ᠠᠰᠠᠷᠠᠮᠵᠢ ᠳᠤ ᠬᠤᠯᠪᠣᠭᠳᠠᠨ᠎ᠠ︕ ᠲᠠᠨ ᠤ ᠲᠠᠩᠰᠠᠨ ᠳᠤ ᠴᠢᠨᠢ ᠢᠯᠡᠬᠦᠦ ᠵᠣᠭᠤᠰ ᠤᠷᠤᠵᠤ ᠢᠷᠡᠵᠦ ᠮᠡᠳᠡᠨ᠎ᠡ
ᠨᠡᠶᠢᠲᠡᠯᠡᠭᠰᠡᠨ ᠴᠠᠭ᠄
2024/12/4
      ᠡᠪᠦᠯ ᠤᠨ ᠤᠯᠠᠷᠢᠯ ᠤᠨ ᠳᠤᠯᠠᠭᠠᠯᠠᠯᠭ᠎ᠠ ᠶᠢᠨ ᠨᠥᠬᠦᠪᠥᠷᠢ ᠪᠣᠯ ᠮᠠᠨ ᠤ ᠤᠯᠤᠰ ᠤᠨ ᠲᠦᠷᠦᠬᠦᠦ ᠵᠠᠭᠤᠨ ᠤ ᠲᠠᠪᠢᠭᠠᠳ ᠣᠨ ᠳᠤ ᠬᠡᠷᠡᠭᠵᠢᠭᠦᠯᠦᠭᠰᠡᠨ ᠨᠢᠭᠡ ᠵᠦᠢᠯ ᠤᠨ ᠳᠦᠷᠢᠮ ᠪᠣᠯᠤᠨ᠎ᠠ᠃ ᠲᠤᠬᠠᠢ ᠶᠢᠨ ᠦᠶ᠎ᠡ ᠳᠤ᠂ ᠳᠤᠯᠠᠭᠠᠯᠠᠭ᠎ᠠ ᠶᠢᠨ ᠨᠥᠬᠦᠪᠥᠷᠢ ᠨᠢ ᠳᠠᠷᠤᠢ ᠲᠦᠷᠦ ᠶᠢᠨ ᠪᠠᠶᠢᠭᠤᠯᠭ᠎ᠠ ᠵᠢᠴᠢ ᠠᠵᠤ ᠠᠬᠤᠶᠢᠯᠠᠯ ︵ᠠᠷᠠᠳ ᠨᠡᠶᠢᠲᠡ ᠶᠢᠨ ᠥᠮᠴᠢᠯᠡᠯ ᠤᠨ ᠠᠵᠤ ᠠᠬᠤᠶᠢᠯᠠᠯ︶ ᠤᠨ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠠᠵᠢᠯᠴᠢᠨ  ᠳᠤ ᠬᠦᠷᠳᠡᠭᠡᠬᠦ‍ ᠨᠢᠭᠡ ᠵᠦᠢᠯ ᠤᠨ ᠠᠰᠠᠷᠠᠮᠵᠢ ᠪᠠᠶᠢᠪᠠ᠃ ᠬᠤᠪᠢ ᠶᠢᠨ ᠡᠵᠡᠩᠨᠡᠭᠰᠡᠨ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠠᠵᠢᠯᠳᠠᠨ ᠠᠵᠢᠯᠴᠢᠨ ᠳᠠᠭᠠᠨ ᠳᠤᠯᠠᠭᠠᠯᠠᠭ᠎ᠠ ᠶᠢᠨ ᠨᠥᠬᠦᠪᠥᠷᠢ ᠥᠭᠬᠦ ᠡᠰᠡᠬᠦ ᠶᠢᠨ ᠲᠤᠬᠠᠢ ᠮᠠᠨ ᠤ ᠤᠯᠤᠰ ᠤᠨ ᠬᠠᠤᠯᠢ ᠴᠠᠭᠠᠵᠠ ᠳᠤ ᠠᠯᠪᠠᠳᠠᠯᠭ᠎ᠠ ᠶᠢᠨ ᠴᠢᠨᠠᠷᠲᠠᠢ ᠲᠣᠭᠲᠠᠭᠠᠯ ᠪᠠᠶᠢᠬᠰᠠᠨ ᠦᠭᠡᠢ ᠪᠤᠯᠬᠤᠷ ᠠᠵᠤ ᠠᠬᠤᠶᠢᠯᠠᠯ ᠤᠳ ᠨᠢ ᠡᠵᠡᠩᠨᠡᠯᠲᠡ ᠶᠢᠨ ᠪᠠᠶᠢᠳᠠᠯ ᠢᠶᠠᠨ ᠦᠨᠳᠦᠰᠦᠯᠡᠨ ᠥᠪᠡᠰᠦᠪᠡᠨ ᠲᠣᠭᠲᠠᠭᠠᠵᠤ ᠪᠠᠶᠢᠵᠠᠢ᠃          ᠡᠭᠦᠨ ᠠᠴᠠ ᠭᠠᠳᠠᠨ᠎ᠠ᠂ ︽ᠠᠵᠤ ᠠᠬᠤᠶᠢᠯᠠᠯ ᠤᠨ ᠴᠠᠯᠢᠩ᠂ ᠴᠠᠯᠢᠩ ᠤᠨ ᠮᠥᠩᠭᠦ ᠵᠢᠴᠢ ᠠᠵᠢᠯᠳᠠᠨ ᠠᠵᠢᠯᠴᠢᠨ ᠤ ᠠᠰᠠᠷᠠᠮᠵᠢ ᠶᠢᠨ ᠵᠠᠷᠤᠳᠠᠯ ᠢ ᠰᠠᠭᠤᠯᠭᠠᠨ ᠠᠪᠬᠤ ᠠᠰᠠᠭᠤᠳᠠᠯ ᠤᠨ ᠲᠤᠬᠠᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠤᠪᠴᠢᠶ᠎ᠠ ᠶᠢᠨ ᠮᠡᠳᠡᠭᠳᠡᠯ︾ ᠳᠤ ︽ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢ ᠬᠡᠷᠡᠭᠵᠢᠭᠦᠯᠬᠦ ᠲᠦᠷᠢᠮ︾ ᠤᠨ ᠳᠥᠴᠢᠳᠦᠭᠡᠷ ᠵᠦᠢᠯ ᠳᠤ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠠᠰᠠᠷᠠᠮᠵᠢ ᠶᠢᠨ ᠵᠠᠷᠤᠳᠠᠯ ᠳᠤ ᠳᠣᠣᠷᠠᠬᠢ ᠠᠭᠤᠯᠭ᠎ᠠ ᠪᠠᠭᠲᠠᠨ᠎ᠠ ᠭᠡᠵᠦ ᠲᠣᠳᠣᠷᠬᠠᠢ ᠲᠣᠭᠲᠠᠭᠠᠵᠠᠢ᠃
 
ᠢᠷᠡᠯᠲᠡ᠄ ᠠᠷᠡᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号