ᠤᠮᠠᠷᠠᠳᠦ ᠬᠢᠯᠢ ᠶᠢᠨ ᠰᠤᠶᠤᠯ ᠰᠢᠷᠢᠰ ᠨᠡᠪᠳᠡᠷᠡᠭᠦᠯᠭᠡ — ᠮᠤᠩᠭᠤᠯ ᠮᠤᠷᠢᠨ ᠤ ᠵᠤᠷᠢᠭ ᠰᠠᠨᠠᠭ᠎ᠠ ᠵᠢᠴᠢ ᠠᠳᠤᠭᠤᠨ ᠰᠤᠶᠤᠯ ᠤᠨ ᠦᠵᠡᠭᠦᠯᠦᠯᠭᠡ ᠶᠢᠨ ᠲᠢᠩᠭᠢᠮ
ᠨᠡᠶᠢᠲᠡᠯᠡᠭᠰᠡᠨ ᠴᠠᠭ᠄
2024/3/22
     ᠮᠤᠷᠢ ᠪᠤᠯ ᠬᠦᠮᠦᠨ ᠲᠦᠷᠦᠯᠬᠢᠳᠡᠨ ᠤ ᠪᠤᠯᠪᠠᠰᠤᠨ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠤᠬᠠᠭᠠᠨᠳᠦ ᠠᠮᠢᠳᠠᠨ᠂ ᠮᠤᠷᠢ ᠨᠢ ᠨᠡᠶᠢᠭᠡᠮ ᠲᠡᠥᠬᠡ ᠶᠢᠨ ᠬᠦᠭᠵᠢᠯᠳᠡ ᠶᠢ ᠲᠠᠰᠤᠷᠠᠯᠳᠠ ᠦᠭᠡᠢ ᠲᠦᠯᠬᠢᠨ ᠠᠬᠢᠭᠤᠯᠵᠦ᠂ ᠬᠦᠮᠦᠨ ᠲᠦᠷᠦᠯᠬᠢᠳᠡᠨ ᠤ ᠨᠡᠶᠢᠭᠡᠮ ᠤᠨ ᠬᠦᠭᠵᠢᠯᠳᠡ ᠳᠤ ᠪᠠᠯᠠᠷᠠᠰᠢ ᠦᠭᠡᠢ ᠦᠢᠯᠡᠳᠦᠯ ᠦᠵᠡᠭᠦᠯᠦᠭᠰᠡᠨ ᠪᠢᠯᠡ᠃ ᠡᠭᠦᠨ ᠤ ᠲᠤᠳᠤᠷ᠎ᠠ ᠮᠤᠩᠭᠤᠯ ᠮᠤᠷᠢ ᠨᠢ ᠪᠡᠶ᠎ᠡ ᠪᠢᠯᠳᠠᠷ ᠢᠶᠠᠷ ᠬᠦᠳᠡᠷ ᠴᠢᠬᠢᠷᠠᠭ᠂ ᠲᠦᠷᠪᠡᠨ ᠮᠦᠴᠢ ᠨᠢ ᠬᠦᠴᠦ ᠲᠤᠷᠪᠢᠳᠠᠢ᠂ ᠪᠤᠯᠴᠢᠩ ᠰᠢᠷᠪᠤᠰᠦ ᠨᠢ ᠬᠦᠭᠵᠢᠭᠰᠡᠨ ᠪᠠᠶᠢᠳᠠᠭ ᠪᠦᠭᠡᠳ ᠦᠯ ᠲᠠᠭᠠᠳᠠᠭ᠂ ᠲᠡᠰᠪᠦᠷᠢ ᠬᠠᠳᠠᠭᠤᠵᠢᠯᠳᠠᠢ᠂ ᠵᠤᠪᠠᠭᠤᠷᠢ ᠵᠦᠳᠡᠭᠦᠷᠢ ᠶᠢ ᠲᠡᠰᠪᠦᠷᠢᠯᠡᠬᠦ ᠡᠷᠡᠰ ᠬᠠᠳᠠᠨ ᠵᠠᠩ ᠴᠢᠨᠠᠷ ᠪᠠ ᠪᠤᠴᠠᠯᠳᠠ ᠦᠭᠡᠢ ᠤᠷᠤᠭᠰᠢᠯᠠᠬᠤ ᠵᠤᠷᠢᠭ ᠰᠦᠰᠦ ᠲᠠᠢ ᠪᠠᠶᠢᠳᠠᠭ᠃ ᠡᠨᠡᠬᠦ ᠵᠤᠷᠢᠭ ᠰᠠᠨᠠᠭ᠎ᠠ ᠨᠢ ᠲᠠᠯ᠎ᠠ ᠨᠤᠳᠤᠭ ᠤᠨ ᠪᠤᠯᠪᠠᠰᠤᠨ ᠪᠤᠯᠤᠨ ᠲᠠᠷᠢᠶᠠᠯᠠᠬᠤ ᠪᠤᠯᠪᠠᠰᠤᠨ ᠤ ᠰᠤᠯᠢᠯᠴᠠᠭ᠎ᠠ ᠠᠭᠤᠰᠤᠯᠴᠠᠯ ᠤᠨ ᠲᠡᠥᠬᠡᠨ ᠦᠢᠯᠡᠳᠦᠯᠴᠡᠯ ᠤᠨ ᠲᠤᠮᠳᠠ ᠪᠤᠢ ᠪᠤᠯᠵᠦ᠂ ᠲᠤᠮᠳᠠᠳᠦ ᠶᠢᠨ ᠦᠨᠳᠦᠰᠦᠳᠡᠨ ᠤ ᠴᠢᠬᠤᠯᠠ ᠵᠤᠷᠢᠭ ᠰᠠᠨᠠᠭᠠᠨ ᠤ ᠪᠦᠷᠢᠯᠳᠦᠭᠦᠨ ᠬᠡᠰᠡᠭ ᠪᠤᠯᠤᠭᠰᠠᠨ ᠪᠠᠶᠢᠨ᠎ᠠ᠃ ᠰᠢ ᠶᠢᠨ ᠫᠢᠩ ᠶᠡᠷᠦᠩᠭᠡᠢ ᠱᠦᠵᠢ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠤᠯᠠᠨ ᠤᠳᠠᠭ᠎ᠠ ᠮᠠᠭᠳᠠᠨ ᠰᠠᠶᠢᠰᠢᠶᠠᠵᠦ᠂ ᠮᠤᠩᠭᠤᠯ ᠮᠤᠷᠢᠨ ᠤ ᠬᠦᠴᠢᠷ ᠵᠤᠪᠠᠯᠠᠩ ᠢ ᠲᠡᠰᠪᠦᠷᠢᠯᠡᠨ ᠴᠤᠴᠠᠯᠳᠠ ᠦᠭᠡᠢ ᠤᠷᠤᠭᠰᠢᠯᠠᠬᠤ ᠵᠤᠷᠢᠭ ᠰᠠᠨᠠᠭ᠎ᠠ᠂ ᠵᠤᠷᠢᠯᠭ᠎ᠠ ᠳᠤ ᠪᠠᠨ ᠬᠦᠷᠬᠦ ᠦᠭᠡᠢ ᠪᠤᠯ ᠪᠤᠴᠠᠰᠢ ᠦᠭᠡᠢ ᠲᠡᠮᠡᠴᠡᠬᠦ ᠵᠤᠷᠢᠭ ᠰᠠᠨᠠᠭ᠎ᠠ ᠶᠢ ᠦᠨᠳᠦᠷ ᠦᠨᠡᠯᠡᠵᠦ᠂ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ ᠤᠷᠢᠶᠠᠯᠠᠭ᠎ᠠ  ᠶᠢ ᠲᠤᠷᠠᠳᠤᠭᠰᠠᠨ ᠪᠢᠯᠡ᠃      ᠡᠨᠡ ᠴᠠᠭ ᠤᠨ ᠤᠮᠠᠷᠠᠳᠦ ᠬᠢᠯᠢ ᠶᠢᠨ ᠰᠤᠶᠤᠯ ᠰᠢᠷᠢᠰ ᠨᠡᠪᠳᠡᠷᠡᠭᠦᠯᠬᠡ ᠪᠠᠷ ᠢᠶᠠᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠦᠽᠸᠢ ᠶᠢᠨ ︽ᠮᠤᠩᠭᠤᠯ ᠮᠤᠷᠢᠨ ᠤ ᠮᠠᠭᠳᠠᠭᠤ᠂ ᠦᠪᠦᠷ ᠮᠤᠩᠭᠤᠯ ᠤᠨ ᠠᠳᠤᠭᠤᠨ ᠰᠤᠶᠤᠯ ᠤᠨ ᠦᠵᠡᠭᠦᠯᠦᠯᠭᠡ︾ ᠶᠢᠨ ᠲᠢᠩᠭᠢᠮ ᠵᠢᠴᠢ ᠮᠤᠷᠢᠨ ᠤ ᠡᠳ᠋ᠯᠡᠯ ᠬᠡᠷᠡᠭᠰᠡᠯ ᠤᠨ ᠴᠢᠬᠤᠯᠠ ᠬᠡᠰᠡᠭ ᠪᠤᠯᠤᠭᠰᠠᠨ ᠡᠮᠡᠭᠡᠯ ᠤᠨ ᠲᠤᠬᠠᠢ ᠲᠠᠨᠢᠯᠴᠠᠭᠤᠯᠤᠨ ᠬᠦᠷᠭᠡᠶ᠎ᠡ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号