ᠤᠮᠠᠷᠠᠳᠦ ᠬᠢᠯᠢ ᠶᠢᠨ ᠰᠤᠶᠤᠯ ᠰᠢᠷᠢᠰ ᠨᠡᠪᠳᠡᠷᠡᠭᠦᠯᠭᠡ  — ᠲᠠᠯ᠎ᠠ ᠨᠤᠳᠤᠭ ᠤᠨ ᠪᠢᠴᠢᠬᠠᠨ ᠪᠠᠭᠠᠳᠤᠷ ᠡᠭᠡᠴᠢ ᠦᠬᠢᠨ ᠲᠡᠭᠦᠦ ᠶᠢᠨ ᠬᠠᠭᠤᠴᠢᠨ ᠰᠠᠭᠤᠴᠠ
ᠨᠡᠶᠢᠲᠡᠯᠡᠭᠰᠡᠨ ᠴᠠᠭ᠄
2024/2/8
      60 ᠵᠢᠯ ᠤᠨ ᠡᠮᠦᠨ᠎ᠡ᠂ ᠨᠢᠭᠡ ᠤᠳᠠᠭᠠᠨ ᠤ ᠤᠨᠴᠠ ᠶᠡᠭᠡ ᠴᠠᠰᠤᠨ ᠰᠢᠭᠤᠷᠭ᠎ᠠ ᠲᠠᠢ ᠲᠡᠮᠡᠴᠡᠵᠦ ᠬᠠᠮᠳᠦ  ᠶᠢᠨ ᠬᠤᠨᠢᠨ ᠰᠦᠷᠦᠭ ᠢᠶᠠᠨ ᠬᠠᠮᠠᠭᠠᠯᠠᠭᠰᠠᠨ ︽ᠲᠠᠯ᠎ᠠ ᠨᠤᠳᠤᠭ ᠤᠨ ᠪᠢᠴᠢᠬᠠᠨ ᠪᠠᠭᠠᠳᠤᠷ ᠡᠭᠡᠴᠢ ᠲᠡᠭᠦᠦ︾ ᠶᠢᠨ ᠦᠯᠢᠭᠡᠷ ᠢ ᠤᠯᠤᠰ ᠲᠠᠶᠠᠭᠠᠷ ᠮᠡᠳᠡᠬᠦ ᠦᠭᠡᠢ ᠬᠦᠮᠦᠨ ᠪᠠᠶᠢᠬᠤ ᠪᠢᠯᠡ᠃1964 ᠤᠨ ᠤ2 ᠰᠠᠷ᠎ᠠ ᠶᠢᠨ9 ᠤ ᠡᠳᠦᠷ ᠂11 ᠨᠠᠰᠤᠳᠠᠢ ᠯᠦᠩ ᠮᠸᠢ᠂9 ᠨᠠᠰᠤᠲᠠᠢ ᠢᠦᠢ ᠷᠦᠩ ᠡᠭᠡᠴᠢ ᠲᠡᠭᠦᠦ ᠬᠤᠶᠠᠷ ᠬᠤᠨᠢ ᠬᠠᠷᠢᠭᠤᠯᠵᠦ ᠪᠠᠶᠢᠬᠤ  ᠳᠠᠭᠠᠨ ᠤᠨᠴᠠ ᠶᠡᠭᠡ ᠴᠠᠰᠤᠨ ᠰᠢᠭᠤᠷᠭᠠᠨ ᠳᠤ ᠲᠠᠭᠠᠷᠢᠭᠳᠠᠵᠦ᠂ ᠲᠡᠳᠡ ᠴᠠᠰᠦ ᠰᠢᠭᠤᠷᠭᠠᠨ ᠲᠠᠢ ᠪᠦᠳᠦᠨ ᠡᠳᠦᠷ ᠰᠦᠨᠢ ᠲᠡᠮᠡᠴᠡᠯᠳᠦᠵᠦ ᠪᠠᠶᠢᠭᠠᠳ ᠨᠡᠶᠢᠳᠡ ᠶᠢᠨ ᠬᠤᠨᠢᠨ ᠰᠦᠷᠦᠭ ᠢ ᠬᠠᠮᠠᠭᠠᠯᠠᠭᠰᠠᠨ ᠪᠤᠯᠪᠠᠴᠦ ᠯᠦᠩ ᠮᠸᠢ ᠵᠡᠭᠦᠨ ᠬᠦᠯ ᠤᠨ ᠡᠷᠡᠬᠡᠢ ᠬᠤᠷᠤᠭᠤ ᠪᠠᠨ ᠬᠦᠯᠳᠡᠭᠡᠵᠦ᠂ ᠢᠦᠢ ᠷᠦᠩ ᠤᠨ ᠪᠠᠷᠠᠭᠤᠨ ᠬᠦᠯ ᠤᠨ ᠡᠪᠦᠳᠦᠭ ᠤᠨ  ᠦᠶ᠎ᠡ  ᠠᠴᠠ ᠲᠤᠭᠤᠭᠰᠢ ᠪᠠ ᠵᠡᠭᠦᠨ ᠬᠦᠯ ᠤᠨ ᠱᠠᠭ᠎ᠠ ᠠᠴᠠ ᠲᠤᠭᠤᠭᠰᠢ ᠮᠦᠴᠢ ᠨᠢ ᠤᠭᠳᠤᠯᠤᠭᠳᠠᠵᠦ᠂ ᠨᠠᠰᠤᠨ ᠲᠤᠷᠰᠢᠳᠠ ᠶᠢᠨ ᠵᠡᠮᠳᠡᠭ ᠪᠤᠯᠤᠭᠰᠠᠨ ᠪᠠᠶᠢᠨ᠎ᠠ᠃ ᠭᠡᠳᠡᠯ᠎ᠡ ᠲᠡᠳᠡᠨ ᠤ ᠬᠠᠷᠢᠭᠤᠯᠵᠦ ᠪᠠᠶᠢᠭᠰᠠᠨ384 ᠬᠤᠨᠢᠨ ᠤ ᠭᠤᠷᠪᠠᠭ᠋ᠠᠨ ᠨᠢ ᠯᠡ ᠬᠦᠯᠳᠡᠵᠦ ᠦᠬᠦᠵᠠᠢ᠃ ᠲᠤᠰ ᠵᠢᠯ ᠤᠨ3 ᠰᠠᠷ᠎ᠠ ᠳᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠴᠠ ᠲᠡᠳᠡᠨ ᠳᠤ ︽ᠲᠠᠯ᠎ᠠ ᠨᠤᠳᠤᠭ ᠤᠨ ᠪᠢᠴᠢᠬᠠᠨ ᠪᠠᠭᠠᠳᠤᠷ ᠡᠭᠡᠴᠢ ᠦᠬᠢᠨ ᠲᠡᠭᠦᠦ︾ ᠭᠡᠬᠦ ᠢᠷᠡᠭᠤ ᠠᠯᠳᠠᠷ ᠤᠨ ᠴᠤᠯᠠ ᠤᠯᠭᠤᠵᠦ᠂ ᠯᠦᠩ ᠮᠸᠢ ᠪᠤᠯᠤᠨ ᠢᠦᠢ ᠷᠦᠩ ᠤᠨ ᠦᠢᠯᠡ ᠶᠠᠪᠤᠳᠠᠯ ᠪᠦᠬᠦ ᠤᠯᠤᠰ ᠲᠤ ᠤᠯᠠᠮᠵᠢᠯᠠᠭᠳᠠᠨ᠂1964 ᠤᠨ ᠤ3 ᠰᠠᠷ᠎ᠠ 12 ᠤᠨ ᠡᠳᠦᠷ᠂ ᠠᠷᠠᠳ ᠤᠨ ᠡᠳᠦᠷ  ᠤᠨ ᠰᠤᠨᠢᠨ ︽ᠴᠠᠰᠤᠨ ᠰᠢᠭᠤᠷᠭᠠᠨ ᠲᠤᠮᠳᠠᠬᠢ ᠡᠳᠦᠷ ᠰᠦᠨᠢ︾ ᠭᠡᠬᠦ ᠤᠷᠳᠤ ᠴᠢᠮᠡᠭᠡᠯᠡᠯ ᠨᠡᠶᠢᠳᠡᠯᠡᠵᠦ᠂3 ᠰᠠᠷ᠎ᠠ  ᠶᠢᠨ14 ᠤ ᠡᠳᠦᠷ᠂ ᠦᠪᠦᠷ ᠮᠤᠩᠭᠤᠯ ᠤᠨ ᠡᠳᠦᠷ ᠤᠨ ᠰᠤᠨᠢᠨ ︽ᠲᠠᠯ᠎ᠠ ᠨᠤᠳᠤᠭ ᠤᠨ ᠪᠢᠴᠢᠬᠠᠨ ᠪᠠᠭᠠᠳᠤᠷ ᠡᠭᠡᠴᠢ ᠦᠬᠢᠨ ᠲᠡᠭᠦᠦ︾ ᠬᠡᠭᠦ ᠴᠢᠮᠡᠭᠡᠯᠡᠯ ᠨᠡᠶᠢᠳᠡᠯᠡᠪᠡ᠃ ᠲᠤᠬᠠᠢ ᠶᠢᠨ ᠦᠶ᠎ᠡ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠡᠷᠢᠭᠦᠯᠡᠭᠴᠢ ᠪᠠᠶᠢᠭᠰᠠᠨ ᠤᠯᠠᠭᠠᠨᠬᠦᠦ ᠪᠢᠴᠢᠭᠡᠰᠦ ᠪᠢᠴᠢᠵᠦ᠂ ᠪᠦᠬᠦ ᠤᠷᠤᠨ ᠤ ᠦᠨᠳᠦᠰᠦᠳᠡᠨ ᠨᠦᠭᠦᠳ ᠤᠨ ᠵᠠᠯᠠᠭᠤᠴᠤᠳ ᠪᠠᠭᠠᠴᠤᠳ ᠢ ᠲᠡᠳᠡᠨ ᠠᠴᠠ ᠰᠤᠷᠤᠯᠴᠠᠬᠤ ᠬᠡᠷᠡᠭᠳᠡᠢ ᠭᠡᠰᠡᠨ ᠮᠦᠷᠳᠡᠭᠡᠨ ᠡᠨᠡᠬᠦ ᠰᠡᠳᠬᠢᠯ ᠬᠦᠳᠡᠯᠭᠡᠮ᠎ᠡ ᠦᠢᠯᠡ ᠠᠵᠢᠯᠯᠠᠭ᠎ᠠ ᠶᠢ ᠺᠢᠨᠤ᠋᠂ ᠶᠢᠷᠳᠢᠨᠴᠦ ᠵᠦᠴᠦᠭᠡ ᠪᠤᠯᠭᠠᠨ ᠰᠢᠩᠭᠡᠭᠡᠨ ᠦᠢᠯᠡᠳᠴᠦ᠂ ᠮᠦᠨ ᠪᠠᠭ᠎ᠠ ᠰᠤᠷᠭᠠᠭᠤᠯᠢ ᠶᠢᠨ ᠬᠢᠴᠢᠶᠡᠯ ᠤᠨ ᠪᠢᠴᠢᠭ ᠲᠤ ᠤᠷᠤᠭᠤᠯᠤᠨ ᠦᠷᠭᠡᠨ ᠤᠯᠠᠨ ᠪᠠᠭᠠᠴᠤᠳ ᠬᠡᠥᠬᠡᠳ ᠢ ᠬᠦᠮᠦᠵᠢᠭᠦᠯᠦᠨ ᠵᠤᠷᠢᠭᠵᠢᠭᠤᠯᠤᠭᠰᠠᠨ ᠪᠢᠯᠡ᠃
微信图片_20240208093525.png
      ᠲᠠᠯ᠎ᠠ ᠨᠤᠳᠤᠭ ᠤᠨ ᠪᠢᠴᠢᠬᠠᠨ ᠪᠠᠭᠠᠳᠤᠷ ᠡᠭᠡᠴᠢ ᠦᠬᠢᠨ ᠲᠡᠭᠦᠦ ᠶᠢᠨ ᠬᠠᠭᠤᠴᠢᠨ ᠰᠠᠭᠤᠴᠠ ᠨᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠢᠩᠭᠠᠨ ᠪᠠᠯᠭᠠᠰᠤᠨ ᠤ ᠰᠢᠷᠠᠴᠢᠯᠠᠭᠤ ᠭᠠᠴᠠᠭᠠᠨ ᠳᠤ ᠪᠠᠶᠢᠷᠢᠰᠢᠵᠦ᠂ ᠪᠤᠭᠤᠳᠦ ᠬᠤᠳᠠ ᠶᠢᠨ ᠤᠯᠤᠰ ᠢᠶᠠᠨ ᠬᠠᠶᠢᠷᠠᠯᠠᠬᠤ ᠦᠵᠡᠯ ᠤᠨ ᠬᠦᠮᠦᠵᠢᠯ ᠤᠨ ᠰᠠᠭᠤᠷᠢᠨ ᠭᠠᠵᠠᠷ ᠪᠤᠯᠤᠨ᠎ᠠ᠃ ᠯᠦᠩ ᠮᠸᠢ ᠢᠦᠢ ᠷᠦᠩ ᠤᠨ ᠬᠠᠭᠤᠴᠢᠨ ᠰᠠᠭᠤᠴᠠ ᠨᠢ ᠬᠤᠶᠠᠷ ᠲᠠᠰᠤᠯᠭ᠎ᠠ ᠰᠢᠪᠠᠷ ᠪᠠᠶᠢᠰᠢᠩ ᠪᠠᠶᠢᠵᠦ᠂ ᠲᠤᠳᠤᠷ᠎ᠠ ᠨᠢ ᠯᠦᠩ ᠮᠸᠢ ᠢᠦᠢ ᠷᠦᠩ ᠡᠭᠡᠴᠢ ᠲᠡᠭᠦᠦ ᠶᠢᠨ ᠲᠤᠬᠠᠢ ᠶᠢᠨ ᠦᠶ᠎ᠡ ᠶᠢᠨ ᠠᠮᠢᠳᠤᠷᠠᠯ ᠤᠨ ᠬᠡᠷᠡᠭᠰᠡᠯ᠃ ᠭᠡᠷᠡᠯ ᠵᠢᠷᠤᠭ ᠵᠢᠴᠢ ᠲᠤᠪᠴᠢ ᠨᠠᠮᠳᠠᠷ᠂ ᠦᠢᠯᠡ ᠶᠠᠪᠤᠳᠠᠯ ᠤᠨ ᠲᠠᠨᠢᠯᠴᠠᠭᠤᠯᠭ᠎ᠠ ᠵᠡᠷᠭᠡ ᠶᠢ ᠲᠡᠯᠭᠡᠨ ᠦᠵᠡᠭᠦᠯᠵᠦ ᠪᠠᠶᠢᠳᠠᠭ᠃
微信图片_20240208093532.png
      ᠲᠠᠷᠬᠠᠨ ᠮᠤᠤᠮᠢᠩᠭᠠᠨ ᠤ ︽ᠬᠤᠪᠢᠰᠬᠠᠯᠳᠦ ᠲᠠᠯ᠎ᠠ ᠨᠤᠳᠤᠭ︾ ᠮᠢᠩᠭᠠᠨ ᠤ ᠲᠠᠯ᠎ᠠ ᠨᠤᠳᠤᠭ ᠲᠤ ᠪᠠᠶᠢᠷᠢᠰᠢᠵᠦ ᠪᠠᠶᠢᠭ᠎ᠠ ᠲᠠᠯ᠎ᠠ ᠨᠤᠳᠤᠭ ᠤᠨ ᠪᠢᠴᠢᠬᠠᠨ ᠪᠠᠭᠠᠳᠤᠷ ᠡᠭᠡᠴᠢ ᠦᠬᠢᠨ ᠲᠡᠭᠦᠦ ᠶᠢᠨ ᠬᠠᠭᠤᠴᠢᠨ ᠰᠠᠭᠤᠴᠠ  ᠨᠢ ᠡᠯᠪᠡᠭ ᠪᠠᠶᠠᠯᠢᠭ ᠠᠭᠤᠯᠭ᠎ᠠ ᠲᠠᠢ ᠤᠮᠠᠷᠠᠳᠦ ᠬᠢᠯᠢ ᠶᠢᠨ ᠰᠤᠶᠤᠯ ᠤᠨ ᠲᠤᠳᠠᠭᠳᠠᠵᠦ ᠪᠤᠯᠤᠰᠢ ᠦᠭᠡᠢ ᠪᠦᠷᠢᠯᠳᠦᠭᠦᠨ ᠬᠡᠰᠡᠭ ᠤᠨ ᠨᠢᠭᠡ ᠪᠤᠯᠵᠦ᠂ ᠲᠠᠯ᠎ᠠ ᠨᠤᠳᠤᠭ ᠤᠨ ᠪᠢᠴᠢᠬᠠᠨ ᠪᠠᠭᠠᠳᠤᠷ ᠡᠭᠡᠴᠢ ᠦᠬᠢᠨ ᠲᠡᠭᠦᠦ ᠶᠢᠨ ᠵᠤᠷᠢᠭ ᠰᠠᠨᠠᠭ᠎ᠠ ᠨᠢ ᠰᠢᠨᠳᠠᠷᠠᠰᠢ ᠦᠬᠡᠢ ᠦᠨᠡᠨᠴᠢ ᠰᠢᠳᠤᠷᠭᠤ᠂ ᠨᠤᠭᠤᠷᠠᠰᠢ ᠦᠬᠡᠢ ᠬᠠᠳᠠᠨ ᠵᠤᠷᠢᠭ᠂ ᠬᠠᠷᠠᠮᠰᠢᠯ ᠦᠭᠡᠢ ᠬᠤᠪᠢ ᠨᠡᠮᠡᠷᠢ᠂ ᠬᠢᠵᠢᠶᠡᠳᠡ ᠬᠤᠪᠢᠷᠠᠰᠢ ᠦᠭᠡᠢ ᠪᠠᠳᠤ ᠪᠠᠷᠢᠮᠳᠠᠯᠠᠯ ᠤᠨ ᠲᠦᠯᠦᠭᠡᠯᠡᠯ ᠪᠤᠯᠵᠦ᠂ ᠦᠶ᠎ᠡ ᠦᠶ᠎ᠡ  ᠶᠢᠨ ᠵᠠᠯᠠᠭᠤᠴᠣᠳ ᠪᠠᠭᠠᠴᠤᠳ ᠤᠨ ᠠᠵᠢᠯᠯᠠᠵᠦ ᠰᠤᠷᠤᠯᠴᠠᠬᠤ ᠦᠯᠢᠭᠡᠷ ᠲᠠᠭᠤᠷᠢᠶᠠᠯ ᠪᠤᠯᠤᠨ᠂ ᠡᠨᠡᠬᠦ ᠬᠠᠭᠤᠴᠢᠨ ᠪᠠᠭᠤᠴᠠ ᠶᠢ ᠲᠤᠭᠤᠷᠢᠨ ᠦᠵᠡᠬᠦ ᠪᠠᠷ ᠢᠷᠡᠭᠰᠡᠨ ᠬᠦᠮᠦᠰ ᠲᠤ ᠲᠠᠯ᠎ᠠ ᠨᠤᠳᠤᠭ ᠤᠨ ᠬᠦᠪᠡᠭᠦᠳ ᠦᠬᠢᠳ ᠤᠨ ᠤᠯᠤᠰ ᠢᠶᠠᠨ ᠬᠠᠶᠢᠷᠠᠯᠠᠬᠤ᠂ ᠬᠠᠮᠳᠦ ᠨᠡᠶᠢᠳᠡ ᠪᠠᠨ ᠬᠠᠶᠢᠷᠠᠯᠠᠬᠤ᠂ ᠬᠠᠷᠠᠮ ᠦᠭᠡᠢ ᠵᠤᠷᠢᠭᠤᠯᠬᠤ ᠵᠤᠷᠢᠭ ᠰᠠᠨᠠᠭ᠎ᠠ ᠶᠢ ᠬᠦᠨᠵᠡᠭᠡᠢ ᠤᠶᠢᠯᠠᠭᠠᠭᠤᠯᠵᠦ᠂ ᠠᠮᠢᠳᠤ ᠪᠤᠳᠠᠳᠠᠢ ᠬᠤᠪᠢᠰᠬᠠᠯᠳᠦ ᠬᠦᠮᠦᠵᠢᠯ ᠤᠨ ᠬᠢᠴᠢᠶᠡᠯ ᠪᠤᠯᠤᠭᠰᠠᠭᠠᠷ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号