ᠵᠢᠶᠠ ᠪᠤᠤ ᠯᠢᠶᠠᠩ ᠮᠢᠩᠭᠠᠨ ᠪᠠᠯᠭᠠᠰᠤᠨ ᠳᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠮᠠᠯ ᠠᠵᠦ ᠠᠬᠤᠢ ᠶᠢᠨ ᠬᠦᠭᠵᠢᠯᠳᠡ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/4
      ᠤᠶᠢᠷ᠎ᠠ ᠳᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠤᠤ ᠯᠢᠶᠠᠩ ᠮᠢᠩᠭᠠᠨ ᠪᠠᠯᠭᠠᠰᠤᠨ ᠳᠤ ᠭᠦᠨᠵᠡᠭᠡᠶᠢᠷᠡᠵᠦ ᠮᠠᠯ ᠪᠡᠯᠴᠢᠭᠡᠷ ᠢ ᠲᠡᠩᠴᠡᠭᠦᠷᠢᠳᠡᠢ ᠪᠠᠶᠢᠯᠭᠠᠬᠤ᠂ ᠤᠳᠤ ᠦᠶ᠎ᠡ ᠶᠢᠨ ᠮᠠᠯ ᠠᠵᠦ ᠠᠬᠤᠢ ᠶᠢᠨ ᠬᠦᠭᠵᠢᠯᠳᠡ ᠪᠠ ︽ᠵᠢᠯᠤᠭᠤᠴᠢ ᠶᠢᠨ ᠬᠠᠨᠢ︾ ᠦᠢᠯᠡᠴᠢᠯᠡᠭᠡᠨ ᠤ ᠪᠦᠳᠦᠭᠡᠨ ᠪᠠᠶᠢᠭᠤᠯᠤᠯᠳᠠ ᠶᠢᠨ ᠠᠵᠢᠯ ᠢ ᠪᠠᠶᠢᠴᠠᠭᠠᠨ ᠰᠤᠳᠤᠯᠪᠠ᠃      ᠵᠢᠶᠠ ᠪᠤᠤ ᠯᠢᠶᠠᠩ ᠮᠢᠩᠭᠠᠨ ᠪᠠᠯᠭᠠᠰᠤᠨ ᠤ ᠮᠠᠯᠴᠢᠳ ᠤᠨ ᠭᠡᠷ ᠵᠢᠴᠢ ᠵᠢᠷᠦᠬᠡ ᠤᠶᠤᠨᠳᠦ ᠮᠠᠯᠵᠢᠯ ᠤᠨ ᠲᠠᠯᠠᠪᠠᠢ ᠳᠤ ᠬᠦᠷᠴᠦ ᠪᠠᠶᠢᠴᠠᠭᠠᠨ ᠰᠤᠳᠤᠯᠤᠯᠳᠠ ᠬᠢᠵᠦ᠂ ᠮᠠᠯᠴᠢᠨ ᠲᠦᠮᠡᠨ ᠲᠠᠢ ᠲᠤᠳᠤᠨᠤᠰᠤᠭ ᠢᠶᠠᠷ ᠶᠠᠷᠢᠯᠴᠠᠵᠦ᠂ ᠲᠡᠳᠡᠨ ᠤ ᠪᠡᠯᠴᠢᠭᠡᠷᠯᠡᠬᠦᠯᠬᠦ ᠶᠢ ᠵᠤᠰᠤᠭᠠᠨ ᠪᠡᠯᠴᠢᠭᠡᠷ ᠢ ᠰᠡᠷᠭᠦᠭᠡᠭᠦ᠂ ᠮᠠᠯ ᠪᠡᠯᠴᠢᠭᠡᠷ ᠢ ᠲᠠᠩᠴᠡᠭᠦᠷᠢᠳᠡᠢ ᠪᠠᠶᠢᠯᠭᠠᠬᠤ ᠂ ᠮᠠᠯ ᠲᠡᠵᠢᠭᠡᠬᠦ᠂ ᠡᠪᠡᠰᠦ ᠪᠤᠷᠳᠤᠭ᠎ᠠ ᠶᠢ ᠨᠦᠬᠡᠴᠡᠯᠡᠵᠦ ᠪᠠᠶᠢᠭ᠎ᠠ ᠪᠠᠶᠢᠳᠠᠯ ᠵᠢᠴᠢ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠲᠠᠯ᠎ᠠ ᠪᠠᠷ ᠤᠷᠤᠰᠢᠵᠦ ᠪᠠᠶᠢᠭ᠎ᠠ ᠠᠰᠠᠭᠤᠳᠠᠯ ᠢ ᠨᠠᠷᠢᠨ ᠤᠶᠢᠯᠠᠭᠠᠬᠤ ᠶᠢᠨ ᠬᠠᠮᠳᠦ ᠰᠢᠶᠠᠩ ᠪᠠᠯᠭᠠᠰᠤᠨ ᠤ ᠺᠠᠳ᠋ᠷᠴᠣᠳ ᠲᠠᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠠᠷᠭ᠎ᠠ ᠶᠢ ᠰᠤᠳᠤᠯᠵᠠᠢ᠃ ᠪᠡᠯᠴᠢᠭᠡᠷᠯᠡᠭᠦᠯᠬᠦ ᠶᠢ ᠵᠤᠭᠰᠤᠭᠠᠬᠤ᠂ ᠮᠠᠯ ᠪᠡᠯᠴᠢᠭᠡᠷ ᠢ ᠲᠡᠩᠴᠡᠭᠦᠷᠢᠳᠡᠢ ᠪᠠᠶᠢᠯᠭᠠᠬᠤ ᠠᠵᠢᠯ ᠢ ᠦᠷᠭᠦᠯᠵᠢᠯᠡᠨ ᠰᠠᠶᠢᠳᠤᠷ ᠠᠳᠬᠤᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠤᠬᠢᠷᠳᠤᠯ ᠦᠭᠡᠢ ᠬᠦᠭᠵᠢᠭᠦᠯᠬᠦ ᠤᠶᠢᠯᠠᠭᠠᠭᠳᠠᠬᠤᠨ ᠢ ᠪᠠᠷᠢᠮᠳᠠᠯᠠᠵᠦ᠂ ᠲᠦᠷᠦ ᠶᠢᠨ ᠪᠤᠳᠤᠯᠭ᠎ᠠ ᠶᠢ ᠤᠬᠠᠭᠤᠯᠬᠤ ᠬᠦᠳᠦᠯᠦᠨ ᠵᠢᠯᠤᠭᠤᠳᠬᠤ ᠠᠵᠢᠯ ᠢ ᠰᠠᠶᠢᠳᠤᠷ ᠬᠢᠵᠦ᠂ ᠡᠪᠡᠰᠦ ᠪᠤᠷᠳᠤᠭ᠎ᠠ ᠬᠠᠩᠭᠠᠬᠤ ᠰᠢᠰᠲ᠋ᠧᠮ ᠢ ᠪᠦᠷᠢᠨᠰᠢᠭᠦᠯᠵᠦ᠂ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠪᠤᠯᠤᠨ ᠮᠠᠯ ᠠᠵᠦ ᠠᠬᠤᠢ ᠶᠢᠨ ᠬᠦᠭᠵᠢᠯᠳᠡ ᠶᠢᠨ ᠬᠤᠤᠰ ᠠᠮᠵᠢᠯᠳᠠ ᠶᠢ ᠤᠯᠬᠤ ᠰᠢᠨ᠎ᠡ ᠵᠠᠮ ᠢ ᠬᠠᠶᠢᠨ ᠰᠦᠪᠡᠭᠴᠢᠯᠡᠵᠦ᠂ ᠮᠠᠯ ᠠᠵᠦ ᠠᠬᠤᠢ ᠶᠢᠨ ᠪᠦᠳᠦᠴᠡ ᠶᠢᠨ ᠶᠤᠬᠢᠷᠠᠭᠤᠯᠤᠯᠳᠠ ᠪᠠ ᠡᠭᠦᠯᠳᠡᠷ ᠪᠤᠶᠢᠵᠢᠭᠤᠯᠤᠯᠳᠠ ᠶᠢ ᠴᠢᠩᠭᠠᠳᠬᠠᠨ᠂ ᠲᠡᠵᠢᠭᠡᠨ ᠦᠷᠡᠵᠢᠭᠦᠯᠦᠯᠳᠡ ᠶᠢᠨ ᠬᠡᠪᠴᠢᠶᠡᠵᠢᠯᠳᠡ᠂ ᠪᠠᠷᠢᠮᠵᠢᠶᠠᠵᠢᠯᠳᠡ᠂ ᠠᠮᠢ ᠠᠬᠤᠶᠢᠵᠢᠯᠳᠠ ᠶᠢᠨ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠲᠡᠭᠡᠭᠰᠢᠯᠡᠭᠦᠯᠵᠦ᠂ ᠮᠠᠯᠴᠢᠳ ᠤᠨ ︽ᠪᠡᠯᠴᠢᠭᠡᠷᠯᠡᠬᠦᠯᠬᠦ ᠶᠢ ᠵᠤᠭᠰᠤᠭᠠᠬᠤ ᠠᠴᠠ ᠮᠠᠯᠵᠢᠬᠤ ᠶᠢ ᠴᠠᠭᠠᠵᠠᠯᠠᠬᠤ ᠦᠬᠡᠢ᠂ ᠮᠠᠯ ᠤᠨ ᠲᠤᠭ᠎ᠠ ᠶᠢ ᠪᠠᠭᠠᠰᠬᠠᠬᠤ  ᠠᠴᠠ ᠪᠢᠰᠢ ᠤᠷᠤᠯᠭ᠎ᠠ ᠶᠢ ᠪᠠᠭᠤᠷᠠᠭᠤᠯᠬᠤ ᠦᠭᠡᠢ︾ ᠪᠠᠶᠢᠬᠤ ᠶᠢ ᠪᠡᠶᠡᠯᠡᠭᠦᠯᠬᠦ ᠬᠡᠷᠡᠭᠳᠡᠢ ᠭᠡᠵᠡᠢ᠃      ᠵᠢᠶᠠ ᠪᠤᠤ ᠯᠢᠶᠠᠩ ᠬᠤᠯᠪᠤᠭᠳᠠᠯ ᠪᠦᠬᠦᠢ ᠬᠠᠷᠢᠭᠤᠴᠠᠯᠭᠠᠳᠠᠨ ᠲᠠᠢ ︽ᠵᠢᠯᠤᠭᠤᠴᠢ ᠶᠢᠨ ᠬᠠᠨᠢ︾ ᠬᠤᠭᠤᠯᠠᠨ ᠭᠡᠷ ᠤᠨ ᠡᠵᠡᠩᠨᠡᠯᠳᠡ ᠶᠢᠨ ᠬᠡᠪᠴᠢᠶ᠎ᠡ᠂ ᠦᠢᠯᠡᠴᠢᠯᠡᠭᠡᠨ ᠤ ᠴᠢᠳᠠᠮᠵᠢ᠂ ᠲᠠᠷᠠᠭᠠᠴᠢ ᠶᠢᠨ ᠲᠦᠯᠦᠪᠯᠡᠭᠡ ᠵᠡᠷᠭᠡ ᠠᠭᠤᠯᠭ᠎ᠠ ᠶᠢᠨ ᠲᠤᠬᠠᠢ ᠰᠠᠨᠠᠯ ᠢᠶᠠᠨ ᠭᠦᠨᠵᠡᠭᠡᠢ ᠰᠤᠯᠢᠯᠴᠠᠵᠦ᠂ ᠤᠳᠤᠬᠠᠨ ᠳᠤ ᠤᠷᠤᠰᠢᠵᠦ ᠪᠠᠶᠢᠭ᠎ᠠ ᠬᠦᠴᠢᠷᠳᠡᠯ ᠵᠢᠴᠢ ᠠᠰᠠᠭᠤᠳᠠᠯ ᠢ ᠨᠢ ᠠᠰᠠᠭᠤᠨ ᠰᠤᠷᠠᠵᠠᠢ᠃ ᠵᠢᠶᠠ ᠪᠤᠤ ᠯᠢᠶᠠᠩ ᠴᠢᠬᠤᠴᠢᠯᠠᠬᠤ ᠳᠠᠭᠠᠨ᠂ ᠦᠢᠯᠡᠴᠢᠯᠡᠭᠡᠨ ᠤ ᠵᠠᠭᠪᠤᠷ ᠢᠶᠠᠨ ᠤᠯᠠᠮ ᠨᠢᠭᠡ ᠠᠯᠬᠤᠮ ᠰᠢᠨᠡᠴᠢᠯᠡᠵᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠲᠡᠭᠡᠭᠰᠢᠯᠡᠭᠦᠯᠦᠨ᠂ ᠠᠴᠢᠶᠠᠨ ᠤ ᠮᠠᠰᠢᠨ ᠤ ᠵᠢᠯᠤᠭᠤᠴᠢ ᠶᠢᠨ ᠬᠡᠷᠡᠭᠴᠡᠭᠡ ᠱᠠᠭᠠᠷᠳᠠᠯᠭ᠎ᠠ ᠶᠢ ᠤᠨᠤᠪᠴᠢᠳᠠᠢ ᠡᠵᠡᠮᠳᠡᠵᠦ᠂ ᠲᠦᠬᠦᠭᠡᠷᠦᠮᠵᠢ  ᠪᠠᠨ ᠲᠡᠭᠦᠯᠳᠡᠷᠵᠢᠭᠦᠯᠦᠨ᠂ ᠦᠢᠯᠡᠴᠢᠯᠡᠭᠡᠨ ᠤ ᠴᠢᠳᠠᠮᠵᠢ ᠶᠢ ᠦᠷᠭᠡᠳᠭᠡᠵᠦ᠂ ᠦᠢᠯᠡᠴᠢᠯᠡᠭᠡᠨ ᠤ ᠬᠡᠯᠬᠢᠶ᠎ᠡ ᠶᠢ ᠤᠷᠳᠤᠳᠬᠠᠨ᠂ ︽ᠵᠢᠯᠤᠭᠤᠴᠢ ᠶᠢᠨ ᠬᠠᠨᠢ︾ ᠶᠢᠨ ᠦᠢᠯᠡᠴᠢᠯᠡᠭᠡᠨ ᠤ ᠬᠦᠴᠦᠨ ᠪᠠ ᠨᠦᠯᠦᠭᠡᠯᠡᠬᠦ ᠬᠦᠴᠦᠨ ᠢ ᠦᠷᠭᠡᠳᠭᠡᠵᠦ᠂ ᠡᠷᠬᠢᠨ ᠲᠤᠭᠤᠷᠢᠨ ᠤ ᠮᠠᠯ ᠤᠨ ᠠᠰᠢᠭ ᠰᠢᠮ᠎ᠡ ᠶᠢᠨ ᠪᠦᠳᠦᠭᠡᠭᠳᠡᠭᠦᠨ ᠤ ᠪᠤᠷᠤᠯᠠᠭᠤᠯᠭ᠎ᠠ ᠶᠢ ᠲᠠᠶᠢᠴᠢᠯᠠᠨ᠂ ᠦᠷᠭᠡᠨ ᠤᠯᠠᠨ ᠠᠴᠢᠶᠠᠨ ᠤ ᠮᠠᠰᠢᠨ ᠤ ᠵᠢᠯᠤᠭᠤᠴᠢ ᠳᠤ ᠨᠡᠩ ᠰᠠᠶᠢᠨ ᠦᠢᠯᠡᠴᠢᠯᠡᠬᠦ ᠬᠡᠷᠡᠭᠳᠡᠢ ᠭᠡᠵᠡᠢ
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号