ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠯᠠᠮᠵᠢᠯᠠᠯᠳᠦ ᠪᠡᠶ᠎ᠡ ᠲᠠᠮᠢᠷ ᠤᠨ ᠨᠡᠶᠢᠭᠡᠮᠯᠢᠭ ᠤᠨ ︽ᠬᠠᠨ ᠲᠠᠶᠢᠰᠢᠷᠢ ᠬᠠᠷᠪᠤᠭ᠎ᠠ︾ ᠶᠢᠨ ᠬᠦᠬᠡ ᠯᠤᠤ ᠵᠢᠯ ᠤᠨ ᠰᠠᠷ᠎ᠠ ᠰᠢᠨ᠎ᠡ ᠶᠢᠨ ᠵᠤᠯᠭᠠᠯᠳᠠ ᠶᠢᠨ ᠰᠤᠷ ᠬᠠᠷᠪᠤᠯᠳᠠ ᠶᠢᠨ ᠤᠷᠤᠯᠳᠤᠭᠠᠨ ᠣᠳᠬ᠎ᠠ ᠲᠡᠭᠦᠯᠳᠡᠷ ᠶᠠᠪᠤᠭᠳᠠᠯ᠎ᠠ
ᠨᠡᠶᠢᠲᠡᠯᠡᠭᠰᠡᠨ ᠴᠠᠭ᠄
2024/2/28
      ᠶᠢᠰᠦ ᠶᠢᠨ ᠬᠦᠢᠳᠡᠨ ᠢ ᠪᠦᠯᠢᠶᠡᠳᠭᠡᠨ᠂ ᠬᠦᠮᠦᠨ ᠵᠤᠨ ᠤ ᠰᠡᠳᠬᠢᠯ ᠢ ᠲᠤᠯᠠᠭᠠᠯᠠᠭᠰᠠᠨ᠂ ︽ᠬᠠᠨ ᠲᠠᠶᠢᠰᠢᠷᠢ ᠬᠠᠷᠪᠤᠭ᠎ᠠ︾ ᠶᠢᠨ ᠰᠠᠷ᠎ᠠ ᠰᠢᠨ᠎ᠡ ᠶᠢᠨ ᠵᠤᠯᠭᠠᠯᠳᠠ ᠶᠢᠨ ᠰᠤᠷ ᠬᠠᠷᠪᠤᠯᠳᠠ ᠶᠢᠨ ᠤᠷᠤᠯᠳᠤᠭᠠᠨ2 ᠰᠠᠷ᠎ᠠ  ᠶᠢᠨ25 ᠤ ᠡᠳᠦᠷ᠂ ᠪᠠᠳᠤᠬᠠᠭᠠᠯᠭ᠎ᠠ ᠪᠠᠯᠭᠠᠰᠤ ᠶᠢᠨ ᠭᠤᠷᠪᠠᠳᠤᠭᠠᠷ ᠪᠠᠭ᠎ᠠ ᠰᠤᠷᠭᠠᠭᠤᠯᠢ ᠶᠢᠨ ᠲᠠᠮᠢᠷ ᠤᠨ ᠤᠷᠳᠤᠨ  ᠳᠤ ᠣᠳᠬ᠎ᠠ ᠲᠡᠭᠦᠯᠳᠡᠷ ᠶᠠᠪᠤᠭᠳᠠᠭᠰᠠᠨ ᠪᠠᠶᠢᠨ᠎ᠠ᠃
微信图片_20240228085530.png
      ᠤᠷᠤᠯᠳᠤᠭᠠᠨ ᠤ ᠠᠬᠤᠢ ᠲᠠᠯᠠᠪᠠᠢ ᠳᠤ᠂ ᠬᠠᠷᠪᠤᠭᠠᠴᠢᠳ ᠨᠤᠮᠤ ᠰᠠᠭᠠᠳᠠᠭ᠂ ᠦᠩᠭᠡ ᠦᠩᠭᠡ ᠶᠢᠨ ᠬᠤᠪᠴᠠᠰᠦ ᠵᠠᠰᠠᠯ ᠢᠶᠠᠷ ᠢᠶᠠᠨ ᠭᠠᠩᠭᠠᠷᠠᠨ᠂ ᠬᠤᠭᠤᠷᠤᠨᠳᠦ ᠪᠠᠨ ᠰᠠᠷ᠎ᠠ ᠰᠢᠨ᠎ᠡ ᠶᠢᠨ ᠮᠡᠨᠳᠦ ᠲᠡᠪᠰᠢᠭᠦᠯᠦᠨ᠂ ᠨᠤᠳᠤᠭ ᠤᠰᠤᠨ ᠤ ᠵᠤᠭ᠎ᠠ ᠲᠡᠯᠭᠡᠨ ᠤᠷᠤᠯᠳᠤᠭᠠᠨ ᠤ ᠲᠠᠯᠠᠪᠠᠢ ᠮᠠᠰᠢ ᠬᠦᠭᠵᠢᠶᠡᠨ ᠲᠠᠢ ᠪᠠᠶᠢᠯ᠎ᠠ᠃ ᠡᠶᠢᠨ ᠬᠦ ᠬᠠᠷᠪᠤᠭᠠᠴᠢᠳ ᠮᠠᠨᠢ ᠡᠷᠡᠬᠡᠢ ᠮᠡᠷᠭᠡᠨ ᠡᠷᠡᠮᠡᠬᠡᠢ ᠤᠬᠠᠭᠠᠨ ᠢᠶᠠᠨ ᠦᠵᠡᠯᠴᠡᠭᠰᠡᠭᠡᠷ᠂ ᠤᠷᠤᠯᠳᠤᠭᠠᠨ ᠬᠤᠷᠴᠠ ᠰᠢᠷᠦᠭᠦᠨ ᠶᠠᠪᠤᠭᠳᠠᠵᠦ᠂ ᠤᠷᠤᠯᠳᠤᠭᠠᠨ ᠤ ᠡᠴᠦᠰ ᠲᠤ᠂ ᠪᠠᠶᠠᠠᠬᠤᠸᠠ ᠪᠠᠯᠭᠠᠰᠤᠨ ᠤ ᠰᠢᠨᠡᠪᠡᠶᠡᠷ ᠲᠡᠷᠢᠭᠦᠯᠡᠵᠦ᠂ ᠴᠠᠭᠠᠠᠬᠠᠳᠠ ᠰᠤᠮᠤᠨ ᠤ ᠠᠯᠳᠠᠨᠵᠢᠭᠠᠰᠦ ᠲᠡᠳ᠋ᠯᠡᠵᠦ᠂ ᠪᠠᠶ᠋ᠬᠤᠪᠤᠭ᠎ᠠ ᠰᠤᠮᠤᠨ ᠤ ᠨᠠᠷᠠᠨᠮᠠᠨᠳᠤᠯ᠎ᠠ ᠭᠤᠷᠪᠠ ᠳᠤ ᠲᠤᠳᠤᠷᠠᠭᠰᠠᠨ ᠪᠠᠶᠢᠨ᠎ᠠ᠃      ᠤᠷᠤᠯᠳᠤᠭᠠᠨ ᠤ ᠶᠠᠪᠤᠴᠠ ᠳᠤ ᠬᠠᠷᠪᠤᠭᠠᠴᠢᠳ ᠬᠤᠭᠤᠷᠤᠨᠳᠦ ᠪᠠᠨ ᠦᠩᠭᠡᠷᠡᠭᠰᠡᠨ ᠨᠢᠭᠡ ᠵᠢᠯ ᠤᠨ ᠲᠤᠷᠰᠢᠯᠭ᠎ᠠ ᠰᠤᠷᠭᠠᠮᠵᠢ᠂ ᠤᠷ᠎ᠠ ᠮᠡᠷᠭᠡᠵᠢᠯ ᠢᠶᠠᠨ ᠬᠤᠪᠢᠶᠠᠯᠴᠢᠨ ᠤᠷᠤᠯᠳᠤᠭᠠᠨ ᠨᠢ ᠬᠦᠷ ᠬᠦᠭᠵᠢᠶᠡᠨ ᠲᠠᠢ ᠶᠠᠪᠤᠭᠳᠠᠭᠰᠠᠨ ᠪᠠᠶᠢᠨ᠎ᠠ᠃ ᠲᠤᠰ ᠤᠳᠠᠭᠠᠨ ᠤ ᠤᠷᠤᠯᠳᠤᠭᠠᠨ ᠨᠢ ᠬᠠᠷᠪᠤᠭᠠᠴᠢᠳ ᠤᠨ ᠬᠠᠷᠪᠤᠯᠳᠠ ᠶᠢᠨ ᠦᠢᠯᠡᠰ  ᠤᠨ ᠬᠦᠭᠵᠢᠯᠳᠡ ᠶᠢ ᠠᠬᠢᠭᠤᠯᠤᠭᠰᠠᠨ ᠰᠠᠶᠢᠬᠠᠨ ᠦᠢᠯᠡ ᠠᠵᠢᠯᠯᠠᠭ᠎ᠠ ᠪᠤᠯᠤᠭᠰᠠᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号