﹇ᠵᠢᠯ ᠤᠨ ᠡᠴᠤᠰ ᠤᠨ ᠣᠨᠴᠠ ᠲᠦᠰᠦᠪᠯᠡᠯ﹈ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠨᠡ ᠨᠢᠭᠡ ᠵᠢᠯ • 2024 ᠵᠠᠩᠭᠢᠯᠠᠭ᠎ᠠ ᠶᠢᠨ ᠦᠭᠡ — ᠣᠯᠠᠨ ᠲᠦᠮᠡᠨ ᠤ ᠬᠠᠷᠠᠭᠠᠨ ᠳᠤ ᠣᠷᠣᠬᠤ
ᠨᠡᠶᠢᠲᠡᠯᠡᠭᠰᠡᠨ ᠴᠠᠭ᠄
2024/12/31
      ᠣᠯᠠᠨ ᠲᠦᠮᠡᠨ ᠤ ᠬᠠᠷᠠᠭᠠᠨ ᠳᠤ ᠣᠷᠣᠬᠤ ᠄ ᠰᠢᠨ᠎ᠡ ᠵᠦᠭ ᠂ ᠠᠭᠤᠰᠤᠯᠴᠠᠯ ᠵᠦᠭ ᠂ ᠰᠢᠪᠲᠤᠯᠤᠯᠲᠠ ᠵᠦᠭ      ᠭᠠᠷ ᠳᠠᠯᠠᠯᠤᠨ ᠰᠠᠯᠤᠯᠴᠠᠮᠠᠷ ᠪᠠᠶᠢᠭ᠎ᠠ 2024 ᠣᠨ ᠳᠤ᠂ ︽ ᠵᠠᠮ ᠲᠤᠷᠰᠢ ᠤᠮᠠᠷᠠᠰᠢᠯᠠᠬᠤ᠂ ᠲᠠᠷᠬᠠᠨ ᠮᠤᠤᠮᠢᠩᠭᠠᠨ ᠬᠠᠮᠤᠭ ᠤᠨ ᠰᠠᠶᠢᠬᠠᠨ︾᠂ ᠮᠣᠷᠢᠨ ᠤᠷᠤᠯᠳᠤᠭᠠᠨ ᠤ ︽ᠲᠣᠰᠬᠤᠨ ᠤ ᠬᠡᠳᠦ︾᠂ ︽ᠨᠠᠭᠠᠳᠤᠮ ︾ ᠵᠡᠷᠭᠡ ᠤᠳᠠᠭ᠎ᠠ ᠳᠠᠷᠠᠭ᠎ᠠ ᠶᠢᠨ ᠬᠠᠯᠠᠮᠰᠢᠯ ᠦᠭᠡᠰ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠢᠭᠤᠯᠴᠢᠯᠠᠯ ᠤᠨ      ᠡᠨᠡ ᠨᠢᠭᠡ ᠵᠢᠯ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ  ᠨᠢ ᠰᠣᠶᠣᠯ ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠬᠦ ᠶᠢ ᠪᠠᠷᠢᠮᠲᠠᠯᠠᠵᠤ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠵᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠬᠠᠨᠳᠤᠰᠢ ᠴᠢᠩᠭᠠᠷᠠᠵᠤ᠂ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠰᠤᠷᠠᠯᠲᠠ ᠥᠬᠡᠶ ᠢᠯᠡᠷᠡᠨ ᠭᠠᠷᠴᠤ ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠬᠢᠯᠠᠰ ᠴᠡᠭ ᠵᠠᠯᠭᠠᠭ᠎ᠠ ᠪᠠᠷ ᠢᠯᠡᠷᠡᠵᠦ᠂ ᠳᠠᠬᠢᠨ ᠳᠠᠪᠲᠠᠨ ︽ᠣᠯᠠᠨ ᠲᠦᠮᠡᠨ ᠤ ᠬᠠᠷᠠᠭᠠᠨ ᠳᠤ ᠣᠷᠣᠪᠠ︾ ᠃ ᠵᠠᠮ ᠲᠤᠷᠰᠢ ᠤᠮᠠᠷᠠᠰᠢᠯᠠᠬᠤ᠂ ᠲᠠᠷᠬᠠᠨ ᠮᠤᠤᠮᠢᠩᠭᠠᠨ ᠬᠠᠮᠤᠭ ᠤᠨ ᠰᠠᠶᠢᠬᠠᠨ      ᠬᠤᠪᠢᠯᠭᠠᠨ ᠭᠡᠷᠡᠯ ᠭᠡᠨᠡᠳᠲᠡ ᠰᠠᠴᠤᠷᠠᠭᠰᠠᠨ ᠮᠡᠲᠦ ︽ ᠵᠠᠮ ᠲᠤᠷᠰᠢ ᠤᠮᠠᠷᠠᠰᠢᠯᠠᠬᠤ᠂ ᠲᠠᠷᠬᠠᠨ ᠮᠤᠤᠮᠢᠩᠭᠠᠨ ᠬᠠᠮᠤᠭ ᠤᠨ ᠰᠠᠶᠢᠬᠠᠨ ︾ ᠵᠢᠭᠤᠯᠴᠢᠯᠠᠯ ᠤᠨ ᠤᠬᠠᠭᠤᠯᠭ᠎ᠠ ᠶᠢᠨ ᠦᠭᠡ ᠠᠴᠠ ᠰᠡᠭᠦᠯᠴᠢ ᠶᠢᠨ ᠬᠤᠭᠤᠴᠠᠭ᠎ᠠ ᠪᠣᠯᠬᠤ ᠳᠤ ᠡᠨᠡ ᠬᠦ ᠵᠢᠭᠤᠯᠴᠢᠯᠠᠯ ᠤᠨ ᠨᠡᠷᠡᠲᠦ ᠲᠡᠮᠳᠡᠭ ᠢ ᠠᠮᠵᠢᠯᠲᠠ ᠲᠠᠢ ᠳᠠᠭᠤᠷᠢᠰᠤᠭᠤᠯᠤᠭᠰᠠᠨ ᠪᠠᠶᠢᠨ᠎ᠠ ᠃ ︽ ᠵᠠᠮ ᠲᠤᠷᠰᠢ ᠤᠮᠠᠷᠠᠰᠢᠯᠠᠬᠤ᠂ ᠲᠠᠷᠬᠠᠨ ᠮᠤᠤᠮᠢᠩᠭᠠᠨ ᠬᠠᠮᠤᠭ ᠤᠨ ᠰᠠᠶᠢᠬᠠᠨ︾ ᠭᠠᠵᠠᠷ ᠵᠦᠶ ᠶᠢᠨ ᠪᠠᠶᠢᠷᠢᠰᠢᠯ ᠤᠨ ᠳᠤᠮᠳᠠ ᠲᠤᠬᠠᠶ ᠶᠢᠨ ᠭᠠᠵᠠᠷ ᠤᠨ ᠪᠠᠶᠢᠭᠠᠯᠢ ᠶᠢᠨ ᠦᠵᠡᠮᠵᠢ ᠬᠢᠭᠡᠳ ᠬᠥᠮᠦᠨ ᠰᠣᠶᠣᠯ ᠤᠨ ᠵᠣᠷᠢᠭ ᠰᠠᠨᠠᠭᠠᠨ ᠤ ᠬᠤᠷᠢᠶᠠᠩᠭᠤᠶᠢᠯᠠᠯ ᠢ ᠰᠢᠭᠢᠳᠬᠡᠨ ᠣᠷᠣᠭᠤᠯᠬᠤ ᠪᠣᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠳᠤᠮᠳᠠᠬᠢ ᠰᠢᠨ᠎ᠡ ᠡᠭᠦᠳᠦᠯᠲᠡ ᠪᠠ ᠦᠢᠯᠡᠳᠦᠯᠭᠡ ᠪᠠᠶᠢᠵᠤ᠂ ᠨᠠᠩ ᠰᠢᠭᠤᠳ᠂ ᠲᠥᠬᠦᠮ ᠮᠥᠷᠲᠡᠭᠡᠨ ᠨᠠᠩ ᠢᠲᠡᠭᠡᠯ ᠬᠦᠴᠦᠲᠡᠶ ᠠᠷᠭ᠎ᠠ ᠬᠡᠯᠪᠡᠷᠢ ᠪᠠᠷ ᠬᠥᠮᠦᠰ ᠲᠤ ᠨᠠᠩ ᠣᠯᠠᠨ ᠲᠥᠰᠦᠭᠡᠯᠡᠨ ᠪᠤᠳᠤᠬᠤ ᠣᠷᠣᠨ ᠵᠠᠶ ᠣᠯᠭᠤᠵᠤ᠂ ᠡᠭᠦᠨ ᠤ ᠤᠯᠠᠮ ᠢᠶᠠᠷ ᠨᠢᠭᠡ ᠵᠦᠢᠯ ᠤᠨ ᠵᠢᠭᠤᠯᠴᠢᠯᠠᠯ ᠤᠨ ᠲᠠᠲᠠᠬᠤ ᠬᠦᠴᠦᠨ ᠪᠣᠯᠤᠭᠰᠠᠨ ᠪᠠᠶᠢᠨ᠎ᠠ᠃ ᠮᠣᠷᠢᠨ ᠤᠷᠤᠯᠳᠤᠭᠠᠨ ᠤ ︽ ᠲᠣᠰᠬᠤᠨ ᠤ ᠬᠡᠳᠦ︾      2024 ᠣᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠮᠣᠷᠢᠨ ᠤᠷᠤᠯᠳᠤᠭᠠᠨ ᠤ ︽ᠲᠣᠰᠬᠤᠨ ᠤ ᠬᠡᠳᠦ︾ ᠵᠢᠴᠢ ᠳᠤᠮᠳᠠᠳᠤ ᠮᠣᠩᠭᠤᠯ ᠣᠷᠣᠰ ᠤᠨ ᠤᠨᠴᠠᠯᠢᠬᠳᠤ ᠲᠠᠸᠠᠷ ᠤᠨ ᠳᠡᠯᠭᠡᠨ ᠪᠣᠷᠣᠯᠠᠭᠤᠯᠤᠯᠲᠠ᠂ ᠪᠡᠯᠡᠳᠬᠡᠯ ᠬᠠᠶᠢᠷᠴᠠᠭ ᠤᠨ ᠴᠤᠭᠯᠠᠭ᠎ᠠ ᠮᠠᠶᠢᠮᠠᠶ᠂ ᠠᠮᠲᠠᠲᠤ ᠢᠳᠡᠭᠡᠨ ᠢ ᠠᠮᠲᠠᠯᠠᠨ ᠦᠨᠡᠯᠡᠬᠦ ᠴᠤᠭᠯᠠᠭᠠᠨ᠂ ᠶᠡᠭᠡ ᠲᠣᠭᠤᠭᠠᠨ ᠳᠤ ᠴᠢᠨᠠᠭᠰᠠᠨ ᠬᠤᠨᠢᠨ ᠮᠢᠬ᠎ᠠ ᠵᠡᠷᠭᠡ ᠣᠨᠴᠠᠯᠢᠭᠲᠤ ᠠᠵᠢᠯᠯᠠᠭ᠎ᠠ ᠶᠢ 26 ᠲᠠᠯᠠᠪᠤᠷ ᠠᠮᠵᠢᠯᠲᠠ ᠲᠠᠢ ᠡᠷᠭᠢᠯᠡᠵᠦ᠂ ᠵᠢᠭᠤᠯᠴᠢᠯᠠᠭᠴᠢᠳ ᠢ 16 ᠲᠦᠮᠡᠨ ᠬᠥᠮᠦᠨ ᠤᠳᠠᠭ᠎ᠠ ᠲᠠᠲᠠᠵᠤ᠂ 3200 ᠲᠦᠮᠡᠨ ᠲᠥᠭᠦᠷᠢᠭ ᠤᠨ ᠣᠷᠣᠯᠭ᠎ᠠ ᠶᠢ ᠰᠢᠭᠤᠳ ᠳᠠᠶᠢᠴᠢᠯᠠᠪᠠ᠃ ᠨᠠᠭᠠᠳᠤᠮ      ᠨᠠᠭᠠᠳᠤᠮ — ᠲᠠᠯ᠎ᠠ ᠨᠤᠲᠤᠭ ‍ᠤᠨ‌‍ᠬᠦ᠋ᠪᠡᠭᠦᠳ ᠦᠬᠢᠳ ᠤᠨ ᠪᠠᠶᠠᠰᠤᠯᠳᠤ ᠴᠤᠭᠯᠠᠭᠠᠨ ᠪᠣᠯᠬᠤ ᠪᠠᠷ ᠪᠠᠷᠠᠬᠤ ᠦᠭᠡᠢ᠂ ᠨᠡᠩ ᠴᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠭᠦᠷ ᠪᠣᠯᠤᠨ᠎ᠠ᠃ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2024 ᠣᠨ ᠤ ᠡᠪᠦᠯ ᠤᠨ ᠤᠯᠠᠷᠢᠯ ᠤᠨ ᠨᠠᠭᠠᠳᠤᠮ ᠤᠨ ᠬᠤᠭᠤᠴᠠᠭᠠᠨ ᠳᠤ ᠨᠡᠶᠢᠲᠡ 1.8 ᠲᠦᠮᠡᠨ ᠵᠢᠭᠤᠯᠴᠢᠯᠠᠭᠴᠢᠳ ᠢ ᠭᠥᠯᠢᠶᠡᠨ ᠠᠪᠴᠤ᠂ ᠢᠳᠡᠭᠡᠨ ᠤᠮᠳᠠᠭᠠᠨ᠂ ᠬᠤᠨᠤᠭ ᠪᠠᠭᠤᠳᠠᠯ᠂ ᠪᠠᠷᠠᠭ᠎ᠠ ᠬᠤᠳᠠᠯᠳᠤᠨ ᠠᠪᠬᠤ ᠬᠡᠷᠡᠭᠯᠡᠭᠡ ᠵᠡᠷᠭᠡ ᠶᠢ ᠰᠢᠭᠤᠳ 540 ᠲᠦᠮᠡᠨ ᠲᠥᠭᠦᠷᠢᠭ ᠳᠠᠶᠢᠴᠢᠯᠠᠭᠰᠠᠨ ᠪᠠᠶᠢᠨ᠎ᠠ᠃ ᠪᠥᠬᠦ ᠬᠤᠰᠢᠭᠤᠨ ᠤ ᠦᠬᠡᠷ ᠬᠤᠨᠢᠨ ᠮᠢᠬᠠᠨ ᠤ ᠪᠣᠷᠣᠯᠠᠭᠤᠯᠭ᠎ᠠ ᠶᠢ 0.17 ᠲᠦᠮᠡᠨ ᠲᠣᠨ ᠂ ᠪᠣᠷᠣᠯᠠᠭᠤᠯᠤᠯᠲᠠ ᠶᠢᠨ ᠣᠷᠣᠯᠭ᠎ᠠ ᠶᠢ ᠪᠠᠷᠤᠭ 7000 ᠲᠦᠮᠡᠨ ᠲᠥᠭᠦᠷᠢᠭ ᠳᠠᠮ ᠢᠶᠠᠷ ᠳᠠᠶᠢᠴᠢᠯᠠᠪᠠ ᠃ ᠵᠤᠨ ᠤ ᠤᠯᠠᠷᠢᠯ ᠤᠨ ᠨᠠᠭᠠᠳᠤᠮ ᠤᠨ ᠬᠤᠭᠤᠴᠠᠭᠠᠨ ᠳᠤ 51.87 ᠲᠦᠮᠡᠨ ᠬᠥᠮᠦᠨ ᠢ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 1.56 ᠳ᠋ᠦᠩᠰᠢᠭᠤᠷ ᠲᠥᠭᠦᠷᠢᠭ ᠲᠤ ᠬᠦᠷᠴᠡᠢ᠃ ᠳᠠᠷᠬᠠᠨ ᠮᠤᠤᠮᠢᠩᠭᠠᠨ ᠤ ᠦᠨᠦᠷ ᠠᠮᠲᠠ      2024 ᠣᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ  ᠨᠢ ᠣᠯᠠᠨ ᠡᠰᠢᠲᠦ ᠰᠣᠶᠣᠯ ᠤᠨ ᠣᠨᠴᠠᠯᠢᠭ ᠲᠤ ᠲᠦᠰᠢᠭᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦᠯᠢ ᠰᠢᠭᠦᠰᠦᠨ ᠤ ᠠᠮᠲᠠᠲᠤ ᠢᠳᠡᠭᠡᠨ ᠬᠠᠭᠤᠷᠬᠤ ᠤᠷᠤᠯᠳᠤᠭᠠᠨ᠂ ᠰᠢᠯᠦᠭ ᠵᠢᠷᠤᠭ ᠤᠨ ᠲᠠᠯ᠎ᠠ ᠨᠤᠲᠤᠭ ᠳᠥᠷᠪᠡᠳᠦᠭᠡᠷ ᠬᠤᠭᠤᠴᠠᠭᠠᠨ ᠤ ᠲᠣᠮᠣ ᠲᠣᠭᠤᠭᠠᠨ ᠳᠤ ᠴᠢᠨᠠᠭᠰᠠᠨ ᠬᠤᠨᠢᠨ ᠮᠢᠬ᠎ᠠ᠂ ᠪᠠᠶᠠᠨ᠋ᠤ᠋ᠪᠤᠭ᠎ ᠠ ᠶᠢᠨ ᠦᠬᠡᠷ ᠬᠤᠨᠢᠨ ᠮᠢᠬᠠᠨ ᠤ ᠠᠮᠲᠠᠲᠤ ᠢᠳᠡᠭᠡᠨ ᠢ ᠠᠮᠲᠠᠯᠠᠨ ᠦᠨᠡᠯᠡᠵᠦ ᠳᠡᠯᠭᠡᠨ ᠪᠣᠷᠣᠯᠠᠭᠤᠯᠬᠤ ᠴᠤᠭᠯᠠᠭᠠᠨ ᠵᠡᠷᠭᠡ ᠣᠨᠴᠠᠯᠢᠭᠲᠤ ᠠᠮᠲᠠᠲᠤ ᠢᠳᠡᠭᠡᠨ ᠤ ᠠᠵᠢᠯᠯᠠᠭ᠎ᠠ ᠶᠢ ᠡᠷᠭᠢᠯᠡᠪᠡ ᠃ ︽ 5.1 ︾ ᠪᠠ ︽5 · 19︾ ᠤ ᠬᠤᠭᠤᠴᠠᠭᠠᠨ ᠳᠤ ᠵᠢᠭᠤᠯᠴᠢᠯᠠᠭᠴᠢᠳ ᠢ 3.47 ᠲᠦᠮᠡᠨ ᠬᠥᠮᠦᠨ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 6.6% ᠪᠠᠷ ᠨᠡᠮᠡᠭᠳᠡᠨ᠂ ᠪᠠᠭᠤᠳᠠᠯ ᠳᠤ 0.59 ᠲᠦᠮᠡᠨ ᠬᠥᠮᠦᠨ ᠬᠤᠨᠣᠵᠤ᠂ ᠠᠳᠠᠯᠢ ᠬᠤᠭᠤᠴᠠᠭᠠᠨ ᠤ ᠬᠢ ᠠᠴᠠ 6.5% ᠪᠠᠷ ᠨᠡᠮᠡᠭᠳᠡᠨ᠂ ᠵᠢᠭᠤᠯᠴᠢᠯᠠᠯ ᠤᠨ ᠣᠷᠣᠯᠭ᠎ᠠ 1096 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.5% ᠪᠠᠷ ᠨᠡᠮᠡᠭᠳᠡᠪᠡ︔ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠠᠬᠢ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠰᠢᠭᠤᠳ ᠡᠵᠡᠩᠨᠡᠯᠲᠡ ᠶᠢᠨ ᠣᠷᠣᠯᠭ᠎ᠠ 588 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.5% ᠪᠠᠷ ᠨᠡᠮᠡᠭᠳᠡᠪᠡ᠃ ᠤᠬᠠᠭᠤᠯᠭ᠎ᠠ ᠶᠢᠨ ᠵᠢᠭᠰᠠᠭᠠᠯ      2024 ᠣᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠪᠦᠲᠦᠭᠡᠯ ︽ᠰᠢᠨ᠎ᠡ ᠨᠡᠭᠦᠳᠡᠯ ︾ ᠨᠢ ᠬᠤᠶᠠᠳᠤᠭᠠᠷ ᠬᠤᠭᠤᠴᠠᠭᠠᠨ ᠤ ︽ ᠬᠦᠯᠦᠭ ︾ ᠣᠬᠤᠷ ᠹᠢᠯᠢᠮ ᠤᠨ ᠤᠷᠤᠯᠳᠤᠭᠠᠨ ᠳᠤ ᠨᠢᠭᠡᠳᠦᠭᠡᠷ ᠳᠡᠰ ᠤᠨ ᠱᠠᠩᠨᠠᠯ ᠭᠥᠷᠳᠡᠪᠡ︔ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠡᠵᠡᠩᠨᠡᠯᠲᠡ ᠦᠢᠯᠡᠴᠢᠯᠡᠭᠡᠨ ᠤ ᠲᠥᠪ ᠠᠴᠠ ᠵᠣᠬᠢᠶᠠᠨ ᠪᠠᠶᠢᠭᠤᠯᠵᠤ ᠥᠷᠨᠢᠭᠦᠯᠦᠭᠰᠡᠨ ︽ᠲᠠᠯ᠎ᠠ ᠨᠤᠲᠤᠭ ᠤᠨ ᠡᠭᠦᠯᠡ ︾ ᠪᠥᠬᠦ ᠣᠷᠣᠨ ᠤ ᠬᠤᠰᠢᠭᠤ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠤᠨ 2023 ᠣᠨ ᠤ ᠳᠣᠤᠷ᠎ᠠ ᠬᠠᠭᠠᠰ ᠵᠢᠯ  ᠳᠠᠬᠢ ᠰᠢᠯᠢᠳᠡᠭ ᠪᠦᠲᠦᠭᠡᠯ ᠤᠨ ᠰᠢᠯᠭᠠᠷᠠᠭᠤᠯᠤᠯᠲᠠ ᠳᠤ ᠲᠥᠪ ᠠᠴᠠ ᠰᠣᠩᠭᠤᠨ ᠬᠦᠷᠭᠡᠭᠰᠡᠨ ᠪᠦᠲᠦᠭᠡᠯ ︽ᠭᠤᠷᠪᠠᠨ ᠦᠶ᠎ᠡ ᠶᠢᠨ ᠬᠥᠮᠦᠰ ᠤᠨ ᠰᠡᠳᠬᠢᠯ ᠳᠤ ᠬᠤᠯᠪᠣᠭᠠᠲᠠᠢ ᠣᠯᠠᠨᠰᠦ᠋ᠮ᠎ᠡ ᠶᠢᠨ ᠡᠷᠲᠡᠨ ᠤ ᠬᠤᠲᠠ︾  ᠨᠢ ᠨᠢᠭᠡᠳᠦᠭᠡᠷ ᠳᠡᠰ ᠤᠨ ᠱᠠᠩᠨᠠᠯ ᠭᠥᠷᠳᠡᠪᠡ︔ ᠪᠦᠲᠦᠭᠡᠯ ︽ᠰᠢᠨ᠎ᠡ ᠴᠠᠭ ᠦᠶ᠎ᠡ ᠶᠢᠨ ᠮᠠᠯᠴᠢᠳ ᠤᠨ ᠵᠣᠯ ᠵᠢᠷᠭᠠᠯᠲᠤ ᠠᠮᠢᠳᠤᠷᠠᠯ︾ ᠨᠢ 32 ᠳ᠋ᠤᠭᠠᠷ ᠬᠤᠭᠤᠴᠠᠭᠠᠨ ᠤ ᠥᠪᠥᠷ ᠮᠣᠩᠭᠤᠯ ᠤᠨ ᠰᠣᠨᠢᠨ ᠮᠡᠳᠡᠭᠡᠨ ᠤ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃ ᠣᠳᠣᠬᠠᠨ ᠳᠤ ᠲᠤᠯᠲᠠᠯ᠎ᠠ ᠂ ᠲᠥᠪ ᠤᠨ ᠱᠠᠲᠤᠨ ᠤ ᠵᠠᠭᠤᠴᠢᠯᠠᠭᠤᠷ ᠲᠤ ᠨᠡᠶᠢᠲᠡ 188 ᠬᠠᠭᠤᠳᠠᠰᠤ / ᠵᠤᠷᠪᠤᠰ ᠡᠬᠡ ᠪᠢᠴᠢᠭ ᠨᠡᠶᠢᠲᠡᠯᠡᠵᠦ ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠠᠭᠤᠴᠢᠯᠠᠭᠤᠷ ᠲᠤ 392 ᠬᠠᠭᠤᠳᠠᠰᠤ/ ᠵᠤᠷᠪᠤᠰ ᠡᠬᠡ ᠪᠢᠴᠢᠭ ᠨᠡᠶᠢᠲᠡᠯᠡᠵᠦ᠂ ᠬᠤᠲᠠ ᠶᠢᠨ ᠱᠠᠲᠤᠨ ᠤ ᠵᠠᠭᠤᠴᠢᠯᠠᠭᠤᠷ ᠲᠤ 511 ᠬᠠᠭᠤᠳᠠᠰᠤ / ᠵᠤᠷᠪᠤᠰ ᠡᠬᠡ ᠪᠢᠴᠢᠭ ᠨᠡᠶᠢᠲᠡᠯᠡᠨ᠂ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠲᠤ ᠨᠡᠶᠢᠲᠡ 9348 ᠬᠠᠭᠤᠳᠠᠰᠤ / ᠵᠤᠷᠪᠤᠰ ᠡᠬᠡ ᠪᠢᠴᠢᠭ ᠢ ᠨᠡᠶᠢᠲᠡᠯᠡᠪᠡ ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号