ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠪᠤᠯᠤᠯ᠎ᠠ
ᠨᠡᠶᠢᠲᠡᠯᠡᠭᠰᠡᠨ ᠴᠠᠭ᠄
2024/2/21
      ︽ᠪᠤᠭᠤᠳᠦ ᠬᠤᠳᠠ ᠶᠢᠨ ᠪᠦᠬᠦᠯᠢ ᠡᠳᠦᠷ ᠤᠨ ᠲᠦᠷᠢᠮᠳᠦ ᠲᠤᠮᠳᠠᠳᠦ ᠪᠠᠭ᠎ᠠ ᠰᠤᠷᠭᠠᠭᠤᠯᠢ᠂ ᠲᠤᠮᠳᠠ ᠵᠡᠷᠭᠡ  ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ2023 —2024 ᠰᠤᠷᠤᠯᠭ᠎ᠠ ᠶᠢᠨ ᠤᠨ ᠤ︾ ᠲᠤᠬᠢᠷᠠᠭᠤᠯᠤᠯᠳᠠ ᠶᠤᠰᠤᠭᠠᠷ᠂ ᠪᠤᠭᠤᠳᠦ ᠬᠤᠳᠠ ᠶᠢᠨ2023 —2024 ᠰᠤᠷᠤᠯᠭ᠎ᠠ ᠶᠢᠨ ᠤᠨ ᠤ ᠡᠪᠦᠯ ᠤᠨ ᠠᠮᠠᠷᠠᠯᠳᠠ ᠶᠢᠨ ᠬᠤᠭᠤᠴᠠᠭ᠎ᠠ᠄ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤ ᠨᠢ2024 ᠤᠨ ᠤ1 ᠰᠠᠷ᠎ᠠ ᠶᠢᠨ20 ᠤ ᠡᠳᠦᠷ ᠠᠴᠠ2 ᠰᠠᠷ᠎ᠠ ᠶᠢᠨ25 ᠤ ᠡᠳᠦᠷ ᠪᠤᠯᠳᠠᠯ᠎ᠠ᠂ ᠦᠨᠳᠦᠷ ᠵᠡᠷᠭᠡ ᠶᠢᠨ ᠲᠤᠮᠳᠠᠳᠦ ᠰᠤᠷᠭᠠᠭᠤᠯᠢ ᠶᠢᠨ ᠱᠠᠳᠤ ᠨᠢ2024 ᠤᠨ  ᠤ1 ᠰᠠᠷ᠎ᠠ ᠶᠢᠨ25 ᠤ ᠡᠳᠦᠷ ᠪᠤᠯᠳᠠᠯ᠎ᠠ᠂ ᠦᠨᠳᠦᠷ ᠵᠡᠷᠭᠡ ᠶᠢᠨ ᠲᠤᠮᠳᠠᠳᠦ ᠰᠤᠷᠭᠠᠭᠤᠯᠢ ᠶᠢᠨ ᠱᠠᠳᠤ ᠨᠢ2024 ᠤᠨ ᠤ1 ᠰᠠᠷ᠎ᠠ ᠶᠢᠨ27 ᠤ ᠡᠳᠦᠷ ᠠᠴᠠ2 ᠰᠠᠷ᠎ᠠ ᠶᠢᠨ25 ᠤ ᠡᠳᠦᠷ ᠪᠤᠯᠳᠠᠯ᠎ᠠ᠃      ᠤᠷᠴᠢᠮ ᠤᠨ ᠡᠳᠦᠷ ᠪᠦᠬᠦ ᠬᠤᠳᠠ ᠶᠢᠨ ᠬᠡᠪᠴᠢᠶᠡᠨ ᠳᠤ ᠴᠠᠰᠦ ᠤᠷᠤᠭᠰᠠᠨ ᠤᠴᠢᠷ ᠠᠴᠠ ᠵᠠᠮ ᠬᠠᠯᠳᠤᠷᠢᠭ᠎ᠠ ᠲᠠᠢ ᠪᠠᠶᠢᠵᠦ᠂ ᠦᠷᠭᠡᠨ ᠤᠯᠠᠨ ᠭᠡᠷ ᠤᠨ ᠠᠬᠠᠮᠠᠳ ᠠᠶᠠᠨ ᠵᠠᠮ ᠤᠨ ᠠᠮᠤᠷ ᠲᠦᠪᠰᠢᠨ ᠢ ᠤᠨᠴᠠ ᠠᠩᠬᠠᠷᠬᠤ ᠶᠢ ᠰᠠᠨᠠᠭᠤᠯᠤᠶ᠎ᠠ᠃      ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠶᠢ ᠲᠠᠭᠠᠯᠳᠤᠨ ᠠᠮᠠᠷᠠᠯᠳᠠ ᠶᠢᠨ ᠬᠤᠭᠤᠴᠠᠭᠠᠨ ᠳᠤ ᠪᠠᠶᠢᠭᠰᠠᠨ ᠬᠡᠥᠬᠡᠳ ᠤᠳ ᠤᠯᠠᠩᠭᠢ ᠨᠢ ᠪᠠᠴᠢᠮᠳᠠᠨ ᠰᠠᠨᠳᠤᠷᠬᠤ ᠪᠠᠶᠢᠳᠠᠯ ᠳᠤ ᠤᠷᠤᠳᠠᠭ᠂ ᠬᠡᠷᠪᠡ ᠬᠡᠨᠡᠳᠳᠡ ᠬᠡᠳᠦ ᠶᠡᠭᠡ ᠲᠠᠷᠤᠯᠳᠠ ᠳᠤ ᠤᠴᠠᠷᠠᠬᠤ ᠳᠤ ᠬᠦᠷᠪᠡᠯ᠂ ᠬᠡᠥᠬᠡᠳ ᠤᠨ ᠤᠷᠮ᠎ᠠ ᠵᠤᠷᠢᠭ ᠢ ᠮᠠᠭᠤᠳᠠᠭᠤᠯᠵᠦ᠂ ᠴᠢᠨᠠᠭᠰᠢᠯᠠᠪᠠᠯ ᠲᠤᠷ᠎ᠠ ᠦᠭᠡᠶᠢᠴᠡᠬᠦ ᠰᠡᠳᠬᠢᠯᠭᠡ ᠲᠠᠢ ᠪᠤᠯᠵᠦ᠂ ᠰᠤᠷᠭᠠᠭᠤᠯᠢ ᠡᠬᠢᠯᠡᠬᠦ ᠠᠴᠠ ᠡᠮᠢᠶᠡᠬᠦ ᠰᠡᠳᠬᠢᠯᠬᠡ ᠲᠠᠢ ᠪᠤᠯᠳᠠᠭ᠃ ᠭᠡᠷ ᠤᠨ ᠠᠬᠠᠮᠠᠳ ᠬᠡᠥᠬᠡᠳ ᠤᠨ ᠢᠶᠠᠨ ᠠᠯᠢᠪᠠ ᠵᠤᠭ᠎ᠠ ᠴᠡᠩᠭᠡᠯ ᠤᠨ ᠠᠵᠢᠯᠯᠠᠭ᠎ᠠ ᠶᠢ ᠠᠯᠪᠠᠳᠠᠯᠭ᠎ᠠ ᠪᠠᠷ ᠬᠤᠷᠢᠭᠯᠠᠬᠤ  ᠳᠤ ᠬᠡᠥᠬᠡᠳ ᠤᠨ ᠲᠤᠷ᠎ᠠ ᠦᠭᠡᠶᠢᠴᠡᠯ ᠪᠠ ᠰᠦᠷᠬᠡᠥ ᠰᠡᠳᠬᠢᠯᠬᠡ ᠶᠢ ᠡᠭᠦᠰᠭᠡᠵᠦ ᠮᠡᠳᠡᠬᠦ ᠶᠤᠮ᠃ ᠡᠶᠢᠮᠤ ᠠᠴᠠ ᠬᠡᠥᠬᠡᠳ ᠤᠳ ᠤᠨ ᠴᠢᠯᠦᠭᠡ ᠡᠬᠢᠯᠡᠬᠦ ᠦᠶ᠎ᠡ ᠶᠢᠨ ᠰᠡᠳᠬᠢᠯ ᠰᠠᠨᠠᠭ᠎ᠠ ᠪᠠᠨ ᠵᠤᠬᠢᠴᠠᠭᠤᠯᠬᠤ ᠪᠠ ᠤᠷᠮ᠎ᠠ ᠰᠡᠳᠬᠢᠯᠬᠡ  ᠪᠠᠨ ᠡᠵᠡᠮᠳᠡᠬᠦ ᠲᠠᠯ᠎ᠠ ᠶᠢ ᠭᠡᠷ ᠤᠨ ᠠᠬᠠᠮᠠᠳ ᠰᠠᠶᠢᠳᠤᠷ ᠵᠤᠬᠢᠴᠠᠭᠤᠯᠵᠦ᠂ ᠪᠠᠶᠠᠷ ᠬᠦᠷ ᠲᠠᠢ ᠰᠢᠨ᠎ᠡ ᠨᠢᠬᠡᠨ ᠰᠤᠷᠤᠯᠭ᠎ᠠ ᠶᠢᠨ ᠬᠤᠭᠤᠴᠠᠭ᠎ᠠ ᠪᠠᠨ ᠤᠭᠳᠤᠨ ᠠᠪᠬᠤ ᠶᠢ ᠬᠦᠰᠡᠶ᠎ᠡ︕
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号