶᠢᠨ ︽ᠠᠯᠲᠠᠨ ᠤ ᠠᠭᠤᠯᠤᠭᠳᠠᠴᠠ︾ ᠶᠢ ᠳᠡᠭᠡᠭᠰᠢᠯᠡᠭᠦᠯᠪᠡ᠃ ︽ᠡᠪᠡᠰᠦᠨ ᠤ ᠪᠢᠯᠧᠲ︾ ᠢ ᠲᠠᠷᠬᠠᠭᠠᠬᠤ ᠪᠣᠯ ᠥᠪᠥᠷ ᠮᠣᠩᠭᠤᠯ ᠤᠨ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠭᠳᠡᠬᠦᠨ ᠤ ᠦᠷᠳᠡᠭ ᠢ ᠪᠡᠶᠡᠯᠡᠭᠦᠯᠬᠦ ᠵᠠᠮ ᠢ ᠰᠦᠪᠡᠭᠴᠢᠯᠡᠬᠦ 1.0  ᠪᠠᠷ ᠬᠡᠪᠯᠡᠯ ᠪᠣᠯᠤᠨ᠎ᠠ᠃ ᠢᠷᠡᠭᠡᠳᠦᠶ ᠳᠤ ᠲᠡᠭᠦᠨ ᠤ ᠲᠠᠷᠬᠠᠭᠠᠵᠤ ᠪᠣᠯᠬᠤᠢ ᠂ ᠥᠷᠲᠡᠭ ᠨᠡᠮᠡᠭᠳᠡᠭᠦᠯᠬᠦᠢ ᠂ ᠠᠷᠠᠯᠵᠢᠶᠠᠯᠠᠵᠤ ᠪᠣᠯᠬᠤᠢ ᠂ ᠳᠠᠨᠵᠢᠯᠠᠵᠤ ᠪᠣᠯᠬᠤᠢ ᠂ ᠪᠡᠯᠡ ᠮᠥᠩᠭᠦ ᠪᠣᠯᠭᠠᠬᠤᠢ ᠂ ᠠᠰᠢᠭ ᠬᠤᠪᠢᠶᠠᠷᠢᠯᠠᠵᠤ ᠪᠣᠯᠬᠤᠢ ᠬᠠᠷᠢᠶᠠᠲᠤ ᠴᠢᠨᠠᠷ ᠨᠢ ᠮᠠᠯᠴᠢᠳ ᠲᠤ ᠨᠠᠩ ᠣᠯᠠᠨ ᠦᠨᠡᠨ ᠪᠣᠳᠠᠲᠠᠶ ᠠᠰᠢᠭ ᠡᠳ᠋ᠯᠡᠭᠦᠯᠬᠦ ᠪᠣᠯᠤᠨ᠎ᠠ᠃ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ      ᠭᠤᠣᠯ ᠤᠨ ᠬᠥᠪᠡᠭᠡᠨ ᠳᠠᠬᠢ ᠲᠠᠴᠢᠷ ᠭᠠᠵᠠᠷ ᠢ ᠴᠡᠭᠴᠡᠯᠡᠨ ᠵᠠᠰᠠᠬᠤ ᠪᠠᠷ ᠳᠠᠮᠵᠢᠭᠠᠳ ︽ᠡᠷᠡᠭᠦᠯ ᠴᠢᠭᠢᠷᠠᠭ ᠤᠨ ᠶᠠᠪᠠᠭᠠᠨ ᠵᠠᠮ︾ ᠪᠣᠯᠵᠤ᠂ ᠰᠠᠭᠤᠭᠠᠯᠢ ᠠᠷᠠᠳ ᠤᠨ ᠪᠡᠶ᠎ᠡ ᠮᠠᠬᠠᠪᠣᠳ ᠢᠶᠠᠨ ᠪᠣᠯᠪᠠᠰᠤᠷᠠᠭᠤᠯᠬᠤ᠂ ᠰᠡᠯᠡᠭᠦᠴᠡᠨ ᠠᠯᠬᠤᠯᠠᠬᠤ ᠰᠠᠶᠢᠨ ᠭᠠᠵᠠᠷ ᠪᠣᠯᠪᠠ︔ ᠭᠤᠣᠯ ᠮᠦᠷᠡᠨ ᠪᠣᠯᠤᠨ ᠭᠤᠣᠯ ᠮᠥᠷᠡᠨ ᠤ ᠬᠤᠭᠤᠷᠣᠨᠳᠣᠬᠢ ︽ᠬᠢᠯᠭᠠᠰᠤᠨ ᠰᠤᠳᠠᠯ︾ ᠨᠡᠪᠲᠡᠷᠡᠵᠦ᠂ ᠨᠣᠮᠢᠨ ᠤᠰᠤ ᠳᠦᠯᠭᠡᠨ ᠤᠷᠤᠰᠤᠨ᠎ᠠ ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠭᠤᠤᠯ ᠮᠥᠷᠡᠨ ᠤ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠪᠠᠶᠢᠭᠤᠯᠤᠭᠰᠠᠨ ᠠᠴᠠ ᠨᠠᠭᠠᠰᠢ ᠂ ᠪᠥᠬᠦ ᠬᠤᠰᠢᠭᠤᠨ ᠤ 101 ᠭᠤᠤᠯ ᠮᠥᠷᠡᠨ ᠂ 3 ᠨᠠᠭᠤᠷ ᠴᠥᠭᠦᠷᠥᠮ ᠤᠨ ᠵᠠᠭᠠᠭ ᠬᠤᠪᠢᠶᠠᠬᠤ ᠠᠵᠢᠯ ᠢ ᠪᠦᠲᠦᠮᠵᠢᠲᠡᠶ ᠪᠡᠶᠡᠯᠡᠭᠦᠯᠪᠡ︔ ᠭᠤᠣᠯ ᠮᠥᠷᠡᠨ ᠨᠠᠭᠤᠷ ᠴᠥᠭᠦᠷᠥᠮ ᠢ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ ︽ᠳᠥᠷᠪᠡᠨ ᠰᠠᠮᠠᠭᠤᠨ ︾ ᠪᠠᠶᠢᠬᠤ ᠲᠤᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠪᠠ︔ 1600 ᠲᠡᠭᠰᠢ ᠳᠥᠷᠪᠡᠯᠵᠢᠨ ᠮᠧᠲᠷ ᠪᠦᠬᠦᠢ ᠵᠥᠷᠢᠴᠡᠮᠡᠯ ᠪᠠᠷᠢᠯᠭ᠎ᠠ ᠶᠢ ᠨᠤᠷᠠᠭᠠᠵᠤ᠂ 50 ᠭᠠᠷᠤᠢ ᠲᠣᠨ ᠬᠤᠭ ᠨᠣᠪᠰᠢ ᠶᠢ ᠴᠡᠪᠡᠷᠯᠡᠪᠡ︔ ᠬᠠᠤᠯᠢ ᠪᠤᠰᠤ ᠪᠠᠷ ᠠᠩᠨᠠᠵᠤ ᠱᠦᠭᠦᠬᠦ ᠳᠤ ᠴᠣᠬᠢᠯᠲᠠ ᠥᠭᠬᠦ ᠬᠤᠯᠪᠣᠭᠠᠯᠠᠨ ᠬᠠᠤᠯᠢ ᠬᠡᠷᠡᠭᠵᠢᠭᠦᠯᠬᠦ ᠲᠤᠰᠬᠠᠶ ᠠᠵᠢᠯᠯᠠᠭ᠎ᠠ ᠶᠢ 6 ᠤᠳᠠᠭ᠎ᠠ ᠥᠷᠨᠢᠭᠦᠯᠪᠡ︔ ᠨᠡᠶᠢᠳᠡ 61 ᠭᠤᠣᠯ ᠮᠥᠷᠡᠨ 3 ᠨᠠᠭᠤᠷ ᠴᠥᠭᠦᠷᠥᠮ ᠤᠨ ᠡᠷᠡᠭᠦᠯ ᠴᠢᠭᠢᠷᠠᠭ ᠤᠨ ᠦᠨᠡᠯᠡᠯᠲᠡ ᠶᠢ ᠪᠡᠶᠡᠯᠡᠭᠦᠯᠬᠦ ᠶᠢᠨ ᠬᠠᠮᠲᠤ ᠡᠷᠡᠭᠦᠯ ᠮᠡᠨᠳᠦ ᠶᠢᠨ ᠲᠠᠩᠰᠠ ᠡᠪᠬᠡᠮᠡᠯ ᠢ ᠪᠠᠶᠢᠭᠤᠯᠤᠭᠰᠠᠨ ᠪᠠᠶᠢᠨ᠎ᠠ ᠁      ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢᠶᠠᠷ ᠭᠤᠣᠯ ᠮᠥᠷᠡᠨ ᠨᠠᠭᠤᠷ ᠴᠥᠭᠦᠷᠥᠮ ᠤᠨ ︽ᠤᠷᠳᠤ ᠵᠠᠰᠠᠯᠲᠠ︾ ᠶᠢ ᠲᠦᠯᠬᠢᠨ ᠠᠬᠢᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ  ᠨᠢ ︽ᠭᠤᠣᠯ ᠮᠥᠷᠡᠨ ᠰᠢᠯᠤᠭᠤᠨ᠂ ᠤᠰᠤ ᠲᠤᠩᠭᠠᠯᠠᠭ᠂ ᠡᠷᠭᠢ ᠨᠣᠭᠤᠭᠠᠨ᠂ ᠦᠵᠡᠮᠵᠢ ᠰᠠᠶᠢᠬᠠᠨ︾ ᠰᠠᠶᠢᠨ ᠰᠠᠶᠢᠬᠠᠨ ᠦᠵᠡᠮᠵᠢᠲᠦ ᠵᠢᠷᠤᠭ ᠢ ᠠᠯᠬᠤᠮ ᠠᠯᠬᠤᠮ ᠢᠶᠠᠷ ᠵᠢᠷᠤᠭᠯᠠᠪᠠ᠃ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢᠨ ᠰᠡᠯᠪᠢᠨ ᠵᠠᠰᠠᠯᠲᠠ      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠳᠡᠯᠪᠡᠭ᠂ ᠨᠡᠭᠡᠭᠡᠨ ᠮᠠᠯᠲᠠᠭᠰᠠᠨ ᠲᠡᠦᠬᠡ  ᠨᠢ ᠥᠨᠢ ᠤᠳᠠᠭᠠᠨ ᠃ 21 ᠳ᠋ᠤᠭᠡᠷ ᠵᠠᠭᠤᠨ ᠤ ᠡᠬᠢᠨ ᠤ ᠬᠤᠭᠤᠴᠠᠭᠠᠨ ᠳᠤ ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ ᠡᠷᠬᠢᠨ ᠲᠣᠭᠤᠷᠢᠨ ᠤ ᠣᠷᠣᠨ ᠪᠦᠰᠡ ᠳᠤ ᠡᠮᠬᠢ ᠵᠠᠮᠪᠠᠷᠠᠭ᠎ᠠ ᠦᠭᠡᠶ ᠠᠭᠤᠷᠬᠠᠶ ᠶᠢᠨ ᠦᠢᠯᠡᠰ ᠢ ᠨᠡᠭᠡᠭᠡᠨ ᠬᠥᠭᠵᠢᠭᠦᠯᠵᠦ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠠᠵᠢᠯ ᠢ ᠵᠡᠷᠭᠡ ᠪᠠᠷ ᠥᠷᠨᠢᠭᠦᠯᠵᠦ ᠳᠡᠶᠢᠯᠦᠭᠰᠡᠨ ᠦᠭᠡᠶ ᠠᠴᠠ ᠪᠣᠯᠵᠣ ᠥᠨᠥᠳᠥᠷ ᠪᠣᠯᠲᠠᠯ᠎ᠠ ᠶᠡᠭᠡ ᠬᠡᠮᠵᠢᠶᠡᠨ ᠤ ᠠᠭᠤᠷᠬᠠᠶ ᠶᠢᠨ ᠵᠢᠷᠤᠭ ᠤᠨ ᠲᠣᠯᠪᠤ ᠦᠯᠡᠳᠡᠭᠳᠡᠵᠦ ᠢᠷᠡᠪᠡ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ‌ᠨᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠠᠰᠠᠭᠤᠳᠠᠯ ᠲᠤᠪᠤᠶᠢᠮ᠎ᠠ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠬᠦᠨᠳᠦ ᠨᠣᠴᠢᠲᠠᠢ ᠨᠥᠯᠥᠭᠡᠯᠡᠬᠦ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠶᠢ ᠰᠡᠷᠭᠦᠭᠡᠬᠦ ᠠᠵᠢᠯ ᠢ ᠲᠦᠯᠬᠢᠨ ᠠᠬᠢᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠦᠨᠡᠲᠦ ᠬᠡᠰᠡᠭ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠬᠠᠷᠠᠭ᠎ᠠ ᠳᠦᠭᠦᠷᠡᠩ ᠰᠢᠷᠬ᠎ᠠ ᠰᠣᠷᠪᠢ  ᠲᠠᠢ ᠂ ᠠᠮᠢ ᠠᠬᠤᠢ ᠬᠡᠪᠡᠷᠡᠭ ᠬᠠᠶᠠᠭᠳᠠᠮᠠᠯ ᠠᠭᠤᠷᠬᠠᠢ ᠳᠤ ᠬᠥᠬᠡᠮᠳᠦᠭ ᠨᠣᠭᠤᠭᠠᠨ ᠠᠭᠤᠯᠠ ᠤᠰᠤ ᠶᠢ ᠲᠠᠬᠢᠨ ᠢᠯᠡᠷᠡᠭᠦᠯᠪᠡ᠃      ᠠᠮᠢ ᠠᠬᠤᠢ ᠶᠢᠨ ᠣᠷᠴᠢᠨ ᠲᠣᠭᠤᠷᠢᠨ ᠨᠢ ︽ ᠨᠣᠭᠤᠭᠠᠨ ︾ ᠵᠦᠭ ᠲᠤ᠂ ᠠᠵᠤ ᠦᠢᠯᠡᠰ ᠤᠨ ᠬᠥᠭᠵᠢᠯᠲᠡ ᠨᠢ ︽ ᠨᠣᠭᠤᠭᠠᠨ ︾ ᠵᠦᠭ ᠲᠤ ᠬᠠᠨᠳᠤᠵᠤ ᠂ ᠥᠨᠥᠳᠥᠷ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢ ᠶᠠᠭ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ︽ᠨᠣᠭᠤᠭᠠᠨ︾ ᠢ ᠬᠥᠭᠡᠭᠡᠴᠡᠯᠳᠦᠨ ᠤᠷᠤᠭᠰᠢᠯᠠᠬᠤ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠡᠨᠡ ᠬᠦ ᠲᠠᠯ᠎ᠠ ᠨᠤᠲᠤᠭ ᠲᠤ ᠨᠣᠭᠤᠭᠠᠨ ᠥᠩᠭᠡ ᠶᠢ ᠲᠠᠰᠤᠷᠠᠯᠲᠠ ᠦᠭᠡᠢ ᠳᠡᠯᠭᠡᠷᠡᠭᠦᠯᠵᠦ ᠪᠠᠶᠢᠨ᠎ᠠ ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号