ᠦᠷᠭᠡᠨ ᠤᠯᠠᠨ ᠮᠠᠯᠴᠢᠨ ᠲᠦᠮᠡᠨ ᠳᠤ᠄ | ᠨᠤᠳᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠢ ᠤᠯᠠᠮ ᠨᠢᠭᠡ ᠠᠯᠬᠤᠮ ᠰᠢᠨᠵᠢᠯᠡᠬᠦ ᠤᠬᠠᠭᠠᠨᠴᠢ | ᠪᠠᠷ ᠵᠦᠢ ᠵᠤᠬᠢᠰᠳᠡᠢ ᠬᠠᠮᠠᠭᠠᠯᠠᠨ ᠠᠰᠢᠭᠯᠠᠬᠤ ᠶᠢᠨ ᠲᠤᠰᠠᠳᠠ᠂ ︽ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ | ᠤ ᠭᠤᠷᠪᠠᠳᠤᠭᠠᠷ ᠡᠭᠡᠯᠵᠢ ᠶᠢᠨ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ | ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠲᠦᠰᠦᠯ ︵2021 —2025︶︾ ᠤᠨ ᠱᠠᠭᠠᠷᠳᠠᠯᠭ᠎ᠠ ᠶᠤᠰᠤᠭᠠᠷ | ᠂ ᠮᠠᠨ ᠤ ᠬᠤᠰᠢᠭᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠠ ᠶᠢᠨ ᠬᠤᠭᠤᠴᠠᠭᠠᠨ ᠳᠠᠬᠢ ᠪᠡᠯᠴᠢᠭᠡᠷᠯᠡᠭᠦᠯᠬᠦ | ᠶᠢ ᠲᠦᠷ ᠵᠤᠭᠰᠤᠭᠠᠬᠤ ᠠᠵᠢᠯ ᠢ ᠦᠷᠭᠦᠯᠵᠢᠯᠡᠨ ᠬᠡᠷᠡᠭᠵᠢᠭᠦᠯᠦᠨ᠎ᠡ᠂ ᠡᠳᠦᠭᠡ ᠬᠤᠯᠪᠤᠭᠳᠠᠯ ᠪᠦᠬᠦᠢ ᠵᠦᠢᠯᠡᠰ ᠢ | ᠲᠤᠤᠷ᠎ᠠ ᠵᠠᠷᠯᠠᠶ᠎ᠠ᠄ | ᠨᠢᠭᠡ᠂ ᠪᠡᠯᠴᠢᠭᠡᠷ ᠰᠡᠷᠭᠦᠭᠡᠬᠦ ᠴᠠᠭ ᠬᠤᠭᠤᠴᠠᠭ᠎ᠠ | ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ | ᠪᠠ ᠪᠡᠯᠴᠢᠭᠡᠷᠯᠡᠭᠦᠯᠬᠦ ᠶᠢ ᠵᠤᠭᠰᠤᠭᠠᠵᠦ ᠪᠡᠯᠴᠢᠭᠡᠷ ᠰᠡᠷᠭᠦᠭᠡᠬᠦ ᠲᠦᠷᠢᠮ﹈ ᠪᠠ ︽ᠲᠠᠷᠬᠠᠨ ᠮᠤᠤᠮᠢᠩᠭᠠᠨ ᠬᠤᠯᠪᠤᠭᠠᠳᠦ | ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ | ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠲᠦᠰᠦᠯ ︵2021 —2025︶︾ ᠢ | ᠬᠡᠷᠡᠭᠵᠢᠭᠦᠯᠬᠦ ᠶᠢᠨ ᠬᠠᠮᠳᠦ᠂ ᠮᠠᠨ ᠤ ᠬᠤᠰᠢᠭᠤᠨ ᠤ ᠪᠡᠯᠴᠢᠭᠡᠷ ᠤᠨ ᠲᠦᠷᠦᠯ ᠬᠡᠯᠪᠡᠷᠢ᠂ ᠪᠤᠷᠤᠭᠠᠨ ᠤ ᠬᠡᠮᠵᠢᠶ᠎ᠡ᠂ | ᠠᠭᠠᠷ ᠤᠨ ᠲᠤᠯᠠᠭᠠᠨ ᠵᠢᠴᠢ ᠨᠤᠳᠤᠭ ᠪᠡᠯᠴᠢᠭᠡᠷ ᠤᠨ ᠤᠷᠭᠤᠯᠳᠠ ᠶᠢᠨ ᠤᠨᠴᠠᠯᠢᠭ ᠲᠠᠢ ᠤᠶᠠᠯᠳᠤᠭᠤᠯᠤᠨ᠂ ᠬᠠᠪᠤᠷ | ᠤᠨ ᠤᠯᠠᠷᠢᠯ ᠤᠨ ᠡᠪᠡᠰᠦᠨ ᠤ ᠤᠷᠭᠤᠯᠳᠠ ᠶᠢᠨ ᠬᠤᠭᠤᠴᠠᠭᠠᠨ ᠳᠠᠬᠢ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ | ᠴᠠᠭ ᠢ4 ᠰᠠᠷ᠎ᠠ ᠶᠢᠨ5 ᠤ ᠡᠳᠦᠷ ᠠᠴᠠ5 ᠰᠠᠷ᠎ᠠ ᠶᠢᠨ20 ᠤ ᠡᠳᠦᠷ ᠪᠤᠯᠳᠠᠯ᠎ᠠ᠂ ᠨᠡᠶᠢᠳᠡ45 ᠡᠳᠦᠷ ᠢᠶᠠᠷ | ᠲᠤᠭᠳᠠᠭᠠᠪᠠ᠃ | ᠬᠤᠶᠠᠷ᠂ ᠪᠡᠯᠴᠢᠭᠡᠷ ᠰᠡᠷᠭᠦᠭᠡᠬᠦ ᠬᠦᠷᠢᠶ᠎ᠡ ᠬᠡᠪᠴᠢᠶ᠎ᠡ | ᠪᠡᠯᠴᠢᠭᠡᠷᠯᠡᠬᠦᠯᠬᠦ ᠶᠢ ᠲᠦᠷ ᠵᠤᠭᠰᠤᠭᠠᠬᠤ ᠬᠤᠭᠤᠴᠠᠭᠠᠨ ᠳᠤ᠂ ᠲᠠᠷᠬᠠᠨ ᠮᠤᠤᠮᠢᠩᠭᠠᠨ ᠬᠤᠯᠪᠤᠭᠠᠳᠦ | ᠬᠤᠰᠢᠭᠤᠨ ᠤ ᠪᠠᠶᠢᠭᠠᠯᠢ ᠶᠢᠨ ᠪᠡᠯᠴᠢᠭᠡᠷ ᠤᠨ ᠪᠦᠬᠦ ᠬᠡᠪᠴᠢᠶᠡᠨ ᠳᠤ ᠬᠠᠰᠢᠶᠠᠯᠠᠨ ᠲᠡᠵᠢᠭᠡᠬᠦ ᠶᠢ ᠬᠡᠷᠡᠭᠵᠢᠭᠦᠯᠦᠨ᠎ᠡ᠃ | ᠭᠤᠷᠪᠠ᠂ ᠬᠠᠮᠢᠶ᠎ᠠ ᠪᠦᠬᠦᠢ ᠱᠠᠭᠠᠷᠳᠠᠯᠭ᠎ᠠ | ︵ᠨᠢᠭᠡ︶ ᠪᠡᠯᠴᠢᠭᠡᠷᠯᠡᠬᠦᠯᠬᠦ ᠶᠢ ᠲᠦᠷ ᠵᠤᠭᠰᠤᠭᠠᠬᠤ ᠬᠤᠭᠤᠴᠠᠭᠠᠨ ᠳᠤ ᠪᠦᠬᠦ ᠬᠤᠰᠢᠭᠤᠨ ᠤ ᠪᠡᠯᠴᠢᠭᠡᠷ | ᠲᠤ ᠪᠡᠯᠴᠢᠭᠡᠷᠯᠡᠬᠦᠯᠬᠦ ᠶᠢ ᠪᠦᠬᠦ ᠲᠠᠯ᠎ᠠ ᠪᠠᠷ ᠴᠠᠭᠠᠵᠠᠯᠠᠵᠦ᠂ ᠮᠠᠯᠴᠢᠨ ᠲᠠᠷᠢᠶᠠᠴᠢᠨ ᠡᠷᠦᠬᠡ ᠡᠯ᠎ᠡ ᠲᠦᠷᠦᠯ ᠤᠨ | ᠪᠡᠯᠡᠳᠭᠡᠯ ᠠᠵᠢᠯ ᠢ ᠤᠷᠢᠳᠴᠢᠯᠠᠨ ᠰᠠᠶᠢᠳᠤᠷ ᠬᠢᠵᠦ᠂ ᠤᠰᠤᠯᠠᠬᠤ᠂ ᠲᠡᠵᠢᠭᠡᠬᠦ ᠪᠠᠷ ᠰᠢᠯᠳᠠᠭ ᠪᠤᠯᠭᠠᠵᠦ ᠮᠠᠯᠵᠢᠬᠤ | ᠶᠢ ᠴᠢᠩᠭ᠎ᠠ ᠴᠠᠭᠠᠵᠠᠯᠠᠵᠦ᠂ ᠬᠤᠰᠢᠭᠤ᠂ ᠰᠤᠮᠤ ᠰᠢᠶᠠᠩ ᠪᠠᠯᠭᠠᠰᠦ᠂ ᠭᠠᠴᠠᠭ᠎ᠠ ᠲᠤᠰᠬᠤᠨ ᠭᠤᠷᠪᠠᠨ ᠱᠠᠳᠤᠨ ᠤ | ᠬᠢᠨᠠᠯᠳᠠ ᠬᠠᠮᠢᠶᠠᠷᠤᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠳᠡᠢ᠃ | ︵ᠬᠤᠶᠠᠷ︶ ᠡᠯ᠎ᠡ ᠰᠤᠯᠤ ᠰᠢᠶᠠᠩ ᠪᠠᠯᠭᠠᠰᠣ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ | ᠭᠠᠴᠠᠭ᠎ᠠ ᠲᠤᠰᠬᠤᠨ ᠤ ᠬᠤᠶᠠᠷ ᠵᠦᠪᠯᠡᠯ ᠭᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ | ᠂ ᠮᠠᠯ ᠢ ᠪᠦᠬᠦᠨ ᠢ ᠬᠠᠰᠢᠶᠠᠯᠠᠨ ᠲᠡᠵᠢᠭᠡᠬᠦ ᠳᠤ ᠬᠢᠨᠠᠯᠳᠠ ᠲᠠᠯᠪᠢᠬᠤ ᠬᠡᠷᠡᠭᠳᠡᠢ᠃ ᠬᠤᠰᠢᠭᠤᠨ ᠤ ᠤᠢ ᠰᠢᠭᠦᠢ ᠪᠠ | ᠨᠤᠳᠤᠭ ᠪᠡᠯᠴᠢᠭᠡᠷ ᠤᠨ ᠲᠤᠪᠴᠢᠶ᠎ᠠ ᠠᠴᠠ ᠵᠢᠭᠠᠨ ᠵᠢᠯᠤᠭᠤᠳᠴᠦ ᠬᠢᠨᠠᠯᠳᠠ ᠲᠠᠯᠪᠢᠬᠤ ᠪᠠᠨ ᠴᠢᠩᠭᠠᠳᠬᠠᠵᠦ᠂ | ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠮᠠᠯᠵᠢᠬᠤ ᠶᠢ ᠲᠦᠷ ᠵᠤᠭᠰᠤᠭᠠᠵᠦ ᠪᠡᠯᠴᠢᠭᠡᠷ | ᠰᠡᠷᠭᠦᠭᠡᠬᠦ ᠤᠬᠠᠭᠤᠯᠭ᠎ᠠ ᠵᠡᠷᠭᠡ ᠠᠵᠢᠯ ᠢ ᠰᠠᠶᠢᠳᠤᠷ ᠬᠢᠬᠦ ᠬᠡᠷᠡᠭᠳᠡᠢ᠃ ᠡᠯ᠎ᠡ ᠰᠤᠮᠤ ᠰᠢᠶᠠᠩ ᠪᠠᠯᠭᠠᠰᠤ ᠶᠢᠨ ᠬᠠᠥᠯᠢ | ᠬᠡᠷᠡᠭᠵᠢᠭᠦᠯᠬᠦ ᠲᠤᠪᠴᠢᠶ᠎ᠠ ᠨᠢ ᠬᠠᠥᠯᠢ ᠬᠡᠷᠡᠭᠵᠢᠭᠦᠯᠵᠦ ᠬᠢᠨᠠᠯᠳᠠ ᠲᠠᠯᠪᠢᠬᠤ ᠡᠷᠴᠢᠮ ᠢᠶᠠᠨ ᠴᠢᠩᠭᠠᠷᠠᠭᠤᠯᠵᠦ᠂ | ᠬᠤᠯᠠᠭᠠᠶᠢᠯᠠᠨ ᠮᠠᠯᠵᠢᠬᠤ ᠦᠢᠯᠡ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠲᠤᠭᠳᠠᠭᠠᠯ ᠠᠴᠠ ᠵᠦᠷᠢᠴᠡᠨ ᠮᠠᠯ | ᠮᠠᠯᠵᠢᠬᠤ ᠠᠵᠢᠯᠯᠠᠭ᠎ᠠ ᠶᠢ ᠬᠤᠯᠪᠤᠭᠳᠠᠯ ᠪᠦᠬᠦᠢ ᠬᠠᠥᠯᠢ ᠲᠤᠭᠳᠠᠭᠠᠯ ᠶᠤᠰᠤᠭᠠᠷ ᠪᠠᠶᠢᠴᠠᠭᠠᠨ ᠰᠢᠢᠳᠪᠦᠷᠢᠯᠡᠬᠦ ᠬᠡᠷᠡᠭᠳᠡᠢ | ᠃ | ︵ᠭᠤᠷᠪᠠ︶ ᠢᠯᠡᠴᠢᠯᠡᠨ ᠮᠡᠳᠡᠭᠦᠯᠬᠦ ᠲᠦᠷᠢᠮ ᠢ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠬᠠᠥᠯᠢ | ᠬᠡᠷᠡᠭᠵᠢᠭᠦᠯᠦᠯᠳᠡ ᠳᠤ ᠬᠢᠨᠠᠯᠳᠠ ᠲᠠᠯᠪᠢᠵᠦ᠂ ᠭᠤᠤᠯ ᠴᠤᠭᠴᠠ ᠶᠢᠨ ᠬᠢᠨᠠᠯᠳᠠ᠂ ᠨᠡᠶᠢᠭᠡᠮ ᠤᠨ ᠬᠢᠨᠠᠯᠳᠠ᠂ ᠤᠯᠠᠨ | ᠲᠦᠮᠡᠨ ᠤ ᠬᠢᠨᠠᠯᠳᠠ ᠶᠢᠨ ᠬᠠᠮᠳᠦ ᠶᠢᠨ ᠬᠦᠴᠦᠨ ᠢ ᠪᠤᠢ ᠪᠤᠯᠭᠠᠵᠦ᠂ ᠲᠤᠭᠳᠠᠭᠠᠯ ᠠᠴᠠ ᠵᠦᠷᠢᠴᠡᠭᠰᠡᠨ | ᠪᠡᠯᠴᠢᠭᠡᠷᠯᠡᠬᠦᠯᠬᠦ ᠠᠵᠢᠯᠯᠠᠭ᠎ᠠ ᠶᠢ ᠢᠳᠡᠪᠬᠢᠳᠡᠢ ᠢᠯᠡᠴᠢᠯᠡᠨ ᠮᠡᠳᠡᠭᠦᠯᠦᠨ᠎ᠡ᠃ | ᠢᠯᠡᠴᠢᠯᠡᠨ ᠮᠡᠳᠡᠭᠦᠯᠬᠦ ᠤᠳᠠᠰᠤ᠄ | ᠬᠤᠰᠢᠭᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠡ᠄0472 —8423850 | ᠪᠠᠳᠤᠬᠠᠭᠠᠯᠭ᠎ᠠ ᠪᠠᠯᠭᠠᠰᠤ᠄0472 —8428394 | ᠮᠠᠨᠳᠤᠯ ᠪᠠᠯᠭᠠᠰᠤ᠄0472 —8315630 | ᠰᠢᠷᠠᠮᠦ᠋ᠷᠡᠨ ᠪᠠᠯᠭᠠᠰᠤ᠄0472 —8313101 | ᠪᠠᠶ᠋ᠬᠠᠤᠪᠤᠭ᠎ᠠ ᠰᠤᠮᠤ᠄0472 —8310006 | ᠲᠠᠷᠬᠠᠨ ᠰᠤᠮᠤ᠄ 0472 —8315393 | ᠪᠠᠶᠠᠠᠬᠤᠸᠠ ᠪᠠᠯᠭᠠᠰᠤ᠄0472 —8315274 | ᠴᠠᠭᠠᠨᠬᠠᠳᠠ ᠰᠤᠮᠤ᠄0472 —8315586 | ᠮᠢᠩᠭᠠᠨ ᠪᠠᠯᠭᠠᠰᠤ᠄0472 —8421447 | ᠦᠬᠡᠷᠬᠤᠳᠳᠤᠭ ᠪᠠᠯᠭᠠᠰᠤ᠄0472 —8312116 | ᠰᠢ ᠾᠧ ᠰᠢᠶᠠᠩ᠄0472 —8315175 | ᠰᠢᠪᠡᠷᠬᠦᠷᠢᠶ᠎ᠡ ᠪᠠᠯᠭᠠᠰᠤ᠄0472 —8311651 | ᠪᠠᠭ᠎ᠠ ᠤᠩᠭᠤᠨ ᠰᠢᠶᠠᠩ᠄0472 —8315850 | | ᠡᠭᠦᠨ ᠤ ᠲᠤᠯᠠᠳᠠ ᠤᠨᠴᠠᠭᠠᠶᠢᠯᠠᠨ ᠵᠠᠷᠯᠠᠪᠠ | ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ | 2024 ᠤᠨ ᠤ3 ᠰᠠᠷ᠎ᠠ ᠶᠢᠨ12 ᠤ ᠡᠳᠦᠷ | |