ᠥᠪᠥᠷ ᠮᠣᠩᠭᠤᠯ᠄ 2023 ᠣᠨ ᠳᠤ 3700 ᠭᠠᠷᠤᠶ ᠲᠦᠮᠡᠨ ᠰᠠᠭᠤᠷᠢ ᠮᠣᠳᠣ ᠳᠠᠷᠢᠪᠠ
ᠨᠡᠶᠢᠲᠡᠯᠡᠭᠰᠡᠨ ᠴᠠᠭ᠄
2024/3/21
      2024 ᠣᠨ ᠤ 3 ᠰᠠᠷ᠎ᠠ ᠶᠢᠨ 12 ᠤᠨ ᠡᠳᠦᠷ ᠪᠣᠯ ᠪᠥᠬᠦ ᠤᠯᠤᠰ ᠤᠨ 46 ᠳ᠋ᠤᠭᠠᠷ ᠮᠣᠳᠣ ᠳᠠᠷᠢᠬᠤ  ᠡᠳᠦᠷ ᠪᠣᠯᠤᠨ᠎ᠠ᠂ ᠥᠪᠥᠷ ᠮᠣᠩᠭᠤᠯ ᠤᠨ ᠡᠯ᠎ᠡ ᠭᠠᠵᠠᠷ ᠤᠨ ᠬᠢᠨ ᠠᠳᠠᠯᠢ ᠪᠤᠰᠤ ᠬᠡᠯᠪᠡᠷᠢ ᠪᠠᠷ ᠳᠠᠮᠵᠢᠭᠤᠯᠤᠨ ᠠᠯᠪᠠᠨ  ᠵᠢᠷᠤᠮ ᠤᠨ ᠮᠣᠳᠣ ᠲᠠᠷᠢᠬᠤ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠣᠯᠠᠨ ᠨᠡᠶᠢᠲᠡ ᠳᠤ  11 ᠣᠶᠢᠵᠢᠭᠤᠯᠵᠤ ᠨᠣᠭᠤᠭᠠᠷᠠᠭᠤᠯᠬᠤ ᠲᠥᠷᠥᠯ᠂ 9 ᠪᠤᠶᠢᠵᠢᠭᠤᠯᠤᠨ ᠬᠠᠮᠢᠶᠠᠷᠴᠤ ᠬᠠᠮᠠᠭᠠᠯᠠᠬᠤ ᠲᠥᠷᠥᠯ᠂ 36  ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠤᠨ ᠠᠯᠪᠠᠨ ᠵᠢᠷᠤᠮ ᠤᠨ ᠮᠣᠳᠣ ᠳᠠᠷᠢᠬᠤ ᠡᠭᠦᠷᠭᠡ  ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢ ᠲᠦᠭᠡᠮᠡᠯᠵᠢᠭᠦᠯᠵᠦ᠂ ᠠᠯᠪᠠᠨ ᠵᠢᠷᠤᠮ ᠤᠨ ᠮᠣᠳᠣ ᠳᠠᠷᠢᠬᠤ ᠪᠠ  ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠪᠥᠬᠦ ᠨᠡᠶᠢᠭᠡᠮ ᠢᠶᠠᠷ ᠢᠶᠠᠨ ᠬᠠᠯᠠᠮᠵᠢᠯᠠᠬᠤ᠂ ᠳᠡᠮᠵᠢᠬᠦ᠂  ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ᠥᠪᠥᠷ ᠮᠣᠩᠭᠤᠯ ᠢᠮᠠᠭᠲᠠ ᠠᠯᠪᠠᠨ  ᠵᠢᠷᠤᠮ ᠤᠨ ᠮᠣᠳᠣ ᠳᠠᠷᠢᠬᠤ ᠪᠠ ᠣᠶᠢᠵᠢᠭᠤᠯᠵᠤ ᠨᠣᠭᠤᠭᠠᠷᠠᠭᠤᠯᠬᠤ ᠠᠵᠢᠯ ᠢ ᠣᠷᠭᠠᠨᠢᠭ ᠢᠶᠠᠷ ᠤᠶᠠᠯᠳᠤᠭᠤᠯᠵᠤ᠂  ᠠᠯᠪᠠᠨ ᠵᠢᠷᠤᠮ ᠤᠨ ᠮᠣᠳᠣ ᠳᠠᠷᠢᠬᠤ ᠬᠠᠷᠢᠶ᠎ᠠ ᠭᠠᠵᠠᠷ ᠤᠨ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂  ᠣᠶᠢᠵᠢᠭᠤᠯᠵᠤ ᠨᠣᠭᠤᠭᠠᠷᠠᠭᠤᠯᠬᠤ᠂ ᠠᠷᠠᠴᠢᠯᠠᠨ ᠬᠠᠮᠢᠶᠠᠷᠴᠤ ᠬᠠᠮᠠᠭᠠᠯᠠᠬᠤ᠂ ᠳᠠᠷᠢᠬᠤ ᠠᠷᠠᠴᠢᠯᠠᠬᠤ᠂ ᠪᠠᠶᠢᠭᠠᠯᠢ ᠶᠢᠨ  ᠬᠠᠮᠠᠭᠠᠯᠠᠯᠲᠠ᠂ ᠡᠳ᠋ ᠪᠣᠳᠠᠰ ᠬᠠᠨᠳᠢᠪᠯᠠᠬᠤ᠂ ᠲᠣᠨᠤᠭ ᠲᠥᠬᠦᠭᠡᠷᠦᠮᠵᠢ ᠪᠠᠶᠢᠭᠤᠯᠬᠤ ᠵᠡᠷᠭᠡ ᠣᠯᠠᠨ ᠵᠦᠢᠯ ᠤᠨ  ᠬᠡᠯᠪᠡᠷᠢ ᠪᠠᠷ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠢ ᠥᠷᠭᠡᠨ ᠢᠶᠠᠷ ᠳᠠᠶᠢᠴᠢᠯᠠᠨ ᠪᠥᠬᠦ ᠠᠷᠠᠳ ᠢ ᠠᠯᠪᠠᠨ  ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠵᠠᠶ᠃ ᠨᠠᠮ ᠤᠨ ᠠᠷᠪᠠᠨ ᠨᠠᠢᠮᠠᠳᠤᠭᠠᠷ ᠶᠡᠭᠡ  ᠬᠤᠷᠠᠯ ᠠᠴᠠ ᠨᠠᠰᠢ᠂ ᠪᠥᠬᠦ ᠣᠷᠣᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠭᠰᠠᠨ  ᠬᠥᠮᠦᠨ ᠤ ᠲᠤᠭ᠎ᠠ ᠨᠡᠶᠢᠲᠡ 11000 ᠲᠦᠮᠡᠨ ᠬᠥᠮᠦᠨ ᠤᠳᠠᠭ᠎ᠠ ᠳᠤ ᠬᠦᠷᠴᠦ᠂ 57000 ᠲᠦᠮᠡᠨ ᠰᠠᠭᠤᠷᠢ  ᠮᠣᠳᠣ ᠲᠠᠷᠢᠪᠠ᠃ ᠵᠥᠪᠬᠡᠨ 2023 ᠣᠨ ᠳᠤ᠂ ᠪᠥᠬᠦ ᠣᠷᠣᠨ ᠤ ᠠᠯᠪᠠᠨ ᠵᠢᠷᠤᠮ ᠤᠨ ᠮᠣᠳᠣ ᠳᠠᠷᠢᠬᠤ  ᠠᠵᠢᠯᠯᠠᠭ᠎ᠠ ᠳᠤ ᠣᠷᠣᠯᠴᠠᠭᠰᠠᠨ ᠬᠥᠮᠦᠨ 930 ᠭᠠᠷᠤᠶ ᠲᠦᠮᠡ ᠳᠤ ᠬᠦᠷᠴᠦ᠂ ᠨᠡᠶᠢᠲᠡ 3700 ᠲᠦᠮᠡᠨ  ᠰᠠᠭᠤᠷᠢ ᠮᠤᠳᠤ ᠲᠠᠷᠢᠵᠤ᠂ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠢ 124 ᠰᠢᠨ᠎ᠡ ᠪᠠᠷ  ᠪᠠᠶᠢᠭᠤᠯᠤᠭᠰᠠᠨ ᠪᠤᠶᠤ ᠥᠷᠭᠡᠳᠬᠡᠨ ᠪᠠᠶᠢᠭᠤᠯᠤᠭᠰᠠᠨ ᠪᠠᠶᠢᠨ᠎ᠠ᠃ ᠪᠥᠬᠦ ᠠᠷᠠᠳ ᠤᠨ ᠡᠭᠦᠷᠭᠡ ᠬᠠᠷᠢᠭᠤᠴᠠᠯᠭ᠎ᠠ ᠪᠠᠨ  ᠭᠦᠢᠴᠡᠳᠬᠡᠬᠦ ᠣᠯᠠᠨ ᠶᠠᠩᠵᠤ ᠶᠢᠨ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠡᠨᠡ ᠵᠢᠯ᠂ ᠥᠪᠥᠷ ᠮᠣᠩᠭᠤᠯ ︽  ᠢᠨᠲ᠋ᠧᠷ ᠰᠦᠯᠵᠢᠶ᠎ᠡ + ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ︾ ᠶᠢ ᠢᠳᠡᠪᠬᠢᠲᠡᠶ  ᠠᠬᠢᠭᠤᠯᠵᠤ᠂ ᠣᠳᠣᠬᠠᠨ ᠳᠤ ᠨᠢᠭᠡᠨᠲᠡ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠰᠦᠯᠵᠢᠶᠡᠨ  ᠳᠡᠭᠡᠷᠡᠬᠢ 80 ᠭᠠᠷᠤᠶ ᠬᠥᠳᠡᠯᠮᠦᠷᠢ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠲᠥᠷᠥᠯ ᠢ ᠪᠡᠶᠡᠯᠡᠭᠦᠯᠵᠦ᠂ ᠪᠣᠶ  ᠪᠥᠬᠦᠶ ᠨᠠᠰᠤᠨ ᠳᠤ ᠬᠦᠷᠦᠭᠰᠡᠨ ᠠᠷᠠᠳ ᠢᠷᠭᠡᠳ ᠴᠥᠮ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ  ᠰᠦᠯᠵᠢᠶ᠎ᠡ ᠪᠠᠷ ᠳᠡᠮᠵᠢᠨ ᠨᠡᠷ᠎ᠡ ᠮᠡᠳᠡᠭᠦᠯᠦᠨ ᠣᠷᠣᠯᠴᠠᠵᠤ᠂ ︽ᠪᠥᠬᠦ ᠵᠢᠯ ᠳᠤ ᠬᠠᠷᠢᠭᠤᠴᠠᠯᠭ᠎ᠠ ᠪᠠᠨ ᠭᠦᠢᠴᠡᠳᠬᠡᠬᠦ᠂  ᠣᠯᠠᠨ ᠶᠠᠩᠵᠤ ᠶᠢᠨ ᠬᠠᠷᠢᠭᠤᠴᠠᠯᠭ᠎ᠠ ᠪᠠᠨ ᠭᠦᠢᠴᠡᠳᠬᠡᠬᠦ᠂ ᠲᠥᠬᠦᠮ ᠦᠵᠡᠭᠦᠯᠵᠦ ᠬᠠᠷᠢᠭᠤᠴᠠᠯᠭ᠎ᠠ ᠪᠠᠨ  ᠭᠦᠢᠴᠡᠳᠬᠡᠬᠦ︾ ᠶᠢ ᠪᠡᠶᠡᠯᠡᠭᠦᠯᠵᠦ᠂ 2024 ᠣᠨ ᠳᠤ᠂ ᠪᠥᠬᠦ ᠣᠷᠣᠨ ᠳᠤ 3000 ᠲᠦᠮᠡᠨ ᠰᠠᠭᠤᠷᠢ ᠮᠤᠳᠤ  ᠲᠠᠷᠢᠬᠤ ᠶᠢ ᠪᠡᠶᠡᠯᠡᠭᠦᠯᠬᠦ ᠪᠠᠷ ᠲᠥᠯᠥᠪᠯᠡᠵᠦ᠂ ᠤᠮᠠᠷᠠᠲᠤ ᠶᠢᠨ ᠭᠤᠷᠪᠠᠨ ᠤᠷᠤᠨ ᠤ ᠢᠨᠵᠧᠨᠧᠷᠢᠩ ᠤᠨ  ᠰᠢᠪᠲᠤᠯᠤᠯᠲᠠ ᠶᠢᠨ ᠳᠠᠶᠢᠯᠠᠯᠳᠤᠭᠠᠨ ᠪᠠ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠶ ᠳᠠᠶᠢᠯᠠᠯᠳᠤᠭᠠᠨ ᠢ ᠰᠠᠶᠢᠲᠤᠷ  ᠬᠢᠨ᠎ᠡ᠃   
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号