ᠰᠢ ᠶᠢᠨ ᠫᠢᠩ ᠺᠤᠷᠢᠶᠠ ᠶᠢᠨ ᠠᠶᠠᠨᠴᠢᠨ ᠤ ᠨᠢᠰᠬᠡᠯ ᠠᠳᠡᠯ ᠭᠠᠷᠤᠭᠰᠠᠨ ᠲᠤᠬᠠᠢ ᠺᠤᠷᠢᠶᠠ ᠶᠢᠨ ᠣᠷᠣᠯᠠᠭᠴᠢ ᠶᠡᠷᠦᠩᠬᠡᠶᠢᠯᠡᠭᠴᠢ ᠼᠦᠢ ᠰᠢᠶᠠᠩ ᠮᠦ ᠳᠤ ᠲᠣᠬᠤᠨᠢᠭᠤᠯᠬᠤ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2024/12/30
      ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 29 ᠤ ᠴᠠᠭᠢᠯᠭᠠᠨ ᠮᠡᠳᠡᠭᠡ 12 ᠰᠠᠷ᠎ᠠ ᠶᠢᠨ 29 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠤᠷᠢᠶᠠ ᠶᠢᠨ ᠵᠢᠵᠧᠦ ᠶᠢᠨ ᠠᠭᠠᠷ ᠤᠨ ᠠᠶᠠᠯᠠᠯ ᠤᠨ ᠠᠶᠠᠨᠴᠢᠨ ᠤ ᠨᠢᠰᠬᠡᠯ ᠠᠳᠡᠯ ᠭᠠᠷᠴᠤ ᠬᠥᠮᠥᠨ ᠬᠠᠷ᠎ᠠ ᠬᠦᠨᠳᠦ ᠶᠡᠭᠡ ᠠᠳᠡᠵᠦ ᠰᠢᠷᠬᠠᠲᠤᠭᠰᠠᠨ ᠲᠤᠬᠠᠢ ᠺᠤᠷᠢᠶᠠ ᠶᠢᠨ ᠣᠷᠣᠯᠠᠭᠴᠢ ᠶᠡᠷᠦᠩᠬᠡᠶᠢᠯᠡᠭᠴᠢ ᠼᠦᠢ ᠰᠢᠶᠠᠩ ᠮᠦ ᠳᠤ ᠲᠣᠬᠤᠨᠢᠭᠤᠯᠬᠤ ᠴᠠᠭᠢᠯᠭᠠᠨ ᠴᠢᠮᠡᠭᠡ ᠶᠠᠪᠤᠭᠤᠯᠪᠠ᠃      ᠰᠢ ᠶᠢᠨ ᠫᠢᠩ᠂ ᠡᠷᠬᠢᠮ ᠤᠯᠤᠰ ᠤᠨ ᠵᠢᠵᠧᠦ ᠶᠢᠨ ᠠᠭᠠᠷ ᠤᠨ ᠠᠶᠠᠯᠠᠯ ᠤᠨ ᠨᠢᠭᠡ ᠠᠶᠠᠨᠴᠢᠨ ᠤ ᠨᠢᠰᠬᠡᠯ ᠠᠳᠡᠯ ᠭᠠᠷᠴᠤ᠂ ᠬᠥᠮᠥᠨ ᠬᠠᠷ᠎ᠠ ᠬᠦᠨᠳᠦ ᠨᠣᠴᠢᠲᠠᠢ ᠠᠳᠡᠵᠦ ᠰᠢᠷᠬᠠᠲᠤᠭᠰᠠᠨ ᠢ ᠰᠣᠴᠢᠰᠬᠢᠨ ᠰᠣᠨᠣᠰᠤᠯ᠎ᠠ᠃ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠠᠳᠡᠭᠰᠡᠳ ᠢ ᠭᠦᠨ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠵᠦ᠂ ᠠᠳᠡᠭᠰᠡᠳ ᠤᠨ ᠭᠡᠷ ᠪᠦᠯᠢ ᠶᠢᠨ ᠬᠢᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠬᠡᠬᠦ ᠶᠢᠨ ᠬᠠᠮᠲᠤ ᠰᠢᠷᠬᠠᠲᠤᠭᠰᠠᠳ ᠤᠨ ᠡᠷᠲᠡᠬᠡᠨ ᠡᠷᠡᠭᠦᠯᠵᠢᠬᠦ ᠶᠢ ᠵᠥᠩᠨᠡᠵᠦ ᠪᠠᠶᠢᠨ᠎ᠠ ᠭᠡᠵᠦ ᠢᠯᠡᠳᠬᠡᠪᠡ᠃ 
 
ᠢᠷᠡᠯᠲᠡ᠄ ᠦᠪᠦᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号