ᠪᠠᠲᠤᠬᠠᠭᠠᠯᠭ᠎ᠠ ᠪᠠᠯᠭᠠᠰᠤ
ᠨᠡᠶᠢᠲᠡᠯᠡᠭᠰᠡᠨ ᠴᠠᠭ᠄
2024/3/6
      ᠪᠠᠲᠤᠬᠠᠭᠠᠯᠭ᠎ᠠ ᠪᠠᠯᠭᠠᠰᠤ ᠪᠣᠯ ᠳᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠠᠭᠤᠭ᠎ᠠ ᠭᠠᠵᠠᠷ᠂ ᠪᠥᠬᠦ ᠬᠤᠰᠢᠭᠤᠨ ᠤ ᠤᠯᠤᠰ ᠲᠥᠷᠥ᠂ ᠠᠵᠤ ᠠᠬᠤᠶ᠂ ᠰᠣᠶᠣᠯ ᠤᠨ ᠲᠥᠪ ᠪᠠᠶᠢᠵᠤ᠂ ᠪᠤᠭᠤᠲᠤ ᠬᠤᠲᠠ ᠠᠴᠠ 167 ᠺᠢᠯᠣᠮᠧᠲᠷ ᠵᠠᠶᠢᠲᠠᠶ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠬᠥᠬᠡᠬᠤᠲᠠ ᠠᠴᠠ 168 ᠺᠢᠯᠣᠮᠧᠲᠷ ᠵᠠᠶᠢᠲᠠᠶ᠂ ᠣᠷᠣᠨ ᠪᠠᠶᠢᠷᠢ ᠶᠢᠨ ᠳᠠᠪᠠᠭᠤᠯᠢᠭ ᠢᠶᠠᠷ ᠢᠯᠡᠷᠬᠡᠶ ᠪᠠᠶᠢᠵᠤ᠂ ᠬᠥᠬᠡᠬᠤᠲᠠ ᠪᠤᠭᠤᠲᠤ ᠣᠷᠳᠣᠰ ᠤᠨ ᠠᠵᠤ ᠠᠬᠤᠶ ᠶᠢᠨ ᠣᠷᠣᠨ ᠤ ᠬᠤᠶᠠᠷ ᠴᠠᠭ ᠤᠨ ᠰᠠᠴᠤᠷᠠᠯᠲᠠ ᠶᠢᠨ ᠲᠣᠭᠤᠷᠢᠭ ᠲᠤ ᠣᠷᠣᠰᠢᠵᠤ᠂ ︽ᠲᠠᠯ᠎ᠠ ᠨᠤᠲᠤᠭ ᠤᠨ ᠭᠠᠷᠠᠮ︾᠂ ︽ᠬᠠᠭᠤᠷᠠᠶ ᠵᠠᠮ ᠤᠨ ᠪᠣᠭᠤᠮᠲᠠ︾ ᠭᠡᠰᠡᠨ ᠨᠡᠷ᠎ᠡ ᠲᠠᠢ ᠶᠤᠮ᠃ ᠣᠳᠣᠬᠠᠨ ᠳᠤ 3 ᠲᠦᠮᠡᠨ ᠮᠥ ᠲᠠᠷᠢᠶᠠᠨ ᠭᠠᠵᠠᠷ ᠲᠠᠢ᠂ ᠡᠭᠦᠨ ᠳᠤ 2.67 ᠲᠦᠮᠡᠨ ᠮᠥ ᠤᠰᠤᠯᠠᠯᠲᠠ ᠶᠢᠨ ᠲᠠᠷᠢᠶ᠎ᠠ ᠲᠠᠢ᠃ ᠠᠰᠢᠭᠯᠠᠵᠤ ᠪᠤᠯᠬᠤ ᠪᠡᠯᠴᠢᠭᠡᠷ 59.6 ᠲᠦᠮᠡᠨ ᠮᠥ᠂ ᠲᠠᠷᠢᠮᠠᠯ ᠣᠶᠢᠲᠤ ᠭᠠᠵᠠᠷ 10.2 ᠲᠦᠮᠡᠨ ᠮᠥ ᠪᠤᠢ᠃ ᠬᠠᠷᠢᠶᠠᠲᠤ ᠣᠷᠣᠨ ᠤ ᠶᠡᠷᠦᠩᠬᠡᠶ ᠲᠠᠯᠠᠪᠠᠶ ᠨᠢ 585 ᠲᠡᠭᠰᠢ ᠳᠥᠷᠪᠡᠯᠵᠢᠨ ᠺᠢᠯᠣᠮᠧᠲᠷ᠂ ᠶᠡᠷᠦᠩᠬᠡᠶ ᠬᠥᠮᠦᠨ ᠠᠮᠠ ᠨᠢ 1.7 ᠲᠦᠮᠡᠨ ᠡᠷᠦᠬᠡ᠂ 3.8 ᠲᠦᠮᠡᠨ ᠬᠥᠮᠦᠨ ᠪᠣᠯᠤᠨ᠎ᠠ ᠃ ᠳᠣᠤᠷ᠎ᠠ ᠨᠢ 7 ᠨᠡᠶᠢᠭᠡᠮ ᠲᠣᠭᠤᠷᠢᠭ᠂ 4 ᠭᠠᠴᠠᠭ᠎ᠠ ᠲᠣᠰᠬᠤᠨ ᠢ ᠬᠠᠷᠢᠶᠠᠯᠠᠭᠤᠯᠪᠠ᠃ ᠨᠢᠭᠡ᠂ ᠨᠠᠮ ᠵᠠᠰᠠᠭ ᠤᠨ ᠪᠠᠶᠢᠭᠤᠯᠤᠮᠵᠢ       ︵ᠨᠢᠭᠡ︶ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ       ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯᠯᠠᠭ᠎ᠠ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ ᠃ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ ᠤᠨ ᠠᠵᠢᠯ ᠢ ᠬᠠᠷᠢᠭᠤᠴᠠᠨ᠎ᠠ᠃ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠳᠦ ᠪᠣᠳᠣᠯᠭ᠎ᠠ ᠶᠢᠨ ᠰᠢᠪᠠᠳᠠᠨ ᠪᠠᠶᠢᠴᠠᠭᠠᠬᠤ ᠠᠵᠢᠯ ᠢ ᠬᠠᠷᠢᠭᠤᠴᠠᠨ᠎ᠠ ᠃ ᠠᠵᠢᠯ ᠶᠠᠪᠤᠳᠠᠯ ᠪᠠ ᠡᠳ᠋ ᠤᠨ ᠵᠠᠰᠠᠭ ᠵᠡᠷᠭᠡ ᠠᠵᠢᠯ ᠢ ᠬᠠᠷᠢᠭᠤᠴᠠᠨ᠎ᠠ᠃       ︵ᠬᠤᠶᠠᠷ︶ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ       ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠤᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠨ᠎ᠠ᠃ ᠰᠤᠷᠲᠠᠯ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ᠂ ᠰᠣᠶᠣᠯ ᠪᠡᠶ᠎ᠡ ᠶᠢᠨ ᠲᠠᠮᠢᠷ ᠤᠨ ᠠᠵᠢᠯ ᠢ ᠬᠠᠷᠢᠭᠤᠴᠠᠨ᠎ᠠ︔ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ᠃       ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ       ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ  ᠬᠠᠷᠢᠭᠤᠴᠠᠨ᠎ᠠ᠃ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ︔ ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠬᠦ ᠠᠵᠢᠯ ᠢ ᠬᠠᠷᠢᠭᠤᠴᠠᠨ᠎ᠠ︔ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯ ᠢ ᠬᠠᠷᠢᠭᠤᠴᠠᠨ᠎ᠠ︔ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠠᠵᠢᠯ ᠢ ᠬᠠᠷᠢᠭᠤᠴᠠᠨ᠎ᠠ᠃       ︵ᠲᠦᠷᠪᠡ︶ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ       ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠵᠡᠮᠳᠡᠭᠴᠦᠳ ᠤᠨ ᠬᠤᠯᠪᠣᠭ᠎ᠠ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠲᠥᠯᠥᠪᠯᠡᠭᠡᠲᠦ ᠦᠷᠡᠵᠢᠯ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ᠃       ︵ᠲᠠᠪᠤ︶ ᠠᠮᠤᠷ ᠲᠦᠪᠰᠢᠨ ᠤ ᠪᠥᠳᠥᠭᠡᠨ ᠪᠠᠶᠢᠭᠤᠯᠤᠯᠲᠠ ᠶᠢᠨ ᠠᠯᠪᠠᠨ ᠭᠡᠷ       ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ᡽᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠢ ᠬᠠᠷᠢᠭᠤᠴᠠᠨ᠎ᠠ᠃ ᠲᠣᠣᠷᠵᠢᠭᠤᠯᠬᠤ ᠠᠵᠢᠯ ᠢ ᠬᠠᠷᠢᠭᠤᠴᠠᠨ᠎ᠠ᠃       ︵ᠵᠢᠷᠭᠤᠭ᠎ᠠ︶ ᠬᠤᠳᠠ ᠶᠢᠨ ᠬᠠᠮᠢᠶᠠᠷᠤᠯᠲᠠ ᠶᠢᠨ ᠠᠯᠪᠠᠨ ᠭᠡᠷ       ᠬᠠᠷᠢᠶᠠᠲᠤ ᠣᠷᠣᠨ ᠤ ᠳᠣᠲᠣᠷᠠᠬᠢ ᠬᠤᠲᠠ ᠶᠢᠨ ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠵᠢᠵᠢᠭ ᠲᠣᠭᠤᠷᠢᠭ ᠤᠨ ᠠᠳᠠᠯ ᠠᠬᠤᠶ᠂ ᠣᠯᠠᠨ ᠨᠡᠶᠢᠲᠡ ᠶᠢᠨ ᠪᠡᠯᠡᠳᠬᠡᠮᠵᠢ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ︔ ᠵᠡᠭᠡᠯᠢ ᠭᠤᠳᠤᠮᠵᠢ ᠶᠢᠨ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠰᠦᠪ ᠢ ᠬᠢᠨᠠᠨ ᠬᠠᠷᠭᠤᠭᠤᠯᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠠᠵᠢᠯ ᠢ ᠬᠠᠷᠢᠭᠤᠴᠠᠨ᠎ᠠ︔ ᠬᠠᠷᠢᠶᠠᠲᠤ ᠣᠷᠣᠨ ᠤ ᠪᠠᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠢ ᠬᠠᠷᠢᠭᠤᠴᠠᠨ᠎ᠠ︔ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢᠲᠠᠨ ᠤ ᠬᠢᠵᠢᠭ ᠢ ᠰᠡᠷᠭᠡᠶᠢᠯᠡᠬᠦ ᠪᠠ ᠪᠣᠯᠪᠠᠰᠤᠨ ᠬᠤᠲᠠ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠵᠡᠷᠭᠡ ᠬᠠᠮᠢᠶ᠎ᠠ ᠪᠥᠬᠦᠶ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ︔ ᠬᠠᠷᠢᠶᠠᠲᠤ ᠣᠷᠣᠨ ᠤ ᠳᠣᠲᠣᠷᠠᠬᠢ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠲᠥᠯᠥᠪᠵᠢᠭᠦᠯᠭᠡ ᠪᠠ ᠬᠠᠷᠢᠶᠠᠲᠤ ᠣᠷᠣᠨ ᠤ ᠳᠣᠲᠣᠷᠠᠬᠢ ᠪᠠᠷᠢᠯᠭ᠎ᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠬᠤ᠂ ᠵᠢᠵᠢᠭ ᠲᠣᠭᠤᠷᠢᠭ ᠤᠨ ᠲᠥᠯᠥᠪᠵᠢᠭᠦᠯᠭᠡ ᠶᠢ ᠰᠢᠯᠭᠠᠨ ᠠᠪᠬᠤ ᠵᠡᠷᠭᠡ ᠠᠵᠢᠯ ᠢ ᠬᠠᠮᠵᠢᠨ ᠰᠠᠶᠢᠲᠤᠷ ᠬᠢᠨ᠎ᠠ᠃ ᠵᠠᠬ᠎ᠠ ᠳᠡᠯᠭᠡᠭᠦᠷ ᠲᠤ ᠬᠢᠨᠠᠯᠲᠠ ᠲᠠᠯᠪᠢᠬᠤ᠂ ᠣᠷᠴᠢᠨ ᠲᠣᠭᠤᠷᠢᠨ ᠢ ᠬᠠᠮᠠᠭᠠᠯᠠᠬᠤ᠂ ᠬᠠᠭᠤᠴᠢᠨ ᠵᠢᠵᠢᠭ ᠲᠣᠭᠤᠷᠢᠭ ᠢ ᠴᠡᠭᠴᠡᠯᠡᠨ ᠵᠠᠰᠠᠬᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠨ ᠥᠷᠨᠢᠭᠦᠯᠦᠨ᠎ᠡ᠃       ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠ ᠠᠷᠠᠳ ᠤᠨ ᠵᠡᠪᠰᠡᠭᠲᠦ ᠬᠦᠴᠦᠨ ᠤ ᠲᠠᠯ᠎ᠠ ᠶᠢᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠠᠵᠢᠯᠲᠠᠨ ᠤ ᠲᠣᠬᠢᠷᠠᠭᠤᠯᠤᠯᠲᠠ ᠶᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠬᠤᠶᠠᠷ᠂ ᠠᠵᠢᠯ ᠦᠢᠯᠡᠰ ᠤᠨ ᠨᠢᠭᠡᠴᠡ       ︵ᠨᠢᠭᠡ︶ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ︵ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ᠤᠨ ᠫᠠᠶᠢᠰᠠ ᠶᠢ ᠡᠯᠭᠦᠨ᠎ᠡ︶       ᠭᠤᠣᠯ ᠲᠤᠰᠢᠶᠠᠯ ᠬᠠᠷᠢᠭᠤᠴᠠᠯᠭ᠎ᠠ᠄ ᠨᠠᠮ ᠤᠨ ᠭᠡᠰᠢᠭᠦᠨ ᠤᠯᠠᠨ ᠲᠦᠮᠡᠨ ᠤ ᠦᠢᠯᠡᠴᠢᠯᠡᠭᠡᠨ ᠤ ᠵᠦᠢᠯᠡᠰ ᠤᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ᠂ ᠳᠤᠬᠢᠷᠠᠭᠤᠯᠤᠯᠲᠠ  ᠶᠢ ᠬᠠᠷᠢᠭᠤᠴᠠᠵᠤ᠂ ᠨᠠᠮ ᠤᠨ ᠭᠡᠰᠢᠭᠦᠨ ᠪᠠ ᠤᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ ᠦᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ︔ ᠬᠠᠷᠢᠶ᠎ᠠ ᠣᠷᠣᠨ ᠤ ᠪᠠᠨ ᠨᠠᠮ ᠤᠨ ᠭᠡᠰᠢᠭᠦᠨ ᠲᠠᠢ ᠬᠠᠷᠢᠯᠴᠠᠬᠤ ᠪᠠ ᠲᠡᠳᠡᠨ ᠳᠤ ᠨᠠᠮ ᠪᠠ ᠣᠯᠠᠨ ᠲᠦᠮᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠲᠤ ᠦᠢᠯᠡᠴᠢᠯᠡᠬᠦ ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠨ᠎ᠠ︔ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠶᠡᠷᠦᠩᠬᠡᠶᠢᠯᠡᠭᠰᠡᠨ ᠬᠢᠨᠠᠨ ᠵᠥᠪᠰᠢᠶᠡᠷᠡᠯ ᠤᠨ ᠠᠵᠢᠯ ᠢ ᠬᠠᠷᠢᠭᠤᠴᠠᠨ᠎ᠠ︔ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ ᠶᠢ ᠲᠡᠳᠬᠦᠬᠦ᠂ ᠬᠠᠷᠠᠭᠠᠯᠵᠠᠨ ᠲᠡᠳᠬᠦᠬᠦ᠂ ᠰᠤᠷᠪᠤᠯᠵᠢᠯᠠᠨ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ︔ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ︔ ᠰᠢᠶᠠᠩ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃       ︵ᠬᠤᠶᠠᠷ︶ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ       ᠭᠤᠤᠯ ᠡᠭᠦᠷᠭᠡ ᠬᠠᠷᠢᠭᠤᠴᠠᠯᠭ᠎ᠠ᠄ ᠪᠠᠲᠤᠬᠠᠭᠠᠯᠭ᠎ᠠ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠯᠭᠤᠭᠰᠠᠨ ᠰᠤᠮᠤ ᠰᠢᠶᠠᠩ ᠪᠠᠯᠭᠠᠰᠤ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠲᠥᠪᠯᠡᠷᠡᠭᠦᠯᠦᠨ ᠬᠡᠷᠡᠭᠵᠢᠭᠦᠯᠦᠨ᠎ᠡ᠃ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠤᠨ ᠶᠣᠰᠣᠭᠠᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠨᠠᠶᠢᠳᠠᠯᠭ᠎ᠠ ᠶᠢ ᠭᠥᠯᠢᠶᠡᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠨ᠎ᠡ᠃       ︵ᠭᠤᠷᠪᠠ︶ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤ ᠶᠢᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ       ᠭᠤᠤᠯ ᠡᠭᠦᠷᠭᠡ ᠬᠠᠷᠢᠭᠤᠴᠠᠯᠭ᠎ᠠ᠄ ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ ᠤᠰᠤ ᠵᠡᠷᠭᠡ ᠬᠦᠷᠢᠶ᠎ᠡ ᠴᠠᠷᠠᠭ᠎ᠠ ᠶᠢᠨ ᠮᠡᠷᠭᠡᠵᠢᠯ ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ︔ ᠮᠠᠯᠴᠢᠨ ᠲᠠᠷᠢᠶᠠᠴᠢᠳ ᠲᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠠᠵᠢᠯ ᠢ ᠬᠠᠷᠢᠭᠤᠴᠠᠨ᠎ᠠ︔ ᠲᠤᠰᠬᠠᠶ ᠮᠡᠷᠭᠡᠵᠢᠯ ᠤᠨ ᠪᠣᠯᠪᠠᠰᠤᠷᠠᠯ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢᠲᠠᠨ ᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ᠃       ᠬᠠᠷᠢᠯᠴᠠᠬᠤ ᠬᠠᠶ᠋ᠢᠭ᠄ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤ       ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠦᠳᠡ ᠶᠢᠨ ᠡᠮᠦᠨᠡᠬᠢ 8᠄ 30 — 12᠄ 00᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠥᠬᠡᠶ᠃︶       ᠬᠠᠷᠢᠭᠤᠴᠠᠯᠭᠠᠲᠠᠨ᠄ ᠶᠠᠩ ᠴᠠᠩ ᠴᠦᠨ       ᠬᠠᠷᠢᠯᠴᠠᠬᠤ ᠤᠲᠠᠰᠤ᠄ 0472 — 8428394
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号