ᠳᠤᠮᠳᠠᠳᠤ ᠪᠠᠭ᠎ᠠ ᠰᠤᠷᠭᠠᠭᠤᠯᠢ ᠶᠢᠨ ᠭᠦᠳᠡᠯᠮᠦᠷᠢ ᠶᠢᠨ ᠬᠥᠮᠦᠵᠢᠯ ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2024/2/21
      ᠣᠶᠢᠷ᠎ᠠ ᠳᠤ᠂ ᠬᠢᠩᠭᠠᠨ ᠠᠶᠢᠮᠠᠭ ᠳᠤᠮᠳᠠᠳᠤ ᠪᠠᠭ᠎ᠠ ᠰᠤᠷᠭᠠᠭᠤᠯᠢ ᠶᠢᠨ ᠭᠦᠳᠡᠯᠮᠦᠷᠢ ᠶᠢᠨ ᠬᠥᠮᠦᠵᠢᠯ ᠤᠨ ᠲᠤᠬᠠᠢ ᠶᠢᠨ ᠲᠠᠯᠠᠪᠤᠷ ᠤᠨ ᠬᠤᠷᠠᠯ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠬᠤᠲᠠ ᠶᠢᠨ 240 ᠭᠠᠷᠤᠢ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯᠲᠠᠨ ᠭᠦᠳᠡᠯᠮᠦᠷᠢ ᠶᠢᠨ ᠬᠥᠮᠦᠵᠢᠯ ᠥᠷᠨᠢᠭᠦᠯᠦᠭᠰᠡᠨ ᠪᠠᠶᠢᠳᠠᠯ ᠢᠶᠠᠨ ᠬᠤᠪᠢᠶᠠᠯᠴᠠᠵᠤ ᠲᠤᠷᠰᠢᠯᠭ᠎ᠠ ᠪᠠᠨ ᠰᠣᠯᠢᠯᠴᠠᠪᠠ᠃ ᠣᠶᠢᠯᠠᠭᠠᠭᠰᠠᠨ ᠢᠶᠠᠷ᠂ ᠬᠢᠩᠭᠠᠨ ᠠᠶᠢᠮᠠᠭ ᠨᠢᠭᠡᠨᠲᠡ ᠭᠤᠷᠪᠠᠨ ᠵᠢᠯ ᠳᠠᠷᠠᠭᠠᠯᠠᠨ ᠲᠤᠬᠠᠢ ᠶᠢᠨ ᠲᠠᠯᠠᠪᠤᠷ ᠤᠨ ᠬᠤᠷᠠᠯ ᠬᠤᠷᠠᠯᠳᠤᠭᠤᠯᠵᠤ᠂ ︽ᠨᠢᠭᠡ ᠳᠤ ᠦᠵᠡᠬᠦ᠂ ᠬᠤᠶᠠᠷ ᠲᠤ ᠣᠶᠢᠯᠠᠭᠠᠬᠤ᠂ ᠭᠤᠷᠪᠠ ᠳᠤ ᠰᠣᠯᠢᠯᠴᠠᠬᠤ︾ ᠭᠡᠯᠪᠡᠷᠢ ᠪᠠᠷ ᠳᠠᠮᠵᠢᠭᠤᠯᠤᠨ᠂ ᠪᠦᠭᠦ ᠠᠶᠢᠮᠠᠭ ᠤᠨ ᠡᠯ᠎ᠡ ᠰᠤᠷᠭᠠᠭᠤᠯᠢ ᠶᠢᠨ ᠭᠦᠳᠡᠯᠮᠦᠷᠢ ᠶᠢᠨ ᠬᠥᠮᠦᠵᠢᠯ ᠥᠷᠨᠢᠭᠦᠯᠬᠦ ᠳᠤ ᠰᠢᠨ᠎ᠡ ᠰᠡᠳᠬᠢᠮᠵᠢ᠂ ᠰᠢᠨ᠎ᠡ ᠠᠷᠭ᠎ᠠ ᠬᠠᠩᠭᠠᠨ ᠥᠭᠴᠦ᠂ ᠡᠭᠦᠨ ᠢᠶᠠᠷ ᠣᠷᠣᠨ ᠪᠦᠰᠡ ᠶᠢᠨ ᠭᠦᠳᠡᠯᠮᠦᠷᠢ ᠶᠢᠨ ᠬᠥᠮᠦᠵᠢᠯ ᠤᠨ ᠪᠦᠬᠦᠯᠢ ᠴᠣᠭᠴᠠ ᠶᠢᠨ ᠬᠥᠭᠵᠢᠯᠲᠡ ᠶᠢ ᠠᠬᠢᠭᠤᠯᠵᠤ ᠪᠠᠶᠢᠨ᠎ᠠ᠃      ᠣᠶᠢᠷ᠎ᠠ ᠶᠢᠨ ᠵᠢᠯ ᠠᠴᠠ᠂ ᠬᠢᠩᠭᠠᠨ ᠠᠶᠢᠮᠠᠭ ᠤᠨ ᠬᠢᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠭᠦᠳᠡᠯᠮᠦᠷᠢ ᠶᠢᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠭᠦᠳᠡᠯᠮᠦᠷᠢ ᠶᠢᠨ ᠬᠥᠮᠦᠵᠢᠯ ᠤᠨ ᠪᠠᠲᠤᠯᠠᠪᠤᠷᠢ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ᠂ ᠬᠡᠷᠡᠭᠵᠢᠭᠦᠯᠬᠦ ᠲᠥᠰᠥᠯ ᠪᠣᠯᠣᠨ ᠠᠵᠢᠯᠯᠠᠭᠠᠨ ᠤ ᠲᠥᠯᠥᠪᠯᠡᠭᠡ ᠲᠣᠭᠲᠠᠭᠠᠬᠤ᠂ ᠭᠦᠳᠡᠯᠮᠦᠷᠢ ᠶᠢᠨ ᠬᠥᠮᠦᠵᠢᠯ ᠤᠨ ᠬᠢᠴᠢᠶᠡᠯ ᠤᠨ ᠪᠠᠶᠢᠭᠤᠯᠤᠯᠲᠠ ᠶᠢ ᠠᠬᠢᠭᠤᠯᠬᠤ ᠵᠡᠷᠭᠡ ᠨᠠᠢᠮᠠᠨ ᠵᠦᠢᠯ ᠤᠨ ᠪᠣᠳᠠᠲᠠᠢ ᠠᠷᠭ᠎ᠠ ᠶᠢ ᠳᠤᠷᠠᠳᠴᠤ᠂ ᠣᠷᠣᠨ ᠨᠤᠲᠤᠭ ᠤᠨ ᠣᠨᠴᠠᠯᠢᠭ ᠢᠶᠠᠷ ᠲᠣᠪᠤᠶᠢᠮ᠎ᠠ ᠭᠦᠳᠡᠯᠮᠦᠷᠢ ᠶᠢᠨ ᠬᠥᠮᠦᠵᠢᠯ ᠤᠨ ᠬᠢᠴᠢᠶᠡᠯ ᠤᠨ ᠰᠢᠰᠲ᠋ᠧᠮ ᠪᠠᠶᠢᠭᠤᠯᠬᠤ ᠪᠠᠷ ᠬᠠᠶᠢᠨ ᠰᠦᠪᠡᠭᠴᠢᠯᠡᠪᠡ᠃      ᠬᠢᠩᠭᠠᠨ ᠠᠶᠢᠮᠠᠭ ᠤᠨ ᠡᠯ᠎ᠡ ᠭᠠᠵᠠᠷ ᠣᠷᠣᠨ ᠡᠯ᠎ᠡ ᠰᠤᠷᠭᠠᠭᠤᠯᠢ ᠨᠤᠭᠤᠳ ᠠᠶᠢᠮᠠᠭ᠂ ᠬᠤᠰᠢᠭᠤ ᠰᠢᠶᠠᠨ ᠬᠤᠲᠠ ᠪᠣᠯᠣᠨ ᠰᠤᠷᠭᠠᠭᠤᠯᠢ ᠶᠢᠨ ︽ᠭᠤᠷᠪᠠ ᠶᠢ ᠨᠢᠭᠡ ᠴᠣᠭᠴᠠᠵᠢᠭᠤᠯᠤᠭᠰᠠᠨ︾ ᠭᠦᠳᠡᠯᠮᠦᠷᠢ ᠶᠢᠨ ᠬᠥᠮᠦᠵᠢᠯ ᠤᠨ ᠬᠠᠮᠢᠶᠠᠷᠤᠯᠲᠠ ᠶᠢᠨ ᠲᠣᠭᠲᠠᠴᠠ ᠶᠢ ᠲᠣᠳᠣᠷᠬᠠᠢ ᠪᠤᠯᠭᠠᠵᠤ᠂ ᠭᠦᠳᠡᠯᠮᠦᠷᠢ ᠶᠢᠨ ᠬᠥᠮᠦᠵᠢᠯ ᠢ ᠬᠢᠨᠠᠨ ᠵᠢᠯᠤᠭᠤᠳᠴᠤ ᠦᠨᠡᠯᠡᠨ ᠵᠢᠱᠢᠬᠦ ᠰᠢᠰᠲ᠋ᠧᠮ ᠳᠤ ᠣᠷᠣᠭᠤᠯᠬᠤ ᠶᠢᠨ ᠬᠠᠮᠲᠤ ᠰᠤᠷᠭᠠᠭᠤᠯᠢ ᠬᠢᠨᠠᠬᠤ ᠠᠵᠢᠯ ᠤᠨ ᠠᠭᠤᠯᠭ᠎ᠠ ᠳᠤ ᠣᠷᠣᠭᠤᠯᠵᠤ᠂ ᠪᠠᠰᠠ ᠭᠦᠳᠡᠯᠮᠦᠷᠢ ᠶᠢᠨ ᠬᠥᠮᠦᠵᠢᠯ ᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠨ ᠪᠠᠶᠢᠴᠠᠭᠠᠬᠤ ᠠᠭᠤᠯᠭ᠎ᠠ ᠳᠤ ᠣᠷᠣᠭᠤᠯᠪᠠ᠃ ᠤᠯᠠᠨ ᠲᠠᠯ᠎ᠠ ᠶᠢᠨ ᠡᠬᠢ ᠪᠠᠶᠠᠯᠢᠭ ᠢ ᠠᠮᠢᠳᠤᠯᠢᠭ ᠪᠤᠯᠭᠠᠵᠤ᠂ ᠰᠤᠷᠭᠠᠭᠤᠯᠢ ᠶᠢᠨ ᠳᠣᠲᠣᠨ᠎ᠠ ᠭᠠᠳᠠᠨᠠᠬᠢ ᠭᠦᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠢ ᠪᠠᠶᠢᠭᠤᠯᠵᠤ᠂ ᠬᠤᠳᠠ ᠬᠥᠳᠡᠭᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠬᠠᠷᠢᠯᠴᠠᠨ ᠰᠣᠯᠢᠯᠴᠠᠬᠤ ᠲᠠᠪᠴᠠᠩ ᠢ ᠪᠠᠶᠢᠭᠤᠯᠵᠤ᠂ ᠬᠤᠳᠠ ᠪᠠ ᠬᠥᠳᠡᠭᠡ ᠲᠣᠰᠬᠤᠨ ᠤ ᠰᠤᠷᠭᠠᠭᠤᠯᠢ ᠶᠢᠨ ᠭᠦᠳᠡᠯᠮᠦᠷᠢ ᠶᠢᠨ ᠬᠥᠮᠦᠵᠢᠯ ᠤᠨ ᠲᠠᠯ᠎ᠠ ᠪᠠᠷ ᠬᠢ ᠡᠬᠢ ᠪᠠᠶᠠᠯᠢᠭ ᠢᠶᠠᠨ ᠬᠠᠷᠢᠯᠴᠠᠨ ᠨᠥᠬᠦᠪᠦᠷᠢᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠠᠬᠢᠭᠤᠯᠪᠠ᠃ ᠡᠭᠦᠨ ᠤ ᠬᠠᠮᠲᠤ᠂ ᠬᠢᠩᠭᠠᠨ ᠠᠶᠢᠮᠠᠭ ᠤᠨ ᠬᠢᠨ ᠡᠯ᠎ᠡ ᠭᠠᠵᠠᠷ ᠡᠯ᠎ᠡ ᠰᠤᠷᠭᠠᠭᠤᠯᠢ ᠶᠢᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠦᠳᠡᠯᠮᠦᠷᠢ ᠶᠢᠨ ᠬᠥᠮᠦᠵᠢᠯ ᠤᠨ ᠡᠬᠢ ᠪᠠᠶᠠᠯᠢᠭ ᠪᠠ ᠠᠭᠤᠯᠭ᠎ᠠ ᠶᠢ ᠡᠮᠬᠢᠯᠡᠵᠦ᠂ ᠭᠦᠳᠡᠯᠮᠦᠷᠢ ᠶᠢᠨ ᠬᠥᠮᠦᠵᠢᠯ ᠤᠨ ᠬᠡᠷᠡᠭᠵᠢᠭᠦᠯᠬᠦ ᠲᠥᠰᠥᠯ ᠪᠠ ᠨᠠᠷᠢᠨ ᠲᠠᠩᠰᠠ ᠶᠢ ᠲᠣᠭᠲᠠᠭᠠᠵᠤ᠂ ᠰᠤᠷᠤᠯᠭ᠎ᠠ ᠶᠢᠨ ᠬᠡᠰᠡᠭ᠂ ᠣᠨ ᠬᠤᠪᠢᠶᠠᠨ ᠭᠦᠳᠡᠯᠮᠦᠷᠢ ᠶᠢᠨ ᠬᠥᠮᠦᠵᠢᠯ ᠤᠨ ᠬᠢᠴᠢᠶᠡᠯ ᠲᠣᠬᠢᠷᠠᠭᠤᠯᠵᠤ᠂ ᠭᠦᠳᠡᠯᠮᠦᠷᠢ ᠶᠢᠨ ᠬᠥᠮᠦᠵᠢᠯ ᠤᠨ ᠬᠢᠴᠢᠶᠡᠯ ᠤᠨ ᠰᠢᠰᠲ᠋ᠧᠮ ᠢ ᠰᠢᠰᠲ᠋ᠧᠮ ᠲᠠᠢ ᠪᠠᠶᠢᠭᠤᠯᠬᠤ ᠶᠢ ᠱᠠᠭᠠᠷᠳᠠᠪᠠ᠃ ᠡᠭᠦᠨ ᠠᠴᠠ ᠭᠠᠳᠠᠨ᠎ᠠ ᠪᠠᠰᠠ ᠪᠦᠭᠦ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠭᠦᠳᠡᠯᠮᠦᠷᠢ ᠶᠢᠨ ᠰᠤᠷᠭᠠᠨ ᠬᠥᠮᠦᠵᠢᠯ ᠤᠨ ᠪᠠᠭᠰᠢ ᠶᠢᠨ ᠪᠠᠶᠢᠳᠠᠯ ᠢ ᠣᠶᠢᠯᠠᠭᠠᠵᠤ᠂ ᠬᠢᠩᠭᠠᠨ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠪᠠ ᠭᠦᠳᠡᠯᠮᠦᠷᠢ ᠶᠢᠨ ᠰᠤᠷᠭᠠᠨ ᠬᠥᠮᠦᠵᠢᠯ ᠤᠨ ᠪᠠᠭᠰᠢ ᠶᠢᠨ ᠡᠩᠨᠡᠭᠡ ᠪᠠ ᠲᠠᠯᠠᠪᠤᠷ᠂ ᠪᠠᠭᠠᠵᠢ ᠬᠡᠷᠡᠭᠰᠡᠯ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠪᠡ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号