ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠲᠦᠷᠢᠮ
ᠨᠡᠶᠢᠲᠡᠯᠡᠭᠰᠡᠨ ᠴᠠᠭ᠄
2024/3/27
      ᠬᠤᠷᠢᠨ ᠲᠤᠯᠤᠳᠤᠭᠠᠷ ᠵᠦᠢᠯ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠪᠠ ᠱᠠᠩᠨᠠᠯ ᠤᠨ ᠮᠦᠩᠭᠦ ᠶᠢ ᠤᠯᠤᠰ ᠪᠠ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠭᠰᠠᠨ᠂ ᠪᠡᠯᠴᠢᠭᠡᠷᠯᠡᠬᠦᠯᠬᠦ ᠶᠢ ᠵᠤᠭᠰᠤᠭᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠨᠤᠳᠤᠭ ᠪᠡᠯᠴᠢᠭᠡᠷ ᠤᠨ ᠬᠡᠷᠡᠭᠯᠡᠭᠴᠢᠳ᠂ ᠨᠤᠳᠤᠭ ᠪᠡᠯᠴᠢᠭᠡᠷ ᠤᠨ ᠲᠠᠭᠠᠭᠠᠴᠢᠯᠠᠨ ᠡᠵᠡᠩᠨᠡᠭᠴᠢᠳ ᠲᠤ ᠴᠠᠭ ᠲᠤᠬᠠᠢ ᠳᠤᠨᠢ ᠲᠤᠭ᠎ᠠ ᠶᠤᠰᠤᠭᠠᠷ ᠤᠯᠭᠤᠬᠤ ᠬᠡᠷᠡᠭᠳᠡᠢ᠂ ᠶᠠᠮᠠᠷᠪᠠ ᠵᠤᠬᠢᠶᠠᠨ ᠪᠠᠶᠢᠭᠤᠯᠤᠯᠳᠠ ᠪᠤᠯᠤᠨ ᠬᠤᠪᠢ ᠬᠦᠮᠦᠨ ᠲᠤᠮᠳᠠ ᠠᠴᠠ ᠨᠢ ᠦᠯᠡᠳᠡᠭᠡᠬᠦ ᠪᠤᠶᠤ ᠰᠢᠯᠵᠢᠭᠦᠯᠦᠨ ᠬᠡᠷᠡᠭᠯᠡᠵᠦ ᠪᠤᠯᠬᠤ ᠦᠭᠡᠢ᠃ ᠨᠤᠳᠤᠭ ᠪᠡᠯᠴᠢᠭᠡᠷ᠎ᠡ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠪᠠ ᠱᠠᠩᠨᠠᠯ ᠤᠨ ᠮᠦᠩᠭᠦ ᠶᠢ ᠤᠯᠭᠤᠭᠰᠠᠨ ᠪᠠᠶᠢᠳᠠᠯ ᠢ ᠭᠠᠴᠠᠭ᠎ᠠ ᠲᠤᠰᠬᠤᠨ ᠢᠶᠠᠷ ᠨᠢᠭᠡᠴᠢ ᠪᠤᠯᠭᠠᠨ ᠵᠠᠷᠯᠠᠨ ᠨᠡᠶᠢᠳᠡᠯᠡᠬᠦ ᠬᠡᠷᠡᠭᠳᠡᠢ᠃      ᠬᠤᠷᠢᠨ ᠨᠠᠢᠮᠠᠳᠤᠭᠠᠷ ᠵᠦᠢᠯ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠪᠠ ᠱᠠᠩᠨᠠᠯ ᠤᠨ ᠮᠦᠩᠭᠦ ᠶᠢ ᠲᠠᠷᠬᠠᠭᠠᠬᠤ ᠳᠠᠭᠠᠨ᠂ ᠬᠦᠮᠦᠨ ᠲᠤᠮᠳᠠᠴᠢ ᠶᠢᠨ ᠨᠤᠳᠤᠭ ᠪᠡᠯᠴᠢᠭᠡᠷ ᠤᠨ ᠲᠠᠯᠠᠪᠠᠢ ᠶᠢᠨ ᠶᠡᠭᠡ ᠪᠠᠭ᠎ᠠ ᠵᠡᠷᠭᠡ ᠡᠯᠧᠮᠧᠨ᠋ᠲ ᠢ ᠶᠡᠷᠦᠩᠭᠡᠶᠢᠯᠡᠨ ᠪᠤᠳᠤᠯᠬᠢᠯᠠᠵᠦ᠂ ᠨᠦᠬᠦᠪᠦᠷᠢ ᠪᠠ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠡᠷᠬᠡ ᠲᠡᠭᠰᠢ᠂ ᠲᠦᠪ ᠭᠤᠤᠯᠴᠢ ᠴᠢᠨᠠᠷ ᠢ ᠭᠦᠢᠴᠡᠳ ᠢᠯᠡᠷᠡᠭᠦᠯᠬᠦ ᠬᠡᠷᠡᠭᠡᠢ᠃ ᠬᠦᠮᠦᠨ ᠲᠤᠮᠳᠠᠴᠢ  ᠶᠢᠨ ᠨᠤᠳᠤᠭ ᠪᠡᠯᠴᠢᠭᠡᠷ ᠤᠨ ᠲᠠᠯᠠᠪᠠᠢ ᠪᠠᠭ᠎ᠠ ᠭᠠᠵᠠᠷ ᠤᠷᠤᠨ ᠳᠤ ᠨᠦᠬᠦᠪᠦᠷᠢ ᠪᠠ ᠱᠠᠩᠨᠠᠯ ᠤᠨ ᠪᠠᠷᠢᠮᠵᠢᠶ᠎ᠠ ᠶᠢ ᠵᠤᠬᠢᠰᠳᠠᠢ ᠪᠠᠷ ᠲᠡᠭᠡᠭᠰᠢᠯᠡᠭᠦᠯᠵᠦ ᠪᠤᠯᠤᠨ᠎ᠠ᠃ ᠨᠦᠬᠦᠴᠡᠯ ᠲᠠᠢ ᠭᠠᠵᠠᠷ ᠤᠷᠤᠨ ᠨᠢ ᠨᠤᠳᠤᠭ ᠪᠡᠯᠴᠢᠭᠡᠷ ᠤᠨ ᠲᠠᠯᠠᠪᠠᠢ  ᠪᠠᠷ ᠪᠠᠭ᠎ᠠ᠂ ᠤᠷᠤᠯᠭ᠎ᠠ ᠲᠤᠤᠷ᠎ᠠ ᠮᠠᠯᠴᠢᠳ ᠲᠤ ᠲᠤᠬᠠᠢ ᠶᠢᠨ ᠭᠠᠵᠠᠷ ᠤᠷᠤᠨ ᠤ ᠨᠠᠭᠠᠳᠦ ᠵᠠᠬ᠎ᠠ ᠶᠢᠨ ᠠᠮᠢᠳᠤᠷᠠᠯ  ᠤᠨ ᠪᠠᠳᠤᠯᠠᠭ᠎ᠠ ᠶᠢᠨ ᠪᠠᠷᠢᠮᠵᠢᠶ᠎ᠠ ᠠᠴᠠ ᠲᠤᠤᠷ᠎ᠠ ᠦᠭᠡᠢ ᠪᠠᠶᠢᠬᠤ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃      ᠬᠤᠷᠢ ᠶᠢᠰᠦᠳᠦᠭᠡᠷ ᠵᠦᠢᠯ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠬᠤ ᠲᠦᠷᠢᠮ ᠢ ᠬᠡᠷᠡᠭᠵᠢᠭᠦᠯᠦᠭᠡᠳᠦᠢ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠤᠷᠤᠨ ᠳᠤ ᠪᠡᠯᠴᠢᠭᠡᠷ ᠤᠨ ᠲᠠᠭᠠᠭᠠᠴᠠ ᠠᠴᠠ ᠬᠡᠳᠦᠷᠡᠭᠦᠯᠦᠨ ᠮᠠᠯ ᠪᠡᠯᠴᠢᠭᠡᠷᠯᠡᠭᠦᠯᠦᠭᠰᠡᠨ ᠨᠤᠷᠮ᠎ᠠ ᠨᠢ10% ᠠᠴᠠ ᠲᠠᠪᠠᠭᠰᠠᠨ ᠪᠤᠶᠤ ᠪᠡᠯᠴᠢᠭᠡᠷᠯᠡᠭᠦᠯᠬᠦ ᠶᠢ ᠵᠤᠭᠰᠤᠭᠠᠭᠰᠠᠨ ᠤᠷᠤᠨ ᠳᠤ ᠬᠤᠶᠠᠷ ᠠᠴᠠ ᠲᠡᠭᠡᠭᠰᠢ ᠤᠳᠠᠭ᠎ᠠ ᠮᠠᠯ ᠪᠡᠯᠴᠢᠭᠡᠷᠯᠡᠭᠦᠯᠦᠭᠰᠡᠨ ᠪᠠᠶᠢᠪᠠᠯ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠪᠠ ᠱᠠᠩᠨᠠᠯ ᠤᠨ ᠮᠦᠩᠭᠦ ᠶᠢ ᠨᠢ ᠰᠠᠭᠤᠯᠭᠠᠨ ᠠᠪᠴᠦ ᠪᠤᠯᠤᠨ᠎ᠠ᠃ ᠪᠤᠳᠠᠳᠠᠢ ᠠᠷᠭ᠎ᠠ ᠶᠢ ᠦᠪᠡᠷᠳᠡᠭᠡᠨ ᠵᠠᠰᠠᠬᠤ ᠤᠷᠤᠨ  ᠤ ᠠᠷᠠᠳ ᠤᠨ ᠵᠠᠰᠠᠭ ᠤᠨ ᠤᠷᠳᠤᠨ ᠠᠴᠠ ᠲᠤᠭᠳᠠᠭᠠᠨ᠎ᠠ᠃      ᠭᠤᠴᠢᠳᠤᠭᠠᠷ ᠵᠦᠢᠯ ᠰᠠᠭᠤᠯᠭᠠᠨ ᠠᠪᠤᠭᠰᠠᠨ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠪᠠ ᠱᠠᠩᠨᠠᠯ ᠤᠨ ᠮᠦᠩᠭᠦ ᠶᠢ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠨᠢᠭᠡᠳᠦᠯᠳᠡᠢ ᠲᠦᠯᠦᠪᠵᠢᠭᠦᠯᠦᠨ ᠲᠤᠬᠢᠷᠠᠭᠤᠯᠵᠦ᠂ ᠨᠤᠳᠤᠭ ᠪᠡᠯᠴᠢᠭᠡᠷ ᠤᠨ ᠬᠠᠮᠠᠭᠠᠯᠠᠯᠳᠠ ᠶᠢᠨ ᠪᠦᠳᠦᠭᠡᠨ ᠪᠠᠶᠢᠭᠤᠯᠤᠯᠳᠠ ᠶᠢᠨ ᠪᠦᠳᠦᠭᠡᠨ ᠪᠠᠶᠢᠭᠤᠯᠤᠯᠳᠠ ᠳᠤ ᠲᠤᠰᠬᠠᠢ ᠬᠡᠷᠡᠭᠯᠡᠨ᠎ᠡ᠃      ᠭᠤᠴᠢᠨ ᠨᠢᠭᠡᠳᠦᠭᠡᠷ ᠵᠦᠢᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠲᠰᠬᠠᠢ ᠲᠤᠰᠢᠶᠠᠯᠳᠤ ᠪᠤᠶᠤ ᠲᠤᠰᠢᠶᠠᠯ ᠬᠠᠪᠰᠤᠷᠭᠠᠭᠰᠠᠨ ᠨᠤᠳᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠲᠤᠬᠢᠷᠠᠭᠤᠯᠵᠦ᠂ ᠬᠠᠮᠢᠶᠠᠷᠴᠦ ᠬᠠᠮᠠᠭᠠᠯᠠᠬᠤ ᠬᠠᠷᠢᠭᠤᠴᠠᠯᠭ᠎ᠠ ᠶᠢᠨ ᠤᠷᠤᠨ ᠲᠤᠭᠳᠠᠭᠠᠵᠦ᠂ ᠲᠤᠤᠷᠵᠢᠭᠤᠯᠤᠭᠰᠠᠨ ᠬᠠᠮᠢᠶᠠᠷᠤᠯᠳᠠ ᠶᠢ ᠬᠡᠷᠡᠭᠵᠢᠬᠦᠯᠬᠦ ᠬᠡᠷᠡᠭᠳᠡᠢ᠃ ᠨᠤᠳᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠲᠤᠤᠷᠠᠬᠢ ᠮᠡᠳᠦ ᠶᠢᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠭᠡᠨ᠎ᠡ᠄      ︵ᠨᠢᠭᠡ︶ ᠬᠠᠮᠢᠶᠠᠷᠴᠦ ᠬᠠᠮᠠᠭᠠᠯᠠᠬᠤ ᠤᠷᠤᠨ ᠤ ᠪᠠᠨ ᠨᠤᠳᠤᠭ ᠪᠡᠯᠴᠢᠭᠡᠷ ᠢ ᠴᠠᠭᠳᠠᠨ ᠪᠠᠶᠢᠴᠠᠭᠠᠵᠦ᠂ ᠨᠤᠳᠤᠭ ᠪᠡᠯᠴᠢᠭᠡᠷ ᠤᠨ ᠬᠡᠷᠡᠭᠯᠡᠭᠴᠢᠳ᠂ ᠨᠤᠳᠤᠭ ᠪᠡᠯᠴᠢᠭᠡᠷ ᠤᠨ ᠲᠠᠭᠠᠭᠠᠴᠢᠯᠠᠨ ᠡᠵᠡᠩᠨᠡᠭᠴᠢᠳ ᠤᠨ ᠮᠠᠯ ᠤᠨᠤᠭ᠎ᠠ  ᠶᠢᠨ ᠲᠤᠭ᠎ᠠ ᠶᠢ ᠡᠵᠡᠮᠳᠡᠨ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠲᠦᠷᠢᠮ ᠢ ᠨᠠᠶᠢᠳᠠᠪᠤᠷᠢᠵᠢᠭᠦᠯᠦᠨ᠎ᠠ᠃      ︵ᠬᠤᠶᠠᠷ︶ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠲᠦᠷᠢᠮ ᠠᠴᠠ ᠵᠦᠴᠢᠴᠡᠭᠰᠡᠨ ᠵᠢᠴᠢ ᠨᠤᠳᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠡᠪᠳᠡᠭᠰᠡᠨ ᠪᠤᠰᠤᠳ ᠬᠠᠥᠯᠢ ᠠᠴᠠ ᠵᠦᠷᠢᠴᠡᠭᠰᠡᠨ ᠠᠵᠢᠯᠯᠠᠭ᠎ᠠ ᠶᠢ ᠬᠤᠷᠢᠭᠯᠠᠵᠦ᠂ ᠢᠯᠡᠴᠢᠯᠡᠨ ᠮᠡᠳᠡᠭᠦᠯᠦᠨ᠎ᠡ᠃      ︵ᠭᠤᠷᠪᠠ︶ ᠨᠤᠳᠤᠭ ᠪᠡᠯᠴᠢᠭᠡᠷ ᠤᠨ ᠲᠦᠢᠮᠡᠷ ᠪᠤᠯᠤᠨ ᠬᠤᠯᠤᠭᠠᠨ᠎ᠠ ᠶᠢᠨ ᠬᠦᠨᠦᠭᠡᠯ᠂ ᠬᠤᠷᠤᠬᠠᠢ ᠰᠢᠪᠠᠵᠢ  ᠶᠢᠨ ᠬᠦᠨᠦᠭᠡᠯ ᠵᠡᠷᠭᠡ ᠪᠠᠶᠢᠭᠠᠯᠢ᠂ ᠠᠮᠢᠳᠤ ᠪᠤᠳᠠᠰ ᠤᠨ ᠭᠠᠮᠰᠢᠭ ᠤᠨ ᠪᠠᠶᠢᠳᠠᠯ ᠢ ᠮᠡᠳᠡᠭᠦᠯᠵᠦ ᠰᠢᠢᠳᠪᠦᠷᠢᠯᠡᠨ᠎ᠡ᠃      ︵ᠲᠦᠷᠪᠡ︶ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠨᠤᠳᠤᠭ ᠪᠡᠯᠴᠢᠭᠡᠷ ᠤᠨ ᠦᠢᠯᠡᠳᠪᠦᠷᠢᠯᠡᠯ ᠤᠨ ᠬᠦᠴᠦᠨ ᠢ ᠬᠢᠨᠠᠨ ᠬᠡᠮᠵᠢᠬᠦ ᠵᠡᠷᠭᠡ ᠨᠤᠳᠤᠭ ᠪᠡᠯᠴᠢᠭᠡᠷ ᠢ ᠬᠠᠮᠠᠭᠠᠯᠠᠵᠦ ᠬᠠᠮᠢᠶᠠᠷᠬᠤ ᠪᠤᠰᠤᠳ ᠪᠤᠳᠠᠳᠠᠢ ᠠᠵᠢᠯ ᠤᠳ ᠢ ᠦᠷᠨᠢᠭᠦᠯᠦᠨ᠎ᠡ᠃      ᠭᠤᠴᠢᠨ ᠬᠤᠶᠠᠳᠤᠭᠠᠷ ᠵᠦᠢᠯ ᠲᠤᠰ ᠲᠦᠷᠢᠮ ᠤᠨ ᠲᠤᠭᠳᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ  ᠳᠤ ᠤᠯᠤᠰ ᠤᠨ ᠬᠤᠯᠪᠤᠭᠳᠠᠯ ᠪᠦᠬᠦᠢ ᠬᠠᠥᠯᠢ ᠴᠠᠭᠠᠵᠠ᠂ ᠬᠠᠥᠯᠢ ᠲᠤᠭᠳᠠᠭᠠᠯ ᠳᠤ ᠨᠢᠭᠡᠨᠳᠡ ᠪᠤᠳᠠᠳᠠᠢ ᠰᠢᠢᠳᠭᠡᠬᠦ ᠲᠤᠭᠳᠠᠭᠠᠯ ᠲᠤᠭᠳᠠᠭᠠᠭᠰᠠᠨ ᠪᠤᠯ ᠲᠤᠭᠳᠠᠭᠠᠯ ᠶᠤᠰᠤᠭᠠᠷ ᠨᠢ ᠬᠡᠷᠡᠭᠵᠢᠭᠦᠯᠦᠨ᠎ᠡ᠃      ᠭᠤᠴᠢᠨ ᠭᠤᠷᠪᠠᠳᠤᠭᠠᠷ ᠵᠦᠢᠯ ᠲᠤᠰ ᠲᠦᠷᠢᠮ ᠤᠨ ᠠᠷᠪᠠᠨ ᠬᠤᠶᠠᠳᠤᠭᠠᠷ ᠵᠦᠢᠯ᠂ ᠬᠤᠷᠢᠨ ᠲᠦᠷᠪᠡᠳᠦᠭᠡᠷ ᠵᠦᠢᠯ ᠠᠴᠠ ᠵᠦᠷᠢᠴᠡᠵᠦ᠂ ᠲᠤᠭᠳᠠᠭᠠᠯ ᠶᠤᠰᠤᠭᠠᠷ ᠡᠪᠡᠰᠦ ᠬᠠᠳᠤᠭᠰᠠᠨ ᠦᠭᠡᠢ ᠪᠠᠶᠢᠪᠠᠯ ᠰᠤᠮᠤ ᠰᠢᠶᠠᠩ ᠪᠠᠯᠭᠠᠰᠤ  ᠶᠢᠨ ᠠᠷᠠᠳ ᠤᠨ ᠵᠠᠰᠠᠭ ᠤᠨ ᠤᠷᠳᠤᠨ ᠪᠤᠶᠤ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠮᠤ᠋ ᠪᠦᠷᠢ  ᠳᠤ200 ᠲᠦᠭᠦᠷᠢᠭ ᠠᠴᠠ ᠲᠡᠭᠡᠭᠰᠢ500 ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ᠃      ᠭᠤᠴᠢᠨ ᠲᠦᠷᠪᠡᠳᠦᠭᠡᠷ ᠵᠦᠢᠯ ᠲᠤᠰ ᠲᠦᠷᠢᠮ ᠤᠨ ᠠᠷᠪᠠᠨ ᠭᠤᠷᠪᠠᠳᠤᠭᠠᠷ ᠵᠦᠢᠯ ᠠᠴᠠ ᠵᠦᠷᠢᠴᠡᠵᠦ᠂ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠫᠠᠶᠢᠰᠠ ᠲᠡᠮᠳᠡᠭ ᠢ ᠡᠪᠳᠡᠭᠰᠡᠨ ᠪᠤᠶᠤ ᠲᠤᠷ᠎ᠠ ᠪᠠᠷ ᠰᠢᠯᠵᠢᠭᠦᠯᠦᠭᠰᠡᠨ ᠪᠠᠶᠢᠪᠠᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ ᠪᠤᠶᠤ ᠵᠠᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠥᠯᠢ ᠠᠴᠠ ᠵᠦᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠵᠦ᠂ ᠬᠤᠭᠤᠴᠠᠭ᠎ᠠ ᠲᠤᠭᠳᠠᠭᠠᠨ ᠤᠤᠯ ᠤᠨ ᠪᠠᠶᠢᠳᠠᠯ ᠢ ᠨᠢ ᠰᠡᠷᠭᠦᠭᠡᠯᠭᠡᠨ᠎ᠡ᠃ ᠲᠤᠭᠳᠠᠭᠰᠠᠨ ᠬᠤᠤᠭᠴᠠᠭ᠎ᠠ ᠲᠤᠳᠤᠷ᠎ᠠ ᠤᠤᠯ ᠪᠠᠶᠢᠳᠠᠯ ᠢ ᠨᠢ ᠰᠡᠷᠭᠦᠭᠡᠭᠰᠡᠨ ᠦᠭᠡᠢ ᠪᠤᠯ ᠡᠪᠳᠡᠭᠳᠡᠭᠰᠡᠨ ᠲᠦᠬᠦᠭᠡᠷᠦᠮᠵᠢ ᠶᠢᠨ ᠤᠤᠯ  ᠤᠨ ᠦᠨ᠎ᠡ ᠬᠠᠩᠰᠢ ᠶᠢᠨ ᠨᠢᠭᠡ ᠲᠠᠬᠢᠨ ᠠᠴᠠ ᠲᠡᠭᠡᠭᠰᠢ ᠲᠠᠪᠤᠨ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠨ᠎ᠠ       ᠭᠤᠴᠢᠨ ᠲᠠᠪᠤᠳᠤᠭᠠᠷ ᠵᠦᠢᠯ ᠲᠤᠰ ᠲᠦᠷᠢᠮ ᠤᠨ ᠠᠷᠪᠠᠨ ᠲᠤᠯᠤᠳᠤᠭᠠᠷ ᠵᠦᠢᠯ ᠠᠴᠠ ᠵᠦᠷᠢᠴᠡᠵᠦ᠂ ᠬᠢᠨᠠᠨ ᠲᠤᠭᠳᠠᠭᠠᠭᠰᠠᠨ ᠲᠤᠬᠢᠷᠠᠮᠵᠢᠳᠠᠢ ᠪᠡᠯᠴᠢᠭᠡᠷ ᠤᠨ ᠲᠠᠭᠠᠭᠠᠴᠠ ᠠᠴᠠ ᠬᠡᠳᠦᠷᠡᠭᠦᠯᠦᠨ ᠮᠠᠯ ᠪᠡᠯᠴᠢᠭᠡᠷᠯᠡᠭᠦᠯᠦᠭᠰᠡᠨ ᠪᠠᠶᠢᠪᠠᠯ ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠤᠭᠤᠴᠠᠭ᠎ᠠ ᠲᠤᠭᠳᠠᠭᠠᠨ ᠵᠠᠯᠠᠷᠠᠭᠤᠯᠤᠨ᠎ᠠ᠃ ᠲᠤᠭᠳᠠᠭᠰᠠᠨ ᠬᠤᠭᠤᠴᠠᠭᠠᠨ ᠲᠤᠳᠤᠷ᠎ᠠ ᠵᠠᠯᠠᠷᠠᠭᠤᠯᠤᠭᠰᠠᠨ ᠦᠭᠡᠢ ᠪᠤᠯ ᠪᠡᠯᠴᠢᠭᠡᠷ ᠤᠨ ᠲᠠᠭᠠᠭᠠᠴᠠ ᠠᠴᠠ ᠬᠡᠳᠦᠷᠡᠭᠦᠯᠦᠨ ᠪᠡᠯᠴᠢᠭᠡᠷᠯᠡᠭᠦᠯᠦᠭᠰᠡᠨ ᠮᠠᠯ ᠤᠨᠤᠭ᠎ᠠ  ᠳᠤ ᠬᠤᠨᠢᠴᠢᠯᠠᠭᠰᠠᠨ ᠨᠢᠭᠡᠴᠢ ᠪᠠᠷ ᠨᠢᠭᠡᠴᠢ ᠪᠦᠷᠢ100 ᠲᠦᠭᠦᠷᠢᠭ ᠢᠶᠠᠷ ᠲᠤᠷᠭᠠᠨ᠎ᠠ᠃ ᠪᠡᠯᠴᠢᠭᠡᠷᠯᠡᠭᠦᠯᠬᠦ ᠶᠢ ᠵᠤᠭᠰᠤᠭᠠᠭᠰᠠᠨ ᠤᠷᠤᠨ ᠪᠤᠶᠤ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠤ ᠮᠠᠯ ᠪᠡᠯᠴᠢᠭᠡᠷᠯᠡᠭᠦᠯᠦᠭᠰᠡᠨ ᠪᠠᠶᠢᠪᠠᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠭᠳᠠᠨ ᠵᠠᠯᠠᠷᠠᠭᠤᠯᠵᠦ᠂ ᠬᠠᠥᠯᠢ ᠠᠴᠠ ᠵᠦᠷᠢᠴᠡᠨ ᠪᠡᠯᠴᠢᠭᠡᠷᠯᠡᠭᠦᠯᠦᠭᠰᠡᠨ ᠮᠠᠯ ᠤᠨᠤᠭ᠎ᠠ ᠳᠤ ᠬᠤᠨᠢᠴᠢᠯᠠᠭᠰᠠᠨ ᠨᠢᠭᠡᠴᠢ ᠪᠠᠷ ᠨᠢᠭᠡᠴᠡ ᠪᠦᠷᠢ ᠶᠢ120 ᠲᠦᠭᠦᠷᠢᠭ ᠢᠶᠠᠷ ᠲᠤᠷᠭᠠᠨ᠎ᠠ᠃      ᠭᠤᠴᠢᠨ ᠵᠢᠷᠭᠤᠳᠤᠭᠠᠷ ᠵᠦᠢᠯ ᠲᠤᠰ ᠲᠦᠷᠢᠮ ᠤᠨ ᠬᠤᠷᠢᠨ ᠲᠤᠯᠤᠳᠤᠭᠠᠷ ᠵᠦᠢᠯ ᠠᠴᠠ ᠵᠦᠷᠢᠴᠡᠵᠦ᠂ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠪᠠ ᠱᠠᠩᠨᠠᠯ ᠤᠨ ᠮᠦᠩᠭᠦ ᠶᠢ ᠲᠤᠮᠳᠠ  ᠠᠴᠠ ᠨᠢ ᠦᠯᠡᠳᠡᠭᠡᠬᠦ ᠪᠤᠶᠤ ᠰᠢᠯᠵᠢᠭᠦᠯᠦᠨ ᠬᠡᠷᠡᠭᠯᠡᠭᠰᠡᠨ ᠪᠠᠶᠢᠪᠠᠯ᠂ ᠰᠢᠭᠤᠤᠳ ᠬᠠᠷᠢᠭᠤᠴᠠᠬᠤ ᠬᠦᠮᠦᠨ ᠪᠤᠯᠤᠨ ᠪᠤᠰᠤᠳ ᠰᠢᠭᠤᠳ ᠬᠠᠷᠢᠭᠤᠴᠠᠯᠭᠠᠳᠠᠨ ᠳᠤ ᠬᠠᠥᠯᠢ ᠶᠤᠰᠤᠭᠠᠷ ᠰᠢᠢᠳᠭᠡᠯ ᠦᠭᠭᠦᠨ᠎ᠡ᠃      ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠥᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃      ᠭᠤᠴᠢᠨ ᠲᠤᠯᠤᠳᠤᠭᠠᠷ ᠵᠦᠢᠯ ᠨᠤᠳᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠯᠤᠨ ᠪᠤᠰᠤᠳ ᠤᠯᠤᠰ ᠤᠨ ᠪᠠᠶᠢᠭᠤᠯᠭ᠎ᠠ ᠶᠢᠨ ᠠᠵᠢᠯᠳᠠᠨ ᠲᠤᠤᠷᠠᠬᠢ ᠠᠵᠢᠯᠯᠠᠭ᠎ᠠ ᠶᠢᠨ ᠨᠢᠭᠡ ᠨᠢ ᠪᠠᠶᠢᠪᠠᠯ᠂ ᠰᠢᠭᠤᠳ ᠬᠠᠷᠢᠭᠤᠴᠠᠯᠭᠠᠳᠠᠨ ᠳᠤ ᠬᠠᠥᠯᠢ ᠶᠤᠰᠤᠭᠠᠷ ᠰᠢᠢᠳᠭᠡᠯ ᠦᠭᠭᠦᠨ᠎ᠡ᠂ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠥᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃      ︵ᠨᠢᠭᠡ︶ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ  ᠢ ᠰᠡᠷᠭᠦᠭᠡᠬᠦ ᠲᠦᠷᠢᠮ ᠢ ᠬᠠᠥᠯᠢ ᠶᠤᠰᠤᠭᠠᠷ ᠬᠡᠷᠡᠭᠵᠢᠭᠦᠯᠬᠦ ᠦᠭᠡᠢ᠃      ︵ᠬᠤᠶᠠᠷ︶ ᠬᠠᠥᠯᠢ ᠠᠴᠠ ᠵᠦᠷᠢᠴᠡᠭᠰᠡᠨ ᠠᠵᠢᠯᠯᠠᠭ᠎ᠠ ᠶᠢ ᠤᠯᠵᠦ ᠮᠡᠳᠡᠭᠡᠳ ᠪᠠᠶᠢᠴᠠᠭᠠᠬᠤ ᠦᠭᠡᠢ ᠪᠤᠶᠤ ᠡᠰᠡᠭᠦᠯ᠎ᠡ ᠪᠠᠶᠢᠴᠠᠭᠠᠭᠰᠠᠨ ᠨᠢ ᠵᠤᠬᠢᠰ ᠦᠭᠡᠢ᠃      ︵ᠭᠤᠷᠪᠠ︶ ᠲᠤᠰᠢᠶᠠᠯ ᠢᠶᠠᠨ ᠭᠤᠳᠤᠭᠠᠭᠰᠠᠨ᠂ ᠡᠷᠬᠡ ᠪᠠᠨ ᠲᠤᠷ᠎ᠠ ᠪᠠᠷ ᠬᠡᠷᠡᠭᠯᠡᠭᠰᠡᠨ᠂ ᠬᠤᠪᠢ ᠪᠠᠨ ᠪᠤᠳᠤᠵᠦ ᠬᠡᠮ ᠬᠢᠭᠰᠡᠨ ᠪᠤᠰᠤᠳ ᠠᠵᠢᠯᠠᠭ᠎ᠠ᠃      ᠭᠤᠴᠢᠨ ᠨᠠᠢᠮᠠᠳᠤᠭᠠᠷ ᠵᠦᠢᠯ ᠲᠤᠰ ᠲᠦᠷᠢᠮ ᠢ2021 ᠤᠨ ᠤ10 ᠰᠠᠷ᠎ᠠ ᠶᠢᠨ1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号