ᠨᠣᠮ ᠤᠩᠰᠢᠬᠤ ᠪᠠ ᠨᠣᠮ ᠤᠩᠰᠢᠬᠤ ᠦᠭᠡᠢ ᠶᠢᠨ ᠢᠯᠭᠠᠭ᠎ᠠ
ᠨᠡᠶᠢᠲᠡᠯᠡᠭᠰᠡᠨ ᠴᠠᠭ᠄
2024/2/15
      1. ᠬᠠᠷᠠᠭ᠎ᠠ ᠪᠠᠨ ᠲᠡᠯᠡᠬᠦ ᠲᠤᠬᠠᠢ ᠰᠦᠯᠵᠢᠶᠡᠨ ᠳᠡᠭᠡᠷ᠎ᠡ ᠵᠠᠷᠢᠮ ᠬᠥᠮᠥᠨ ︽ᠶᠠᠭᠠᠬᠢᠪᠠᠯ ᠰᠠᠶ᠋ᠢ ᠬᠠᠮᠤᠭ ᠤᠨ ᠠᠮᠠᠷᠬᠠᠨ ᠢᠶᠠᠷ ᠶᠢᠷᠲᠢᠨᠴᠦ ᠲᠠᠢ ᠲᠠᠨᠢᠯᠴᠠᠵᠤ ᠴᠢᠳᠠᠬᠤ ᠪᠤᠢ︖︾ ᠭᠡᠵᠦ ᠠᠰᠠᠭᠤᠬᠤ ᠳᠤ᠂ ︽ᠶᠢᠷᠲᠢᠨᠴᠦ ᠲᠠᠢ ᠲᠠᠨᠢᠯᠴᠠᠬᠤ ᠭᠡᠳᠡᠭ ᠨᠢ ᠳᠡᠯᠡᠬᠡᠶ ᠶᠢᠷᠲᠢᠨᠴᠦ ᠳᠤ ᠨᠢᠭᠡ ᠯᠡ ᠲᠠᠯ᠎ᠠ ᠪᠠᠶᠢᠬᠤ ᠪᠢᠰᠢ᠂ ᠬᠠᠷᠢᠨ ᠨᠣᠮ ᠪᠢᠴᠢᠭ ᠤᠩᠰᠢᠬᠤ ᠪᠠᠷ ᠳᠠᠮᠵᠢᠨ ᠳᠡᠯᠡᠬᠡᠶ ᠶᠢᠷᠲᠢᠨᠴᠦ ᠶᠢᠨ ᠠᠳᠠᠯᠢ ᠪᠤᠰᠤ ᠲᠠᠯ᠎ᠠ ᠶᠢ ᠬᠠᠮᠤᠭ ᠠᠴᠠ ᠠᠮᠠᠷᠬᠠᠨ ᠣᠯᠵᠤ ᠬᠠᠷᠠᠳᠠᠭ ᠭᠡᠰᠡᠨ ᠢ ᠬᠡᠯᠡᠵᠦ ᠪᠠᠶᠢᠨ᠎ᠠ︾ ᠭᠡᠰᠡᠨ ᠬᠠᠷᠢᠭᠤᠯᠲᠠ ᠨᠢ ᠬᠦᠮᠦᠰ ᠤᠨ ᠰᠠᠶᠢᠰᠢᠶᠠᠯ ᠢ ᠣᠯᠣᠭᠰᠠᠨ ᠪᠠᠶᠢᠨ᠎ᠠ᠃ ᠨᠢᠭᠡᠨ ᠰᠠᠶᠢᠨ ᠨᠣᠮ ᠪᠢᠳᠡᠨ ᠢ ᠳᠠᠭᠠᠭᠤᠯᠤᠨ ᠦᠯᠦ ᠮᠡᠳᠡᠬᠦ ᠶᠢᠷᠲᠢᠨᠴᠦ ᠶᠢ ᠴᠢᠭᠯᠡᠨ᠎ᠡ᠃ ᠣᠯᠠᠨ ᠨᠣᠮ ᠤᠩᠰᠢᠪᠠᠯ᠂ ᠡᠨᠡ ᠶᠢᠷᠲᠢᠨᠴᠦ ᠳᠤ ᠵᠥᠪᠬᠡᠨ ᠨᠢᠭᠡ ᠯᠡ ᠵᠦᠢᠯ ᠤᠨ ᠰᠣᠶᠣᠯ ᠪᠠᠶᠢᠬᠤ ᠪᠢᠰᠢ ᠭᠡᠳᠡᠭ ᠢ ᠮᠡᠳᠡᠵᠤ᠂ ᠠᠳᠠᠯᠢ ᠪᠤᠰᠤ ᠦᠵᠡᠯᠲᠡ ᠶᠢ ᠪᠠᠭᠲᠠᠭᠠᠵᠤ ᠳᠡᠶᠢᠯᠬᠦ ᠪᠣᠯᠣᠨ᠎ᠠ᠂ ᠬᠥᠮᠦᠨ ᠤ ᠠᠮᠢᠳᠤᠷᠠᠯ ᠳᠤ ᠵᠥᠪᠬᠡᠨ ᠨᠢᠭᠡ ᠯᠡ ᠵᠦᠢᠯ ᠤᠨ ᠠᠮᠢᠳᠤᠷᠠᠬᠤ ᠠᠷᠭ᠎ᠠ ᠪᠠᠶᠢᠬᠤ ᠪᠢᠰᠢ ᠭᠡᠳᠡᠭ ᠢ ᠮᠡᠳᠡᠵᠤ᠂ ᠪᠤᠰᠤᠳ ᠤᠨ ᠠᠮᠢᠳᠤᠷᠠᠯ ᠳᠤ ᠢᠯᠡᠭᠦᠦ ᠨᠢᠭᠡ ᠬᠤᠪᠢ ᠣᠶᠢᠯᠠᠭᠠᠯᠲᠠ ᠲᠠᠢ ᠪᠣᠯᠳᠠᠭ᠃       2. ᠲᠥᠭᠡᠷᠢᠭᠳᠡᠯ ᠢ ᠲᠠᠶᠢᠯᠬᠤ ᠲᠤᠬᠠᠶ ᠪᠢᠳᠡᠨ ᠤ ᠤᠩᠰᠢᠵᠤ ᠥᠩᠭᠡᠷᠡᠭᠰᠡᠨ ᠨᠣᠮ ᠪᠢᠴᠢᠭ ᠨᠢᠭᠡᠪᠦᠷᠢ ᠴᠥᠮ ᠪᠢᠳᠡᠨ ᠤ ᠦᠵᠡᠯ ᠰᠠᠨᠠᠭᠠᠨ ᠳᠤ ᠬᠦᠴᠦᠨ ᠬᠤᠷᠠᠮᠳᠤᠭᠤᠯᠵᠤ ᠪᠠᠶᠢᠨ᠎ᠠ᠃ ᠨᠣᠮ ᠤᠩᠰᠢᠬᠤ ᠪᠠᠷ ᠳᠠᠮᠵᠢᠨ ᠪᠢᠳᠡ ᠬᠥᠮᠦᠨ ᠲᠠᠢ ᠶᠠᠪᠤᠯᠴᠠᠬᠤ ᠤᠶᠤᠨ ᠤᠬᠠᠭᠠᠨ ᠢ ᠣᠯᠵᠤ᠂ ᠠᠮᠢᠳᠤᠷᠠᠯ ᠢᠶᠠᠨ ᠤᠯᠠᠮ ᠰᠠᠶᠢᠨ ᠪᠣᠯᠭᠠᠵᠤ ᠴᠢᠳᠠᠨ᠎ᠠ᠃ ᠠᠮᠢᠳᠤᠷᠠᠯ ᠤᠨ ᠣᠶᠢᠯᠠᠭᠠᠭᠳᠠᠰᠢ ᠦᠭᠡᠢ ᠵᠦᠢᠯ ᠪᠠ ᠰᠡᠵᠢᠭ ᠡᠷᠡᠭᠡᠯᠵᠡᠯ ᠢ ᠪᠦᠷ ᠨᠣᠮ ᠳᠣᠲᠣᠷ᠎ᠠ ᠠᠴᠠ ᠬᠠᠷᠢᠭᠤᠯᠲᠠ ᠣᠯᠳᠠᠭ᠃       3. ᠥᠪᠡᠷ ᠢ ᠪᠠᠨ ᠢᠯᠡᠳᠬᠡᠬᠦ ᠲᠤᠬᠠᠶ ᠨᠣᠮ ᠪᠢᠴᠢᠭ ᠤᠩᠰᠢᠬᠤ ᠪᠠ ᠨᠣᠮ ᠪᠢᠴᠢᠭ ᠤᠩᠰᠢᠬᠤ ᠦᠭᠡᠢ ᠬᠥᠮᠦᠰ ᠤᠨ ᠶᠢᠷᠲᠢᠨᠴᠦ ᠶᠢᠨ ᠲᠤᠬᠠᠶ ᠲᠦᠷᠦᠭᠳᠡᠯ ᠨᠢ ᠠᠳᠠᠯᠢ ᠦᠭᠡᠢ ᠪᠠᠶᠢᠳᠠᠭ᠃ ᠬᠡᠳᠦᠶ ᠣᠯᠠᠨ ᠨᠣᠮ ᠤᠩᠰᠢᠪᠠᠯ ᠂ ᠥᠪᠡᠷ ᠤᠨ ᠰᠡᠷᠡᠵᠦ ᠮᠡᠳᠡᠬᠦ ᠪᠠ ᠢᠯᠡᠳᠬᠡᠬᠦ ᠴᠢᠳᠠᠪᠤᠷᠢ ᠪᠠᠨ ᠲᠡᠳᠦᠶ ᠳᠡᠭᠡᠭᠰᠢᠯᠡᠭᠦᠯᠵᠦ ᠲᠠᠶᠢᠯᠤᠨ᠎ᠠ᠃       4. ᠬᠥᠮᠦᠨ ᠤ ᠠᠮᠢᠳᠤᠷᠠᠯ ᠤᠨ ᠲᠤᠬᠠᠶ ᠶᠡᠷᠦ ᠶᠢᠨ ᠦᠭᠡᠨ ᠳᠤ ᠲᠡᠦᠬᠡ ᠤᠩᠰᠢᠬᠤ ᠨᠢ ᠬᠥᠮᠦᠨ ᠢ ᠮᠡᠷᠭᠡᠨ ᠪᠣᠯᠭᠠᠵᠤ᠂ ᠰᠢᠯᠦᠭ ᠤᠩᠰᠢᠬᠤ ᠨᠢ ᠬᠥᠮᠦᠨ ᠢ ᠤᠷᠠᠨ ᠭᠤᠶᠣᠮᠰᠤᠭ ᠪᠣᠯᠭᠠᠳᠠᠭ ᠭᠡᠳᠡᠭ᠃ ᠨᠣᠮ ᠤᠩᠰᠢᠬᠤ ᠶᠢᠨ ᠰᠠᠶᠢᠨ ᠲᠠᠢ ᠲᠠᠯ᠎ᠠ ᠭᠡᠪᠡᠯ᠂ ᠥᠪᠡᠷ ᠤᠨ ᠪᠡᠶ᠎ᠡ ᠪᠠ ᠶᠢᠷᠲᠢᠨᠴᠦ ᠶᠢᠨ ᠴᠣᠩᠬᠤ ᠶᠢ ᠨᠡᠭᠡᠭᠡᠵᠦ ᠴᠢᠳᠠᠬᠤ ᠳᠤ ᠣᠷᠣᠰᠢᠨ᠎ᠠ ᠃ ᠨᠣᠮ ᠤᠩᠰᠢᠵᠤ ᠭᠦᠨᠵᠡᠭᠡᠶᠢᠷᠡᠬᠦ ᠶᠢ ᠳᠠᠭᠠᠯᠳᠤᠨ᠂ ᠨᠡᠶᠢᠭᠡᠮ ᠪᠠ ᠬᠥᠮᠦᠨ ᠤ ᠠᠮᠢᠳᠤᠷᠠᠯ ᠤᠨ ᠲᠤᠬᠠᠶ ᠲᠠᠨᠢᠯᠲᠠ ᠤᠯᠠᠮ ᠭᠦᠨᠵᠡᠭᠡᠶ ᠪᠣᠯᠵᠤ᠂ ᠳᠣᠲᠣᠭᠠᠳᠤ ᠰᠡᠳᠬᠢᠯ ᠴᠦ ᠤᠯᠠᠮ ᠪᠠᠲᠤ ᠢᠲᠡᠭᠡᠯ ᠲᠠᠢ ᠪᠣᠯᠬᠤ ᠶᠤᠮ᠃ ᠣᠯᠠᠨ ᠨᠣᠮ ᠤᠩᠰᠢᠭᠠᠷᠠᠢ︕ ᠭᠦᠢᠴᠡᠳ ᠠᠷᠪᠢᠨ ᠨᠣᠮ ᠤᠩᠰᠢᠭᠰᠠᠨ ᠦᠶ᠎ᠡ ᠳᠤ᠂ ᠠᠮᠢ ᠨᠠᠰᠤᠨ ᠤ ᠬᠢᠵᠠᠭᠠᠷ ᠦᠭᠡᠢ ᠥᠷᠭᠡᠨ ᠠᠭᠤᠳᠠᠮ ᠢ ᠮᠡᠳᠡᠷᠡᠵᠦ᠂ ᠬᠥᠮᠦᠨ ᠤ ᠠᠮᠢᠳᠤᠷᠠᠯ ᠤᠨ ᠬᠢᠵᠠᠭᠠᠷ ᠦᠭᠡᠢ ᠪᠣᠯᠤᠯᠴᠠᠭ᠎ᠠ ᠶᠢ ᠣᠯᠵᠤ ᠮᠡᠳᠡᠨ᠎ᠡ᠃ ᠢᠷᠡᠭᠡᠳᠦᠢ ᠶᠢᠨ ᠵᠠᠮ ᠦᠯᠦ ᠮᠡᠳᠡᠭᠳᠡᠭᠰᠡᠨ ᠴᠤ ᠴᠢ ᠶᠠᠭᠤᠨ ᠠᠴᠠ ᠴᠤ ᠠᠶᠤᠬᠤ ᠦᠭᠡᠢ ᠪᠠᠷ ᠲᠠᠷᠠᠭᠠᠴᠢ ᠶᠢᠨ ᠨᠢᠭᠡᠨ ᠦᠯᠦ ᠮᠡᠳᠡᠬᠦ ᠥᠨᠳᠥᠷ ᠤᠷᠬᠢᠯ ᠳᠤ ᠮᠠᠴᠤᠵᠤ ᠴᠢᠳᠠᠬᠤ ᠶᠤᠮ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号