ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ2024 ᠤᠨ ᠤ ᠰᠠᠷ᠎ᠠ ᠰᠢᠨ᠎ᠡ ᠪᠠᠨ ᠤᠭᠳᠤᠬᠤ ︽ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ︾ ᠭᠤᠤᠯ ᠰᠡᠳᠦᠪᠳᠦ ᠦᠨᠳᠦᠰᠦᠳᠡᠨ ᠤ ᠵᠠᠩ ᠦᠢᠯᠡ ᠶᠢᠨ ᠰᠤᠶᠤᠯ ᠤᠨ ᠠᠵᠢᠯᠯᠠᠭ᠎ᠠ ᠶᠠᠪᠤᠭᠳᠠᠭᠰᠠᠨ
ᠨᠡᠶᠢᠲᠡᠯᠡᠭᠰᠡᠨ ᠴᠠᠭ᠄
2024/2/3
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠰᠢ ᠶᠢᠨ ᠫᠢᠩ ᠶᠡᠷᠦᠩᠭᠡᠢ ᠱᠦᠵᠢ ᠶᠢᠨ ᠦᠨᠳᠦᠰᠦᠳᠡᠨ ᠤ ᠠᠵᠢᠯ  ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠨᠬᠤᠯᠠ ᠦᠵᠡᠯ ᠰᠠᠨᠠᠭ᠎ᠠ ᠪᠤᠯᠤᠨ ᠦᠪᠦᠷ ᠮᠤᠩᠭᠤᠯ ᠳᠤ ᠦᠭᠭᠦᠭᠰᠡᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠤᠯᠭᠠᠵᠦ᠂ ︽ᠤᠮᠠᠷᠠᠳᠦ ᠶᠢᠨ ᠰᠤᠶᠤᠯ︾ ᠤᠨ ᠲᠦᠷᠦᠯ ᠲᠡᠮᠳᠡᠭ ᠢ ᠰᠠᠶᠢᠳᠤᠷ ᠡᠭᠦᠳᠬᠦ ᠶᠢ ᠠᠬᠢᠭᠤᠯᠤᠨ᠂ ᠦᠨᠳᠦᠰᠦᠳᠡᠨ ᠨᠦᠬᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠠᠬᠢᠭᠤᠯᠵᠦ᠂ ᠪᠤᠳᠠᠰ ᠤᠨ ᠪᠤᠰᠤ ᠰᠤᠶᠤᠯ ᠤᠨ ᠦᠪ ᠢ ᠤᠯᠠᠮᠵᠢᠯᠠᠨ ᠬᠦᠭᠵᠢᠭᠦᠯᠬᠦ ᠶᠢᠨ ᠲᠦᠯᠦᠭᠡ᠂2 ᠰᠠᠷ᠎ᠠ ᠶᠢᠨ2 ᠤᠨ ᠡᠳᠦᠷ ︽ᠪᠤᠳᠠᠰ ᠤᠨ ᠪᠤᠰᠤ ᠰᠤᠶᠤᠯ ᠤᠨ ᠦᠪ ᠢ ᠪᠠᠭ᠋ᠠᠷᠬᠠᠨ ᠲᠤᠮᠳᠠᠳᠦ ᠶᠢᠨ ᠰᠤᠶᠤᠯ ᠢ ᠬᠠᠮᠳᠦ ᠪᠠᠷ ᠡᠳ᠋ᠯᠡᠶ᠎ᠡ︾ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ2024 ᠤᠨ ᠤ ᠰᠠᠷ᠎ᠠ ᠰᠢᠨ᠎ᠡ ᠪᠠᠨ ᠤᠭᠳᠤᠬᠤ ︽ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ︾ ᠭᠤᠤᠯ ᠰᠡᠳᠦᠪᠳᠦ ᠦᠨᠳᠦᠰᠦᠳᠡᠨ ᠤ ᠵᠠᠩ ᠦᠢᠯᠡ ᠶᠢᠨ ᠰᠤᠶᠤᠯ ᠤᠨ ᠠᠵᠢᠯᠯᠠᠭ᠎ᠠ ᠬᠤᠰᠢᠭᠤᠨ ᠤ ᠲᠤᠷᠰᠢᠯᠳᠠ ᠶᠢᠨ ᠲᠤᠮᠳᠠᠳᠦ ᠰᠤᠷᠭᠠᠭᠤᠯᠢ ᠶᠢᠨ ᠲᠠᠮᠢᠷ ᠤᠨ ᠤᠷᠳᠤᠨ ᠳᠤ ᠤᠳᠬ᠎ᠠ ᠲᠡᠭᠦᠯᠳᠡᠷ ᠶᠠᠪᠤᠭᠳᠠᠵᠦ ᠦᠩᠭᠡᠷᠡᠯ᠎ᠡ᠃
微信图片_20240208093330.jpg
      ᠡᠨᠡ ᠬᠦ ᠠᠵᠢᠯᠯᠠᠭ᠎ᠠ ᠳᠤ ᠰᠠᠷ᠎ᠠ ᠰᠢᠨ᠎ᠡ ᠶᠢᠨ ᠢᠳᠡᠭᠡ ᠲᠠᠪᠠᠭ ᠵᠠᠰᠠᠬᠤ ᠤᠷᠤᠯᠳᠤᠭᠠᠨ᠂ ᠤᠷᠠᠨ ᠰᠠᠶᠢᠬᠠᠨ ᠤ ᠲᠤᠭᠯᠠᠯᠳᠠ᠂ ᠰᠠᠷ᠎ᠠ ᠰᠢᠨ᠎ᠡ ᠪᠠᠨ ᠤᠭᠳᠤᠬᠤ ᠬᠤᠤᠰ ᠤᠶᠠᠩᠭ᠎ᠠ ᠴᠠᠭᠠᠰᠤᠨ ᠬᠠᠶᠢᠴᠢᠯᠠᠮᠠᠯ ᠬᠦᠷᠭᠡᠬᠦ ᠠᠵᠢᠯᠯᠠᠭ᠎ᠠ᠂ ᠦᠨᠳᠦᠰᠦᠳᠡᠨ ᠤ ᠪᠠᠷᠠᠭ᠎ᠠ ᠲᠠᠸᠠᠷ ᠤᠨ ᠲᠡᠯᠭᠡᠨ ᠪᠤᠷᠤᠯᠠᠭᠤᠯᠭ᠎ᠠ ᠵᠡᠷᠭᠡ ᠤᠯᠠᠨ ᠠᠭᠤᠯᠭ᠎ᠠ ᠶᠠᠪᠤᠭᠳᠠᠵᠦ᠂ ᠡᠯ᠎ᠡ ᠰᠤᠮᠤ ᠰᠢᠶᠠᠩ ᠤᠨ ᠵᠠᠰᠠᠵᠦ ᠲᠠᠯᠪᠢᠭᠰᠠᠨ ᠢᠳᠡᠭᠡ ᠲᠠᠪᠠᠭ ᠲᠤ ᠤᠨᠤᠭ᠎ᠠ ᠦᠭᠴᠦ᠂ ᠤᠯᠠᠭᠠᠠᠮᠦ᠋ᠴᠢᠷ ᠤᠨ ᠲᠤᠭᠯᠠᠭᠴᠢᠳ  ᠤᠨ ᠭᠤᠴᠦ ᠰᠠᠶᠢᠬᠠᠨ ᠲᠤᠭᠯᠠᠯᠳᠠ ᠨᠢ ᠠᠬᠤᠢ ᠲᠠᠯᠠᠪᠠᠢ ᠶᠢ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠭᠤᠯᠵᠦ ᠪᠠᠶᠢᠪᠠ᠃ ᠤᠷᠠᠨ ᠪᠢᠴᠢᠯᠭᠡ ᠴᠠᠭᠠᠰᠤᠨ ᠬᠠᠶᠢᠴᠢᠯᠠᠮᠠᠯ ᠤᠨ ᠲᠤᠷ᠎ᠠ ᠪᠠᠭ᠋ᠠᠳᠠᠳ ᠠᠴᠠ ᠪᠠᠰᠠ ᠠᠬᠤᠢ ᠲᠠᠯᠠᠪᠠᠢ ᠳᠤ ᠬᠤᠤᠰ ᠤᠶᠠᠩᠭ᠎ᠠ ᠴᠠᠭᠠᠰᠤᠨ ᠬᠠᠶᠢᠴᠢᠯᠠᠮᠠᠯ ᠪᠢᠴᠢᠵᠦ ᠬᠦᠷᠭᠡᠨ᠂ ᠤᠯᠠᠨ ᠲᠦᠷᠦᠯ ᠵᠦᠢᠯ ᠤᠨ ᠪᠠᠷᠠᠭ᠎ᠠ ᠲᠠᠸᠠᠷ ᠤᠨ ᠲᠡᠯᠭᠡᠨ ᠨᠢ ᠬᠦᠮᠦᠰ ᠲᠤ ᠰᠠᠷ᠎ᠠ ᠰᠢᠨ᠎ᠡ ᠶᠢᠨ ᠪᠡᠯᠡᠳᠭᠡᠯ ᠢᠶᠠᠨ ᠬᠢᠬᠦ ᠲᠠᠪᠴᠠᠩ ᠬᠠᠩᠭᠠᠵᠦ ᠦᠭᠪᠡ᠃ ᠪᠦᠳᠦᠨ ᠡᠳᠦᠷ ᠤᠨ ᠤᠨᠤᠭ᠎ᠠ ᠦᠭᠬᠦ ᠪᠠᠷ ᠲᠡᠮᠵᠢᠨ ᠮᠠᠨᠳᠤᠯ ᠪᠠᠯᠭᠠᠰᠦ ᠢᠳᠡᠭᠡ ᠲᠠᠪᠠᠭ ᠵᠠᠰᠠᠬᠤ ᠤᠷᠤᠯᠳᠤᠭᠠᠨ ᠳᠤ ᠲᠡᠷᠢᠭᠦᠯᠡᠭᠰᠡᠨ ᠪᠠᠶᠢᠨ᠎ᠠ᠃
微信图片_20240208093339.jpg      ᠲᠤᠰ ᠣᠳᠠᠭᠠᠨ ᠤ ᠦᠨᠳᠦᠰᠦᠳᠡᠨ ᠤ ᠵᠠᠩ ᠦᠢᠯᠡ ᠶᠢᠨ ᠰᠤᠶᠤᠯ ᠤᠨ ᠠᠵᠢᠯᠯᠠᠭ᠎ᠠ ᠨᠢ ᠦᠨᠳᠦᠰᠦᠳᠡᠨ
ᠨᠦᠭᠦᠳ ᠤᠨ ᠰᠤᠶᠤᠯ ᠤᠨ ᠠᠵᠢᠯᠯᠠᠭ᠎ᠠ ᠳᠤ ᠦᠷᠭᠡᠨ ᠢᠶᠠᠷ ᠤᠷᠤᠯᠴᠠᠬᠤ ᠶᠢ ᠬᠦᠳᠦᠯᠦᠨ ᠵᠢᠯᠤᠭᠤᠳᠴᠦ᠂ ᠦᠨᠳᠦᠰᠦᠳᠡᠨ ᠨᠦᠬᠦᠳ ᠤᠨ ᠠᠷᠠᠳ ᠲᠦᠮᠡᠨ ᠤ ᠠᠭᠤᠰᠤᠯᠴᠠᠨ ᠬᠠᠮᠳᠤᠪᠠᠷ ᠪᠦᠳᠦᠭᠡᠨ ᠪᠠᠶᠢᠭᠤᠯᠬᠤ ᠶᠢ ᠠᠬᠢᠭᠤᠯᠵᠦ᠂ ︽ᠲᠤᠮᠳᠠᠳᠦ ᠶᠢᠨ ᠦᠨᠳᠦᠰᠦᠳᠡᠨ ᠨᠢᠭᠡ ᠭᠡᠷ ᠪᠦᠯᠢ︾ ᠭᠡᠬᠦ ᠦᠵᠡᠯ ᠰᠠᠨᠠᠭᠠᠨ ᠤ ᠬᠠᠮᠳᠦ ᠶᠢᠨ ᠲᠠᠨᠢᠯᠳᠠ ᠶᠢ ᠨᠡᠮᠡᠭᠳᠡᠭᠦᠯᠦᠭᠰᠡᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号