﹇ᠵᠢᠯ ᠤᠨ ᠡᠴᠤᠰ ᠤᠨ ᠣᠨᠴᠠ ᠲᠦᠰᠦᠪᠯᠡᠯ﹈ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠨᠡ ᠨᠢᠭᠡ ᠵᠢᠯ • 2024 ᠵᠠᠩᠭᠢᠯᠠᠭ᠎ᠠ ᠶᠢᠨ ᠦᠭᠡ — ᠰᠡᠳᠬᠢᠯ ᠢ ᠳᠤᠯᠠᠭᠠᠴᠠᠭᠤᠯᠬᠤ
ᠨᠡᠶᠢᠲᠡᠯᠡᠭᠰᠡᠨ ᠴᠠᠭ᠄
2024/12/31
      ᠰᠡᠳᠬᠢᠯ ᠢ ᠳᠤᠯᠠᠭᠠᠴᠠᠭᠤᠯᠬᠤ᠄ ᠰᠢᠨ᠎ᠡ ᠵᠦᠭ᠂ ᠰᠠᠶᠢᠨ ᠤ ᠵᠦᠭ᠂ ᠠᠷᠠᠳ ᠤᠨ ᠰᠡᠳᠬᠢᠯ ᠤᠨ ᠵᠦᠭ        ᠬᠤᠲᠠ ᠶᠢᠨ ᠲᠣᠭᠤᠷᠢᠭ ᠠᠴᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠡᠶᠢᠲᠡ ᠶᠢᠨ ᠮᠠᠰᠢᠨ ᠲᠡᠷᠭᠡᠨ ᠤ ᠲᠤᠰᠬᠠᠶ ᠱᠤᠭᠤᠮ ᠨᠡᠭᠡᠭᠡᠭᠳᠡᠭᠰᠡᠨ ᠨᠢ ︽ᠬᠤᠤᠰ ᠴᠢᠭᠯᠡᠯ ᠤᠨ ᠲᠡᠮᠡᠦᠯᠦᠯ ︾ ᠢ ᠨᠠᠩ ᠲᠥᠬᠦᠮ ᠪᠣᠯᠭᠠᠪᠠ︔ ᠴᠡᠴᠡᠷᠯᠢᠭ ᠲᠠᠬᠢ ᠪᠡᠶ᠎ᠡ ᠶᠢᠨ ᠲᠠᠮᠢᠷ ᠤᠨ ᠪᠡᠯᠡᠳᠬᠡᠮᠵᠢ ᠨᠢ ᠣᠯᠠᠨ ᠲᠦᠮᠡᠨ ᠤ ᠪᠡᠶ᠎ᠡ ᠪᠠᠨ ᠪᠣᠯᠪᠠᠰᠤᠷᠠᠬᠤ ᠳᠤ ᠣᠴᠢᠬᠤ ᠰᠠᠶᠢᠨ ᠭᠠᠵᠠᠷ ᠪᠣᠯᠭᠠᠪᠠ︔ ᠡᠯ᠎ᠡ ᠨᠡᠶᠢᠭᠡᠮ ᠲᠣᠭᠤᠷᠢᠭ ᠲᠤ᠂ ᠠᠬᠠᠮᠠᠳ ᠤᠨ ᠬᠤᠭᠤᠯᠠᠨ ᠬᠡᠷ ᠨᠢ ᠨᠠᠰᠤᠲᠠᠶᠢᠴᠤᠳ ᠢ ᠭᠡᠷ ᠤᠨ ᠡᠭᠦᠳᠡᠨ ᠳᠤ ᠪᠠᠨ ᠵᠣᠯ ᠵᠢᠷᠭᠠᠯᠲᠤ ︽ᠬᠤᠭᠤᠯᠠᠨ︾ ᠤ ᠴᠠᠭ ᠮᠦᠴᠡ ᠶᠢ ᠡᠳ᠋ᠯᠡᠭᠦᠯᠪᠡ ᠁      2024 ᠣᠨ ᠳᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠳ ᠪᠣᠳᠠᠲᠠᠶᠢᠵᠢᠭᠤᠯᠤᠭᠳᠠᠨ ᠨᠠᠶᠢᠳᠠᠪᠤᠷᠢᠵᠢᠭᠤᠯᠤᠭᠳᠠᠬᠤ ᠶᠢ ᠳᠠᠭᠠᠯᠳᠤᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠣᠯᠠᠨ ᠤ ᠬᠦᠰᠡᠯ ᠡᠷᠡᠮᠡᠯᠵᠡᠯ ᠴᠦ ᠠᠯᠬᠤᠮ ᠠᠯᠬᠤᠮ ᠢᠶᠠᠷ ᠪᠣᠳᠠᠲᠤ ᠠᠬᠤᠢ ᠪᠣᠯᠵᠤ᠂ ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ ᠨᠢᠭᠡ ᠪᠦᠷᠢ ᠨᠢ ᠂ ᠠᠷᠠᠳ ᠤᠨ ᠠᠮᠢᠳᠤᠷᠠᠯ ᠤᠨ ᠬᠠᠯᠠᠭᠤᠨ ᠳᠤᠯᠠᠭᠠᠨ ᠢ ᠬᠦᠷᠦᠯᠴᠡᠭᠦᠶᠢᠴᠡ ᠲᠦᠷᠦᠭᠳᠡᠬᠦᠶᠢᠴᠡ ᠪᠣᠯᠭᠠᠵᠤ ᠂ ᠠᠷᠠᠳ ᠣᠯᠠᠨ ᠳ᠋ᠤ᠋‌ᠵᠣᠯ ᠵᠢᠷᠭᠠᠯ ᠢ ᠦᠨᠡᠨ ᠬᠦ ᠮᠡᠳᠡᠷᠡᠭᠦᠯᠪᠡ᠃ ᠴᠢᠬᠤᠯᠠ ᠶᠠᠪᠤᠳᠠᠯ ᠢ ᠰᠠᠶᠢᠲᠤᠷ ᠰᠢᠢᠳᠪᠦᠷᠢᠯᠡᠬᠦ      ᠳᠤᠯᠠᠭᠠᠯᠠᠭ᠎ᠠ ᠶᠢᠨ ᠢᠨᠵᠧᠨᠧᠷᠢᠩ ᠨᠢ ᠤᠯᠠᠨ ᠲᠦᠮᠡᠨ ᠤ ᠬᠠᠯᠠᠭᠤᠨ ᠳᠤᠯᠠᠭᠠᠨ ᠲᠠᠢ ᠬᠤᠯᠪᠣᠭᠳᠠᠬᠤ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠡᠨᠡ ᠵᠢᠯ ᠤᠨ 4 ᠳ᠋ᠦ᠋ᠭᠡᠷ ᠰᠠᠷ᠎ᠠ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ 2295 ᠲᠦᠮᠡᠨ ᠲᠥᠭᠦᠷᠢᠭ ᠤᠨ ᠶᠡᠷᠦᠩᠬᠡᠶ ᠪᠠᠯᠠ ᠣᠷᠣᠭᠤᠯᠤᠯᠲᠠ  ᠲᠠᠢ ︽ ᠳᠤᠯᠠᠭᠠᠯᠠᠭ᠎ᠠ ᠶᠢᠨ ᠢᠨᠵᠧᠨᠧᠷᠢᠩ︾ ᠤᠨ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠬᠤᠰᠢᠭᠤᠨ ᠤ ᠣᠷᠣᠨ ᠰᠠᠭᠤᠴᠠ ᠪᠣᠯᠣᠨ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠣᠯᠠᠨ ᠲᠦᠮᠡᠨ ᠤ ᠲᠤᠰᠬᠠᠭᠰᠠᠨ ᠪᠠ ᠵᠢᠭᠰᠠᠭᠠᠨ ᠪᠠᠶᠢᠴᠠᠭᠠᠵᠤ ᠢᠯᠡᠷᠡᠭᠦᠯᠦᠭᠰᠡᠨ ᠢᠯᠴᠢ ᠬᠠᠩᠭᠠᠬᠤ ᠠᠰᠠᠭᠤᠳᠠᠯ ᠢ ᠴᠢᠩᠭ᠎ᠠ ᠠᠩᠬᠠᠷᠴᠤ᠂ ᠬᠤᠶᠠᠳᠠᠭᠴᠢ ᠬᠤᠭᠤᠯᠠᠶ ᠶᠢᠨ ᠲᠣᠤᠷ᠂ ᠠᠰᠠᠷ ᠤᠨ ᠪᠣᠰᠤᠭ᠎ᠠ ᠬᠤᠭᠤᠯᠠᠢ ᠵᠡᠷᠭᠡ 7 ᠲᠠᠯ᠎ᠠ ᠶᠢ ᠵᠠᠰᠠᠨ ᠰᠠᠶᠢᠵᠢᠷᠠᠭᠤᠯᠬᠤ ᠪᠠᠷ ᠳᠠᠮᠵᠢᠭᠤᠯᠤᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠢᠯᠴᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃      ᠭᠡᠷ ᠪᠠᠶᠢᠰᠢᠩ ᠬᠠᠯᠠᠭᠤᠨ ᠳᠤᠯᠠᠭᠠᠨ ᠪᠣᠯᠵᠤ ᠂ ᠰᠡᠳᠬᠢᠯ ᠴᠦ ᠳᠤᠯᠠᠭᠠᠴᠠᠪᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠠᠷᠠᠳ ᠢᠷᠭᠡᠳ ᠤᠨ ︽ᠠᠷᠠᠳ ᠤᠨ ᠠᠮᠢᠳᠤᠷᠠᠯ ᠤᠨ ᠨᠠᠷᠢᠨ ᠲᠠᠩᠰᠠ︾ ᠶᠢ ︽ᠵᠣᠯ ᠵᠢᠷᠭᠠᠯ ᠤᠨ ᠲᠠᠩᠰᠠ︾ ᠪᠣᠯᠭᠠᠨ ᠰᠣᠯᠢᠵᠤ᠂ ᠠᠷᠠᠳ ᠤᠨ ᠠᠮᠢᠳᠤᠷᠠᠯ ᠤᠨ ᠢᠯᠴᠢ ᠬᠠᠩᠭᠠᠬᠤ ︽ᠳᠤᠯᠠᠭᠠᠯᠠᠭ᠎ᠠ ᠶᠢᠨ ᠬᠠᠷᠢᠭᠤᠯᠲᠠ ᠶᠢᠨ ᠬᠠᠭᠤᠳᠠᠰᠤ︾ ᠶᠢ ᠲᠤᠰᠢᠶᠠᠪᠠ᠃ ᠪᠠᠭ᠎ᠠ ᠬᠡᠷᠡᠭ ᠢ ᠲᠦᠷᠭᠡᠨ ᠰᠢᠢᠳᠪᠦᠷᠢᠯᠡᠬᠦ      ᠵᠤᠨ ᠤ ᠵᠢᠷᠭᠤᠳᠤᠭᠠᠷ ᠰᠠᠷ᠎ᠠ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠠᠭᠤᠭᠠᠯᠢ ᠠᠷᠠᠳ ᠶᠠᠪᠤᠵᠤ ᠰᠠᠭᠤᠬᠤ ᠰᠢᠨ᠎ᠡ ᠠᠷᠭ᠎ᠠ ᠮᠠᠶ᠋ᠢᠭ ᠢ ᠨᠡᠭᠡᠭᠡᠵᠦ ᠂ 500 ᠨᠡᠶᠢᠲᠡ ᠪᠠᠷ ᠡᠳ᠋ᠯᠡᠬᠦ ᠴᠠᠬᠢᠯᠭᠠᠨ ᠬᠥᠳᠡᠯᠭᠡᠭᠦᠷᠲᠦ ᠲᠡᠷᠭᠡ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠵᠢᠩᠬᠢᠨᠢ ᠪᠠᠷ ᠣᠷᠣᠵᠣ ᠢᠷᠡᠨ᠂ ᠰᠠᠭᠤᠭᠠᠯᠢ ᠠᠷᠠᠳ ᠤᠨ ᠪᠣᠬᠢᠷᠲᠤᠯ ᠥᠬᠡᠶ ᠶᠠᠪᠤᠵᠤ ᠰᠠᠭᠤᠬᠤ ᠰᠢᠨ᠎ᠡ ᠰᠣᠩᠭᠤᠯᠲᠠ ᠪᠣᠯᠣᠭᠰᠠᠨ ᠢᠶᠠᠷ ᠪᠠᠷᠠᠬᠤ ᠦᠭᠡᠢ ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠦᠷ᠎ᠡ ᠪᠦᠲᠦᠮᠵᠢ ᠶᠢ ᠲᠦᠢᠯ ᠤᠨ ᠶᠡᠭᠡ ᠪᠠᠷ ᠳᠡᠭᠡᠭᠰᠢᠯᠡᠭᠦᠯᠦᠨ᠂ ᠠᠵᠢᠯ ᠳᠤ ᠭᠠᠷᠬᠤ ᠴᠠᠭ ᠢ ᠪᠣᠭᠤᠨᠢᠰᠬᠠᠭᠰᠠᠨ ᠪᠠᠶᠢᠨ᠎ᠠ᠃ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠡᠳᠬᠢᠯ ᠲᠠᠯᠪᠢᠨ ᠰᠢᠢᠳᠪᠦᠷᠢᠯᠡᠵᠦ᠂ ᠨᠡᠶᠢᠲᠡ ᠪᠠᠷ ᠡᠳ᠋ᠯᠡᠬᠦ ᠴᠠᠬᠢᠯᠭᠠᠨ ᠬᠥᠳᠡᠯᠭᠡᠭᠦᠷᠲᠦ ᠲᠡᠷᠭᠡ ᠶᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠠᠭᠤᠭᠠᠯᠢ ᠠᠷᠠᠳ ᠤᠨ ᠶᠠᠪᠤᠵᠤ ᠰᠠᠭᠤᠬᠤ ︽ᠬᠠᠮᠤᠭ ᠤᠨ ᠡᠴᠦᠰ ᠤᠨ ᠨᠢᠭᠡ ᠺᠢᠯᠤᠮᠧᠲᠷ ︾ ᠢ ︽ᠬᠠᠮᠤᠭ ᠤᠨ ᠭᠤᠶᠤ ᠨᠢᠭᠡ ᠺᠢᠯᠤᠮᠧᠲᠷ ︾ ᠪᠣᠯᠭᠠᠪᠠ᠃ᠰᠠᠶᠢᠨ ᠶᠠᠪᠤᠳᠠᠯ ᠢ ᠰᠠᠶᠢᠲᠤᠷ ᠬᠢᠬᠦ      ᠡᠨᠡ ᠵᠢᠯ ᠤᠨ 8 ᠳ᠋ᠤᠭᠠᠷ ᠰᠠᠷ᠎ᠠ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠨ ᠮᠣᠤ ᠹᠦ ᠵᠢᠶᠠ ᠶᠤᠸᠠᠨ ᠬᠤᠷᠢᠶᠠᠯᠠᠯ ᠤᠨ ᠰᠠᠭᠤᠭᠠᠯᠢ ᠠᠷᠠᠳ ᠂ ᠬᠤᠷᠢᠶᠠᠯᠠᠯ ᠠᠴᠠ ᠵᠡᠭᠦᠨ ᠶᠡᠭᠡ ᠬᠥᠭᠦᠷᠭᠡ ᠬᠦᠷᠲᠡᠯᠡᠬᠢ ᠤᠤᠯ ᠨᠢ ᠬᠠᠷᠠᠩᠭᠤᠢ ᠪᠠᠶᠢᠭᠰᠠᠨ ᠵᠠᠮ ᠭᠡᠷᠡᠯᠲᠦᠭᠰᠡᠨ ᠪᠠᠶᠢᠬᠤ ᠶᠢ ᠪᠠᠶᠠᠷᠲᠠᠢ ᠪᠠᠷ ᠣᠯᠵᠤ ᠮᠡᠳᠡᠪᠡ᠃ ᠳ᠋ᠧᠩ ᠨᠢᠭᠡ ᠪᠦᠷᠢ ᠨᠢ ᠰᠠᠭᠤᠭᠠᠯᠢ ᠠᠷᠠᠳ ᠤᠨ ᠭᠡᠷ ᠲᠤ ᠪᠠᠨ ᠬᠠᠷᠢᠬᠤ ᠵᠠᠮ ᠢ ᠭᠡᠷᠡᠯᠲᠦᠭᠦᠯᠦᠭᠰᠡᠨ ᠢᠶᠠᠷ ᠪᠠᠷᠠᠬᠤ ᠥᠬᠡᠶ ᠪᠠᠰᠠ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠢ ᠦᠨᠡᠨ ᠬᠦ ᠳᠡᠭᠡᠭᠰᠢᠯᠡᠭᠦᠯᠪᠡ᠃      ᠡᠨᠡ ᠵᠢᠯ᠂ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠲᠣᠰ ᠵᠠᠮ ᠤᠨ ᠳ᠋ᠧᠩ ᠢ ᠤᠭᠰᠠᠷᠠᠬᠤ ᠶᠢ ᠡᠨᠡ ᠵᠢᠯ ᠤᠨ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠢᠦ ᠯᠦᠩ ᠸᠠᠨ ᠤ ᠠᠮᠢ ᠠᠬᠤᠶ ᠶᠢᠨ ᠠᠷᠢᠭᠤᠨ ᠴᠡᠪᠡᠷ ᠵᠢᠵᠢᠭ ᠰᠠᠪᠠ ᠭᠠᠵᠠᠷ ᠤᠨ ᠬᠥᠷᠥᠰᠥ ᠰᠢᠷᠣᠶ ᠶᠢ ᠬᠠᠮᠠᠭᠠᠯᠠᠨ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠬᠦ ᠲᠥᠰᠦᠯ︾ ᠳᠤ ᠣᠷᠣᠭᠤᠯᠵᠤ᠂ ᠠᠳᠡ 70 ᠵᠠᠮ ᠤᠨ ᠳ᠋ᠧᠩ ᠤᠭᠰᠠᠷᠠᠵᠤ᠂ ᠰᠠᠭᠤᠭᠠᠯᠢ ᠠᠷᠠᠳ ᠤᠨ ᠰᠥᠨᠢ ᠶᠢᠨ ᠭᠡᠷᠡᠯᠲᠦᠭᠦᠯᠭᠡ ᠶᠢᠨ ᠬᠡᠷᠡᠭᠴᠡᠭᠡ ᠶᠢ ᠰᠢᠢᠳᠪᠦᠷᠢᠯᠡᠪᠡ᠃ᠰᠠᠭᠤᠭᠠᠯᠢ ᠠᠷᠠᠳ ᠤᠨ ᠶᠠᠪᠤᠳᠠᠯ ᠳᠤ᠂ ᠵᠢᠵᠢᠭ ᠰᠠᠵᠢᠭ ᠵᠦᠢᠯ ᠭᠡᠵᠦ ᠦᠭᠡᠢ᠃ ᠨᠢᠭᠡ ᠬᠡᠰᠡᠭ ᠭᠡᠷ ᠲᠤ ᠪᠠᠨ ᠬᠠᠷᠢᠬᠤ ᠵᠠᠮ ᠢ ᠭᠡᠷᠡᠯᠲᠦᠭᠦᠯᠦᠭᠰᠡᠨ ᠨᠢ᠂ ᠠᠷᠠᠳ ᠤᠯᠠᠨ ᠳᠤ ᠲᠦᠬᠦᠮ ᠦᠵᠡᠭᠦᠯᠵᠦ᠂ ᠨᠡᠩ ᠴᠦ ᠠᠷᠠᠳ ᠤᠨ ᠰᠡᠳᠬᠢᠯ ᠢ ᠳᠤᠯᠠᠭᠠᠴᠠᠭᠤᠯᠪᠠ᠃ ᠬᠦᠴᠢᠷ ᠶᠠᠪᠤᠳᠠᠯ ᠢ ᠬᠢᠵᠦ ᠪᠦᠲᠦᠭᠡᠬᠦ      ᠡᠨᠡ ᠵᠢᠯ ᠤᠨ 10 ᠳ᠋ᠤᠭᠠᠷ ᠰᠠᠷ᠎ᠠ ᠳᠤ᠂ ᠪᠤᠭᠤᠲᠤ ᠠᠴᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠬᠦᠷᠬᠦ ᠨᠡᠶᠢᠲᠡ ᠶᠢᠨ ᠮᠠᠰᠢᠨ ᠲᠡᠷᠭᠡᠨ ᠤ ᠲᠤᠰᠬᠠᠢ ᠱᠤᠭᠤᠮ ᠢ ᠵᠢᠩᠬᠢᠨᠢ ᠪᠠᠷ ᠨᠡᠪᠲᠡᠷᠡᠨ ᠂ ᠬᠤᠶᠠᠷ ᠭᠠᠵᠠᠷ ᠤᠨ ᠰᠠᠭᠤᠭᠠᠯᠢ ᠠᠷᠠᠳ ᠤᠨ ︽ᠬᠤᠣᠰ ᠴᠢᠭᠯᠡᠯ ᠤᠨ ᠲᠡᠮᠡᠦᠯᠦᠯ ︾ ᠢ ᠨᠡᠩ ᠲᠦᠬᠦᠮ ᠪᠣᠯᠭᠠᠪᠠ᠃      ᠨᠡᠶᠢᠲᠡ ᠶᠢᠨ ᠮᠠᠰᠢᠨ ᠲᠡᠷᠭᠡᠨ ᠤ ᠨᠡᠪᠲᠡᠷᠡᠭᠰᠡᠨ ᠨᠢ ᠬᠤᠶᠠᠷ ᠭᠠᠵᠠᠷ ᠤᠨ ᠬᠥᠭᠵᠢᠯᠲᠡ ᠶᠢᠨ ︽ᠭᠤᠣᠯ ᠰᠤᠳᠠᠰᠤ︾ ᠶᠢ ᠨᠡᠪᠲᠡᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠰᠠᠭᠤᠭᠠᠯᠢ ᠠᠷᠠᠳ ᠤᠨ ᠠᠮᠢᠳᠤᠷᠠᠯ ᠤᠨ ︽ᠪᠢᠴᠢᠯ ᠡᠷᠭᠢᠯᠲᠡ︾ ᠶᠢ ᠨᠡᠩ ᠰᠢᠯᠤᠭᠤᠳᠬᠠᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠥᠪᠡᠷ ᠤᠨ ᠦᠷᠳᠡᠭ ᠢ ᠪᠠᠭᠠᠷᠠᠭᠤᠯᠤᠭᠰᠠᠨ ᠤ ᠬᠠᠮᠲᠤ ᠬᠤᠶᠠᠷ ᠬᠤᠳᠠ ᠶᠢᠨ ᠬᠤᠭᠤᠷᠣᠨᠳᠣ ᠨᠠᠭᠠᠰᠢ ᠴᠠᠭᠠᠰᠢ ᠶᠠᠪᠤᠬᠤ᠂ ᠬᠤᠶᠠᠷ ᠭᠠᠵᠠᠷ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠳᠤ ᠨᠡᠩ ᠲᠦᠭᠦᠮ ᠪᠣᠯᠭᠠᠪᠠ᠃      ᠨᠡᠪᠲᠡᠷᠡᠭᠰᠡᠨ ᠨᠢ ᠲᠡᠷᠭᠡ᠂ ᠬᠤᠯᠪᠣᠭᠰᠠᠨ ᠨᠢ ᠵᠢᠷᠦᠬᠡ ᠰᠡᠳᠬᠢᠯ ᠶᠤᠮ᠃ D5 ᠨᠡᠶᠢᠲᠡ ᠶᠢᠨ ᠮᠠᠰᠢᠨ ᠤ ᠲᠤᠰᠬᠠᠢ ᠱᠤᠭᠤᠮ ᠤᠨ ᠨᠡᠪᠲᠡᠷᠡᠭᠰᠡᠨ ᠨᠢ ᠶᠠᠪᠤᠵᠤ ᠰᠠᠭᠤᠬᠤ ᠦᠢᠯᠡᠴᠢᠯᠡᠭᠡ ᠶᠢ ᠦᠨᠡᠨ ᠬᠦ ᠣᠯᠠᠨ ᠲᠦᠮᠡᠨ ᠤ ᠰᠡᠳᠭᠢᠯ ᠳᠤ ︽ᠵᠢᠯᠭᠤᠳᠤᠨ︾ ᠣᠷᠣᠭᠤᠯᠪᠠ ᠃ ᠪᠣᠳᠠᠲᠠᠢ ᠶᠠᠪᠤᠳᠠᠯ ᠢ ᠪᠣᠳᠠᠲᠠᠢ ᠬᠢᠬᠦ      2024 ᠣᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠾᠧᠦ ᠾᠧ ᠠᠭᠤᠳᠠᠮ ᠲᠠᠯᠠᠪᠠᠢ ᠳᠤ ᠰᠢᠩᠭᠡᠯᠢᠭ ᠬᠡᠯᠪᠡᠷᠢᠲᠦ ᠬᠥᠯ ᠪᠥᠮᠪᠥᠭᠡᠨ ᠲᠠᠯᠠᠪᠠᠢ ᠪᠠᠶᠢᠭᠤᠯᠪᠠ ᠂ ᠣᠳᠣᠬᠠᠨ ᠳᠤ ᠰᠢᠩᠭᠡᠯᠢᠭ ᠬᠡᠯᠪᠡᠷᠢᠲᠦ ᠬᠥᠯ ᠪᠥᠮᠪᠥᠭᠡᠨ ᠲᠠᠯᠠᠪᠠᠢ  ᠨᠢ ᠵᠢᠩᠬᠢᠨᠢ ᠪᠠᠷ ᠠᠵᠢᠯ ᠳᠠᠭᠤᠰᠴᠤ ᠠᠰᠢᠭᠯᠠᠯᠲᠠ ᠳᠤ ᠣᠷᠣᠭᠰᠠᠨ ᠪᠥᠭᠡᠳ ᠰᠠᠭᠤᠭᠠᠯᠢ ᠠᠷᠠᠳ ᠲᠤ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠵᠦ ᠪᠠᠶᠢᠨ᠎ᠠ᠃      ᠰᠢᠨ᠎ᠡ ᠪᠠᠷ ᠪᠠᠶᠢᠭᠤᠯᠤᠭᠰᠠᠨ ᠪᠥᠮᠪᠥᠭᠡᠨ ᠲᠠᠯᠠᠪᠠᠢ ᠨᠢ ᠥᠨᠳᠥᠷ ᠪᠥᠭᠡᠳ ᠪᠠᠬᠢᠯᠢᠭ᠌ ᠲᠣᠣᠷ ᠲᠠᠢ ᠪᠠᠶᠢᠵᠤ᠂ ᠲᠠᠯᠠᠪᠠᠢ ᠳᠠᠬᠢ ᠬᠥᠳᠡᠯᠭᠡᠭᠡᠨ ᠬᠢᠵᠦ ᠪᠠᠶᠢᠭ᠎ᠠ ᠬᠦᠮᠦᠰ ᠢ ᠪᠦᠲᠦᠮᠵᠢᠲᠡᠶ ᠬᠠᠮᠠᠭᠠᠯᠠᠵᠤ ᠴᠢᠳᠠᠬᠤ ᠪᠠᠷ ᠪᠠᠷᠠᠬᠤ ᠥᠬᠡᠶ᠂ ᠪᠠᠰᠠ ᠵᠠᠮ ᠤᠨ ᠬᠥᠮᠦᠨ ᠪᠠ ᠡᠷᠬᠢᠨ ᠲᠣᠭᠤᠷᠢᠨ ᠤ ᠪᠠᠷᠢᠯᠭ᠎ᠠ ᠳᠤ ᠬᠤᠬᠢᠷᠠᠯ ᠤᠴᠠᠷᠠᠭᠤᠯᠬᠤ ᠠᠴᠠ ᠵᠠᠶᠢᠯᠠᠰᠬᠢᠵᠦ ᠴᠢᠳᠠᠬᠤ ᠪᠠᠶᠢᠵᠤ ᠂ ᠲᠠᠯᠠᠪᠠᠢ ᠳᠤ ᠬᠢᠮᠡᠯ ᠵᠦᠯᠭᠡ ᠳᠡᠪᠢᠰᠦᠭᠰᠡᠨ ᠮᠥᠷᠲᠡᠭᠡᠨ ᠪᠠᠰᠠ ᠳ᠋ᠧᠩ ᠭᠡᠷᠡᠯᠲᠦᠭᠦᠯᠭᠡ ᠶᠢᠨ ᠲᠥᠬᠦᠭᠡᠷᠦᠮᠵᠢ ᠳᠣᠭᠢᠷᠠᠭᠤᠯᠵᠤ᠂ ᠰᠠᠭᠤᠭᠠᠯᠢ ᠠᠷᠠᠳ ᠢ ᠬᠡᠷ ᠤᠨ ᠡᠭᠦᠳᠡᠨ ᠳᠤ ᠪᠠᠨ ︽ᠬᠥᠯ︾ ᠤᠨ ᠰᠢᠨᠤᠯ ᠢᠶᠠᠨ ᠲᠠᠶᠢᠯᠵᠤ ᠴᠢᠳᠠᠬᠤ ᠪᠣᠯᠭᠠᠪᠠ᠃      2024 ᠣᠨ ᠠᠴᠠ ᠨᠠᠭᠠᠰᠢ ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ  ᠨᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠤᠢ ᠪᠣᠯᠭᠠᠵᠤ᠂ ᠤᠯᠠᠨ ᠲᠦᠮᠡᠨ ᠤ ᠬᠡᠷᠡᠭᠴᠡᠭᠡ ᠶᠢ ᠴᠢᠩᠭ᠎ᠠ ᠠᠩᠬᠠᠷᠴᠤ᠂ ᠠᠷᠠᠳ ᠤᠨ ᠠᠮᠢᠳᠤᠷᠠᠯ ᠤᠨ ᠵᠠᠷᠤᠯᠭ᠎ᠠ ᠶᠢ ᠢᠮᠠᠭᠲᠠ ᠡᠳ᠋ ᠤᠨ ᠵᠠᠰᠠᠭ ᠤᠨ ᠵᠠᠷᠤᠯᠭ᠎ᠠ ᠶᠢᠨ ᠲᠡᠷᠢᠭᠦᠨ ᠰᠣᠩᠭᠤᠯᠲᠠ ᠪᠣᠯᠭᠠᠵᠤ᠂ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠷᠠᠳ ᠤᠨ ᠠᠮᠢᠳᠤᠷᠠᠯ ᠢ ᠪᠠᠲᠤᠯᠠᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠢᠳᠡᠪᠬᠢᠲᠡᠢ ᠬᠠᠷᠢᠭᠤᠯᠵᠤ ᠂ ᠨᠡᠩ ᠤᠯᠠᠨ ᠡᠳ᠋ ᠤᠨ ᠵᠠᠰᠠᠭ ᠤᠨ ᠪᠡᠯᠡ ᠮᠥᠩᠭᠦ ᠶᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠬᠦᠷᠢᠶᠡᠨ ᠳᠤ ᠦᠨᠡᠨ ᠬᠦ ᠣᠷᠣᠭᠤᠯᠵᠤ᠂ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ ᠪᠠ ᠬᠦᠷᠲᠡᠮᠵᠢ ᠶᠢᠨ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠪᠡ᠃ 11 ᠳ᠋ᠦ᠋ᠭᠡᠷ ᠰᠠᠷ᠎ᠠ ᠶᠢᠨ ᠡᠴᠦᠰ ᠪᠣᠯᠲᠠᠯ᠎ᠠ᠂ ᠪᠥᠬᠦ ᠬᠤᠰᠢᠭᠤᠨ ᠤ ᠠᠷᠠᠳ ᠤᠨ ᠠᠮᠢᠳᠤᠷᠠᠯ ᠤᠨ ᠵᠠᠷᠤᠯᠭ᠎ᠠ 16.77 ᠳ᠋ᠦᠩᠰᠢᠭᠤᠷ ᠲᠥᠭᠦᠷᠢᠭ ᠲᠤ ᠬᠦᠷᠴᠦ᠂ ᠡᠳ᠋ ᠤᠨ ᠵᠠᠰᠠᠭ ᠤᠨ ᠶᠡᠷᠦᠩᠬᠡᠶ ᠵᠠᠷᠤᠯᠭ᠎ᠠ ᠶᠢᠨ 73.72% ᠢ ᠡᠵᠡᠯᠡᠪᠡ᠃      ᠦᠢ ᠣᠯᠠᠨ ᠠᠷᠠᠳ ᠤᠨ ᠠᠮᠢᠳᠤᠷᠠᠯ ᠤᠨ ᠶᠠᠪᠤᠳᠠᠯ ᠂ ᠰᠠᠯᠠᠭ᠎ᠠ ᠨᠠᠮᠠᠭ᠎ᠠ  ᠨᠢ ᠬᠡᠵᠢᠶᠡᠳᠡ ᠰᠡᠳᠬᠢᠯ ᠢ ᠬᠤᠯᠪᠣᠨ᠎ᠠ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠣᠯ ᠨᠢᠭᠡᠨ ᠤᠷᠲᠤ ᠬᠤᠭᠤᠴᠠᠭᠠᠨ ᠤ ᠠᠵᠢᠯ ᠪᠠᠶᠢᠵᠤ᠂ ᠡᠴᠦᠰ ᠤᠨ ᠥᠷᠲᠡᠭᠡ ᠪᠠᠶᠢᠬᠤ ᠦᠭᠡᠢ᠂ ᠭᠠᠭᠴᠠ ᠬᠦ ᠲᠠᠰᠤᠷᠠᠯᠲᠠ ᠦᠭᠡᠢ ᠰᠢᠨ᠎ᠡ ᠡᠬᠢᠯᠡᠯᠲᠡ ᠶᠢᠨ ᠴᠡᠭ ᠪᠠᠶᠢᠬᠤ ᠶᠤᠮ᠃ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠠᠮᠠᠯᠠᠯᠲᠠ ᠨᠤᠭᠤᠳ ᠲᠤᠰᠤᠭᠰᠠᠨ ᠭᠠᠵᠠᠷ ᠢᠶᠠᠨ ᠳᠠᠭᠤ ᠲᠠᠢ᠂ ᠠᠷᠠᠳ ᠤᠨ ᠠᠮᠢᠳᠤᠷᠠᠯ ᠤᠨ ᠲᠦᠷᠦᠯ ᠵᠦᠢᠯ ᠤᠳ ᠪᠣᠳᠠᠲᠠᠶᠢᠵᠢᠨ ᠳᠡᠯᠭᠡᠷᠡᠵᠦ ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠨᠡᠩ ᠭᠦᠢᠴᠡᠳ᠂ ᠵᠣᠯ ᠵᠢᠷᠭᠠᠯᠲᠤ ᠲᠦᠷᠦᠭᠳᠡᠯ ᠨᠡᠩ ᠦᠷᠭᠦᠯᠵᠢᠯᠡᠬᠦᠶᠢᠴᠡ ᠂ ᠠᠮᠤᠷ ᠲᠦᠪᠰᠢᠨ ᠤ ᠲᠦᠷᠦᠭᠳᠡᠯ ᠨᠡᠩ ᠪᠠᠲᠤᠯᠠᠭ᠎ᠠ ᠲᠠᠢ ᠪᠣᠯᠪᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号