ᠦᠨᠡᠨᠴᠢ ᠢᠲᠡᠭᠡᠮᠵᠢ ᠶᠢᠨ ᠪᠠᠶᠢᠭᠤᠯᠤᠯᠲᠠ ᠨᠡᠶᠢᠭᠡᠮ ᠲᠣᠭᠤᠷᠢᠭ ᠲᠤ ᠣᠷᠣᠵᠤ ᠦᠨᠡᠨᠴᠢ ᠢᠲᠡᠭᠡᠮᠵᠢᠲᠡᠶ ᠪᠠᠶᠢᠬᠤ ᠶᠢ ᠬᠥᠮᠦᠨ ᠤ ᠰᠡᠳᠬᠢᠯ ᠳᠤ ᠬᠠᠳᠠᠩᠰᠢᠭᠤᠯᠪᠠ
ᠨᠡᠶᠢᠲᠡᠯᠡᠭᠰᠡᠨ ᠴᠠᠭ᠄
2024/12/5
      ᠶᠣᠰᠣ ᠰᠤᠷᠲᠠᠬᠤᠨ ᠢ ᠦᠨᠡᠨᠴᠢ ᠪᠠᠷ ᠪᠤᠢ ᠪᠣᠯᠭᠠᠵᠤ᠂ ᠪᠡᠶ᠎ᠡ ᠪᠠᠨ  ᠢᠳᠡᠭᠡᠬᠦ ᠶᠢ ᠡᠷᠬᠢᠮᠯᠡᠨ᠎ᠡ᠃ ᠤᠰᠤ ᠬᠡᠷᠡᠭᠯᠡᠬᠦ ᠡᠷᠦᠬᠡ ᠶᠢᠨ ᠦᠨᠡᠨᠴᠢ ᠢᠲᠡᠭᠡᠮᠵᠢᠲᠡᠶ ᠪᠠᠶᠢᠬᠤ᠂ ᠦᠨᠡᠨᠴᠢ ᠢᠲᠡᠭᠡᠮᠵᠢᠲᠡᠶ ᠪᠠᠶᠢᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠦᠨᠡᠨᠴᠢ ᠢᠲᠡᠭᠡᠮᠵᠢᠲᠡᠶ ᠪᠠᠶᠢᠬᠤ ᠪᠠᠷ ᠢᠷᠠᠭᠤ ᠠᠯᠳᠠᠷ ᠢᠶᠠᠨ ᠪᠣᠯᠭᠠᠵᠤ ᠂ ᠢᠲᠡᠭᠡᠮᠵᠢ ᠠᠯᠳᠠᠭᠰᠠᠨ ᠨᠢ ᠢᠴᠢᠭᠦᠷᠢ ᠲᠠᠢ︾ ᠦᠨᠡᠨᠴᠢ ᠢᠲᠡᠭᠡᠮᠵᠢᠲᠡᠶ ᠤᠰᠤ ᠬᠡᠷᠡᠭᠯᠡᠬᠦ ᠣᠨᠣᠯᠵᠢᠬᠤᠨ ᠢ ᠢᠳᠡᠪᠬᠢᠲᠡᠶ ᠪᠠᠷ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠺᠠᠳ᠋ᠷ ᠠᠵᠢᠯᠲᠠᠨ ᠠᠵᠢᠯᠴᠢᠨ  ᠢᠶᠠᠨ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ ᠲᠤ ᠭᠦᠨᠵᠡᠭᠡᠶᠢᠷᠡᠭᠦᠯᠦᠨ ᠦᠨᠡᠨᠴᠢ ᠢᠲᠡᠭᠡᠮᠵᠢᠲᠡᠶ ᠤᠰᠤ ᠬᠡᠷᠡᠭᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭᠠᠨ ᠤ ᠲᠤᠮᠳᠠ᠂ ᠠᠵᠢᠯᠲᠠᠳ ᠦᠨᠡᠨᠴᠢ ᠢᠲᠡᠭᠡᠮᠵᠢᠲᠡᠶ ᠪᠣᠯᠪᠠᠰᠤᠨ ᠰᠠᠶᠢᠬᠠᠨ ᠰᠤᠷᠲᠠᠯ ᠢ ᠢᠳᠡᠪᠬᠢᠲᠡᠶ ᠤᠬᠠᠭᠤᠯᠤᠨ ᠲᠠᠶᠢᠯᠪᠤᠷᠢᠯᠠᠵᠤ᠂ ᠦᠨᠡᠨᠴᠢ ᠢᠲᠡᠭᠡᠮᠵᠢᠲᠡᠶ ᠰᠠᠶᠢᠬᠠᠨ ᠰᠤᠷᠲᠠᠯ ᠢ ᠰᠠᠨᠠᠭᠠᠴᠢᠯᠠᠨ᠂ ᠤᠰᠤ ᠬᠡᠷᠡᠭᠯᠡᠬᠦ ᠣᠷᠴᠢᠨ ᠲᠣᠭᠤᠷᠢᠨ ᠢ ᠴᠡᠪᠡᠷᠰᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ ᠪᠣᠯᠤᠨ ᠰᠠᠭᠤᠭᠠᠯᠢ ᠠᠷᠠᠳ ᠲᠤ ᠦᠨᠡᠨᠴᠢ ᠢᠲᠡᠭᠡᠮᠵᠢᠲᠡᠶ ᠤᠰᠤ ᠬᠡᠷᠡᠭᠯᠡᠬᠦ᠂ ᠤᠰᠤ ᠠᠷᠪᠢᠯᠠᠬᠤ ᠶᠡᠷᠦ ᠶᠢᠨ ᠮᠡᠳᠡᠯᠭᠡ ᠶᠢ ᠬᠦᠯᠢᠴᠡᠩᠭᠦᠶ ᠪᠠᠷ ᠲᠠᠶᠢᠯᠪᠤᠷᠢᠯᠠᠨ ᠥᠭᠪᠡ᠃ ᠨᠡᠶᠢᠳᠡ 3 ᠨᠡᠶᠢᠭᠡᠮ ᠲᠣᠭᠤᠷᠢᠭ ᠲᠤ ᠬᠦᠷᠴᠦ᠂ 3000 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号