ᠵᠠᠯᠠᠭᠤ ᠬᠠᠷᠠᠭᠳᠠᠳᠠᠭ ᠵᠠᠩᠰᠢᠯ
ᠨᠡᠶᠢᠲᠡᠯᠡᠭᠰᠡᠨ ᠴᠠᠭ᠄
2024/2/10
      ᠨᠢᠬᠡ᠂ ᠨᠣᠮ ᠢᠯᠡᠭᠦᠬᠡᠨ ᠤᠩᠰᠢ᠃ ᠵᠠᠯᠠᠭᠤᠬᠠᠨ ᠢᠶᠠᠷ ᠢᠶᠠᠨ ᠪᠠᠶᠢᠬᠤ ᠳᠤ ᠬᠡᠪ ᠨᠠᠮᠪᠠ ᠪᠠᠨ ᠠᠩᠬᠠᠷᠬᠤ ᠠᠴᠠ ᠭᠠᠳᠠᠨ᠎ᠠ ᠨᠣᠮ ᠢᠯᠡᠭᠦᠬᠡᠨ ᠤᠩᠰᠢᠪᠠᠯ ᠬᠥᠮᠥᠨ ᠤ ᠰᠡᠳᠬᠢᠯ ᠤᠯᠠᠮ ᠰᠠᠢᠬᠠᠨ ᠪᠣᠯᠳᠠᠭ᠃ ᠦᠷᠭᠦᠯᠵᠢ ᠨᠣᠮ ᠣᠩᠰᠢᠬᠤ ᠨᠢ ᠰᠡᠳᠬᠢᠯ ᠰᠠᠨᠠᠭ᠎ᠠ ᠶᠢ ᠲᠠᠶᠢᠪᠤᠰᠢᠷᠠᠭᠤᠯᠵᠤ᠂ ᠤᠶᠤᠨ ᠤᠬᠠᠭᠠᠨ ᠢ ᠲᠡᠯᠡᠳᠡᠭ᠃ ᠨᠢᠭᠡ ᠳᠡᠪᠲᠡᠷ ᠨᠣᠮ ᠤᠩᠰᠢᠬᠤ ᠨᠢ ᠨᠢᠭᠡ ᠤᠳᠠᠭᠠᠨ ᠤ ᠣᠶᠣᠨ ᠰᠠᠨᠠᠭᠠᠨ ᠤ ᠠᠶᠠᠯᠠᠯ ᠬᠢᠭᠰᠡᠨ ᠲᠠᠢ ᠠᠳᠠᠯᠢᠬᠠᠨ ᠪᠢᠯᠡ᠃       ᠬᠤᠶᠠᠷ᠂ ᠠᠵᠢᠯᠯᠠᠵᠤ ᠠᠮᠠᠷᠠᠬᠤ ᠪᠠᠨ ᠵᠤᠬᠢᠴᠠᠭᠤᠯᠵᠦ ᠪᠠᠢ᠃ ᠠᠵᠢᠯᠯᠠᠵᠤ ᠠᠮᠠᠷᠠᠬᠤ ᠡᠮᠬᠢ ᠳᠢᠭᠯᠢᠮ ᠢᠶᠠᠨ ᠠᠯᠳᠠᠪᠠᠯ ᠪᠡᠶ᠎ᠡ ᠰᠡᠳᠬᠢᠯ ᠬᠦᠨᠳᠦ ᠨᠣᠴᠢᠲᠠᠢ ᠨᠥᠯᠥᠭᠡᠯᠡᠭᠳᠡᠨ᠎ᠡ᠃ ᠶᠠᠭᠠᠷᠠᠤ ᠴᠠᠭ ᠲᠤ ᠳᠦᠷ ᠴᠦ ᠬᠡᠰᠡᠨ ᠴᠠᠭ ᠵᠠᠪ ᠭᠠᠷᠭᠠᠨ ᠵᠤᠬᠢᠰᠳᠠᠢ ᠰᠠᠶᠢᠬᠠᠨ ᠠᠮᠠᠷᠠᠬᠤ ᠭᠡᠷᠡᠭᠳᠡᠢ᠃       ᠭᠤᠷᠪᠠ᠂ ᠰᠠᠨᠠᠭ᠎ᠠ ᠨᠡᠶᠢᠯᠡᠳᠡᠭ ᠬᠦᠮᠦᠨ ᠲᠠᠢ ᠨᠥᠬᠦᠷᠯᠡᠵᠦ ᠶᠠᠪᠤ᠃ ᠡᠪ ᠰᠠᠨᠠᠭ᠎ᠠ ᠨᠢᠭᠡᠲᠡᠢ᠂ ᠪᠡᠶ᠎ᠡ ᠪᠡᠶ᠎ᠡ ᠪᠠᠨ ᠣᠶᠢᠯᠠᠭᠠᠵᠤ᠂ ᠬᠠᠮᠳᠦ ᠪᠠᠷ ᠳᠠᠪᠰᠢᠨ ᠤᠷᠤᠭᠰᠢᠯᠠᠳᠠᠭ ᠨᠠᠶᠢᠵᠠ ᠨᠥᠬᠦᠳ ᠢᠶᠠᠨ ᠨᠠᠨᠳᠢᠩᠨᠠᠵᠤ ᠶᠠᠪᠤᠭᠠᠷᠠᠢ᠃ ᠡᠶᠢᠮᠦ ᠬᠥᠮᠥᠰ ᠲᠠᠨ ᠤ ᠠᠮᠵᠢᠯᠲᠠ ᠶᠢᠨ ᠡᠮᠦᠨ᠎ᠡ ᠠᠴᠠ ᠪᠠᠶᠠᠷᠯᠠᠵᠦ᠂ ᠵᠣᠪᠠᠯᠠᠩ ᠭᠤᠨᠢᠭ ᠢ ᠴᠢᠨᠢ ᠬᠤᠪᠢᠶᠠᠯᠴᠠᠵᠤ᠂ ᠰᠠᠨᠠᠭ᠎ᠠ ᠰᠡᠳᠬᠢᠯ ᠢ ᠴᠢᠨᠢ ᠲᠠᠶᠢᠳᠬᠤᠷᠠᠭᠤᠯᠵᠤ ᠴᠢᠳᠠᠨ᠎ᠠ᠃       ᠳᠦᠷᠪᠡ᠂ ᠰᠠᠨᠠᠭᠰᠠᠨ ᠬᠦᠰᠡᠭᠰᠡᠨ ᠢᠶᠠᠨ ᠪᠡᠶᠡᠯᠡᠬᠦᠯᠵᠦ ᠪᠠᠢ᠃ ᠶᠠᠮᠠᠷᠴᠦ ᠶᠠᠪᠤᠳᠠᠯ ᠳᠤ ᠬᠤᠭᠤᠰᠣᠨ ᠦᠭᠡ ᠶᠠᠷᠢᠵᠤ ᠵᠦᠭᠡᠷ ᠰᠠᠭᠤᠭᠠᠳ ᠪᠠᠶᠢᠪᠠᠯ ᠪᠡᠶᠡᠯᠡᠵᠦ ᠪᠦᠲᠦᠬᠦ ᠵᠦᠢᠯ ᠭᠡᠵᠤ ᠪᠠᠶᠢᠬᠤ ᠦᠭᠡᠢ ᠶᠤᠮ᠃ ᠵᠠᠯᠠᠭᠤ ᠨᠠᠰᠦ ᠦᠩᠭᠡᠷᠡᠯ᠎ᠡ ᠬᠡᠵᠦ ᠭᠠᠰᠠᠯᠵᠦ ᠰᠠᠭᠤᠬᠤ ᠶᠢᠨ ᠣᠷᠣᠨ ᠳᠤ ᠵᠠᠪᠳᠣᠵᠦ ᠬᠢᠵᠦ ᠪᠦᠲᠦᠭᠡᠵᠦ ᠪᠠᠶᠢᠬᠤ ᠨᠢ ᠬᠤᠯᠠ ᠳᠡᠭᠡᠷ᠎ᠡ ᠰᠢᠦ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号