ᠤᠮᠠᠷᠠᠳᠦ ᠬᠢᠯᠢ ᠶᠢᠨ ᠰᠤᠶᠤᠯ ᠰᠢᠷᠢᠰ ᠨᠡᠪᠳᠡᠷᠡᠭᠦᠯᠭᠡ — ᠲᠠᠯ᠎ᠠ ᠨᠤᠳᠤᠭ ᠤᠨ ᠰᠤᠶᠤᠯ ᠵᠢᠴᠢ ᠢᠵᠠᠭᠤᠷ ᠤᠷᠠᠯᠢᠭ ᠬᠦᠭᠡᠮᠡᠢ
ᠨᠡᠶᠢᠲᠡᠯᠡᠭᠰᠡᠨ ᠴᠠᠭ᠄
2024/2/19
       ᠶᠡᠷᠦᠩᠭᠡᠢ ᠱᠦᠵᠢ ᠰᠢ ᠶᠢᠨ ᠫᠢᠩ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠄ ︽ᠦᠪᠦᠷ ᠮᠤᠩᠭᠤᠯ ᠳᠤ ᠲᠠᠯ᠎ᠠ ᠨᠤᠳᠤᠭ ᠤᠨ ᠰᠤᠶᠤᠯ ᠤᠨ ᠤᠯᠠᠮᠵᠢᠯᠠᠯ ᠢ ᠢᠯᠡᠷᠡᠭᠦᠯᠦᠭᠰᠡᠨ᠂ ᠲᠠᠷᠢᠶᠠᠯᠠᠩ ᠮᠠᠯ ᠠᠵᠦ ᠠᠬᠤᠢ ᠰᠤᠯᠪᠢᠴᠠᠭᠰᠠᠨ ᠪᠦᠰᠡ ᠶᠢᠨ ᠤᠨᠴᠠᠯᠢᠭ ᠢ ᠲᠤᠰᠬᠠᠭᠰᠠᠨ ᠡᠯ᠎ᠡ ᠵᠦᠢᠯ ᠤᠨ ᠦᠨᠳᠦᠰᠦᠳᠡᠨ ᠤ ᠠᠷᠠᠳ ᠤᠨ ᠰᠤᠶᠤᠯ  ᠲᠠᠢ᠂ ᠦᠪᠦᠷ ᠮᠤᠩᠭᠤᠯ ᠤᠨ ᠲᠠᠯ᠎ᠠ ᠨᠤᠳᠤᠭ ᠨᠢ ᠬᠦᠮᠦᠰ ᠲᠤ ᠬᠦᠨ ᠵᠤᠵᠠᠭᠠᠨ ᠲᠦᠷᠦᠭᠳᠡᠯ ᠪᠠ ᠬᠠᠷᠢᠭᠤᠴᠠᠯᠭᠠᠳᠤ ᠰᠡᠳᠬᠢᠯᠬᠡ ᠤᠯᠭᠤᠳᠠᠭ︾ ᠭᠡᠵᠦ ᠵᠢᠭᠠᠵᠦ ᠭᠠᠷᠭᠠᠪᠠ᠃ ᠪᠢᠳᠡ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠲᠠᠯ᠎ᠠ ᠨᠤᠳᠤᠭ ᠤᠨ ᠰᠤᠶᠤᠯ ᠤᠨ ᠰᠤᠳᠤᠯᠭᠠᠨ ᠢ ᠴᠢᠩᠭᠠᠳᠬᠠᠵᠦ᠂ ᠲᠠᠯ᠎ᠠ ᠨᠤᠳᠤᠭ ᠤᠨ ᠰᠤᠶᠤᠯ ᠤᠨ ᠰᠢᠨ᠎ᠡ ᠶᠢ ᠡᠭᠦᠳᠬᠦ ᠬᠦᠭᠵᠢᠯᠳᠡ ᠶᠢ ᠠᠬᠢᠭᠤᠯᠵᠦ᠂ ᠦᠪᠦᠷ ᠮᠤᠩᠭᠤᠯ ᠤᠨ ᠰᠤᠶᠤᠯ ᠤᠨ ᠦᠨᠳᠦᠷᠯᠢᠭ  ᠢ ᠪᠠᠶᠢᠭᠤᠯᠵᠦ᠂ ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠦᠳᠡᠯᠭᠡᠬᠦ ᠬᠦᠴᠦᠨ ᠬᠠᠩᠭᠠᠬᠤ ᠬᠡᠷᠡᠭᠳᠡᠢ ᠶᠤᠮ᠃
 微信图片_20240218115110.jpg
      ᠲᠠᠯ᠎ᠠ ᠨᠤᠳᠤᠭ ᠤᠨ ᠰᠤᠶᠤᠯ ᠪᠤᠯ ᠲᠤᠮᠳᠠᠳᠦ ᠶᠢᠨ ᠪᠤᠯᠪᠠᠰᠤᠨ ᠤ ᠴᠢᠬᠤᠯᠠ ᠪᠦᠷᠢᠯᠳᠦᠭᠦᠨ ᠬᠡᠰᠡᠭ ᠮᠦᠨ᠂ ᠲᠡᠭᠦᠨ ᠳᠤ ᠬᠦᠨ ᠵᠤᠵᠠᠭᠠᠨ ᠲᠡᠥᠬᠡ ᠶᠢᠨ ᠠᠭᠤᠯᠬᠤᠨ ᠪᠠ ᠦᠪᠡᠷᠮᠢᠴᠡ ᠤᠨᠴᠠᠯᠢᠭ ᠪᠦᠬᠦᠢ ᠰᠤᠶᠤᠯ ᠤᠨ ᠲᠠᠳᠠᠬᠤ ᠬᠦᠴᠦᠨ ᠲᠠᠢ ᠪᠠᠶᠢᠳᠠᠭ᠃ ᠪᠢᠳᠡ ᠲᠠᠯ᠎ᠠ ᠨᠤᠳᠤᠭ ᠤᠨ ᠰᠤᠶᠤᠯ ᠤᠨ ᠰᠤᠳᠤᠯᠭᠠᠨ ᠢ ᠴᠢᠩᠭᠠᠳᠬᠠᠵᠦ᠂ ᠲᠠᠯ᠎ᠠ ᠨᠤᠳᠤᠭ ᠤᠨ ᠰᠤᠶᠤᠯ ᠤᠨ ᠲᠡᠥᠬᠡ ᠶᠢᠨ ᠦᠨ᠎ᠡ ᠦᠷᠳᠡᠭ᠂ ᠭᠤᠸ᠎ᠠ ᠰᠠᠶᠢᠬᠠᠨ ᠤ ᠦᠨ᠎ᠡ ᠦᠷᠳᠡᠭ᠂ ᠨᠡᠶᠢᠭᠡᠮ ᠤᠨ ᠦᠨ᠎ᠡ ᠦᠷᠳᠡᠭ ᠢ ᠭᠦᠨᠵᠡᠭᠡᠢ ᠠᠭᠤᠳᠠᠯᠵᠦ᠂ ᠲᠠᠯ᠎ᠠ ᠨᠤᠳᠤᠭ ᠤᠨ ᠰᠤᠶᠤᠯ ᠤᠨ ᠰᠢᠨ᠎ᠡ ᠶᠢ ᠡᠭᠦᠳᠦᠨ ᠬᠦᠭᠵᠢᠬᠦ ᠶᠢ ᠲᠠᠰᠤᠷᠠᠯᠳᠠ ᠦᠭᠡᠢ ᠲᠦᠯᠬᠢᠨ ᠠᠬᠢᠭᠤᠯᠬᠤ ᠶᠢᠨ ᠬᠠᠮᠳᠦ ᠰᠢᠯᠢᠳᠡᠭ ᠤᠯᠠᠮᠵᠢᠯᠠᠯᠳᠦ ᠰᠤᠶᠤᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠴᠢᠬᠤᠯᠠᠴᠢᠯᠠᠵᠦ᠂ ᠤᠯᠠᠮᠵᠢᠯᠠᠯᠳᠦ ᠰᠤᠶᠤᠯ ᠢ ᠰᠢᠨ᠎ᠡ ᠶᠢ ᠡᠭᠦᠳᠬᠦ ᠲᠤᠮᠳᠠ ᠰᠢᠨ᠎ᠡ ᠠᠮᠢᠵᠢᠷᠠᠯ ᠤᠨ ᠬᠦᠴᠦᠨ ᠲᠠᠢ ᠪᠤᠯᠭᠠᠬᠤ ᠬᠡᠷᠡᠭᠳᠡᠢ ᠶᠤᠮ᠂ ᠡᠨᠡ ᠴᠠᠭ ᠤᠨ ᠨᠡᠪᠳᠡᠷᠡᠭᠦᠯᠭᠡ ᠪᠠᠷ ᠢᠶᠠᠨ ᠲᠠ ᠪᠦᠬᠦᠨ  ᠳᠤ ᠪᠠᠨ ᠪᠤᠭᠤᠳᠦ ᠬᠤᠳᠠ ᠶᠢᠨ ᠲᠡᠰ ᠤᠨ ᠬᠦᠭᠡᠮᠡᠢ ᠶᠢᠨ ᠪᠤᠳᠠᠰ ᠤᠨ ᠪᠤᠰᠤ ᠰᠤᠶᠤᠯ ᠤᠨ ᠦᠪ ᠤᠨ ᠦᠪᠯᠡᠨ ᠤᠯᠠᠮᠵᠢᠯᠠᠭᠴᠢ ᠪᠦᠷᠢᠨᠪᠠᠶᠠᠷ ᠲᠠᠢ ᠬᠢᠭᠰᠡᠨ ᠶᠠᠷᠢᠯᠴᠠᠭ᠎ᠠ ᠶᠢ ᠬᠦᠷᠭᠡᠶ᠎ᠡ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号