2024 ᠣᠨ ᠳᠤ ᠥᠪᠥᠷ ᠮᠣᠩᠭᠤᠯ ᠤᠶᠤᠲᠠᠳ ᠤᠨ ᠬᠥᠳᠡᠭᠡ ᠲᠣᠰᠬᠤᠨ ᠤ ᠡᠮᠴᠢ ᠶᠢᠨ ᠲᠤᠰᠬᠠᠶ  ᠲᠥᠯᠥᠪᠯᠡᠭᠡ ᠪᠠᠷ 245 ᠬᠥᠮᠦᠨ ᠡᠯᠰᠡᠨ᠎ᠡ
ᠨᠡᠶᠢᠲᠡᠯᠡᠭᠰᠡᠨ ᠴᠠᠭ᠄
2024/3/12
      ᠬᠥᠳᠡᠭᠡ ᠲᠣᠰᠬᠤᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢᠨ ᠶᠠᠰᠤ ᠴᠢᠨᠠᠷ ᠴᠢᠨᠠᠬᠰᠢᠳᠠ  ᠳᠡᠭᠡᠭᠰᠢᠯᠡᠭᠦᠯᠬᠦ ᠶᠢᠨ ᠲᠤᠰᠠᠳᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 5 ᠰᠠᠯᠠᠭ᠎ᠠ  ᠮᠥᠴᠢᠷ ᠤᠨ ︽ᠤᠶᠤᠲᠠᠳ ᠤᠨ ᠬᠥᠳᠡᠭᠡ ᠲᠣᠰᠬᠤᠨ ᠤ ᠡᠮᠴᠢ ᠶᠢᠨ ᠲᠤᠰᠬᠠᠶ ᠲᠥᠯᠥᠪᠯᠡᠭᠡ ᠶᠢ ᠬᠡᠷᠡᠭᠵᠢᠭᠦᠯᠬᠦ  ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ︽ᠠᠵᠢᠯ ᠦᠢᠯᠡᠰ ᠤᠨ ᠨᠢᠭᠡᠴᠡ ᠶᠢᠨ ᠢᠯᠡ ᠪᠠᠷ  ᠠᠵᠢᠯᠲᠠᠨ ᠡᠯᠰᠡᠬᠦ ᠲᠦᠷ ᠬᠡᠷᠡᠭᠵᠢᠭᠦᠯᠬᠦ ᠲᠣᠭᠲᠠᠭᠠᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ  ᠣᠷᠣᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠠᠷᠭ᠎ᠠ︾ ᠶᠢᠨ ᠬᠤᠯᠪᠣᠭᠳᠠᠯ ᠪᠥᠬᠦᠶ  ᠲᠣᠭᠲᠠᠭᠠᠯ ᠢ ᠦᠨᠳᠦᠰᠦᠯᠡᠨ᠂ ᠰᠤᠳᠤᠯᠤᠨ ᠰᠢᠨᠵᠢᠯᠡᠬᠦ ᠪᠠᠷ ᠲᠠᠮᠵᠢᠭᠠᠳ 2024 ᠣᠨ ᠤ ᠥᠪᠥᠷ ᠮᠣᠩᠭᠤᠯ ᠤᠨ  ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ᠬᠥᠳᠡᠭᠡ ᠲᠣᠰᠬᠤᠨ ᠤ ᠡᠮᠴᠢ ᠶᠢᠨ ᠲᠤᠰᠬᠠᠶ ᠲᠥᠯᠥᠪᠯᠡᠭᠡ ᠶᠢᠨ  ᠠᠵᠢᠯᠲᠠᠨ ᠡᠯᠰᠡᠬᠦ ᠠᠵᠢᠯ ᠢ ᠵᠤᠬᠢᠶᠠᠨ ᠪᠠᠶᠢᠭᠤᠯᠵᠤ ᠬᠡᠷᠡᠭᠵᠢᠭᠦᠯᠬᠦ ᠪᠠᠷ ᠲᠣᠭᠲᠠᠪᠠ᠃        ᠢᠯᠡ ᠪᠠᠷ᠂ ᠡᠷᠬᠡ ᠲᠡᠭᠰᠢ ᠥᠷᠢᠰᠥᠯᠳᠦᠵᠦ᠂ ᠰᠢᠯᠢᠳᠡᠭ ᠢ ᠨᠢ ᠰᠣᠩᠭᠤᠬᠤ ᠵᠠᠷᠴᠢᠮ ᠤᠨ ᠶᠣᠰᠣᠭᠠᠷ᠂ ᠲᠤᠰ  ᠤᠳᠠᠭᠠᠨ ᠤ ᠨᠡᠶᠢᠭᠡᠮ ᠳᠤ ᠬᠠᠨᠳᠤᠭᠤᠯᠤᠨ ᠢᠯᠡ ᠪᠠᠷ ᠤᠷᠢᠬᠤ ᠠᠵᠢᠯ ᠤᠨ ᠪᠠᠶᠢᠷᠢ ᠳᠤ ᠬᠥᠬᠡᠬᠤᠲᠠ᠂ ᠪᠤᠭᠤᠲᠤ  ᠬᠤᠲᠠ᠂ ᠬᠢᠩᠭᠠᠨ ᠠᠶᠢᠮᠠᠭ᠂ ᠤᠯᠠᠭᠠᠨᠴᠠᠪ ᠬᠤᠲᠠ᠂ ᠣᠷᠳᠣᠰ ᠬᠤᠳᠠ᠂ ᠪᠠᠶᠠᠨᠨᠠᠭᠤᠷ ᠬᠤᠲᠠ᠂ ᠠᠯᠠᠱᠠ ᠠᠶᠢᠮᠠᠭ  ᠵᠡᠷᠭᠡ 7 ᠠᠶᠢᠮᠠᠭ ᠬᠤᠲᠠ ᠶᠢᠨ 19 ᠬᠤᠰᠢᠭᠤ ᠰᠢᠶᠠᠨ ︵ᠬᠤᠲᠠ᠂ ᠲᠣᠭᠤᠷᠢᠭ︶ ᠤ 245 ᠭᠠᠴᠠᠭ᠎ᠠ  ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠪᠠᠶᠢᠬᠤ ᠪᠦᠭᠡᠳ ᠨᠡᠶᠢᠲᠡ 245 ᠬᠥᠮᠦᠨ ᠡᠯᠰᠡᠬᠦ ᠪᠤᠯᠤᠨ᠎ᠠ᠃         ᠰᠦᠯᠵᠢᠶᠡᠨ ᠳᠡᠭᠡᠷ᠎ᠡ ᠨᠡᠷ᠎ᠡ ᠮᠡᠳᠡᠬᠦᠯᠦᠨ᠎ᠡ᠂ ᠨᠡᠷ᠎ᠡ ᠮᠡᠳᠡᠭᠦᠯᠬᠦ ᠰᠦᠯᠵᠢᠶ᠎ᠡ ᠨᠢ ᠥᠪᠥᠷ ᠮᠣᠩᠭᠤᠯ ᠤᠨ  ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵ᠰᠦᠯᠵᠢᠶᠡᠨ ᠤ ᠬᠠᠶ᠋ᠢᠭ᠄ http᠄  / / www .impta . com . cn︶ ᠨᠡᠷ᠎ᠡ ᠮᠡᠳᠡᠭᠦᠯᠬᠦ ᠴᠠᠭ᠄ 2024 ᠣᠨ ᠤ 3 ᠰᠠᠷ᠎ᠠ ᠶᠢᠨ 10 ᠤ  ᠡᠳᠦᠷ ᠤᠨ 9᠄ 00 ᠴᠠᠭ ᠠᠴᠠ 3 ᠰᠠᠷ᠎ᠠ ᠶᠢᠨ 15 ᠤ ᠡᠳᠦᠷ ᠤᠨ 17᠄ 00 ᠴᠠᠭ ᠪᠣᠯᠲᠠᠯ᠎ᠠ᠃           ᠤᠷᠢᠬᠳᠠᠬᠰᠠᠨ ᠬᠥᠮᠦᠨ ᠨᠢᠭᠡᠪᠦᠷᠢ ᠵᠦᠪᠭᠡᠨ ᠨᠢᠭᠡ ᠯᠡ ᠠᠵᠢᠯ ᠤᠨ ᠪᠠᠶᠢᠷᠢ ᠶᠢ ᠰᠣᠩᠭᠤᠵᠦ ᠪᠣᠯᠤᠨ᠎ᠠ᠂ ᠨᠡᠷ᠎ᠡ  ᠮᠡᠳᠡᠭᠦᠯᠬᠦ ᠦᠶ᠎ᠡ ᠳᠤ᠂ ᠤᠷᠢᠭᠳᠠᠬᠰᠠᠨ ᠬᠥᠮᠦᠨ ᠨᠢ ᠤᠷᠢᠳ ᠢᠶᠠᠷ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ︽  ᠰᠢᠯᠭᠠᠭᠤᠯᠤᠭᠴᠢ ᠶᠢᠨ ᠦᠨᠡᠨᠴᠢ ᠢᠲᠡᠭᠡᠮᠵᠢ ᠶᠢᠨ ᠠᠮᠠᠯᠠᠯᠲᠠ ᠶᠢᠨ ᠪᠢᠴᠢᠭ︾ ᠳᠡᠭᠡᠷ᠎ᠡ ᠭᠠᠷ ᠤᠨ ᠥᠰᠥᠭ ᠵᠢᠷᠤᠬᠤ  ᠬᠡᠷᠡᠭᠲᠡᠶ᠃   
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号