ᠪᠢ ᠲᠠᠨ ᠤ ᠡᠮᠴᠢᠯᠡᠭᠡᠨ ᠤ ᠳᠠᠭᠠᠳᠬᠠᠯ ᠳᠤ ︽ᠳᠠᠩᠰᠠ ᠪᠣᠳᠣᠵᠤ︾ ᠥᠭᠭᠦᠶ᠎ᠡ
ᠨᠡᠶᠢᠲᠡᠯᠡᠭᠰᠡᠨ ᠴᠠᠭ᠄
2024/12/31
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠢᠭᠡᠨ ᠰᠢᠶᠠᠩ ᠲᠣᠰᠬᠤᠨ ᠤ ᠠᠷᠠᠳ ᠬᠥ᠋ ᠣᠪᠣᠭᠲᠤ ᠪᠣᠯ ᠳᠣᠣᠷ᠎ᠠ ᠪᠠᠲᠤᠯᠠᠭᠠᠲᠤ ᠡᠷᠦᠬᠡ ᠪᠣᠯᠤᠨ᠎ᠠ᠂ ᠡᠶᠢᠮᠦ ᠠᠴᠠ ᠰᠦᠢᠳᠬᠡᠯ ᠲᠤᠰᠢᠶᠠᠬᠤ ᠲᠥᠷᠥ ᠶᠢᠨ ᠪᠣᠳᠣᠯᠭ᠎ᠠ ᠶᠣᠰᠣᠭᠠᠷ ᠵᠣᠬᠢᠬᠤ ᠲᠤᠰᠠᠯᠠᠮᠵᠢ ᠬᠦᠷᠲᠡᠭᠡᠵᠦ᠂ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ ᠳᠤ ᠬᠤᠪᠢ ᠬᠥᠮᠦᠨ ᠵᠥᠪᠬᠡᠨ 120 ᠲᠥᠭᠦᠷᠢᠭ ᠲᠤᠰᠢᠶᠠᠵᠤ᠂ ᠳᠡᠭᠡᠳᠦ ᠱᠠᠲᠤᠨ ᠠᠴᠠ 280 ᠲᠥᠭᠦᠷᠢᠭ ᠤᠨ ᠲᠤᠰᠠᠯᠠᠮᠵᠢ ᠦᠵᠡᠭᠦᠯᠦᠨ᠎ᠡ ᠃ ᠬᠥ᠋ ᠣᠪᠣᠭᠲᠤ ᠵᠥᠷᠢᠭᠦᠦ ᠬᠡᠯᠪᠡᠷᠢ ᠶᠢᠨ ᠣᠶᠤᠨ ᠮᠡᠳᠡᠷᠡᠯ ᠰᠠᠷᠨᠢᠬᠤ ᠡᠪᠡᠳᠴᠢᠨ ᠲᠠᠢ ᠪᠠᠶᠢᠵᠤ᠂ 2024 ᠣᠨ ᠳᠤ ᠪᠤᠭᠤᠲᠤ ᠬᠤᠲᠠ ᠶᠢᠨ ᠵᠢᠷᠭᠤᠳᠤᠭᠠᠷ ᠡᠮᠨᠡᠯᠭᠡ ᠶᠢᠨ ᠬᠤᠷᠢᠶ᠎ᠠ ᠳᠤ ᠡᠮᠨᠡᠯᠭᠡ ᠳᠤ ᠰᠠᠭᠤᠵᠤ᠂ ᠶᠡᠷᠦᠩᠬᠡᠶ ᠵᠠᠷᠤᠳᠠᠯ ᠨᠢ 73626.04 ᠲᠥᠭᠦᠷᠢᠭ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠤᠭᠰᠠᠨ ᠨᠢ 49996.34 ᠲᠥᠭᠦᠷᠢᠭ᠂ ᠬᠦᠨᠳᠦ ᠡᠪᠡᠳᠴᠢᠨ ᠤ ᠳᠠᠭᠠᠳᠬᠠᠯ ᠤᠨ ᠲᠠᠩᠰᠠ ᠲᠠᠶᠢᠯᠤᠭᠰᠠᠨ ᠨᠢ 12301.14 ᠲᠥᠭᠦᠷᠢᠭ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠲᠠᠩᠰᠠ ᠲᠠᠶᠢᠯᠤᠭᠰᠠᠨ ᠨᠢ 7018.1 ᠲᠥᠭᠦᠷᠢᠭ ᠪᠠᠶᠢᠵᠤ᠂ ᠮᠠᠨ ᠤ ᠡᠮᠴᠢᠯᠡᠭᠡᠨ ᠤ ᠳᠠᠭᠠᠳᠬᠠᠯ ᠤᠨ ᠭᠤᠷᠪᠠᠨ ᠴᠢᠬᠤᠯᠠ ᠶᠡᠷᠦᠩᠬᠡᠶᠢᠯᠡᠭᠰᠡᠨ ᠪᠠᠲᠤᠯᠠᠭ᠎ᠠ ᠪᠠᠷ ᠳᠡᠮᠵᠢᠨ᠂ ᠡᠴᠦᠰ ᠤᠨ ᠬᠤᠪᠢ ᠶᠢᠨ ᠵᠠᠷᠤᠳᠠᠯ ᠨᠢ 4310.46 ᠲᠥᠭᠦᠷᠢᠭ ᠪᠣᠯᠤᠨ᠎ᠠ᠃ ᠭᠦ᠋ ᠣᠪᠣᠭᠲᠤ ᠶᠢᠨ ᠭᠡᠷ ᠪᠦᠯᠢ ᠶᠢᠨ ᠬᠢᠨ ᠄ ︽ ᠰᠠᠶ᠋ᠢ ᠡᠬᠢᠯᠡᠵᠦ ᠡᠮᠴᠢᠯᠡᠭᠡᠨ ᠤ ᠳᠠᠭᠠᠳᠬᠠᠯ ᠲᠤᠰᠢᠶᠠᠬᠤ ᠣᠶᠢᠶ᠎ᠠ ᠳᠤ᠂ ᠪᠢᠳᠡ ᠴᠥᠮ ᠲᠡᠭᠦᠨ ᠳᠤ  ᠲᠤᠰᠢᠶᠠᠵᠤ ᠥᠭᠬᠦ ᠳᠤᠷ᠎ᠠ ᠦᠭᠡᠢ᠂ ᠵᠢᠯ ᠵᠢᠯ ᠲᠠᠯᠠᠭᠠᠷ ᠲᠤᠰᠢᠶᠠᠵᠤ ᠪᠠᠶᠢᠨ᠎ᠠ ᠭᠡᠵᠦ ᠪᠣᠳᠣᠳᠠᠭ᠂  ᠰᠡᠭᠦᠯ ᠳᠤ ᠨᠢ ᠬᠡᠷᠪᠡ ᠭᠡᠨᠡᠳᠲᠡ ᠶᠢᠨ ᠬᠡᠷᠡᠭ ᠭᠠᠷᠬᠤ ᠪᠣᠯ ᠭᠡᠵᠦ ᠪᠣᠳᠣᠭᠰᠠᠨ ᠴᠢᠨᠢ᠂ ᠬᠠᠷᠢᠨ ᠦᠨᠡᠬᠡᠷ ᠬᠡᠷᠡᠭᠯᠡᠭᠳᠡᠵᠦ᠂ ᠮᠠᠨ ᠤ ᠡᠨᠡ ᠬᠦ ᠬᠦᠴᠢᠷᠳᠡᠯ ᠲᠠᠢ ᠭᠡᠷ ᠪᠦᠯᠢ ᠶᠢᠨ ᠳᠠᠷᠤᠭᠠᠰᠤ ᠶᠢ ᠬᠥᠩᠭᠡᠷᠡᠭᠦᠯᠪᠡ︾ ᠭᠡᠵᠦ ᠰᠡᠳᠬᠢᠯ ᠳᠣᠭᠳᠣᠯᠤᠨ ᠬᠡᠯᠡᠪᠡ ᠃      ᠡᠨᠡ ᠬᠦ ︽ᠲᠠᠩᠰᠠ︾ ᠪᠠᠷ ᠲᠠᠮᠵᠢᠨ᠂ ᠲᠠ ᠬᠡᠯᠡᠪᠡᠯ ᠡᠮᠴᠢᠯᠡᠭᠡᠨ ᠤ ᠳᠠᠭᠠᠳᠬᠠᠯ ᠢ ᠲᠤᠰᠢᠶᠠᠪᠠᠯ ᠵᠤᠬᠢᠬᠤ ᠤᠤ ᠦᠭᠡᠢ ᠦᠦ ︖      ᠡᠶᠢᠮᠦ ᠠᠴᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠯᠠᠨ ᠳᠤ ᠰᠠᠨᠠᠭᠤᠯᠬᠤ ᠨᠢ᠄      ᠤᠯᠤᠰ ᠠᠴᠠ ᠨᠢᠭᠡᠨᠲᠡ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠡᠶᠢᠲᠡᠯᠡᠵᠦ᠂ 2025 ᠣᠨ ᠠᠴᠠ ᠡᠬᠢᠯᠡᠨ᠂ ᠳᠠᠭᠠᠳᠬᠠᠯ ᠳᠤ ᠲᠥᠪᠯᠡᠷᠡᠭᠦᠯᠦᠨ ᠣᠷᠣᠯᠴᠠᠭᠤᠯᠬᠤ ᠬᠤᠭᠤᠴᠠᠭᠠᠨ ᠳᠤ ᠳᠠᠭᠠᠳᠬᠠᠯ ᠳᠤ ᠣᠷᠣᠯᠴᠠᠭᠰᠠᠨ ᠥᠬᠡᠶ ᠪᠤᠶᠤ ᠳᠠᠭᠠᠳᠬᠠᠯ ᠳᠤ ᠵᠠᠯᠭᠠᠵᠤ ᠣᠷᠣᠯᠴᠠᠭᠰᠠᠨ ᠥᠬᠡᠶ ᠬᠥᠮᠦᠰ ᠲᠤ ᠳᠠᠭᠠᠳᠬᠠᠯ ᠳᠤ ᠣᠷᠣᠯᠴᠠᠭᠰᠠᠨ ᠤ ᠳᠠᠷᠠᠭ᠎ᠠ 3 ᠰᠠᠷ᠎ᠠ ᠶᠢᠨ ᠲᠣᠭᠲᠠᠮᠠᠯ ᠣᠯᠭᠤᠮᠵᠢ ᠶᠢ ᠬᠦᠯᠢᠶᠡᠬᠦ ᠬᠤᠭᠤᠴᠠᠭ᠎ᠠ ᠶᠢ ᠲᠣᠬᠢᠷᠠᠭᠤᠯᠵᠤ᠂ ᠳᠠᠭᠠᠳᠬᠠᠯ ᠳᠤ ᠵᠠᠯᠭᠠᠵᠤ ᠣᠷᠣᠯᠴᠠᠭᠰᠠᠨ ᠥᠬᠡᠶ ᠬᠥᠮᠦᠰ ᠲᠤ ᠂ ᠳᠠᠭᠠᠳᠬᠠᠯ ᠢ ᠲᠠᠰᠤᠯᠳᠠᠭᠤᠯᠬᠤ  ᠨᠢ ᠨᠢᠭᠡ ᠵᠢᠯ ᠨᠡᠮᠡᠭᠳᠡᠬᠦ ᠪᠦᠷᠢ ᠂ ᠵᠠᠷᠴᠢᠮ ᠳᠡᠭᠡᠷ᠎ᠡ ᠪᠠᠨ ᠲᠣᠭᠲᠠᠮᠠᠯ  ᠣᠯᠭᠤᠮᠵᠢ ᠶᠢ ᠬᠦᠯᠢᠶᠡᠬᠦ ᠬᠤᠭᠤᠴᠠᠭᠠᠨ ᠤ ᠰᠠᠭᠤᠷᠢᠨ ᠳᠡᠭᠡᠷ᠎ᠡ᠂ ᠬᠤᠪᠢᠷᠠᠯᠲᠠ ᠶᠢᠨ ᠣᠯᠭᠤᠮᠵᠢ ᠶᠢ ᠬᠦᠯᠢᠶᠡᠬᠦ ᠬᠤᠭᠤᠴᠠᠭ᠎ᠠ ᠶᠢ 1 ᠰᠠᠷ᠎ᠠ ᠨᠡᠮᠡᠭᠳᠡᠭᠦᠯᠦᠨ᠎ᠡ᠃      ᠲᠠ ᠪᠣᠯᠣᠨ ᠬᠡᠷ ᠤᠨ ᠬᠥᠮᠦᠰ ᠤᠨ ᠢᠶᠠᠨ ᠡᠮᠴᠢᠯᠡᠭᠡᠨ ᠤ ᠳᠠᠭᠠᠳᠬᠠᠯ ᠤᠨ ᠣᠯᠭᠤᠮᠵᠢ  ᠨᠥᠯᠥᠭᠡᠯᠡᠭᠳᠡᠬᠦ ᠥᠬᠡᠶ ᠪᠠᠶᠢᠬᠤ ᠶᠢ ᠪᠠᠲᠤᠯᠠᠬᠤ ᠶᠢᠨ ᠲᠤᠰᠠᠳᠠ ᠂ ᠲᠠ ᠪᠣᠯᠣᠨ ᠬᠡᠷ ᠤᠨ ᠬᠥᠮᠦᠰ ᠤᠨ ᠢᠶᠠᠨ 2025 ᠣᠨ ᠤ ᠬᠤᠲᠠ ᠬᠥᠳᠡᠭᠡ ᠶᠢᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠴᠠᠭ ᠲᠤᠬᠠᠢ ᠳᠤ ᠨᠢ ᠲᠤᠰᠢᠶᠠᠵᠤ᠂ ᠳᠠᠭᠠᠳᠬᠠᠯ ᠳᠤ ᠲᠥᠪᠯᠡᠷᠡᠭᠦᠯᠦᠨ ᠣᠷᠣᠯᠴᠠᠭᠤᠯᠬᠤ ᠰᠦᠢᠳᠬᠡᠯ ᠲᠤᠰᠢᠶᠠᠬᠤ ᠴᠠᠭ ᠠᠴᠠ ᠶᠠᠭᠠᠬᠢᠭᠰᠠᠨ ᠴᠤ ᠬᠤᠵᠢᠮᠳᠠᠵᠤ ᠪᠣᠯᠬᠤ ᠥᠬᠡᠶ᠃ ᠡᠷᠬᠡᠪᠰᠢ ᠴᠡᠭᠡᠵᠢᠯᠡᠬᠦ ᠨᠢ᠄ ᠨᠢᠭᠡᠨ ᠴᠠᠭ ᠤᠨ ᠭᠤᠷᠢᠳᠠᠯ ᠢᠶᠠᠷ ᠂ ᠨᠠᠰᠤᠨ ᠲᠤᠷᠰᠢ ᠳᠤ ᠪᠠᠨ ᠬᠠᠷᠠᠮᠰᠠᠨ᠎ᠠ ᠃ᠳᠣᠲᠣᠨᠣᠰᠤᠭ ᠰᠠᠨᠠᠭᠤᠯᠤᠮᠵᠢ ᠄      1. 2025 ᠣᠨ ᠤ ᠡᠮᠴᠢᠯᠡᠭᠡᠨ ᠤ ᠳᠠᠭᠠᠳᠬᠠᠯ ᠤᠨ ᠰᠦᠢᠳᠭᠡᠯ ᠲᠤᠰᠢᠶᠠᠬᠤ ᠪᠠᠷᠢᠮᠵᠢᠶ᠎ᠠ︵ᠨᠢᠭᠡ︶ ᠡᠩ ᠤᠨ ᠬᠦᠮᠦᠨ ᠤ ᠰᠦᠢᠳᠭᠡᠯ ᠲᠤᠰᠢᠶᠠᠬᠤ ᠪᠠᠷᠢᠮᠵᠢᠶ᠎ᠠ      1. ᠬᠤᠲᠠ ᠬᠥᠳᠡᠭᠡ ᠶᠢᠨ ᠰᠠᠭᠤᠭᠠᠯᠢ ᠠᠷᠠᠳ ︵ᠤᠤᠯ ᠤᠨ ᠬᠤᠲᠠ ᠪᠠᠯᠭᠠᠰᠤ ᠶᠢᠨ ᠰᠠᠭᠤᠭᠠᠯᠢ ᠠᠷᠠᠳ ᠪᠠ ᠮᠠᠯᠴᠢᠨ ᠲᠠᠷᠢᠶᠠᠴᠢᠨ ᠢ ᠪᠠᠭᠲᠠᠭᠠᠨ᠎ᠠ ︶᠂ ᠰᠤᠷᠭᠠᠭᠤᠯᠢ ᠳᠤ ᠪᠠᠶᠢᠭ᠎ᠠ ᠂ ᠴᠡᠴᠡᠷᠯᠢᠭ ᠲᠤ ᠪᠠᠶᠢᠭ᠎ᠠ ᠰᠤᠷᠤᠭᠴᠢ ᠵᠢᠴᠢ ᠰᠤᠷᠬᠤ ᠨᠠᠰᠤᠨ ᠠᠴᠠ ᠡᠮᠦᠨᠡᠬᠢ ᠬᠡᠦᠬᠡᠳ᠂ ᠰᠢᠨ᠎ᠡ ᠲᠥᠷᠥᠭᠰᠡᠨ ᠬᠡᠦᠬᠡᠳ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠨᠢ 400 ᠲᠥᠭᠦᠷᠢᠭ ᠪᠣᠯᠤᠨ᠎ᠠ᠃      2. ᠲᠣᠰ ᠬᠤᠲᠠ ᠶᠢᠨ ᠡᠷᠦᠬᠡ ᠠᠮᠠ ᠶᠢᠨ ᠪᠤᠰᠤ ᠰᠠᠭᠤᠭᠠᠯᠢ ᠠᠷᠠᠳ ᠲᠣᠰ ᠬᠥᠮᠦᠨ ᠤ ᠪᠡᠶ᠎ᠡ ᠶᠢᠨ ᠦᠨᠡᠮᠯᠡᠯ ᠢᠶᠠᠨ ᠠᠪᠴᠤ ᠰᠠᠭᠤᠭ᠎ᠠ ᠭᠠᠵᠠᠷ ᠤᠨ ᠪᠠᠶᠢᠭ᠎ᠠ ᠪᠠᠯᠭᠠᠰᠤ᠂ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠲᠤ ᠣᠴᠢᠵᠤ ᠳᠠᠭᠠᠳᠬᠠᠯ ᠳᠤ ᠣᠷᠣᠯᠴᠠᠵᠤ ᠪᠣᠯᠤᠨ᠎ᠠ᠂ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠨᠢ 400 ᠲᠥᠭᠦᠷᠢᠭ ᠪᠣᠯᠤᠨ᠎ᠠ᠃︵ᠬᠤᠶᠠᠷ︶ ᠬᠦᠴᠢᠷᠳᠡᠯ ᠲᠠᠢ ᠣᠯᠠᠨ ᠲᠦᠮᠡᠨ ᠤ ᠰᠦᠢᠳᠬᠡᠯ ᠲᠤᠰᠢᠶᠠᠬᠤ ᠪᠠᠷᠢᠮᠵᠢᠶ᠎ᠠ      1. ᠣᠨᠴᠠ ᠬᠦᠴᠢᠷᠳᠡᠯ ᠲᠠᠢ ᠠᠰᠠᠷᠠᠨ ᠲᠡᠵᠢᠭᠡᠵᠦ ᠪᠠᠶᠢᠭ᠎ᠠ ᠬᠥᠮᠦᠰ᠂ ᠥᠨᠥᠴᠢᠨ ᠬᠡᠤᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠥᠬᠡᠶ ᠰᠢᠨ᠎ᠡ ᠳᠤᠮᠳᠠᠳᠤ ᠤᠯᠤᠰ ᠪᠠᠶᠢᠭᠤᠯᠤᠭᠳᠠᠬᠤ ᠠᠴᠠ ᠡᠮᠦᠨᠡᠬᠢ ᠠᠬᠠᠮᠠᠳ ᠨᠠᠮ ᠤᠨ ᠭᠡᠰᠢᠭᠦᠨ ᠤ ᠬᠤᠪᠢ ᠬᠥᠮᠦᠨ ᠤ ᠲᠤᠰᠢᠶᠠᠬᠤ ᠰᠦᠢᠳᠬᠡᠯ ᠢ ᠡᠮᠴᠢᠯᠡᠭᠡᠨ ᠤ ᠠᠪᠤᠷᠠᠨ ᠲᠤᠰᠠᠯᠠᠬᠤ ᠮᠥᠩᠭᠦ ᠠᠴᠠ ᠪᠥᠬᠦ ᠲᠤᠭ᠎ᠠ ᠪᠠᠷ ᠲᠤᠰᠠᠯᠠᠨ ᠳᠠᠭᠠᠳᠬᠠᠯ ᠳᠤ ᠣᠷᠣᠯᠴᠠᠭᠤᠯᠤᠨ᠎ᠠ᠃      2. ᠬᠤᠲᠠ ᠬᠥᠳᠡᠭᠡ ᠶᠢᠨ ᠳᠣᠣᠷ᠎ᠠ ᠪᠠᠲᠤᠯᠠᠭᠠᠲᠤ ᠡᠲᠡᠭᠡᠳ ᠤᠨ ᠬᠤᠪᠢ ᠬᠥᠮᠦᠨ ᠤ ᠰᠦᠢᠳᠬᠡᠯ ᠢ ᠡᠮᠴᠢᠯᠡᠭᠡᠨ ᠤ ᠠᠪᠤᠷᠠᠨ ᠲᠤᠰᠠᠯᠠᠬᠤ ᠮᠥᠩᠭᠦᠨ ᠠᠴᠠ 70% ᠶᠢᠨ ᠬᠠᠷᠢᠴᠠᠯ ᠢᠶᠠᠷ ᠲᠤᠰᠠᠯᠠᠮᠵᠢ ᠣᠯᠭᠤᠵᠤ᠂ ᠲᠣᠰ ᠬᠥᠮᠦᠨ ᠨᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠦᠢᠳᠬᠡᠯ ᠲᠤᠰᠢᠶᠠᠬᠤ ᠪᠠᠷᠢᠮᠵᠢᠶᠠᠨ ᠤ 30% ᠶᠢᠨ ᠬᠠᠷᠢᠴᠠᠯ ᠶᠣᠰᠣᠭᠠᠷ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠨ᠎ᠠ︔      3. ᠬᠥᠳᠡᠭᠡ ᠲᠣᠰᠬᠤᠨ‌‍ᠲ᠋ᠣᠣᠷ᠎ᠠ ᠪᠠᠲᠤᠯᠠᠭᠠᠲᠤ ᠬᠦᠮᠥᠰ ᠢ ᠬᠢᠨᠠᠨ ᠰᠢᠨᠵᠢᠬᠦ ᠬᠡᠪᠴᠢᠶᠡᠨ ᠳᠠᠬᠢ ᠶᠠᠳᠠᠭᠤ ᠠᠴᠠ ᠠᠩᠭᠢᠵᠢᠷᠠᠬᠤ ᠳᠤ ᠲᠣᠭᠲᠠᠭᠤᠨ ᠪᠤᠰᠤ ᠡᠷᠦᠬᠡ᠂ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠡᠷᠦᠬᠡ ᠪᠠ ᠭᠡᠨᠡᠳᠲᠡ ᠪᠠᠷ ᠬᠦᠨᠳᠦ ᠨᠣᠴᠢᠲᠠᠢ ᠬᠦᠴᠢᠷᠳᠡᠯ ᠡᠭᠦᠰᠦᠭᠰᠡᠨ ᠡᠷᠦᠬᠡ ᠶᠢᠨ ᠬᠤᠪᠢ ᠬᠥᠮᠥᠨ ᠤ ᠲᠤᠰᠢᠶᠠᠬᠤ ᠰᠦᠢᠳᠬᠡᠯ ᠢ ᠬᠤᠰᠢᠭᠤ᠂ ᠰᠢᠶᠠᠨ᠂ ᠲᠣᠭᠤᠷᠢᠭ ᠤᠨ ᠡᠳ᠋ ᠤᠨ ᠵᠠᠰᠠᠭ ᠤᠨ ᠪᠡᠯᠡ ᠮᠥᠩᠭᠦᠨ ᠠᠴᠠ 70% ᠶᠢᠨ ᠬᠠᠷᠢᠴᠠᠯ ᠶᠣᠰᠣᠭᠠᠷ ᠲᠣᠭᠲᠠᠭᠰᠠᠨ ᠲᠣᠭᠠᠨ ᠤ ᠲᠤᠰᠠᠯᠠᠮᠵᠢ ᠣᠯᠭᠤᠵᠤ᠂ ᠲᠣᠰ ᠬᠥᠮᠦᠨ ᠨᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠲᠤᠰᠢᠶᠠᠬᠤ ᠪᠠᠷᠢᠮᠵᠢᠶ᠎ᠠ ᠶᠢᠨ 30% ᠤᠨ ᠬᠠᠷᠢᠴᠠᠯ ᠢᠶᠠᠷ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠨ᠎ᠠ︔      4. ᠶᠠᠳᠠᠭᠤ ᠠᠴᠠ ᠠᠩᠭᠢᠵᠢᠷᠠᠭᠰᠠᠨ ᠬᠦᠮᠥᠰ ᠤᠨ ︽ᠳᠥᠷᠪᠡ ᠶᠢ ᠥᠯᠥ ᠰᠠᠯᠭᠠᠬᠤ︾ ᠱᠠᠭᠠᠷᠳᠠᠯᠭ᠎ᠠ ᠳᠤ ᠬᠠᠷᠢᠶᠠᠯᠠᠭᠳᠠᠬᠤ ᠬᠥᠮᠥᠰ ᠬᠤᠪᠢ ᠬᠥᠮᠥᠨ ᠤ ᠰᠦᠢᠳᠬᠡᠯ ᠲᠤᠰᠢᠶᠠᠬᠤ ᠳᠤ ᠬᠤᠰᠢᠭᠤ᠂ ᠰᠢᠶᠠᠨ᠂ ᠲᠣᠭᠤᠷᠢᠭ ᠤᠨ ᠡᠳ᠋ ᠤᠨ ᠵᠠᠰᠠᠭ ᠤᠨ ᠪᠡᠯᠡ ᠮᠥᠩᠭᠦᠨ ᠠᠴᠠ 50% ᠶᠢᠨ ᠬᠠᠷᠢᠴᠠᠯ ᠢᠶᠠᠷ ᠲᠣᠭᠲᠠᠭᠰᠠᠨ ᠲᠤᠩᠭᠠᠨ ᠤ ᠲᠤᠰᠠᠯᠠᠮᠵᠢ ᠣᠯᠭᠤᠵᠤ ᠂ ᠲᠣᠰ ᠬᠥᠮᠥᠨ ᠨᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠦᠢᠳᠬᠡᠯ ᠲᠤᠰᠢᠶᠠᠬᠤ ᠪᠠᠷᠢᠮᠵᠢᠶ᠎ᠠ ᠶᠢᠨ 50% ᠶᠢᠨ ᠬᠠᠷᠢᠴᠠᠯ ᠢᠶᠠᠷ  ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠨ᠎ᠠ᠃      5. ᠬᠦᠨᠳᠦ ᠵᠡᠮᠳᠡᠭᠴᠦᠳ ᠬᠤᠪᠢ ᠬᠥᠮᠥᠨ ᠤ ᠰᠦᠢᠳᠬᠡᠯ ᠲᠤᠰᠢᠶᠠᠬᠤ ᠳᠤ ᠵᠠᠰᠠᠭ ᠤᠨ ᠣᠷᠳᠣᠨ ᠠᠴᠠ 50% ᠶᠢᠨ ᠬᠠᠷᠢᠴᠠᠯ ᠢᠶᠠᠷ ᠨᠥᠬᠦᠪᠦᠷᠢᠯᠡᠨ᠎ᠡ ︵ᠬᠤᠲᠠ ᠰᠢᠶᠠᠨ ᠬᠤᠶᠠᠷ ᠱᠠᠲᠤᠨ ᠤ ᠡᠳ᠋ ᠤᠨ ᠵᠠᠰᠠᠭ ᠲᠣᠰ ᠪᠦᠷᠢ 50% ᠬᠠᠷᠢᠴᠠᠯ ᠪᠠᠷ ᠡᠭᠦᠷᠭᠡᠯᠡᠨ᠎ᠡ ︶᠂ ᠲᠣᠰ ᠬᠥᠮᠥᠨ ᠨᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠦᠢᠳᠬᠡᠯ ᠲᠤᠰᠢᠶᠠᠬᠤ ᠪᠠᠷᠢᠮᠵᠢᠶ᠎ᠠ ᠶᠢᠨ 50% ᠬᠠᠷᠢᠴᠠᠯ ᠢᠶᠠᠷ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠨ᠎ᠠ᠃2. ᠰᠦᠢᠳᠬᠡᠯ ᠲᠤᠰᠢᠶᠠᠬᠤ ᠠᠷᠭ᠎ᠠ ᠮᠠᠶ᠋ᠢᠭ︵ᠨᠢᠭᠡ︶ ᠸᠢᠴᠠᠲ ᠢᠶᠠᠷ ᠰᠦᠢᠳᠭᠡᠯ ᠲᠤᠰᠢᠶᠠᠬᠤ      ᠠᠷᠭ᠎ᠠ ᠨᠢᠭᠡ ᠄ ︽ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠵᠢᠵᠢᠭ ᠫᠷᠣᠭ᠍ᠷᠠᠮ ᠢ ᠬᠠᠶᠢᠭᠠᠳ᠂ ᠭᠤᠶᠤᠴᠢᠯᠠᠨ ᠮᠡᠳᠡᠭᠦᠯᠵᠦ ᠰᠦᠢᠳᠬᠡᠯ ᠲᠤᠰᠢᠶᠠᠵᠤ᠂ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ ᠭᠠᠷᠭᠠᠯᠭᠠᠨ᠎ᠠ᠃      ᠠᠷᠭ᠎ᠠ ᠬᠤᠶᠠᠷ᠄ ︽ᠪᠢ — ᠲᠣᠭᠠᠴᠠᠭᠠᠯᠠᠬᠤ — ᠬᠤᠲᠠ ᠶᠢᠨ ᠦᠢᠯᠡᠴᠢᠯᠡᠭᠡ — ᠨᠡᠶᠢᠭᠡᠮ ᠤᠨ ᠪᠠᠲᠤᠯᠠᠭ᠎ᠠ — ᠥᠪᠥᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠠᠷᠭ᠎ᠠ ᠵᠠᠮ ᠢᠶᠠᠷ ᠳᠠᠮᠵᠢᠭᠤᠯᠤᠨ ᠭᠤᠶᠤᠴᠢᠯᠠᠨ ᠮᠡᠳᠡᠭᠦᠯᠵᠦ ᠰᠦᠢᠳᠬᠡᠯ ᠲᠤᠰᠢᠶᠠᠵᠤ᠂ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ ᠭᠠᠷᠭᠠᠯᠭᠠᠨ᠎ᠠ᠃          ᠠᠷᠭ᠎ᠠ ᠭᠤᠷᠪᠠ᠄ ︽ᠪᠤᠭᠤᠲᠤ ᠶᠢᠨ ᠡᠮᠴᠢᠯᠡᠭᠡᠨ ᠤ ᠪᠠᠲᠤᠯᠠᠭ᠎ᠠ︾ ᠵᠢᠵᠢᠭ ᠫᠷᠣᠭ᠍ᠷᠠᠮ ᠢᠶᠠᠷ ᠳᠠᠮᠵᠢᠭᠤᠯᠤᠨ ᠭᠤᠶᠤᠴᠢᠯᠠᠨ ᠮᠡᠳᠡᠭᠦᠯᠵᠦ ᠰᠦᠢᠳᠬᠡᠯ ᠲᠤᠰᠢᠶᠠᠵᠤ᠂ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ  ᠭᠠᠷᠭᠠᠯᠭᠠᠨ᠎ᠠ᠃        ︵ᠬᠤᠶᠠᠷ︶ ᡁᠢ ᠹᠦ᠋ ᠪᠣᠣ ᠪᠠᠷ ᠰᠦᠢᠳᠭᠡᠯ ᠲᠤᠰᠢᠶᠠᠬᠤ      ︽ᠬᠤᠲᠠ ᠶᠢᠨ ᠠᠷᠠᠳ ᠤᠨ ᠲᠥᠪ — ᠨᠡᠶᠢᠭᠡᠮ ᠤᠨ ᠪᠠᠲᠤᠯᠠᠭ᠎ᠠ — ᠥᠪᠥᠷ ᠮᠣᠩᠭᠤᠯ ᠤᠨ ᠨᠡᠶᠢᠭᠡᠮ ᠤᠨ ᠪᠠᠲᠤᠯᠠᠭ᠎ᠠ ᠶᠢᠨ ᠰᠦᠢᠳᠭᠡᠯ ᠲᠤᠰᠢᠶᠠᠬᠤ︾ ᠠᠷᠭ᠎ᠠ ᠵᠠᠮ ᠢᠶᠠᠷ ᠳᠠᠮᠵᠢᠭᠤᠯᠤᠨ ᠭᠤᠶᠤᠴᠢᠯᠠᠨ ᠮᠡᠳᠡᠭᠦᠯᠵᠦ ᠰᠦᠢᠳᠬᠡᠯ ᠲᠤᠰᠢᠶᠠᠵᠤ᠂ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ ᠭᠠᠷᠭᠠᠯᠭᠠᠨ᠎ᠠ᠃︵ᠭᠤᠷᠪᠠ︶ ᠮᠧᠩ ᠰᠦ᠋ ᠪᠠᠨ ᠢᠶᠠᠷ ᠰᠦᠢᠳᠭᠡᠯ ᠲᠤᠰᠢᠶᠠᠬᠤ      ᠠᠷᠭ᠎ᠠ ᠨᠢᠭᠡ᠄ ︽ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠶᠢ ᠬᠠᠶᠢᠭᠠᠳ ᠂ ᠭᠤᠶᠤᠴᠢᠯᠠᠨ ᠮᠡᠳᠡᠭᠦᠯᠵᠦ ᠰᠦᠢᠳᠬᠡᠯ ᠲᠤᠰᠢᠶᠠᠵᠤ᠂ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ ᠭᠠᠷᠭᠠᠯᠭᠠᠨ᠎ᠠ᠃        ᠠᠷᠭ᠎ᠠ ᠬᠤᠶᠠᠷ᠄ ︽ᠦᠢᠯᠡᠴᠢᠯᠡᠭᠡ — ᠲᠠᠪᠤᠨ ᠳᠠᠭᠠᠳᠬᠠᠯ ᠨᠢᠭᠡ ᠮᠥᠩᠭᠦ — ᠥᠪᠥᠷ ᠮᠣᠩᠭᠤᠯ ᠤᠨ ᠨᠡᠶᠢᠭᠡᠮ ᠤᠨ ᠪᠠᠲᠤᠯᠠᠭ᠎ᠠ ᠶᠢᠨ ᠰᠦᠢᠳᠬᠡᠯ ᠲᠤᠰᠢᠶᠠᠬᠤ︾ ᠠᠷᠭ᠎ᠠ ᠵᠠᠮ ᠢᠶᠠᠷ ᠳᠠᠮᠵᠢᠭᠤᠯᠤᠨ ᠰᠦᠢᠳᠬᠡᠯ ᠲᠤᠰᠢᠶᠠᠬᠤ᠂ ᠭᠤᠶᠤᠴᠢᠯᠠᠨ ᠮᠡᠳᠡᠭᠦᠯᠵᠦ ᠰᠦᠢᠳᠬᠡᠯ ᠲᠤᠰᠢᠶᠠᠵᠤ᠂ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ ᠭᠠᠷᠭᠠᠯᠭᠠᠨ᠎ᠠ᠃  ︵ᠲᠦᠷᠪᠡ︶ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠠᠷ ᠰᠦᠢᠳᠭᠡᠯ ᠲᠤᠰᠢᠶᠠᠬᠤ      ᠨᠡᠪᠲᠡᠷᠡᠬᠦ ᠰᠦᠯᠵᠢᠶᠡᠨ ᠤ ᠬᠠᠶ᠋ᠢᠭ ᠄https://etax.neimenggu.chinatax.gov.cn      ᠪᠠᠶᠢᠭᠠᠯᠢ ᠬᠥᠮᠦᠨ ᠤ ᠲᠤᠬᠠᠶᠢᠯᠠᠭᠰᠠᠨ ᠠᠵᠢᠯ ᠢ ᠰᠣᠩᠭᠤᠵᠤ᠂ ᠭᠤᠶᠤᠴᠢᠯᠠᠨ ᠮᠡᠳᠡᠭᠦᠯᠵᠦ ᠰᠦᠢᠳᠬᠡᠯ ᠲᠤᠰᠢᠶᠠᠵᠤ᠂ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ ᠭᠠᠷᠭᠠᠯᠭᠠᠨ᠎ᠠ᠃      ︵ᠲᠠᠪᠤ︶ ᠪᠠᠩᠬᠢ ᠪᠠᠷ ᠰᠦᠢᠳᠬᠡᠯ ᠲᠤᠰᠢᠶᠠᠬᠤ      ᠪᠦᠲᠦᠭᠡᠨ ᠪᠠᠶᠢᠭᠤᠯᠤᠯᠲᠠ ᠶᠢᠨ ᠪᠠᠩᠬᠢ ᠪᠣᠯᠤᠨ ᠭᠤᠸᠠᠩ ᠳ᠋ᠠ ᠪᠠᠩᠬᠢ ᠶᠢᠨ ᠦᠢᠯᠡᠴᠢᠯᠡᠭᠡᠨ ᠤ ᠰᠦᠯᠵᠢᠶ᠎ᠡ ᠶᠢᠨ ᠣᠶᠤᠨᠲᠤ ᠯᠠᠩᠭᠦᠶᠢᠴᠢᠨ ᠤ ᠮᠠᠰᠢᠨ᠂ ᠲᠤᠬᠠᠶᠢᠯᠠᠭᠰᠠᠨ ᠠᠵᠢᠯ ᠤᠨ ᠴᠣᠩᠬᠤᠪᠴᠢ ᠪᠠᠷ ᠳᠠᠮᠵᠢᠭᠤᠯᠤᠨ ᠭᠤᠶᠤᠴᠢᠯᠠᠨ ᠮᠡᠳᠡᠭᠦᠯᠵᠦ ᠰᠦᠢᠳᠬᠡᠯ ᠲᠤᠰᠢᠶᠠᠵᠤ᠂ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ ᠭᠠᠷᠭᠠᠯᠭᠠᠨ᠎ᠠ᠃  ︵ᠵᠢᠷᠭᠤᠭ᠎ᠠ ︶ ᠨᠡᠶᠢᠭᠡᠮ ᠲᠣᠭᠤᠷᠢᠭ᠂ ᠦᠢᠯᠡᠴᠢᠯᠡᠭᠡᠨ ᠤ ᠥᠷᠲᠡᠭᠡᠨ ︵ᠲᠣᠰᠬᠤᠨ︶ ᠤ ᠲᠠᠯᠠᠪᠤᠷ ᠰᠦᠢᠳᠬᠡᠯ ᠲᠤᠰᠢᠶᠠᠬᠤ ᠳᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠡᠭᠦᠯᠡᠨ POS ᠮᠠᠰᠢᠨ ᠢ ᠬᠡᠷᠡᠭᠯᠡᠵᠦ ᠺᠠᠷᠲ ᠤᠩᠰᠢᠭᠤᠯᠤᠨ ᠰᠦᠢᠳᠬᠡᠯ ᠲᠤᠰᠢᠶᠠᠨ᠎ᠠ ︵ᠳᠤᠯᠤᠭ᠎ᠠ︶ ᠡᠯ᠎ᠡ ᠬᠤᠰᠢᠭᠤ ᠰᠢᠶᠠᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠲᠢᠩᠬᠢᠮ ᠭᠦᠢᠴᠡᠳᠬᠡᠨ᠎ᠡ      ᠮᠠᠨ ᠤ ᠬᠤᠲᠠ ᠶᠢᠨ ᠡᠯ᠎ᠡ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠲᠢᠩᠬᠢᠮ ᠢᠶᠠᠷ ᠳᠠᠮᠵᠢᠭᠤᠯᠤᠨ ᠭᠤᠶᠤᠴᠢᠯᠠᠨ ᠮᠡᠳᠡᠭᠦᠯᠵᠦ ᠰᠦᠢᠳᠬᠡᠯ ᠲᠤᠰᠢᠶᠠᠵᠤ᠂ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ ᠭᠠᠷᠭᠠᠯᠭᠠᠨ᠎ᠠ᠃         ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠶᠡᠭᠡ ᠲᠢᠩᠬᠢᠮ ᠤᠨ ᠦᠢᠯᠡᠴᠢᠯᠡᠭᠡᠨ ᠤ ᠤᠲᠠᠰᠤ᠄ 0472 - 8427887 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号