ᠡᠳᠡᠭᠡᠷ ᠶᠠᠭᠤᠮ᠎ᠠ ᠶᠢ ᠭᠠᠯᠲᠤ ᠲᠡᠷᠭᠡᠨ ᠳᠤ ᠠᠪᠴᠤ ᠭᠠᠷᠴᠤ ᠪᠣᠯᠬᠤ ᠦᠭᠡᠢ
ᠨᠡᠶᠢᠲᠡᠯᠡᠭᠰᠡᠨ ᠴᠠᠭ᠄
2024/2/1
      1.ᠬᠠᠷ᠎ᠠ ᠠᠷᠢᠬᠢ ᠪᠠ ᠲᠦᠭᠦᠬᠡᠢ ᠢᠳᠡᠭᠡᠨ                      ᠰᠫᠢᠷᠲ ᠤᠨ ᠥᠳᠬᠡᠴᠡ ᠨᠢ 70% ᠠᠴᠠ ᠬᠡᠲᠦᠷᠡᠭᠰᠡᠨ ᠠᠷᠢᠬᠢᠨ ᠤ ᠵᠦᠢᠯ ᠤᠨ ᠤᠮᠳᠠᠭᠠᠨ ᠨᠢ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠲᠤ ᠲᠣᠭᠠᠴᠠᠭᠳᠠᠨ᠎ᠠ᠂ ᠨᠠᠶᠢᠳᠠᠨ ᠵᠥᠭᠡᠭᠡᠪᠦᠷᠢᠯᠡᠭᠦᠯᠬᠦ ᠪᠠ ᠪᠡᠶ᠎ᠡ ᠳᠡᠭᠡᠨ ᠠᠪᠴᠤ ᠶᠠᠪᠤᠬᠤ ᠶᠢ ᠡᠷᠡᠰ ᠬᠤᠷᠢᠭᠯᠠᠨ᠎ᠠ᠃           ᠬᠡᠷᠪᠡ ᠠᠶᠠᠨᠴᠢᠳ ᠬᠠᠷ᠎ᠠ ᠠᠷᠢᠬᠢ ᠠᠪᠴᠤ ᠭᠡᠷ ᠲᠡᠭᠡᠨ ᠬᠠᠷᠢᠵᠤ  ᠰᠢᠨᠡᠯᠡᠶ᠎ᠡ  ᠭᠡᠪᠡᠯ᠂ ᠬᠠᠷ᠎ᠠ ᠠᠷᠢᠬᠢ ᠶᠢ ᠨᠢᠭᠲᠠ ᠪᠢᠲᠡᠭᠦᠮᠵᠢᠯᠡᠵᠦ᠂ ᠲᠡᠮᠳᠡᠭ ᠨᠢ ᠲᠣᠳᠣᠷᠬᠠᠢ ᠪᠠᠶᠢᠬᠤ ᠬᠡᠷᠡᠭᠲᠡᠢ ᠪᠥᠭᠡᠳ ᠭᠷᠡᠳᠦ᠋ᠰ ᠤᠨ ᠲᠤᠭ᠎ᠠ ᠨᠢ 70 ᠭᠷᠡᠳᠦ᠋ᠰ ᠠᠴᠠ ᠬᠡᠲᠦᠷᠡᠵᠦ ᠪᠣᠯᠬᠤ ᠦᠭᠡᠢ᠂ ᠨᠡᠶᠢᠲᠡ 3000 ᠮᠢᠯᠢᠯᠢᠲᠷ ᠠᠴᠠ ᠬᠡᠲᠦᠷᠡᠵᠦ ᠪᠣᠯᠬᠤ ᠦᠭᠡᠢ᠃               ᠠᠮᠢᠳᠤ ᠲᠠᠬᠢᠶ᠎ᠠ ᠭᠠᠯᠠᠭᠤ ᠶᠢ ᠲᠡᠷᠭᠡᠨ ᠳᠤ ᠠᠪᠴᠤ ᠭᠠᠷᠴᠤ ᠪᠣᠯᠬᠤ ᠦᠭᠡᠢ᠂ ᠭᠡᠪᠡᠴᠦ ᠨᠢᠭᠲᠠ ᠪᠢᠲᠡᠭᠦᠮᠵᠢᠯᠡᠭᠰᠡᠨ ᠲᠠᠬᠢᠶ᠎ᠠ᠂ ᠨᠤᠭᠤᠰᠤ᠂ ᠳᠠᠪᠤᠰᠤᠯᠠᠭᠰᠠᠨ ᠮᠢᠬ᠎ᠠ᠂ ᠳᠠᠯᠠᠶ ᠶᠢᠨ ᠢᠳᠡᠭᠡᠨ ᠵᠡᠷᠭᠡ ᠰᠢᠨ᠎ᠡ ᠰᠣᠷᠭᠤᠭ ᠰᠢᠨ᠎ᠡ ᠵᠢᠯ ᠤᠨ ᠪᠠᠷᠠᠭ᠎ᠠ  ᠶᠢ ᠲᠡᠷᠭᠡᠨ ᠳᠤ ᠠᠪᠴᠤ ᠭᠠᠷᠴᠤ ᠪᠣᠯᠣᠨ᠎ᠠ᠃                      2. ᠴᠠᠬᠢᠯᠭᠠᠨ ᠴᠡᠨᠡᠭᠯᠡᠭᠦᠷ                     ᠲᠣᠳᠣᠷᠬᠠᠢ ᠲᠡᠮᠳᠡᠭ ᠲᠠᠢ ᠴᠠᠬᠢᠯᠭᠠᠨ ᠴᠡᠨᠡᠭᠯᠡᠭᠦᠷ᠂ ᠯᠢᠲ᠋ᠢ ᠴᠠᠬᠢᠯᠭᠠᠨ ᠴᠡᠨᠡᠭ᠂ ᠳᠠᠩ ᠬᠡᠰᠡᠭ ᠤᠨ ᠨᠤᠷᠮ᠎ᠠ ᠡᠨᠧᠷᠭᠢ ᠨᠢ100Wh (ᠸᠠᠭᠠᠷ ᠤᠨ ᠴᠠᠭ) ᠠᠴᠠ ᠬᠡᠲᠦᠷᠡᠬᠦ ᠦᠭᠡᠢ᠂ ᠪᠠᠷᠤᠭ 27000 ᠮᠢᠯᠢ ᠠᠮᠫᠧᠷ ᠤᠨ ᠴᠠᠬᠢᠯᠭᠠᠨ ᠴᠡᠨᠡᠭᠯᠡᠭᠦᠷ ᠢ ᠭᠠᠯᠲᠤ ᠲᠡᠷᠭᠡᠨ ᠳᠤ ᠠᠪᠴᠤ ᠶᠠᠪᠤᠵᠤ ᠪᠣᠯᠣᠨ᠎ᠠ᠂ ᠯᠢᠲ᠋ᠢ ᠴᠠᠬᠢᠯᠭᠠᠨ ᠴᠡᠨᠡᠭ ᠲᠠᠢ ᠴᠠᠬᠢᠯᠭᠠᠨ ᠬᠥᠳᠡᠯᠭᠡᠭᠦᠷᠲᠦ ᠬᠦᠷᠳᠦᠲᠦ ᠰᠠᠨᠳᠠᠯᠢ ᠡᠭᠦᠨ ᠳᠤ ᠪᠠᠭᠲᠠᠬᠤ ᠦᠭᠡᠢ᠃                      1.ᠪᠠᠭᠠᠵᠢ ᠬᠡᠷᠡᠭᠰᠡᠯ ᠲᠠᠷᠢᠶᠠᠯᠠᠩ ᠤᠨ ᠪᠠᠭᠠᠵᠢ ᠬᠡᠷᠡᠭᠰᠡᠯ ᠵᠢᠴᠢ ᠡᠳᠦᠷ ᠳᠤᠲᠤᠮ ᠤᠨ ᠬᠡᠷᠡᠭᠯᠡᠭᠡᠨ ᠤ ᠡᠳ᠋ ᠬᠤᠸᠠᠷ ᠫᠤᠤᠵᠢᠩ᠂ ᠢᠷ ᠤᠨ ᠤᠷᠳᠤ ᠨᠢ 60 ᠮᠢᠯᠢᠮᠧᠲᠷ ᠠᠴᠠ ᠬᠡᠲᠦᠷᠡᠭᠰᠡᠨ  ᠪᠣᠣᠳᠤᠤ᠂  ᠬᠠᠶᠢᠴᠢ᠂  ᠵᠢᠮᠢᠰᠦᠨ ᠬᠢᠳᠤᠭ᠎ᠠ ᠵᠡᠷᠭᠡ ᠡᠳᠦᠷ ᠲᠤᠳᠤᠮ ᠤᠨ ᠬᠡᠷᠡᠭᠯᠡᠭᠡᠨ ᠤ ᠬᠢᠳᠤᠭ᠎ᠠ᠂ ᠭᠠᠩᠨᠠᠭᠤᠷ ᠫᠤᠤ᠂ ᠠᠯᠤᠬ᠎ᠠ᠂ ᠲᠡᠮᠦᠷ ᠬᠦᠷᠵᠡ ᠵᠡᠷᠭᠡ ᠪᠠᠭᠠᠵᠢ ᠬᠡᠷᠡᠭᠰᠡᠯ ᠢ ᠴᠥᠮ ᠲᠡᠷᠭᠡᠨ ᠳᠤ ᠠᠪᠴᠤ ᠶᠠᠪᠤᠵᠤ ᠪᠣᠯᠬᠤ ᠦᠭᠡᠢ᠃                     ᠦᠰᠦᠨ ᠪᠣᠳᠤᠭ᠂ ᠬᠤᠷᠣᠬᠠᠢ ᠠᠯᠠᠬᠤ ᠡᠮ ᠵᠡᠷᠭᠡ ᠥᠪᠡᠷᠲᠡᠭᠡᠨ ᠰᠦᠷᠴᠢᠬᠦ ᠳᠠᠷᠤᠯᠲᠠᠲᠤ ᠰᠠᠪᠠ ᠶᠢ ᠠᠪᠴᠤ ᠶᠠᠪᠤᠪᠠᠯ᠂ ᠳᠠᠩ ᠪᠡᠶᠡᠲᠦ ᠰᠠᠪᠠ ᠶᠢᠨ ᠪᠠᠭᠲᠠᠭᠠᠮᠵᠢ ᠶᠢ 150 ᠮᠢᠯᠢᠯᠢᠲᠷ ᠠᠴᠠ ᠬᠡᠲᠦᠷᠡᠭᠦᠯᠵᠦ ᠪᠣᠯᠬᠤ ᠦᠭᠡᠢ᠂ ᠵᠦᠢᠯ ᠪᠦᠷᠢ ᠶᠢ1 ᠪᠠᠷ ᠬᠢᠵᠠᠭᠠᠷᠯᠠᠬᠤ ᠪᠥᠭᠡᠳ ᠨᠡᠶᠢᠲᠡ 600 ᠮᠢᠯᠢᠯᠢᠲᠷ ᠠᠴᠠ ᠬᠡᠲᠦᠷᠡᠭᠦᠯᠵᠦ ᠪᠣᠯᠬᠤ ᠦᠭᠡᠢ᠃         ᠦᠨᠦᠷᠲᠦ ᠤᠰᠤ᠂ ᠴᠡᠴᠡᠭ ᠤᠨ ᠨᠡᠷᠡᠮᠡᠯ ᠤᠨ ᠤᠰᠤ᠂ ᠮᠠᠨᠠᠨ ᠰᠦᠷᠴᠢᠭᠦᠷ᠂ ᠠᠷᠢᠭᠤᠳᠬᠠᠭᠰᠠᠨ ᠴᠠᠷᠴᠠᠮᠠᠯ ᠴᠠᠪᠠᠤ ᠵᠡᠷᠭᠡ ᠨᠣᠴᠣᠮᠠᠲᠠᠭᠠᠢ ᠪᠦᠷᠢᠯᠳᠦᠭᠦᠨ ᠲᠠᠢ ᠥᠪᠡᠷᠲᠡᠭᠡᠨ ᠰᠦᠷᠴᠢᠬᠦ ᠪᠤᠰᠤ ᠳᠠᠷᠤᠯᠲᠠᠲᠤ ᠰᠠᠪᠠ ᠶᠢᠨ ᠡᠳᠦᠷ ᠲᠤᠲᠤᠮ ᠤᠨ ᠬᠡᠷᠡᠭᠯᠡᠭᠡᠨ ᠤ ᠵᠦᠢᠯ ᠢ ᠠᠪᠴᠤ  ᠶᠠᠪᠤᠬᠤ ᠳᠤ᠂ ᠳᠠᠩ ᠪᠡᠶᠡᠲᠦ ᠰᠠᠪᠠ ᠶᠢᠨ ᠪᠠᠭᠲᠠᠭᠠᠮᠵᠢ ᠶᠢ 100  ᠮᠢᠯᠢᠯᠢᠲᠷ ᠠᠴᠠ ᠬᠡᠲᠦᠷᠡᠭᠦᠯᠵᠦ ᠪᠣᠯᠬᠤ ᠦᠭᠡᠢ᠂ ᠵᠦᠢᠯ ᠪᠦᠷᠢ ᠶᠢ 1 ᠪᠠᠷ ᠬᠢᠵᠠᠭᠠᠷᠯᠠᠨ᠎ᠠ᠃           ᠲᠡᠮᠦᠷ ᠵᠠᠮ ᠤᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠭᠠᠯᠲᠤ ᠲᠡᠷᠭᠡᠨ ᠳᠤ ᠠᠪᠴᠤ ᠭᠠᠷᠬᠤ ᠶᠢ ᠡᠷᠡᠰ ᠬᠤᠷᠢᠭᠯᠠᠭᠰᠠᠨ ᠡᠳ᠋  ᠪᠣᠳᠠᠰ ᠢ  ᠠᠶᠠᠨᠴᠢᠳ ᠲᠡᠷᠭᠡᠨ ᠥᠷᠲᠡᠭᠡᠨ ᠳᠤ ᠬᠠᠳᠠᠭᠠᠯᠠᠭᠤᠯᠵᠤ᠂  ᠨᠠᠶᠢᠵᠠ ᠳᠠᠭᠠᠨ ᠨᠠᠶᠢᠳᠠᠵᠤ ᠬᠠᠪᠰᠤᠷᠤᠭᠤᠯᠤᠨ ᠠᠪᠠᠴᠢᠭᠤᠯᠬᠤ ᠪᠤᠶᠤ ᠨᠠᠶᠢᠳᠠᠨ ᠢᠯᠡᠭᠡᠬᠦ ᠭᠠᠷ ᠭᠦᠢᠴᠡᠳᠬᠡᠯ ᠬᠢᠯᠭᠡᠵᠦ ᠪᠣᠯᠣᠨ᠎ᠠ᠂ ᠭᠡᠪᠡᠴᠦ ᠬᠤᠸᠠᠷ ᠫᠤᠤᠵᠢᠩ᠂ᠬᠤᠷᠢᠭᠠᠲᠠᠢ ᠬᠢᠲᠤᠭ᠎ᠠ ᠬᠡᠷᠡᠭᠰᠡᠯ ᠵᠡᠷᠭᠡ ᠶᠢ ᠥᠷᠲᠡᠭᠡᠨ ᠳᠤ ᠠᠪᠴᠤ ᠣᠷᠣᠵᠤ ᠶᠠᠭᠠᠬᠢᠭᠰᠠᠨ ᠴᠤ ᠪᠣᠯᠬᠤ ᠦᠭᠡᠢ᠃                      ᠠᠶᠠᠨᠴᠢᠳ ᠢ ᠭᠠᠳᠠᠭᠰᠢ ᠭᠠᠷᠬᠤ ᠠᠴᠠ ᠪᠠᠨ ᠡᠮᠦᠨ᠎ᠡ 12306 ᠰᠦᠯᠵᠢᠶᠡᠨ ᠥᠷᠲᠡᠭᠡ ᠪᠤᠶᠤ 12306App ᠳᠤ ᠭᠠᠷᠴᠤ ᠪᠣᠳᠠᠲᠠᠢ ᠶᠠᠮᠠᠷ ᠶᠠᠮᠠᠷ ᠡᠳ᠋ ᠪᠣᠳᠠᠰ ᠢ ᠠᠪᠴᠤ ᠶᠠᠪᠤᠬᠤ ᠶᠢ ᠡᠷᠡᠰ ᠬᠤᠷᠢᠭᠯᠠᠬᠤ᠂ ᠬᠢᠵᠠᠭᠠᠷᠯᠠᠬᠤ᠂ ᠶᠠᠮᠠᠷ ᠶᠠᠮᠠᠷ  ᠡᠳ᠋ ᠪᠣᠳᠠᠰ ᠢ ᠨᠠᠶᠢᠳᠠᠨ ᠵᠥᠭᠡᠭᠡᠪᠦᠷᠢᠯᠡᠭᠦᠯᠵᠦ ᠪᠣᠯᠬᠤ ᠶᠢ ᠪᠠᠶᠢᠴᠠᠭᠠᠨ ᠦᠵᠡᠵᠦ᠂ ᠪᠠᠶᠢᠴᠠᠭᠠᠨ  ᠯᠠᠪᠯᠠᠵᠤ᠂  ᠭᠠᠳᠠᠭᠰᠢ ᠭᠠᠷᠬᠤ ᠪᠠᠨ ᠨᠥᠯᠥᠭᠡᠯᠡᠬᠦ ᠠᠴᠠ ᠵᠠᠶᠢᠯᠠᠰᠬᠢᠬᠦ ᠶᠢ ᠰᠠᠨᠠᠭᠤᠯᠵᠤ ᠪᠠᠶᠢᠨ᠎ᠠ᠃ 
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号