ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠡᠭᠳᠡᠶᠢᠴᠤᠳ ᠤᠨ ᠬᠤᠯᠪᠤᠭ᠎ᠠ ᠤᠨ ᠭᠤᠶᠤ ᠰᠠᠶᠢᠬᠠᠨ ᠭᠡᠷ ᠤᠨ ᠶᠠᠪᠤᠳᠠᠯ ᠤᠨ ︽ᠡᠶᠡᠳᠡᠭᠦᠯᠥᠭᠴᠢ︾ ᠪᠣᠯᠬᠤ ᠪᠠᠷ ᠴᠢᠷᠮᠠᠶᠢᠵᠤ ᠪᠠᠶᠢᠨ᠎ᠠ
ᠨᠡᠶᠢᠲᠡᠯᠡᠭᠰᠡᠨ ᠴᠠᠭ᠄
2024/12/9
      ︽ᠬᠡᠨ ᠤ ᠡᠶᠡᠳᠡᠭᠦᠯᠥᠭᠰᠡᠨ ᠭᠡᠷ ᠤᠨ ᠶᠠᠪᠤᠳᠠᠯ ᠤᠯᠠᠨ᠂ ᠬᠡᠨ ᠤ ᠡᠶᠡᠳᠡᠭᠦᠯᠥᠭᠰᠡᠨ‌‍ᠤ᠋ ᠭᠡᠷ ᠤᠨ ᠶᠠᠪᠤᠳᠠᠯ ᠦᠷ᠎ᠡ ᠪᠦᠲᠦᠮᠵᠢ ᠲᠠᠢ᠂ ᠬᠡᠨ ᠤ ᠡᠶᠡᠳᠡᠭᠦᠯᠥᠭᠰᠡᠨ ᠭᠡᠷ ᠤᠨ ᠶᠠᠪᠤᠳᠠᠯ  ᠬᠠᠮᠤᠭ ᠰᠠᠶᠢᠨ ᠪᠠᠶᠢᠬᠤ ᠶᠢ ᠦᠵᠡᠨ᠎ᠡ᠃ ᠡᠨᠡ ᠪᠤᠯ ᠪᠢᠳᠡᠨ ᠤ ᠭᠡᠷ ᠤᠨ ᠶᠠᠪᠤᠳᠠᠯ ᠤᠨ ᠵᠠᠭᠤᠷᠠᠯᠳᠤᠭᠠᠨ ᠢ ᠡᠶᠡᠯᠳᠡᠭᠦᠯᠥᠭᠰᠡᠨ ᠠᠴᠠ ᠨᠠᠭᠠᠰᠢᠬᠢ ᠠᠵᠢᠯ ᠤᠨ ᠬᠠᠷᠠᠯᠲᠠ ᠮᠥᠨ︾ ᠬᠡᠵᠥ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠡᠭᠲᠡᠶᠢᠴᠦᠳ ᠤᠨ ᠬᠤᠯᠪᠤᠭ᠎ᠠ ᠶᠢᠨ ᠲᠡᠷᠢᠭᠦᠯᠡᠭᠴᠢ ᠴᠧᠨ ᠶᠦᠩ ᠮᠧᠢ ᠬᠡᠯᠡᠪᠡ᠃ ︽ᠵᠥᠷᠢᠴᠡᠯ ᠲᠠᠢ ᠪᠣᠯ ︿ᠲᠥᠷᠬᠦᠮ ᠤᠨ ᠬᠥᠮᠥᠨ﹀ ᠢᠶᠠᠨ ᠡᠷᠢᠵᠦ᠂ ᠠᠰᠠᠭᠤᠳᠠᠯ ᠪᠠᠶᠢᠪᠠᠯ ︿ᠬᠠᠤᠯᠢ ᠴᠠᠭᠠᠵᠠ ᠶᠢᠨ ᠮᠡᠷᠭᠡᠨ ᠬᠥᠮᠦᠨ﹀ ᠢ ᠡᠷᠢᠬᠦ ︾ ᠪᠤᠯ ᠨᠤᠳᠤᠭ ᠤᠨ ᠠᠬ᠎ᠠ ᠳᠡᠭᠦᠥ ᠨᠠᠷ ᠤᠨ ᠬᠥᠮᠥᠨ ᠪᠥᠷᠢ ᠶᠢᠨ ᠮᠡᠳᠡᠳᠡᠭ ᠶᠠᠪᠤᠳᠠᠯ ᠪᠣᠯᠤᠨ᠎ᠠ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠡᠭᠲᠡᠶᠢᠴᠦᠳ ᠤᠨ ᠬᠤᠯᠪᠤᠭ᠎ᠠ ᠶᠢᠨ ᠦᠨᠳᠦᠰᠦᠨ ᠱᠠᠲᠤᠨ ᠤ ᠠᠷᠠᠳ ᠤᠨ ᠡᠶᠡᠳᠡᠭᠦᠯᠬᠦ ᠲᠠᠰᠤᠭ ᠢ ᠪᠦᠬᠦᠨ ᠢ ᠬᠠᠮᠤᠷᠬᠤ ᠶᠢ ᠪᠡᠶᠡᠯᠡᠭᠦᠯᠦᠭᠰᠡᠨ ᠠᠴᠠ ᠨᠠᠰᠢ᠂ ᠦᠨᠳᠦᠰᠦᠨ ᠱᠠᠲᠤᠨ ᠤ ᠡᠶᠡᠳᠡᠭᠦᠯᠬᠦ ᠠᠵᠢᠯᠲᠠᠨ ᠤ ᠲᠣᠬᠢᠷᠠᠭᠤᠯᠤᠯᠲᠠ ᠶᠢ ᠡᠮᠡᠭᠲᠡᠶᠢᠴᠦᠳ ᠤᠨ ᠬᠤᠯᠪᠤᠭ᠎ᠠ ᠶᠢᠨ ᠲᠡᠷᠢᠭᠦᠯᠡᠭᠴᠢ ᠨᠢᠭᠡᠪᠦᠷᠢ ᠳᠤ ︽ᠬᠠᠤᠯᠢ ᠮᠡᠳᠡᠵᠥ᠂ ᠬᠠᠤᠯᠢ ᠬᠡᠷᠡᠭᠯᠡᠬᠦ ᠳᠡᠭᠡᠨ ᠭᠠᠷᠮᠠᠭᠠᠢ︾ ᠪᠠᠶᠢᠬᠤ ᠶᠢ ᠴᠢᠷᠮᠠᠶᠢᠨ ᠪᠡᠶᠡᠯᠡᠭᠦᠯᠬᠦ ᠶᠢᠨ ᠬᠠᠮᠲᠤ᠂ ᠮᠠᠯᠴᠢᠨ ᠲᠠᠷᠢᠶᠠᠴᠢᠨ ᠨᠡᠯᠢᠶᠡᠳ ᠲᠥᠪᠯᠡᠷᠡᠭᠰᠡᠨ ᠭᠠᠵᠠᠷ ᠣᠷᠣᠨ ᠳᠤ ᠴᠢᠭᠯᠡᠭᠦᠯᠦᠨ ᠨᠠᠭᠠᠳᠤ ᠵᠠᠬ᠎ᠠ ᠳᠠᠭᠠᠨ ᠨᠢᠭᠡ ᠬᠤᠤᠰ ᠬᠡᠯᠡ ᠪᠠᠷ ᠶᠠᠷᠢᠵᠥ ᠴᠢᠳᠠᠬᠤ ᠡᠮᠡᠭᠲᠡᠶᠢᠴᠦᠳ ᠤᠨ ᠬᠤᠯᠪᠤᠭ᠎ᠠ ᠶᠢᠨ ᠲᠡᠷᠢᠭᠦᠯᠡᠭᠴᠢ ᠪᠤᠶᠤ ︽ᠬᠠᠤᠯᠢ ᠴᠠᠭᠠᠵᠠ ᠶᠢᠨ ᠮᠡᠷᠭᠡᠨ ᠬᠥᠮᠦᠨ︾ ᠢ ᠰᠣᠩᠭᠤᠨ ᠬᠡᠷᠡᠭᠯᠡᠵᠦ᠂ ᠣᠯᠠᠨ ᠳᠥᠮᠡᠨ ᠳᠤ ᠨᠠᠩ ᠰᠠᠶᠢᠨ ᠦᠢᠯᠡᠴᠢᠯᠡᠨ᠎ᠡ᠃      ᠣᠲᠣ ᠮᠠᠨ ᠤ ᠬᠤᠰᠢᠭᠤᠨ ᠤ ᠦᠨᠳᠦᠰᠦᠨ ᠱᠠᠲᠤᠨ ᠤ ᠠᠷᠠᠳ ᠢ ᠡᠶᠡᠳᠡᠭᠦᠯᠬᠦ ᠲᠠᠰᠤᠭ ᠨᠡᠶᠢᠲᠡ 19 ᠪᠠᠶᠢᠵᠤ᠂ ᠨᠢᠭᠡᠨᠲᠡ ᠪᠦᠬᠦᠨ ᠢ ᠬᠠᠮᠤᠷᠤᠭᠰᠠᠨ ᠪᠥᠭᠡᠳ ᠬᠠᠤᠯᠢ ᠴᠠᠭᠠᠵᠠ ᠶᠢᠨ ᠲᠣᠪᠴᠢᠶ᠎ᠠ ᠲᠠᠢ ᠢᠳᠡᠪᠬᠢᠲᠡᠶ ᠬᠤᠯᠪᠣᠭᠠᠯᠠᠨ ᠬᠥᠳᠡᠯᠦᠯᠴᠡᠵᠦ᠂ ᠦᠨᠳᠦᠰᠦᠨ ᠱᠠᠲᠤᠨ ᠤ ᠡᠶᠡᠳᠡᠭᠦᠯᠬᠦ ᠲᠠᠰᠤᠭ ᠨᠢᠭᠡᠪᠦᠷᠢ ᠳᠤ ᠨᠠᠭᠠᠳᠤ ᠵᠠᠬ᠎ᠠ ᠳᠠᠭᠠᠨ 1 ︽ᠬᠠᠤᠯᠢ ᠴᠠᠭᠠᠵᠠ ᠶᠢᠨ ᠮᠡᠷᠭᠡᠨ ᠬᠥᠮᠦᠨ︾ ᠳᠣᠭᠢᠷᠠᠭᠤᠯᠵᠤ᠂ ︽ᠬᠠᠤᠯᠢ ᠴᠠᠭᠠᠵᠠ ᠶᠢᠨ ᠮᠡᠷᠭᠡᠨ ᠬᠥᠮᠦᠨ︾ ᠢ ᠡᠶᠡᠳᠡᠭᠦᠯᠬᠦ ᠲᠠᠰᠤᠭ ᠲᠤ ᠬᠠᠮᠤᠷᠬᠤ ᠶᠢ ᠪᠡᠶᠡᠯᠡᠭᠦᠯᠬᠦ ᠶᠢᠨ ᠬᠠᠮᠲᠤ ︽ᠬᠠᠤᠯᠢ ᠴᠠᠭᠠᠵᠠ ᠶᠢᠨ ᠮᠡᠷᠭᠡᠨ ᠬᠥᠮᠦᠨ︾ ᠵᠡᠷᠭᠡ ᠲᠤᠰᠬᠠᠶ ᠰᠡᠳᠦᠪᠲᠦ ᠪᠣᠯᠪᠠᠰᠤᠷᠠᠭᠤᠯᠤᠯ ᠢ 6 ᠤᠳᠠᠭ᠎ᠠ ᠥᠷᠨᠢᠭᠦᠯᠪᠡ᠃ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠲᠡᠷᠡ ᠳᠠᠷᠤᠶ ᠳᠤᠨᠢ ᠬᠠᠷᠢᠭᠤᠯᠲᠠ ᠥᠭᠴᠦ᠂ ᠬᠡᠷᠪᠡ ᠦᠨᠳᠦᠰᠦᠨ ᠱᠠᠳᠥ ᠬᠠᠷᠢᠭᠤᠯᠲᠠ ᠥᠭᠬᠦ ᠶᠢᠨ ᠠᠷᠭ᠎ᠠ ᠥᠬᠡᠶ ᠠᠰᠠᠭᠤᠳᠠᠯ ᠢ ᠦᠳᠲᠡᠷ ᠲᠦᠷᠭᠡᠨ ᠳᠡᠭᠡᠭᠰᠢ ᠮᠡᠳᠡᠭᠦᠯᠵᠦ᠂ ᠳᠡᠭᠡᠳᠦ ᠱᠠᠲᠤᠨ ᠤ ᠡᠮᠡᠭᠲᠡᠶᠢᠴᠦᠳ ᠤᠨ ᠬᠤᠯᠪᠤᠭ᠎ᠠ ᠪᠤᠶᠤ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠲᠤᠰᠬᠠᠶ ᠮᠡᠷᠭᠡᠵᠢᠯ ᠤᠨ ᠬᠥᠮᠦᠰ ᠲᠤ ᠲᠤᠰᠢᠶᠠᠨ ᠥᠭᠭᠦᠨ ᠬᠠᠷᠢᠭᠤᠯᠲᠠ ᠥᠭᠴᠦ᠂ ︽ᠨᠢᠭᠡ ᠯᠡ ᠥᠷᠳᠡᠭᠡ ᠳᠤ ᠬᠦᠯᠢᠶᠡᠬᠦ ᠬᠡᠷᠡᠭ ᠦᠭᠡᠢ︾ ᠬᠡᠷ ᠤᠨ ᠶᠠᠪᠤᠳᠠᠯ ᠢ ᠡᠶᠡᠳᠡᠭᠦᠯᠬᠦ ᠦᠢᠯᠡᠴᠢᠯᠡᠭᠡ ᠶᠢ ᠪᠡᠶᠡᠯᠡᠭᠦᠯᠪᠡ᠃ ᠡᠨᠡ ᠵᠢᠯ ᠠᠴᠠ ᠨᠠᠰᠢ᠂ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠤᠭ᠎ᠠ ᠨᠡᠶᠢᠲᠡ 18 ᠬᠡᠷᠡᠭ ᠢ ᠭᠥᠯᠢᠶᠡᠨ ᠠᠪᠴᠤ ᠰᠢᠢᠳᠪᠥᠷᠢᠯᠡᠵᠥ᠂ ︽ᠠᠮᠤᠭᠤᠯᠠᠩᠳᠥ ᠳᠠᠷᠬᠠᠨ ᠮᠤᠤᠮᠢᠩᠭᠠᠨ︾ ᠤ ᠪᠥᠲᠥᠭᠡᠨ ᠪᠠᠶᠢᠭᠤᠯᠤᠯᠲᠠ ᠶᠢ ᠪᠦᠲᠦᠮᠵᠢᠲᠡᠶ ᠠᠬᠢᠭᠤᠯᠪᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号