ᠬᠠᠤᠯᠢ ᠶᠢᠨ ᠥᠨᠥᠷ ᠠᠮᠳᠠ ᠪᠠᠷ ᠪᠢᠯᠬᠠᠮ᠎ᠠ ︽ᠦᠨᠳᠦᠰᠦᠨ ᠬᠠᠤᠯᠢ︾ ᠶᠢᠨ ᠠᠵᠢᠯᠯᠠᠭ᠎ᠠ
ᠨᠡᠶᠢᠲᠡᠯᠡᠭᠰᠡᠨ ᠴᠠᠭ᠄
2024/12/9
      ᠤᠯᠤᠰ ᠢ ᠵᠠᠰᠠᠵᠤ ᠲᠥᠷᠥ ᠶᠢ ᠲᠥᠪᠰᠢᠷᠡᠭᠦᠯᠬᠦ ᠦᠨᠳᠦᠰᠦᠨ ᠬᠠᠤᠯᠢ ᠨᠢ ᠤᠯᠤᠰ ᠤᠨ ᠶᠡᠭᠡ ᠬᠠᠤᠯᠢ ᠶᠢᠨ ᠶᠡᠷᠦᠩᠬᠡᠢ ᠳᠦᠷᠢᠮ ᠮᠥᠨ᠃ ᠠᠷᠪᠠᠨ ᠨᠢᠭᠡᠳᠦᠭᠡᠷ ᠤᠯᠤᠰ ᠤᠨ ᠦᠨᠳᠦᠰᠦᠨ ᠬᠠᠤᠯᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠠᠢ ᠭᠠᠷ ᠬᠤᠯᠪᠣᠯᠴᠠᠨ᠂ ᠪᠤᠭᠤᠲᠤ ᠬᠤᠲᠠ ᠶᠢᠨ ᠡᠪᠦᠯ ᠤᠨ ᠤᠯᠠᠷᠢᠯ ᠤᠨ ᠨᠠᠭᠠᠳᠤᠮ ᠵᠢᠴᠢ ᠮᠤᠷᠢᠨ ᠤ ︽ᠬᠥᠳᠡᠭᠡ ᠳᠣᠰᠬᠤᠨ ᠤ  ᠬᠡᠳᠦ ᠳᠡᠰ ᠤᠨ ᠬᠤᠯᠪᠤᠭᠠᠳᠣ ᠤᠷᠤᠯᠳᠤᠭᠠᠨ︾ ·  ᠥᠭᠦᠴᠡ ᠰᠣᠶᠣᠯ ᠤᠨ ᠠᠵᠢᠯᠯᠠᠭ᠎ᠠ  ᠪᠠᠷ ᠠᠵᠠ ᠲᠣᠬᠢᠶᠠᠯ ᠪᠣᠯᠭᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠢᠳᠡᠪᠬᠢᠲᠡᠶ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠦᠨᠳᠦᠰᠦᠨ ᠬᠠᠤᠯᠢ ᠪᠠᠷ ᠭᠤᠤᠯ ᠪᠣᠯᠭᠠᠵᠤ᠂ ᠥᠷᠭᠡᠨ ᠣᠯᠠᠨ ᠮᠠᠯᠴᠢᠨ ᠲᠠᠷᠢᠶᠠᠴᠢᠨ ᠳᠥᠮᠡᠨ ᠬᠢᠭᠡᠳ ᠵᠢᠭᠤᠯᠴᠢᠯᠠᠭᠴᠢᠳ ᠲᠤ ᠣᠯᠠᠨ ᠬᠡᠯᠪᠡᠷᠢ ᠪᠠᠷ ᠪᠥᠬᠦ ᠲᠠᠯ᠎ᠠ ᠶᠢᠨ ᠦᠨᠳᠦᠰᠦᠨ ᠬᠠᠤᠯᠢ ᠶᠢᠨ ᠮᠡᠳᠡᠯᠭᠡ ᠶᠢ ᠲᠦᠭᠡᠮᠡᠯᠵᠢᠭᠦᠯᠵᠦ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠪᠠ᠃      ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠬᠠᠤᠯᠢ ᠴᠠᠭᠠᠵᠠ ᠶᠢᠨ ᠲᠣᠪᠴᠢᠶ᠎ᠠ ᠶᠢᠨ ᠠᠵᠢᠯᠲᠠᠳ ᠬᠠᠤᠯᠢ ᠴᠠᠭᠠᠵᠠ ᠶᠢᠨ ᠵᠥᠪᠯᠡᠯᠭᠡ ᠥᠭᠬᠦ ᠴᠡᠭ ᠭᠠᠷᠭᠠᠬᠤ ᠪᠠᠷ ᠳᠠᠮᠵᠢᠭᠤᠯᠤᠨ᠂ ᠮᠠᠯᠴᠢᠨ ᠲᠠᠷᠢᠶᠠᠴᠢᠨ ᠲᠦᠮᠡᠨ ᠪᠠ ᠵᠢᠭᠤᠯᠴᠢᠯᠠᠭᠴᠢᠳ ᠲᠤ ᠰᠦᠢᠳᠬᠡᠯ ᠬᠤᠷᠢᠶᠠᠬᠤ ᠥᠬᠡᠶ᠂ ᠲᠤᠰᠬᠠᠶ ᠮᠡᠷᠭᠡᠵᠢᠯ ᠤᠨ ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ ᠬᠠᠩᠭᠠᠬᠤ ᠶᠢᠨ ᠬᠠᠮᠲᠤ ᠦᠨᠳᠦᠰᠦᠨ ᠬᠠᠤᠯᠢ ᠠᠴᠠ ᠠᠷᠠᠳ ᠢᠷᠭᠡᠳ ᠲᠤ ᠣᠯᠭᠤᠭᠰᠠᠨ ᠡᠷᠬᠡ ᠪᠠ ᠡᠭᠦᠷᠭᠡ ᠶᠢᠨ ᠲᠤᠬᠠᠶ ᠣᠯᠠᠨ ᠲᠦᠮᠡᠨ ᠤ ᠮᠠᠳᠠᠭ ᠲᠠᠢ ᠠᠰᠠᠭᠤᠯᠲᠠ ᠳᠤ ᠬᠦᠯᠢᠴᠡᠩᠭᠦᠶ ᠪᠠᠷ ᠬᠠᠷᠢᠭᠤᠯᠲᠠ ᠬᠢᠵᠥ ᠥᠭᠭᠦᠪᠡ︔ ᠡᠭᠦᠨ ᠤ ᠬᠠᠮᠲᠤ ᠦᠨᠳᠦᠰᠦᠨ ᠬᠠᠤᠯᠢ᠂ ᠢᠷᠭᠡᠨ ᠤ ᠬᠠᠤᠯᠢ ᠶᠢᠨ ᠪᠢᠴᠢᠭ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ ᠵᠡᠷᠭᠡ ᠤᠬᠠᠭᠤᠯᠭ᠎ᠠ ᠶᠢᠨ ᠪᠢᠴᠢᠭ ᠪᠠ ᠨᠤᠭᠤᠯᠪᠤᠷᠢ ᠬᠠᠭᠤᠳᠠᠰᠤ ᠶᠢ 1000 ᠭᠠᠷᠤᠶ ᠬᠤᠪᠢ ᠲᠠᠷᠬᠠᠭᠠᠵᠤ᠂ ᠬᠠᠤᠯᠢ ᠴᠠᠭᠠᠵᠠ ᠶᠢᠨ ᠮᠠᠳᠠᠭ ᠲᠠᠢ ᠠᠰᠠᠭᠤᠯᠲᠠ ᠳᠤ 5 ᠭᠠᠷᠤᠶ ᠬᠥᠮᠦᠨ ᠤᠳᠠᠭ᠎ᠠ ᠬᠠᠷᠢᠭᠤᠯᠲᠠ ᠥᠭᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠥᠭᠦᠷᠭᠡ ᠬᠤᠯᠪᠤᠭᠠᠰᠤ ᠶᠢᠨ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠤᠯᠠᠨ ᠲᠦᠮᠡᠨ ᠤ ᠬᠠᠤᠯᠢ ᠴᠠᠭᠠᠵᠠ ᠶᠢᠨ ᠬᠦᠰᠡᠯ ᠱᠠᠭᠠᠷᠳᠠᠯᠭ᠎ᠠ ᠶᠢ ᠰᠣᠨᠣᠰᠴᠤ᠂ ᠰᠠᠨᠠᠯ ᠰᠠᠨᠠᠭᠤᠯᠭ᠎ᠠ ᠴᠤᠭᠯᠠᠭᠤᠯᠵᠤ᠂ ᠬᠤᠶᠢᠰᠢᠳᠠ ᠶᠢᠨ ᠬᠠᠤᠯᠢ ᠲᠣᠭᠲᠠᠭᠠᠬᠤ ᠪᠠ ᠬᠢᠨᠠᠯᠲᠠ ᠲᠠᠯᠪᠢᠬᠤ ᠠᠵᠢᠯ ᠳᠤ ᠯᠠᠪᠯᠠᠯᠲᠠ ᠬᠠᠩᠭᠠᠬᠤ ᠪᠤᠯᠤᠨ᠎ᠠ᠃      ᠲᠣᠰ ᠤᠳᠠᠭᠠᠨ ᠤ ᠬᠠᠤᠯᠢ ᠴᠠᠭᠠᠵᠠ ᠶᠢᠨ ᠳᠤᠪᠴᠢᠶ᠎ᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠠᠢ ᠬᠠᠮᠲᠤᠷᠠᠨ ᠥᠷᠨᠢᠭᠦᠯᠥᠭᠰᠡᠨ ᠡᠪᠦᠯ ᠤᠨ ᠤᠯᠠᠷᠢᠯ ᠤᠨ ᠨᠠᠭᠠᠳᠤᠮ ᠤᠨ ᠬᠤᠷᠠᠯ ᠢ ᠠᠰᠢᠭᠯᠠᠨ ᠦᠨᠳᠦᠰᠦᠨ ᠬᠠᠤᠯᠢ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠨᠢ ᠦᠨᠳᠦᠰᠦᠲᠡᠨ ᠤ ᠭᠠᠵᠠᠷ ᠣᠷᠣᠨ ᠤ ᠣᠯᠠᠨ ᠲᠦᠮᠡᠨ ᠤ ᠦᠨᠳᠦᠰᠦᠨ ᠬᠠᠤᠯᠢ ᠶᠢᠨ ᠤᠬᠠᠮᠰᠠᠷ ᠢ ᠪᠦᠲᠦᠮᠵᠢᠲᠡᠶ ᠴᠢᠩᠭᠠᠳᠬᠠᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠲᠠᠯ᠎ᠠ ᠨᠤᠲᠤᠭ ᠲᠤ ᠭᠦᠨᠵᠡᠭᠡᠶ ᠤᠯᠠᠮᠵᠢᠯᠠᠬᠤ ᠶᠢ ᠠᠬᠢᠭᠤᠯᠵᠤ᠂ ᠬᠠᠤᠯᠢᠵᠢᠯ ᠤᠨ ᠨᠡᠶᠢᠭᠡᠮ ᠢ ᠪᠠᠶᠢᠭᠤᠯᠬᠤ᠂ ᠣᠷᠣᠨ ᠨᠤᠲᠤᠭ ᠤᠨ ᠡᠶ᠎ᠡ ᠵᠣᠬᠢᠴᠠᠩᠭᠤᠶ ᠲᠣᠭᠲᠠᠭᠤᠨ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠦᠨᠳᠦᠰᠦᠨ ᠬᠠᠤᠯᠢ ᠡᠪᠦᠯ ᠤᠨ ᠤᠯᠠᠷᠢᠯ ᠤᠨ ᠲᠠᠯ᠎ᠠ ᠨᠤᠲᠤᠭ ᠲᠤ ᠬᠡᠷᠡᠯ ᠬᠢᠯᠪᠠᠭ᠎ᠠ ᠪᠠᠨ ᠰᠠᠴᠤᠷᠠᠭᠤᠯᠤᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号