ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ | ᠶᠡᠭᠡ ᠬᠤᠷᠠᠯ ᠤᠨ ᠠᠷᠪᠠᠨ ᠵᠢᠷᠭᠤᠲᠤᠭᠠᠷ ᠪᠢᠴᠢᠭ ᠮᠠᠲ᠋ᠧᠷᠢᠶᠠᠯ | | ᠵᠠᠰᠠᠭ ᠤᠨ ᠣᠷᠳᠣᠨ ᠤ ᠠᠵᠢᠯ ᠤᠨ ᠢᠯᠡᠳᠬᠡᠯ | | — —2024 ᠣᠨ ᠤ 1 ᠰᠠᠷ᠎ᠠ ᠶᠢᠨ 23 ᠤ ᠡᠳᠦᠷ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠭᠤᠷᠪᠠᠳᠤᠭᠠᠷ ᠤᠲᠠᠭᠠᠨ ᠤ ᠬᠤᠷᠠᠯᠳᠤᠭᠠᠨ ᠳᠡᠭᠡᠷ᠎ᠡ | | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠬᠤᠰᠢᠭᠤ ᠳᠠᠷᠤᠭ᠎ᠠ ᠱᠢ ᠵᠦᠩ ᠴᠢᠨ | | ᠲᠥᠯᠥᠭᠡᠯᠡᠭᠴᠢᠳ ᠠ᠋ ᠄ | ᠤᠲᠤ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ | ᠮᠡᠳᠡᠭᠦᠯᠦᠯᠳᠡ ᠬᠢᠶ᠎ᠡ ᠂ ᠬᠢᠨᠠᠨ ᠵᠥᠪᠯᠡᠬᠦ ᠪᠣᠯᠪᠠᠤ ᠂ ᠲᠡᠷᠡᠴᠢᠯᠡᠨ ᠬᠤᠰᠢᠭᠤ ᠤᠯᠤᠰ ᠲᠦᠷᠦ ᠶᠢᠨ ᠵᠦᠪᠯᠡᠯᠭᠡᠨ ᠤ | ᠭᠡᠰᠢᠭᠦᠳ ᠪᠠ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ ᠃ | ᠨᠢᠭᠡ ᠂ 2023 ᠣᠨ ᠤ ᠠᠵᠢᠯ ᠤᠨ ᠡᠷᠭᠢᠴᠡᠭᠦᠯᠦᠯ | ᠰᠠᠶ᠋ᠢᠬᠠᠨ ᠥᠩᠭᠡᠷᠡᠭᠰᠡᠨ 2023 ᠣᠨ ᠪᠣᠯ ᠮᠠᠨ ᠤ ᠬᠤᠰᠢᠭᠤᠨ ᠤ ᠬᠥᠭᠵᠢᠯᠲᠡ ᠶᠢᠨ ᠲᠡᠦᠬᠡᠨ ᠳᠠᠬᠢ | ᠳᠡᠮᠳᠡᠭᠯᠡᠭᠦᠰᠢᠳᠠᠢ ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ ᠃ ᠳᠠᠷᠬᠠᠨ ᠮᠤᠤᠮᠢᠩᠭᠠᠨ ᠤ ᠨᠡᠭᠦᠷᠡᠰᠦᠲᠥ᠋ᠷᠥᠭᠴᠢ | ᠦᠭᠡᠢ ᠲᠣᠭᠤᠷᠢᠭ ᠢ ︽ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ | ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ | ᠶᠠᠪᠤᠳᠠᠯ ᠤᠨ ᠬᠤᠷᠢᠶᠠᠨ ᠤ ᠰᠠᠨᠠᠯ ︾ ᠳᠤ ᠪᠢᠴᠢᠵᠦ ᠣᠷᠣᠭᠤᠯᠤᠭᠰᠠᠨ ᠨᠢ ᠪᠢᠳᠡᠨ ᠳᠤ ᠤᠷᠮᠠᠰᠢᠭᠤᠯᠤᠯ ᠪᠤᠯᠵᠤ | ᠡᠷᠴᠢ ᠵᠣᠷᠢᠭ ᠨᠡᠮᠡᠵᠠᠢ ᠃ ᠨᠢᠭᠡ ᠵᠢᠯ ᠤᠨ ᠲᠤᠷᠰᠢ ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠪᠠ ᠪᠦᠯᠬᠦᠮᠳᠡᠯ ᠳᠠᠭᠠᠭᠤᠯᠭ᠎ᠠ ᠪᠠᠷ ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠤ ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠪᠠ ᠪᠤᠭᠤᠲᠤ ᠳᠤ ᠭᠠᠷᠭᠠᠭᠰᠠᠨ ︽ ᠨᠢᠭᠡ ᠰᠢᠨ᠎ᠡ ᠶᠢ ᠡᠭᠦᠳᠴᠦ ᠂ ᠭᠤᠷᠪᠠ ᠶᠢ | ᠪᠡᠶᠡᠯᠡᠭᠦᠯᠬᠦ ︾ ᠴᠢᠬᠤᠯᠠ ᠵᠢᠭᠠᠪᠤᠷᠢ ᠶᠢ ᠭᠦᠨᠵᠡᠭᠡᠢ ᠨᠠᠶᠢᠳᠠᠪᠤᠷᠢᠵᠢᠭᠤᠯᠵᠤ ᠂ ᠬᠤᠳᠠ ᠶᠢᠨ ᠨᠠᠮ ᠤᠨ ᠬᠤᠷᠢᠶ᠎ᠠ ᠂ | ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠱᠤᠭᠤᠮ ᠪᠣᠯᠭᠠᠵᠤ ᠂ ︽ ᠬᠤᠶᠠᠷ ᠶᠡᠭᠡ | ᠶᠠᠪᠤᠳᠠᠯ ︾ ᠢ ᠰᠠᠶᠢᠲᠤᠷ ᠬᠢᠬᠦ ᠪᠠᠷ ᠬᠥᠲᠥᠯᠥᠮᠵᠢ ᠪᠣᠯᠭᠠᠵᠤ ᠂ ᠪᠦᠯᠬᠦᠮᠳᠡᠨ ᠲᠡᠮᠡᠴᠡᠵᠦ ᠂ ᠪᠤᠳᠠᠳᠠᠢ ᠪᠠᠷ ᠠᠵᠢᠯᠯᠠᠵᠤ ᠂ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ ᠂ ᠬᠢᠯᠪᠠᠷ ᠪᠤᠰᠤ ᠬᠥᠭᠵᠢᠯᠲᠡ ᠶᠢᠨ ᠬᠠᠷᠢᠭᠤᠯᠲᠠ ᠶᠢᠨ | ᠬᠠᠭᠤᠳᠠᠰᠤ ᠶᠢ ᠳᠤᠰᠢᠶᠠᠵᠠᠢ ᠃ | — ᠪᠢᠳᠡ ᠭᠠᠳᠠᠨᠠᠬᠢ ᠳᠠᠷᠤᠯᠲᠠ ᠶᠢ ᠰᠦᠷᠴᠤ ᠂ ᠳᠣᠲᠣᠭᠠᠳᠤ ᠶᠢᠨ ᠬᠦᠴᠢᠷᠳᠡᠯ ᠢ ᠢᠳᠡᠪᠬᠢᠲᠡᠢ ᠪᠠᠷ ᠢᠯᠡᠨ | ᠳᠠᠪᠠᠵᠤ ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ ᠂ ᠬᠦᠴᠦ ᠲᠠᠯᠪᠢᠨ ᠴᠢᠷᠮᠠᠶᠢᠵᠤ ᠂ ᠬᠤᠰᠢᠭᠤᠨ ᠤ | ᠳᠥᠷᠪᠡᠨ ᠪᠠᠭ ᠤᠨ ᠤᠳᠤᠷᠢᠳᠤᠯᠭ᠎ᠠ ᠲᠦᠷᠦᠭᠦᠯᠡᠨ ᠲᠥᠷᠥᠯ ᠵᠦᠢᠯ ᠢ ᠳᠠᠭᠠᠭᠠᠨ ᠬᠤᠯᠪᠣᠭᠠᠯᠠᠵᠤ ᠂ ᠠᠵᠤ ᠠᠬᠤᠶᠢᠯᠠᠯ | ᠢ ᠬᠠᠪᠰᠤᠷᠤᠨ ᠬᠦᠴᠢᠷᠳᠡᠯ ᠢ ᠰᠢᠢᠳᠪᠦᠷᠢᠯᠡᠨ ᠂ ︽ ᠨᠢᠭᠡ ᠬᠦᠰᠦᠨᠦᠭᠲᠦ ᠂ ᠨᠢᠭᠡ ᠲᠠᠩᠰᠠ ᠂ ᠨᠢᠭᠡ ᠲᠤᠰᠬᠠᠢ ᠠᠩᠭᠢ ︾ | ᠶᠢᠨ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠂ ᠪᠠᠷᠢᠯᠭ᠎ᠠ | ᠳᠠᠭᠤᠰᠴᠤ ᠠᠰᠢᠭᠯᠠᠯᠲᠠ ᠳᠤ ᠣᠷᠣᠭᠤᠯᠬᠤ ᠵᠡᠷᠭᠡ ᠡᠯ᠎ᠡ ᠭᠤᠭᠴᠤᠭ᠎ᠠ ᠶᠢ ᠴᠢᠩᠭ᠎ᠠ ᠠᠳᠬᠤᠨ ᠂ ᠭᠠᠷᠠᠭ ᠢᠶᠠᠷ ᠰᠠᠷ᠎ᠠ | ᠶᠢ ᠪᠠᠳᠤᠯᠠᠬᠤ ᠂ ᠰᠠᠷ᠎ᠠ ᠪᠠᠷ ᠤᠯᠠᠷᠢᠯ ᠢ ᠪᠠᠲᠤᠯᠠᠵᠤ ᠂ ᠤᠯᠠᠷᠢᠯ ᠢᠶᠠᠷ ᠵᠢᠯ ᠢ ᠪᠠᠲᠤᠯᠠᠵᠤ ᠂ ᠭᠤᠣᠯ ᠪᠣᠯᠬᠤ ᠠᠵᠤ | ᠠᠬᠤᠢ ᠶᠢᠨ ᠭᠦᠢᠴᠡᠳᠬᠡᠯ ᠲᠤᠭ᠎ᠠ ᠶᠢ ᠲᠣᠭᠲᠠᠭᠤᠨ ᠤ ᠳᠤᠮᠳᠠ ᠲᠦᠷᠭᠡᠨ ᠠᠬᠢᠭᠤᠯᠵᠤ ᠂ ᠲᠡᠷᠢᠭᠦᠨ ᠳᠤ ᠣᠷᠣᠬᠤ | ᠪᠠᠷ ᠴᠢᠷᠮᠠᠶᠢᠪᠡ ᠃ ᠪᠥᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠠᠳᠠᠯᠢ ᠬᠤᠭᠤᠴᠠᠭᠠᠨ | ᠤ ᠬᠢ ᠠᠴᠠ 9.2% ᠪᠠᠷ ᠨᠡᠮᠡᠭᠳᠡᠵᠠᠢ ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 42.4% ᠪᠠᠷ | ᠨᠡᠮᠡᠭᠳᠡᠵᠦ ᠂ ᠪᠥᠬᠦ ᠬᠤᠲᠠ ᠳᠤ ᠭᠤᠷᠪᠠᠳᠤᠭᠠᠷ ᠲᠤ ᠣᠷᠣᠪᠠ ᠃ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠦᠷᠳᠡᠭ 13.5% ᠪᠠᠷ ᠨᠡᠮᠡᠭᠳᠡᠵᠤ ᠂ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 11.3% ᠠᠴᠠ ᠳᠡᠭᠡᠭᠰᠢ ᠨᠡᠮᠡᠭᠳᠡᠵᠦ ᠂ 9 ᠰᠠᠷ᠎ᠠ ᠳᠠᠷᠠᠭᠠᠯᠠᠨ | ᠨᠡᠮᠡᠭᠳᠡᠯ ᠤᠨ ᠬᠤᠷᠳᠤᠴᠠ ᠨᠢ ᠪᠦᠬᠦ ᠬᠤᠳᠠ ᠳᠤ ᠨᠢᠭᠡᠳᠦᠭᠡᠷ ᠲᠤ ᠣᠷᠣᠪᠠ ᠃ ᠡᠩ ᠤᠨ ᠤᠯᠠᠨ ᠨᠡᠶᠢᠲᠡ ᠶᠢᠨ | ᠲᠥᠰᠥᠪ ᠤᠨ ᠣᠷᠣᠯᠭ᠎ᠠ ᠶᠢ 8.53 ᠳ᠋ᠦᠩᠰᠢᠭᠤᠷ ᠲᠥᠭᠦᠷᠢᠭ ᠪᠡᠶᠡᠯᠡᠭᠦᠯᠵᠦ ᠂ 21.2% ᠢᠶᠠᠷ ᠨᠡᠮᠡᠭᠳᠡᠵᠠᠢ ᠃ | ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰ ᠲᠤᠰ | 3.8% ᠪᠠ 7.1% ᠪᠠᠷ ᠨᠡᠮᠡᠭᠳᠡᠪᠡ ᠃ ᠪᠥᠬᠦ ᠬᠤᠰᠢᠭᠤᠨ ᠤ ᠠᠵᠤ ᠠᠬᠤᠢ ᠶᠢᠨ ︽ ᠲᠣᠭᠲᠠᠭᠤᠨ ︾ ᠤ ᠰᠠᠭᠤᠷᠢ | ᠨᠠᠩ ᠪᠠᠲᠤ ᠪᠠᠬᠢ ᠪᠣᠯᠵᠤ ᠂ ︽ ᠤᠷᠤᠭᠰᠢᠯᠠᠬᠤ ︾ ᠪᠠᠶᠢᠳᠠᠯ ᠨᠠᠩ ᠡᠷᠴᠢᠮᠲᠡᠢ ᠪᠣᠯᠪᠠ ᠃ | — ᠪᠢᠳᠠ ᠤᠷᠤᠶᠢᠯᠠᠵᠤ ᠭᠠᠷᠬᠤ ᠡᠷᠴᠢ ᠬᠦᠴᠦ ᠶᠢ ᠪᠤᠢ ᠪᠤᠯᠭᠠᠵᠤ ᠂ ︽ ᠬᠤᠶᠠᠷ ᠰᠢᠨ᠎ᠡ ︾ ᠶᠢᠨ | ᠤᠳᠤᠷᠢᠳᠤᠮᠵᠢ ᠶᠢ ᠪᠠᠷᠢᠮᠲᠠᠯᠠᠵᠤ ᠂ ᠨᠡᠮᠡᠭᠳᠡᠯ ᠤᠨ ᠤᠬᠠᠮᠰᠠᠷ ᠢᠶᠠᠨ ᠴᠢᠩᠭᠠᠳᠬᠠᠵᠤ ᠂ ᠬᠦᠨᠳᠦ ᠡᠭᠦᠷᠭᠡ ᠶᠢ | ᠡᠭᠦᠷᠭᠡᠯᠡᠵᠦ ᠂ ᠬᠠᠲᠠᠭᠤ ᠳᠠᠶᠢᠯᠠᠯᠳᠤᠭᠠᠨ ᠢ ᠬᠢᠵᠦ ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠰ | ᠤᠨ 42 ᠲᠥᠷᠥᠯ ᠵᠦᠢᠯ ᠢ ᠰᠢᠨ᠎ᠡ ᠪᠠᠷ ᠠᠵᠢᠯ ᠡᠬᠢᠯᠡᠭᠦᠯᠵᠦ ᠂ ᠬᠤᠸᠠ ᠳ᠋ᠢᠶᠠᠨ ᠤ ᠰᠠᠯᠬᠢᠨ ᠬᠦᠴᠦᠨ ᠢᠶᠠᠷ | ᠤᠰᠤᠲᠥ᠋ᠷᠥᠭᠴᠢ ᠦᠢᠯᠡᠳᠬᠦ ᠲᠥᠷᠥᠯ ᠵᠦᠢᠯ ᠨᠢ ᠪᠥᠬᠦ ᠬᠤᠲᠠ ᠶᠢᠨ ᠠᠩᠬᠠᠨ ᠤ ᠰᠠᠪᠠ ︽ ᠨᠣᠭᠤᠭᠠᠨ | ᠤᠰᠤᠲᠥ᠋ᠷᠥᠭᠴᠢ ︾ ᠶᠢ ᠦᠢᠯᠡᠳᠪᠦᠷᠢᠯᠡᠵᠦ ᠂ ᠠᠯᠲᠠᠨ ᠣᠪᠣᠭᠠᠨ ᠤ ᠤᠰᠤᠲᠥ᠋ᠷᠥᠭᠴᠢ ᠹᠯᠣᠷ ᠬᠦᠴᠢᠯ ᠤᠨ ᠨᠢᠭᠡᠳᠦᠭᠡᠷ | ᠬᠤᠭᠤᠴᠠᠭᠠᠨ ᠤ ᠲᠥᠷᠥᠯ ᠵᠦᠢᠯ ᠠᠰᠢᠭᠯᠠᠯᠲᠠ ᠳᠤ ᠣᠷᠣᠵᠤ ᠂ ᠪᠥᠬᠦ ᠬᠤᠲᠠ ᠶᠢᠨ ᠹᠯᠣᠷ ᠤᠨ ᠠᠵᠤ ᠦᠢᠯᠡᠰ ᠤᠨ | ᠬᠤᠭᠤᠰᠤᠨ ᠢ ᠨᠥᠬᠦᠪᠦᠷᠢᠯᠡᠵᠦ ᠂ ᠶᠤᠸᠠᠨ ᠵᠢᠩ ᠤᠶᠤᠨᠳᠤ ᠰᠠᠯᠬᠢᠨ ᠬᠦᠴᠦᠨ ᠤ ᠮᠠᠰᠢᠨ ᠪᠣᠯᠣᠨ ᠠᠷᠠᠭᠠᠲᠤ | ᠬᠦᠷᠳᠦᠨ ᠬᠠᠶᠢᠷᠴᠠᠭ ᠤᠨ ᠨᠡᠶᠢᠯᠡᠮᠡᠯ ᠦᠢᠯᠡᠳᠪᠦᠷᠢ ᠶᠢ ᠪᠠᠶᠢᠭᠤᠯᠬᠤ ᠶᠢᠨ ᠬᠠᠮᠲᠤ ᠲᠤᠷᠰᠢᠨ ᠦᠢᠯᠡᠳᠪᠦᠷᠢᠯᠡᠵᠦ ᠂ | ᠲᠦᠩ ᠸᠧᠢ ᠶᠢᠨ ᠪᠣᠬᠢᠷᠲᠤᠯ ᠦᠭᠡᠢ ᠰᠠᠭᠤᠷᠢ ᠮᠠᠲ᠋ᠧᠷᠢᠶᠠᠯ ᠨᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ︽ ᠳᠠᠷᠬᠠᠨ ᠮᠤᠤᠮᠢᠩᠭᠠᠨ ᠤ ᠬᠤᠷᠳᠤᠴᠠ ︾ ᠶᠢ ᠰᠢᠨᠡᠳᠬᠡᠵᠦ ᠂ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ | ᠤᠨ ᠠᠵᠤ ᠠᠬᠤᠶᠢᠯᠠᠯ ︽ ᠲᠡᠭ ︾ ᠪᠠᠶᠢᠭᠰᠠᠨ ᠵᠢᠭᠠᠯᠲᠠ ᠶᠢ ᠰᠢᠪᠲᠤᠯᠠᠪᠠ ︔ 196 ᠲᠦᠮᠡᠨ ᠺᠢᠯᠣᠸᠠᠲ ᠤᠨ ᠰᠢᠨ᠎ᠡ | ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢ ᠰᠢᠨ᠎ᠡ ᠪᠠᠷ ᠨᠡᠮᠡᠭᠳᠡᠭᠦᠯᠵᠦ ᠂ 381 ᠲᠦᠮᠡᠨ ᠺᠢᠯᠣᠸᠠᠲ | ᠴᠠᠬᠢᠯᠭᠠᠨ ᠢ ᠲᠣᠣᠷ ᠲᠤ ᠨᠡᠶᠢᠯᠡᠭᠦᠯᠵᠦ ᠂ ᠬᠡᠪᠴᠢᠶ᠎ᠡ ᠨᠢ ᠪᠦᠬᠦ ᠬᠤᠳᠠ ᠳᠤ ᠨᠢᠭᠡᠳᠦᠭᠡᠷ ᠲᠤ ᠣᠷᠣᠪᠠ ᠃ ᠮᠠᠨᠳᠤᠯ | ᠪᠣᠭᠤᠮᠲᠠ ᠨᠢ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠣᠶᠤᠨᠴᠢ ᠬᠠᠭᠤᠷᠠᠢ ᠵᠠᠮ ᠤᠨ ᠭᠠᠷᠠᠮ ᠤᠨ | ᠲᠤᠷᠰᠢᠯᠲᠠ ᠶᠢᠨ ᠴᠡᠭ ᠪᠣᠯᠵᠤ ᠂ ᠨᠢᠭᠡ ᠡᠳᠦᠷ ᠂ ᠨᠢᠭᠡ ᠰᠠᠷ᠎ᠠ ᠂ ᠪᠥᠬᠦ ᠵᠢᠯ ᠤᠨ ᠪᠠᠷᠠᠭᠠᠨ ᠥᠩᠭᠡᠷᠡᠬᠦ ᠬᠡᠮᠵᠢᠶ᠎ᠡ ᠨᠢ | ᠪᠤᠭᠤᠮᠳᠠ ᠨᠡᠭᠡᠭᠡᠭᠰᠡᠨ ᠠᠴᠠ ᠨᠠᠭᠠᠰᠢᠬᠢ ᠬᠠᠮᠤᠭ ᠤᠨ ᠥᠨᠳᠥᠷ ᠲᠡᠮᠳᠡᠭᠯᠡᠯ ᠢ ᠡᠭᠦᠳᠪᠡ ᠃ ᠪᠥᠬᠦ ᠬᠤᠰᠢᠭᠤᠨ ᠤ | ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠤᠯᠠᠮ ᠰᠠᠶᠢᠵᠢᠷᠠᠵᠤ ᠬᠥᠭᠵᠢᠨ ᠪᠠᠳᠠᠷᠠᠪᠠ ᠃ | ᠨᠢᠭᠡ ᠵᠢᠯ ᠤᠨ ᠲᠤᠷᠰᠢ ᠪᠢᠳᠡ ᠭᠤᠣᠯᠳᠠᠭᠤ ᠳᠠᠷᠠᠭᠠᠬᠢ ᠠᠵᠢᠯ ᠤᠳ ᠢ ᠬᠢᠪᠡ ᠄ | ︵ ᠨᠢᠭᠡ ︶ ᠨᠡᠮᠡᠭᠳᠡᠯ ᠢ ᠲᠣᠭᠲᠠᠪᠤᠷᠢᠵᠢᠭᠤᠯᠬᠤ ᠪᠠᠷ ᠪᠦᠬᠦ ᠬᠦᠴᠦᠨ ᠢᠶᠠᠷ ᠢᠶᠠᠨ ᠴᠢᠷᠮᠠᠶᠢᠵᠤ ᠂ ᠠᠵᠤ ᠠᠬᠤᠢ | ᠶᠢᠨ ᠶᠠᠰᠤ ᠴᠢᠨᠠᠷ ᠦᠷ᠎ᠡ ᠠᠰᠢᠭ ᠦᠷᠭᠦᠯᠵᠢᠯᠡᠨ ᠰᠠᠶᠢᠵᠢᠷᠠᠪᠠ ᠃ ᠠᠵᠤ ᠠᠬᠤᠶᠢᠯᠠᠯ ᠤᠨ ᠦᠢᠯᠡᠳᠪᠦᠷᠢᠯᠡᠯ ᠢ | ᠲᠣᠭᠲᠠᠭᠤᠨ ᠪᠠᠶᠢᠯᠭᠠᠪᠠ ᠃ ᠤᠳᠤᠷᠢᠳᠬᠤ ᠺᠠᠳ᠋ᠷᠴᠤᠳ ᠠᠵᠤ ᠠᠬᠤᠶᠢᠯᠠᠯ ᠲᠠᠢ ᠬᠠᠷᠢᠯᠴᠠᠵᠤ ᠠᠵᠤ ᠠᠬᠤᠶᠢᠯᠠᠯ ᠳᠤ | ᠦᠢᠯᠡᠴᠢᠯᠡᠬᠦ ᠳᠦᠷᠢᠮ ᠢ ᠬᠡᠷᠡᠭᠵᠢᠭᠦᠯᠵᠦ ᠂ ᠲᠦᠷᠦ ᠶᠢᠨ ᠪᠣᠳᠣᠯᠭ᠎ᠠ ᠶᠢ ᠨᠠᠷᠢᠯᠢᠭ ᠤᠨᠤᠪᠴᠢᠳᠠᠢ ᠪᠠᠷ | ᠤᠶᠢᠯᠡᠳᠦᠯᠭᠡᠵᠢᠭᠦᠯᠵᠤ ᠂ ᠪᠦᠬᠦ ᠵᠢᠯ ᠳᠤ ᠠᠵᠤ ᠠᠬᠤᠶᠢᠯᠠᠯ ᠤᠨ ᠭᠠᠶᠢᠯᠢ ᠶᠢᠨ ᠰᠦᠢᠳᠬᠡᠯ ᠢ 4224 ᠲᠦᠮᠡᠨ | ᠲᠥᠭᠦᠷᠢᠭ ᠬᠠᠰᠤᠵᠤ ᠬᠡᠯᠲᠦᠷᠢᠭᠦᠯᠦᠨ ᠂ ᠠᠵᠤ ᠠᠬᠤᠶᠢᠯᠠᠯ ᠤᠨ 933 ᠬᠥᠮᠥᠨ ᠤᠳᠠᠭ᠎ᠠ ᠶᠢᠨ ᠠᠵᠢᠯᠴᠢᠨ ᠬᠡᠷᠡᠭᠯᠡᠬᠦ | ᠠᠰᠠᠭᠤᠳᠠᠯ ᠢ ᠰᠢᠢᠳᠪᠦᠷᠢᠯᠡᠵᠦ ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠡᠯᠡ ᠮᠥᠩᠭᠦ ᠶᠢ | 159.6 ᠲᠦᠮᠡᠨ ᠲᠥᠭᠦᠷᠢᠭ ᠲᠠᠷᠬᠠᠭᠠᠪᠠ ᠃ ᠲᠡᠮᠦᠷ ᠤᠨ ᠨᠠᠷᠢᠯᠢᠭ ᠨᠤᠨᠳᠠᠭ ᠤᠨ ᠭᠠᠷᠤᠯᠲᠠ 281.6 ᠲᠦᠮᠡᠨ | ᠲᠣᠨ ᠳᠤ ᠬᠦᠷᠴᠦ ᠂ 12% ᠢᠶᠠᠷ ᠨᠡᠮᠡᠭᠳᠡᠵᠦ ᠂ ᠠᠵᠤ ᠠᠬᠤᠶᠢᠯᠠᠯ ᠤᠨ ᠬᠥᠭᠵᠢᠯᠲᠡ ᠤᠯᠠᠮ ᠠᠴᠠ ᠤᠯᠠᠮ ᠰᠠᠶᠢᠨ | ᠪᠠᠶᠢᠳᠠᠯ ᠳᠤ ᠤᠷᠤᠪᠠ ᠃ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠲᠤᠯᠭᠠᠭᠤᠷᠢᠯᠠᠯ ᠪᠠᠳᠤ ᠪᠠᠬᠢ ᠪᠠᠶᠢᠪᠠ ᠃ | 61 ᠴᠢᠬᠤᠯᠠ ᠶᠡᠭᠡ ᠲᠦᠷᠦᠯ ᠵᠦᠢᠯ ᠤᠨ ᠪᠠᠷᠢᠯᠭ᠎ᠠ ᠶᠢᠨ 23 ᠶᠢ ᠨᠢ ᠳᠠᠭᠤᠰᠬᠠᠵᠤ ᠂ 230 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ ᠂ ᠣᠨ ᠤ ᠡᠭᠦᠷᠭᠡ ᠶᠢᠨ 109% ᠪᠠ 115% ᠶᠢ | ᠲᠤᠰ ᠲᠤᠰ ᠪᠡᠶᠡᠯᠡᠭᠦᠯᠵᠦ ᠂ ᠠᠵᠤ ᠠᠬᠤᠢ ᠶᠢᠨ ᠨᠡᠮᠡᠭᠳᠡᠯ ᠢ 35.8 ᠵᠠᠭᠤᠨ ᠤ ᠨᠢᠭᠡᠴᠢ ᠪᠠᠷ ᠳᠠᠶᠢᠴᠢᠯᠠᠪᠠ ᠃ ᠬᠠᠢ | ᠳ᠋ᠠ ᠪᠠᠯ ᠴᠢᠯᠠᠭᠤᠨ ᠤ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠶᠡᠷᠦᠩᠬᠡᠢ ᠪᠠᠷᠢᠯᠭ᠎ᠠ ᠶᠢᠨ 90% ᠶᠢ | ᠪᠡᠶᠡᠯᠡᠭᠦᠯᠵᠦ ᠂ ᠮᠢᠩ ᠲᠦᠸᠧ ᠨᠡᠭᠦᠷᠡᠰᠦᠲᠥ᠋ᠷᠥᠭᠴᠢ ᠦᠭᠡᠢ ᠲᠦᠯᠡᠰᠢ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠦᠨ ᠂ ᠥᠪᠡᠷᠲᠡᠭᠡᠨ ᠵᠠᠰᠠᠬᠤ ᠣᠷᠣᠨ ᠤ ᠠᠩᠬᠠᠨ ᠤ ᠪᠦᠯᠦᠭ ᠂ ᠪᠥᠬᠦ ᠬᠤᠲᠠ ᠶᠢᠨ | ᠠᠩᠬᠠᠳᠠᠭᠴᠢ ᠰᠢᠨ᠎ᠡ ᠡᠨᠧᠷᠭᠢ ᠪᠠᠷ ᠤᠰᠤᠲᠥ᠋ᠷᠥᠭᠴᠢ ᠦᠢᠯᠡᠳᠬᠦ ᠢᠨᠵᠧᠨᠧᠷᠢᠩ ᠤᠨ ᠵᠢᠱᠢᠶ᠎ᠡ ᠦᠵᠡᠭᠦᠯᠬᠦ ᠲᠥᠷᠥᠯ | ᠵᠦᠢᠯ ᠤᠨ ᠪᠠᠷᠢᠯᠭ᠎ᠠ ᠳᠠᠭᠤᠰᠴᠤ ᠲᠤᠷᠰᠢᠨ ᠦᠢᠯᠡᠳᠪᠦᠷᠢᠯᠡᠪᠡ ᠃ ᠰᠢᠨ᠎ᠡ ᠪᠠᠷ ᠨᠡᠮᠡᠭᠳᠡᠭᠰᠡᠨ ︽ ᠳᠥᠷᠪᠡ ᠶᠢ | ᠳᠡᠭᠡᠭᠰᠢᠯᠡᠭᠦᠯᠬᠦ ︾ ᠠᠵᠤ ᠠᠬᠤᠶᠢᠯᠠᠯ 30 ᠪᠣᠯᠵᠤ ᠂ ᠨᠢᠳᠤᠨᠤᠨ ᠤ ᠬᠢ ᠠᠴᠠ 3 ᠲᠠᠬᠢᠨ ᠨᠡᠮᠡᠭᠳᠡᠪᠡ ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠡᠯᠪᠡᠭ ᠳᠡᠯᠪᠡᠭ ᠦᠷ᠎ᠡ ᠪᠦᠲᠦᠭᠡᠯ ᠣᠯᠪᠠ ᠃ ᠭᠤᠷᠪᠠᠨ ᠵᠢᠯ | ᠤᠨ ᠠᠵᠢᠯᠯᠠᠭ᠎ᠠ ᠶᠢᠨ ᠲᠥᠰᠥᠯ ᠵᠢᠴᠢ ᠬᠢᠨᠠᠨ ᠰᠢᠯᠭᠠᠬᠤ ᠠᠷᠭ᠎ᠠ ᠶᠢ ᠨᠡᠶᠢᠲᠡᠯᠡᠵᠦ ᠂ ᠲᠦᠩ ᠸᠧᠢ ᠂ ᠰᠢᠶᠧ ᠰᠢᠨ | ᠵᠡᠷᠭᠡ 11 ︽ ᠳᠤᠮᠳᠠᠳᠤ ᠤᠯᠤᠰ ᠤᠨ 500 ᠬᠦᠴᠦᠷᠬᠡᠭ ︾ ᠠᠵᠤ ᠠᠬᠤᠶᠢᠯᠠᠯ ᠭᠡᠷ᠎ᠡ ᠲᠣᠭᠲᠠᠨ ᠰᠠᠭᠤᠷᠢᠰᠢᠪᠠ ᠃ | 593 ᠠᠵᠤ ᠠᠬᠤᠶᠢᠯᠠᠯ ᠲᠠᠢ ᠬᠠᠷᠢᠯᠴᠠᠨ 127 ᠲᠥᠷᠥᠯ ᠵᠦᠢᠯ ᠳᠤ ᠭᠡᠷ᠎ᠡ ᠲᠣᠭᠲᠠᠵᠤ ᠂ 1722 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠵᠥᠪᠳᠡᠯᠴᠡᠨ ᠲᠣᠭᠲᠠᠵᠤ ᠂ ᠲᠣᠰ ᠲᠣᠰ 13.8%᠂ 49.4% ᠪᠠ | 35.2% ᠢᠶᠠᠷ ᠨᠡᠮᠡᠭᠳᠡᠪᠡ ᠃ ᠳᠡᠭᠡᠳᠦ ᠱᠠᠲᠤᠨ ᠤ ᠪᠡᠯᠡ ᠮᠥᠩᠭᠦ ᠶᠢ 26.4 ᠳ᠋ᠦᠩᠰᠢᠭᠤᠷ ᠲᠥᠭᠦᠷᠢᠭ | ᠨᠠᠶᠢᠳᠠᠪᠤᠷᠢᠵᠢᠭᠤᠯᠬᠤ ᠪᠠᠷ ᠴᠢᠷᠮᠠᠶᠢᠵᠤ ᠂ 95.6% ᠪᠠᠷ ᠨᠡᠮᠡᠭᠳᠡᠭᠦᠯᠦᠨ ᠂ ᠳᠡᠮᠵᠢᠬᠦ ᠲᠥᠷᠥ ᠶᠢᠨ ᠪᠣᠳᠣᠯᠭ᠎ᠠ ᠶᠢ 6᠂ | ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ 23 ᠶᠢ ᠨᠠᠶᠢᠳᠠᠪᠤᠷᠢᠵᠢᠭᠤᠯᠪᠠ ᠃ ᠬᠡᠷᠡᠭᠯᠡᠭᠡᠨ ᠤ ᠵᠠᠬ᠎ᠠ ᠳᠡᠯᠭᠡᠭᠦᠷ ᠤᠨ | ᠰᠡᠷᠭᠦᠯᠲᠡ ᠲᠦᠷᠭᠡᠳᠪᠡ ᠃ ᠲᠤᠤ ᠮᠠ ᠭᠧᠦ ᠲᠤᠰᠬᠤᠨ ᠤ ︽ ᠭᠠᠭ᠋ᠠᠢ ᠶᠢᠨ ᠮᠢᠬᠠᠨ ᠤ ᠨᠥᠭᠡᠴᠡᠯᠡᠭᠡ ︾ ᠂ ᠲᠣᠷᠭᠠᠨ | ᠵᠠᠮ ᠤᠨ ᠮᠦᠷᠦᠭᠡᠳᠤᠯ ᠳᠠᠬᠢ ᠴᠠᠭᠠᠰᠤᠨ ᠰᠢᠪᠠᠭᠤ ᠶᠢᠨ ᠪᠠᠶᠠᠷ ᠵᠡᠷᠭᠡ ᠠᠵᠢᠯᠯᠠᠭ᠎ᠠ ᠨᠢ ᠤᠯᠠᠮᠵᠢᠯᠠᠯᠳᠤ ᠮᠠᠶ᠋ᠢᠭ ᠤᠨ | ᠬᠡᠷᠡᠭᠯᠡᠭᠡᠨ ᠤ ᠨᠡᠮᠡᠭᠳᠡᠯ ᠢ ᠠᠬᠢᠭᠤᠯᠵᠤ ᠂ ᠰᠦᠯᠵᠢᠶᠡᠨ ᠤᠳᠤ ᠶᠢᠨ ᠰᠢᠭᠤᠳ ᠨᠡᠪᠲᠡᠷᠡᠭᠦᠯᠭᠡ ᠵᠡᠷᠭᠡ ᠰᠦᠯᠵᠢᠶᠡᠨ | ᠳᠡᠭᠡᠷᠡᠬᠢ ᠠᠵᠢᠯᠯᠠᠭ᠎ᠠ ᠨᠢ ᠰᠢᠨ᠎ᠡ ᠬᠡᠯᠪᠡᠷᠢ ᠶᠢᠨ ᠬᠡᠷᠡᠭᠯᠡᠭᠡ ᠶᠢᠨ ᠲᠦᠷᠭᠡᠨ ᠬᠥᠭᠵᠢᠯᠲᠡ ᠶᠢ ᠠᠬᠢᠭᠤᠯᠵᠤ ᠂ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠵᠡᠷᠭᠡ 5 ᠬᠤᠰᠢᠭᠤ ᠰᠢᠶᠠᠨ ᠤ ᠬᠡᠪᠴᠢᠶᠡᠨ ᠤ | ᠬᠤᠳᠠᠯᠳᠤᠭᠠᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠪᠦᠬᠦᠨ ᠢ ᠠᠰᠢᠭᠯᠠᠯᠲᠠ ᠳᠤ | ᠣᠷᠣᠭᠤᠯᠵᠤ ᠂ ᠪᠠᠢ ᠯᠢᠩ ᠬᠤᠳᠠᠯᠳᠤᠭᠠᠨ ᠤ ᠵᠡᠭᠡᠯᠢ ᠂ ᠾᠧ ᠮᠧᠢ ᠠᠮᠲᠠᠲᠤ ᠢᠳᠡᠭᠡᠨ ᠤ ᠵᠡᠭᠡᠯᠢ ᠶᠢ ᠪᠠᠶᠢᠭᠤᠯᠵᠤ ᠂ | ᠬᠤᠳᠠ ᠪᠠᠯᠭᠠᠰᠤ ᠶᠢ ᠨᠡᠩ ᠬᠦᠷ ᠬᠦᠭᠵᠢᠶᠠᠨ ᠲᠠᠢ ᠪᠤᠯᠭᠠᠪᠠ ᠃ ᠡᠵᠡᠩᠨᠡᠯᠲᠡ ᠶᠢᠨ ᠪᠡᠶᠡᠴᠢ ᠴᠣᠭᠴᠠ ᠶᠢᠨ ᠲᠤᠭ᠎ᠠ | ᠬᠡᠮᠵᠢᠶ᠎ᠡ ᠪᠠ ᠶᠠᠰᠤ ᠴᠢᠨᠠᠷ ᠨᠢ ᠵᠡᠷᠭᠡ ᠪᠠᠷ ᠳᠡᠭᠡᠭᠰᠢᠯᠡᠪᠡ ᠃ ᠵᠠᠬ᠎ᠠ ᠳᠡᠯᠭᠡᠭᠦᠷ ᠤᠨ ᠪᠡᠶᠡᠴᠢ ᠴᠣᠭᠴᠠ 1508 | ᠡᠷᠦᠬᠡ ᠨᠡᠮᠡᠭᠳᠡᠭᠦᠯᠵᠦ ᠂ 21.7% ᠪᠠᠷ ᠨᠡᠮᠡᠭᠳᠡᠨ ᠂ 6 ᠡᠷᠦᠬᠡ ᠶᠢ ︽ ᠬᠤᠪᠢ ᠶᠢᠨ ᠬᠤᠳᠠᠯᠳᠤᠭ᠎ᠠ ᠠᠴᠠ ᠠᠵᠤ | ᠠᠬᠤᠶᠢᠯᠠᠯ ᠪᠣᠯᠭᠠᠨ ᠬᠤᠪᠢᠷᠠᠭᠤᠯᠬᠤ ︾ ᠶᠢ ᠪᠡᠶᠡᠯᠡᠭᠦᠯᠪᠡ ᠃ ᠠᠵᠤ ᠠᠬᠤᠶᠢᠯᠠᠯ ᠢ ᠬᠥᠲᠥᠯᠥᠨ ᠵᠢᠯᠤᠭᠤᠳᠴᠤ 5 | ᠰᠤᠳᠤᠯᠤᠨ ᠨᠡᠭᠡᠭᠡᠬᠦ ᠪᠠᠶᠢᠭᠤᠯᠤᠮᠵᠢ ᠶᠢ ᠰᠢᠨ᠎ᠡ ᠪᠠᠷ ᠪᠠᠶᠢᠭᠤᠯᠵᠤ ᠂ ᠵᠢᠢ ᠳ᠋ᠦᠩ ᠱᠦᠢᠨᠢ ᠂ ᠹᠦ᠋ ᠯᠧᠢ ᠰᠢᠨ᠎ᠡ ᠡᠨᠧᠷᠭᠢ | ᠶᠢᠨ ᠰᠤᠷᠪᠤᠯᠵᠢ ᠶᠢ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠮᠠᠭᠠᠳᠯᠠᠨ | ᠲᠣᠭᠲᠠᠭᠠᠵᠤ ᠂ ᠺᠧ ᠳ᠋ᠡ ᠴᠠᠩ ᠠᠨ ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ | ᠳᠤᠮᠳᠠ ᠵᠢᠵᠢᠭ ᠠᠵᠤ ᠠᠬᠤᠶᠢᠯᠠᠯ ᠢᠶᠠᠷ ᠳᠠᠩᠰᠠᠯᠠᠭᠤᠯᠵᠤ ᠂ ᠮᠣᠩᠭᠤᠯ ᠦᠬᠡᠷ ᠤᠨ ᠡᠭᠦᠯᠳᠡᠷ ᠤᠨ ᠲᠤᠷᠰᠢᠯᠲᠠ ᠶᠢᠨ | ᠰᠠᠭᠤᠷᠢᠨ ᠭᠠᠵᠠᠷ ᠢ ᠤᠯᠤᠰ ᠤᠨ ᠲᠠᠰ ᠤᠨ ︽ ᠦᠬᠡᠷ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠵᠢᠵᠢᠭ ᠬᠦᠷᠢᠶᠡᠯᠡᠩ ︾ ᠢᠶᠠᠷ ᠵᠥᠪᠰᠢᠶᠡᠷᠡᠭᠦᠯᠵᠦ ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠬᠦᠴᠦᠨ | ᠢ ᠲᠠᠰᠤᠷᠠᠯᠲᠠ ᠦᠭᠡᠢ ᠴᠢᠩᠭᠠᠳᠬᠠᠪᠠ ᠃ | ︵ ᠬᠤᠶᠠᠷ ︶ ᠬᠡᠯᠪᠡᠷᠢ ᠪᠠᠨ ᠬᠤᠪᠢᠷᠠᠭᠤᠯᠬᠤ ᠶᠢ ᠴᠥᠬᠦᠷᠡᠰᠢ ᠦᠭᠡᠢ ᠠᠬᠢᠭᠤᠯᠵᠤ ᠂ ᠠᠵᠤ ᠦᠢᠯᠡᠰ ᠤᠨ | ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ ᠃ ᠲᠠᠷᠢᠶᠠᠯᠠᠩ ᠮᠠᠯ ᠠᠵᠤ | ᠠᠬᠤᠢ ᠶᠢᠨ ᠭᠠᠷᠤᠯᠲᠠ ᠶᠢ ᠨᠡᠮᠡᠭᠳᠡᠭᠦᠯᠪᠡ ᠃ ᠠᠮᠤ ᠪᠤᠳᠠᠭᠠᠨ ᠤ ᠭᠠᠷᠤᠯᠲᠠ 2.48 ᠳ᠋ᠦᠩᠰᠢᠭᠤᠷ ᠵᠢᠩ ᠳᠤ | ᠬᠦᠷᠴᠦ ᠂ ᠮᠢᠬ᠎ᠠ ᠥᠨᠳᠡᠭᠡ ᠶᠢᠨ ᠭᠠᠷᠤᠯᠲᠠ ᠲᠤᠰ ᠲᠤᠰ 8.7% ᠪᠠ 9.2% ᠢᠶᠠᠷ ᠨᠡᠮᠡᠭᠳᠡᠪᠡ ᠃ ᠬᠤᠲᠠ ᠶᠢᠨ | ᠲᠠᠰ ᠠᠴᠠ ᠳᠡᠭᠡᠭᠰᠢᠬᠢ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ 56᠂ ᠥᠪᠡᠷᠲᠡᠭᠡᠨ ᠵᠠᠰᠠᠬᠤ ᠣᠷᠣᠨ ᠤ | ᠲᠠᠰ ᠤᠨ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠲᠠᠯᠠᠪᠠᠶ 7 ᠶᠢ | ᠰᠢᠨ᠎ᠡ ᠪᠠᠷ ᠮᠠᠭᠠᠳᠯᠠᠨ ᠲᠣᠭᠲᠠᠭᠠᠵᠤ ᠂ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠯᠳᠤᠯ ᠤᠨ | ᠬᠠᠷᠢᠴᠠᠯ ᠢ 93% ᠪᠣᠯᠲᠠᠯ᠎ᠠ ᠳᠡᠭᠡᠭᠰᠢᠯᠡᠭᠦᠯᠪᠡ ᠃ ︽ ᠨᠠᠷᠠᠲᠤ ᠣᠨᠴᠠ ᠰᠢᠯᠢᠳᠡᠭ ᠰᠢᠨ᠎ᠡ ︾ ᠲᠠᠷᠢᠶᠠᠯᠠᠩ ᠤᠨ 3 | ᠪᠦᠲᠦᠭᠡᠭᠳᠡᠬᠦᠨ ᠢ ᠰᠢᠨ᠎ᠡ ᠪᠠᠷ ᠨᠡᠮᠡᠭᠳᠡᠭᠦᠯᠵᠦ ᠂ ︽ ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢ ︾ ᠨᠢ | ᠪᠥᠬᠦ ᠤᠯᠤᠰ ᠤᠨ ᠮᠠᠯ ᠠᠵᠤ ᠠᠬᠤᠢ ᠶᠢᠨ ᠵᠠᠭᠤᠨ ᠬᠦᠴᠦᠷᠬᠡᠭ ᠤᠨ ᠨᠠᠷᠠᠲᠤ ᠲᠡᠮᠳᠡᠭ ᠪᠠ ᠳᠤᠮᠳᠠᠳᠤ ᠤᠯᠤᠰ ᠤᠨ | ᠲᠠᠷᠢᠶᠠᠯᠠᠩ ᠤᠨ ᠨᠡᠷ᠎ᠡ ᠶᠢᠨ ᠬᠠᠭᠤᠳᠠᠰᠤ · ᠠᠷᠪᠠᠨ ᠲᠣᠮᠣ ᠭᠠᠷᠮᠠᠭᠠᠢ ᠨᠠᠷᠠᠲᠤ ᠲᠡᠮᠳᠡᠭ ᠢᠶᠠᠷ ᠦᠨᠡᠯᠡᠭᠳᠡᠵᠦ ᠂ ︽ | ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠦᠬᠡᠷ ᠤᠨ ᠮᠢᠬ᠎ᠠ ︾ ᠨᠢ ᠪᠥᠬᠦ ᠤᠯᠤᠰ ᠤᠨ ᠭᠠᠵᠠᠷ ᠵᠦᠢ ᠶᠢᠨ | ᠲᠡᠮᠳᠡᠭ ᠲᠠᠢ ᠦᠬᠡᠷ ᠤᠨ ᠨᠠᠷᠠᠲᠤ ᠲᠡᠮᠳᠡᠭ ᠤᠨ ᠥᠷᠲᠡᠭ ᠤᠨ ᠨᠡᠷᠡᠰ ᠤᠨ ᠵᠢᠭᠰᠠᠭᠠᠯᠲᠠ ᠳᠤ 8 ᠳ᠋ᠤᠭᠠᠷ ᠲᠤ | ᠵᠢᠭᠰᠠᠭᠠᠭᠳᠠᠵᠤ ᠂ ᠮᠣᠩᠭᠤᠯ ᠬᠤᠨᠴᠢᠷ ᠂ ᠲᠢᠶᠠᠨ ᠢᠦᠢ ᠮᠦ ᠭᠧ ᠨᠢ ᠲᠣᠰ ᠲᠣᠰ ᠣᠷᠭᠠᠨᠢᠭ ᠭᠡᠷᠡᠴᠢᠯᠡᠯ ᠪᠠ ︽ | ᠮᠧᠩ ︾ ᠥᠰᠥᠭ ᠤᠨ ᠭᠡᠷᠡᠴᠢᠯᠡᠯ ᠳᠤ ᠬᠢᠷᠢ ᠲᠡᠩᠴᠡᠪᠡ ᠃ ᠮᠠᠨ ᠤ ᠬᠤᠰᠢᠭᠤ ᠨᠢ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠤᠨ ᠪᠥᠬᠦ ᠶᠠᠪᠤᠴᠠ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠨ᠎ᠡ ᠶᠢ ᠡᠭᠦᠳᠬᠦ ᠲᠤᠷᠰᠢᠯᠲᠠ ᠶᠢᠨ | ᠬᠤᠰᠢᠭᠤ ᠪᠤᠯᠪᠠ ᠃ ᠰᠢᠨ᠎ᠡ ᠡᠨᠧᠷᠭᠢ ᠶᠢᠨ ᠠᠵᠤ ᠦᠢᠯᠡᠰ ᠢ ᠲᠦᠷᠭᠡᠪᠴᠢᠯᠡᠨ ᠬᠥᠭᠵᠢᠭᠦᠯᠪᠡ ᠃ ᠰᠢᠨ᠎ᠡ ᠪᠠᠷ | ᠵᠥᠪᠰᠢᠶᠡᠷᠡᠭᠳᠡᠭᠰᠡᠨ ᠵᠠᠬ᠎ᠠ ᠳᠡᠯᠭᠡᠭᠦᠷᠴᠢᠯᠡᠭᠰᠡᠨ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠭᠦᠢᠴᠡᠳᠬᠡᠬᠦ | ᠲᠤᠭ᠎ᠠ ᠶᠢ 523 ᠲᠦᠮᠡᠨ ᠺᠢᠯᠣᠸᠠᠲ ᠲᠤ ᠬᠦᠷᠭᠡᠵᠦ ᠂ ᠰᠢᠨ᠎ᠡ ᠪᠠᠷ ᠠᠵᠢᠯ ᠡᠬᠢᠯᠡᠭᠦᠯᠦᠭᠰᠡᠨ ᠬᠡᠪᠴᠢᠶ᠎ᠡ ᠶᠢ 236 | ᠲᠦᠮᠡᠨ ᠺᠢᠯᠣᠸᠠᠲ ᠲᠤ ᠬᠦᠷᠭᠡᠵᠦ ᠂ ᠢᠯᠴᠢ ᠶᠢᠨ ᠴᠠᠬᠢᠯᠭᠠᠨ ᠤ ᠬᠠᠮᠢᠶ᠎ᠠ ᠲᠠᠢ 6 ᠲᠦᠷᠦᠯ ᠵᠦᠢᠯ ᠢ ᠲᠣᠣᠷ ᠲᠤ | ᠨᠡᠶᠢᠯᠡᠭᠦᠯᠬᠦ ᠨᠥᠬᠦᠴᠡᠯ ᠢ ᠪᠦᠷᠢᠳᠦᠭᠦᠯᠵᠦ ᠂ ᠪᠦᠬᠦ ᠵᠢᠯ ᠳᠤ 93.3 ᠳ᠋ᠦᠩᠰᠢᠭᠤᠷ ᠺᠢᠯᠣᠸᠠᠲ ᠴᠠᠭ ᠴᠠᠬᠢᠯᠭᠠᠨ | ᠭᠠᠷᠭᠠᠵᠤ ᠂ 6.4% ᠪᠠᠷ ᠨᠡᠮᠡᠭᠳᠡᠭᠦᠯᠦᠨ ᠂ ᠮᠢᠩᠭᠠᠨ ᠲᠦᠮᠡᠨ ᠺᠢᠯᠣᠸᠠᠲ ᠤᠨ ᠲᠡᠰ ᠤᠨ ᠰᠢᠨ᠎ᠡ ᠡᠨᠧᠷᠭᠢ ᠶᠢᠨ | ᠰᠤᠷᠪᠤᠯᠵᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠠᠪᠤᠭᠳᠠᠭᠤᠯᠵᠤ ᠦᠷ᠎ᠡ ᠪᠦᠲᠦᠮᠵᠢ ᠣᠯᠪᠠ ᠃ | ᠰᠣᠶᠣᠯ ᠵᠢᠭᠤᠯᠴᠢᠯᠠᠯ ᠤᠨ ᠠᠭᠤᠰᠤᠯᠴᠠᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ ᠃ ᠰᠣᠶᠣᠯ ᠪᠡᠶ᠎ᠡ ᠲᠠᠮᠢᠷ | ᠵᠢᠭᠤᠯᠴᠢᠯᠠᠯ ᠤᠨ ︽ ᠨᠠᠢᠮᠠᠨ ᠶᠡᠭᠡ ᠠᠵᠢᠯᠯᠠᠭ᠎ᠠ ︾ ᠶᠢ ᠯᠠᠪᠳᠠᠭᠤᠨ ᠪᠠᠲᠤᠲᠠᠢ ᠠᠬᠢᠭᠤᠯᠵᠤ ᠂ 80 ᠭᠠᠷᠤᠢ ᠲᠠᠯᠠᠪᠤᠷ | ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ ᠂ ᠪᠦᠲᠦᠨ ᠵᠢᠯ ᠢᠶᠠᠷ ᠵᠤᠭᠠᠴᠠᠭᠰᠠᠳ ᠢ ᠭᠥᠯᠢᠶᠡᠨ ᠠᠪᠴᠤ ᠂ | ᠶᠡᠷᠦᠩᠬᠡᠢ ᠣᠷᠣᠯᠭ᠎ᠠ ᠶᠢᠨ ᠨᠡᠮᠡᠭᠳᠡᠯ ᠢ ᠲᠣᠰ ᠲᠣᠰ 280% ᠪᠠ 260% ᠪᠠᠷ ᠪᠡᠶᠡᠯᠡᠭᠦᠯᠵᠦ ᠂ ᠲᠣᠷᠭᠠᠨ ᠵᠠᠮ | ᠤᠨ ᠮᠦᠷᠦᠭᠡᠳᠤᠯ ᠂ ᠬᠤᠸᠠ ᠬᠠᠢ ᠵᠡᠷᠭᠡ ᠬᠤᠶᠠᠷ ᠦᠵᠡᠮᠵᠢ ᠶᠢᠨ ᠤᠷᠤᠨ ᠨᠢ ᠲᠣᠰ ᠲᠣᠰ 4A ᠲᠠᠰ ᠪᠠ 3A | ᠲᠠᠰ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ ᠂ ᠰᠠᠶᠢᠬᠤᠰᠤ ᠲᠣᠰᠬᠤᠨ ᠂ ᠬᠤᠩᠭᠤᠷᠲᠠᠯ᠎ᠠ ᠲᠣᠰᠬᠤᠨ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠵᠢᠱᠢᠶ᠎ᠡ ᠦᠵᠡᠭᠦᠯᠬᠦ | ᠲᠣᠰᠬᠤᠨ ᠢᠶᠠᠷ ᠦᠨᠡᠯᠡᠭᠳᠡᠵᠦ ᠂ ᠮᠠᠨ ᠤ ᠬᠤᠰᠢᠭᠤ ᠥᠪᠡᠷᠲᠡᠭᠡᠨ ᠵᠠᠰᠠᠬᠤ ᠣᠷᠣᠨ ᠤ ᠠᠩᠬᠠᠨ ᠤ ᠪᠦᠯᠦᠭ ᠰᠣᠶᠣᠯ | ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠭᠰᠠᠨ ᠬᠥᠭᠵᠢᠯᠲᠡ ᠶᠢᠨ ᠵᠢᠱᠢᠶ᠎ᠡ | ᠦᠵᠡᠭᠦᠯᠬᠦ ᠣᠷᠣᠨ ᠪᠣᠯᠪᠠ ᠃ ᠨᠡᠭᠦᠷᠡᠰᠦᠲᠥ᠋ᠷᠥᠭᠴᠢ ᠦᠭᠡᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ | ᠬᠤᠷᠳᠤᠴᠠ ᠶᠢ ᠲᠦᠷᠭᠡᠳᠬᠡᠪᠡ ᠃ ᠬᠦᠷᠢᠶᠡᠯᠡᠩ ᠲᠣᠭᠤᠷᠢᠭ ᠤᠨ ᠲᠥᠯᠦᠪᠵᠢᠭᠦᠯᠭᠡ ᠶᠢᠨ ᠪᠠᠶᠢᠷᠢᠰᠢᠭᠤᠯᠤᠯ ᠂ ᠠᠵᠤ | ᠦᠢᠯᠡᠰ ᠤᠨ ᠰᠢᠰᠲ᠋ᠧᠮ ᠂ ᠪᠠᠷᠢᠮᠵᠢᠶ᠎ᠠ ᠶᠢ ᠲᠤᠭᠳᠠᠭᠠᠬᠤ ᠶᠢ ᠰᠢᠯᠢᠳᠡᠭᠵᠢᠭᠦᠯᠦᠨ ᠬᠡᠯᠪᠡᠷᠢᠵᠢᠭᠦᠯᠵᠤ ᠂ ᠲᠥᠰᠥᠯ ᠢ | ᠮᠡᠳᠡᠭᠦᠯᠦᠨ ᠵᠥᠪᠰᠢᠶᠡᠷᠡᠭᠦᠯᠬᠦ ᠪᠠ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠶᠤᠸᠠᠨ ᠵᠢᠩ ᠪᠣᠬᠢᠷᠲᠤᠯ ᠦᠭᠡᠢ ᠬᠠᠶᠢᠯᠤᠰᠢ ᠵᠡᠷᠭᠡ ᠲᠥᠷᠥᠯ ᠵᠦᠢᠯ | ᠢ ᠡᠬᠢᠯᠡᠭᠦᠯᠵᠤ ᠂ ᠠᠯᠲᠠᠨ ᠣᠪᠣᠭ᠎ᠠ ᠬᠦᠬᠦᠷ ᠬᠦᠴᠢᠯ ᠤᠨ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠠᠵᠢᠯ | ᠳᠠᠭᠤᠰᠴᠤ ᠂ ᠪᠠᠷᠠᠭᠤᠨ ᠠᠵᠤ ᠦᠢᠯᠡᠳᠪᠦᠷᠢ ᠶᠢᠨ ᠲᠣᠭᠤᠷᠢᠭ ᠨᠢ ᠤᠯᠤᠰ ᠤᠨ ᠣᠷᠴᠢᠯ ᠠᠵᠤ ᠠᠬᠤᠢ ᠶᠢᠨ | ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠴᠡᠭ ᠢᠶᠠᠷ ᠲᠤᠭᠳᠠᠭᠠᠭᠳᠠᠵᠤ ᠂ ᠥᠪᠡᠷᠲᠡᠭᠡᠨ ᠵᠠᠰᠠᠬᠤ ᠣᠷᠣᠨ ᠤ | ᠴᠣᠷ ᠤᠨ ᠭᠠᠭᠴᠠ ᠰᠣᠩᠭᠤᠭᠳᠠᠭᠰᠠᠨ ᠲᠥᠷᠥᠯ ᠵᠦᠢᠯ ᠪᠤᠯᠪᠠ ᠃ 26.9 ᠳ᠋ᠦᠩᠰᠢᠭᠤᠷ ᠲᠥᠭᠦᠷᠢᠭ ᠤᠨ ᠶᠡᠷᠦᠩᠬᠡᠢ | ᠪᠡᠯᠡ ᠣᠷᠣᠭᠤᠯᠤᠯᠲᠠ ᠲᠠᠢ 14 ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠢ ᠲᠦᠷᠭᠡᠳᠬᠡᠨ ᠠᠬᠢᠭᠤᠯᠵᠤ ᠂ ᠬᠢᠮᠢ | ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ ᠤ ᠭᠠᠯ ᠤᠨᠲᠠᠷᠠᠭᠠᠬᠤ ᠥᠷᠲᠡᠭᠡ ᠶᠢ ᠠᠰᠢᠭᠯᠠᠯᠲᠠ ᠳᠤ | ᠣᠷᠣᠭᠤᠯᠤᠨ ᠂ ᠵᠢᠷᠭᠤᠭᠠᠨ ︽ ᠦᠬᠦᠰᠢᠷᠡᠮᠡᠯ ᠠᠵᠤ ᠠᠬᠤᠶᠢᠯᠠᠯ ︾ ᠢ ᠢᠯᠭᠠᠷᠠᠭᠤᠯᠵᠤ ᠂ 650 ᠮᠦ ᠠᠵᠤ | ᠦᠢᠯᠡᠳᠪᠦᠷᠢ ᠳᠤ ᠬᠡᠷᠡᠭᠯᠡᠬᠦ ᠭᠠᠵᠠᠷ ᠢ ᠰᠤᠯᠠᠯᠠᠨ ᠭᠠᠷᠭᠠᠪᠠ ᠃ ᠪᠥᠬᠦ ᠵᠢᠯ ᠳᠤ ᠬᠦᠷᠢᠶᠡᠯᠡᠩ ᠲᠣᠭᠤᠷᠢᠭ ᠤᠨ ᠠᠵᠤ | ᠦᠢᠯᠡᠳᠪᠦᠷᠢ ᠶᠢᠨ ᠦᠢᠯᠡᠳᠬᠦᠨ ᠤ ᠪᠥᠬᠦ ᠥᠷᠲᠡᠭ 28.3% ᠪᠠᠷ ᠨᠡᠮᠡᠭᠳᠡᠵᠦ ᠂ ᠭᠠᠶᠢᠯᠢ ᠲᠠᠲᠠᠪᠤᠷᠢ ᠶᠢᠨ ᠨᠡᠮᠡᠭᠳᠡᠯ | 37.6% ᠪᠠᠶᠢᠵᠤ ᠂ ᠠᠵᠤ ᠠᠬᠤᠢ ᠶᠢᠨ ︽ ᠬᠦᠮᠦᠷᠭᠡ ︾ ᠪᠣᠯᠤᠭᠰᠠᠨ ᠪᠠᠶᠢᠨ᠎ᠠ ᠃ | ︵ ᠭᠤᠷᠪᠠ ︶ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠮᠢᠵᠢᠷᠠᠯ ᠤᠨ ᠬᠦᠴᠦᠨ ᠢ | ᠨᠡᠮᠡᠭᠳᠡᠭᠦᠯᠵᠦ ᠂ ᠥᠭᠡᠷᠡᠴᠢᠯᠡᠯᠲᠡ ᠨᠡᠭᠡᠭᠡᠯᠲᠡ ᠶᠢ ᠲᠦᠷᠭᠡᠨ ᠪᠥᠭᠡᠳ ᠯᠠᠪᠳᠠᠭᠤᠨ ᠢᠶᠠᠷ ᠶᠠᠪᠤᠭᠳᠠᠭᠤᠯᠪᠠ ᠃ | ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢ ᠣᠯᠪᠠ ᠃ 42 ᠵᠦᠢᠯ ᠤᠨ | ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ | ᠡᠭᠦᠷᠭᠡ ᠶᠢ ᠪᠦᠭᠦᠨ ᠢ ᠪᠡᠶᠡᠯᠡᠭᠦᠯᠵᠦ ᠂ ᠮᠠᠨ ᠤ ᠬᠤᠰᠢᠭᠤ ᠪᠦᠭᠦ ᠣᠷᠣᠨ ᠤ ᠲᠥᠰᠥᠪ ᠤᠨ ᠦᠷ᠎ᠡ ᠪᠦᠲᠦᠮᠵᠢ ᠶᠢᠨ | ᠬᠠᠮᠢᠶᠠᠷᠤᠯᠲᠠ ᠶᠢ ᠭᠤᠣᠯᠳᠠᠯᠭ᠎ᠠ ᠲᠠᠢ ᠠᠬᠢᠭᠤᠯᠬᠤ ᠬᠤᠰᠢᠭᠤ ᠰᠢᠶᠠᠨ ᠪᠣᠯᠪᠠ ᠃ ᠬᠤᠰᠢᠭᠤᠨ ᠳᠤ ᠬᠠᠷᠢᠶᠠᠯᠠᠭᠳᠠᠬᠤ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠠᠬᠢᠨ ᠵᠣᠬᠢᠶᠠᠨ | ᠪᠠᠶᠢᠭᠤᠯᠬᠤ ᠪᠠ ᠲᠤᠰᠬᠠᠶᠢᠵᠢᠭᠤᠯᠤᠨ ᠨᠡᠶᠢᠯᠡᠭᠦᠯᠬᠦ ᠠᠵᠢᠯ ᠢ ᠤᠷᠤᠭᠰᠢᠲᠠᠢ ᠪᠡᠶᠡᠯᠡᠭᠦᠯᠵᠦ ᠂ ᠪᠥᠬᠦ ᠵᠢᠯ ᠳᠤ | ᠨᠢᠭᠡᠳᠦᠭᠡᠷ ᠳᠡᠰ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 17.7% | ᠨᠡᠮᠡᠭᠳᠡᠪᠠ ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠪᠡ ᠃ ᠤᠯᠠᠨ ᠬᠢᠨᠠᠯᠲᠠ ᠂ | ᠤᠯᠠᠨ ᠦᠨᠡᠮᠯᠡᠯ ᠂ ᠤᠯᠠᠨ ᠬᠡᠮᠵᠢᠯᠲᠡ ᠶᠢᠨ ︽ ᠭᠤᠷᠪᠠ ᠶᠢ ᠨᠢᠭᠡᠳᠬᠡᠬᠦ ︾ ᠥᠭᠡᠷᠡᠴᠢᠯᠡᠯᠲᠡ ᠶᠢ ᠭᠦᠨᠵᠡᠭᠡᠢ ᠲᠦᠯᠬᠢᠨ | ᠠᠬᠢᠭᠤᠯᠵᠤ ᠂ ᠠᠵᠢᠯ ᠶᠠᠪᠤᠳᠠᠯ ᠰᠢᠢᠳᠪᠦᠷᠢᠯᠡᠬᠦ ᠴᠢᠬᠤᠯᠠ ᠨᠥᠬᠦᠴᠡᠯ ᠂ ᠴᠠᠭ ᠤᠨ ᠬᠢᠵᠠᠭᠠᠷ ᠪᠤᠯᠤᠨ ᠶᠠᠪᠤᠴᠠ ᠶᠢ | ᠳᠦᠭᠦᠮᠴᠢᠯᠡᠭᠰᠡᠨ ᠨᠤᠷᠮ᠎ᠠ ᠴᠥᠮ 20% ᠶᠢ ᠳᠠᠪᠠᠵᠤ ᠂ ︽ ᠬᠤᠪᠢ ᠶᠢᠨ ᠬᠤᠳᠠᠯᠳᠤᠭ᠎ᠠ ᠶᠢ ᠠᠵᠤ ᠠᠬᠤᠶᠢᠯᠠᠯ | ᠪᠣᠯᠭᠠᠨ ᠬᠤᠪᠢᠷᠠᠭᠤᠯᠬᠤ ︾ ᠬᠤᠳᠠᠯᠳᠤᠭᠠᠨ ᠤ ᠶᠠᠪᠤᠳᠠᠯ ᠤᠨ ᠳᠠᠩᠰᠠᠯᠠᠯᠲᠠ ᠶᠢᠨ ᠦᠢᠯᠡᠴᠢᠯᠡᠭᠡ ᠶᠢ ᠨᠢᠭᠡ ᠯᠡ | ᠶᠠᠪᠤᠴᠠ ᠪᠠᠷ ᠨᠢᠭᠡ ᠡᠳᠦᠷ ᠲᠤ ᠰᠢᠢᠳᠪᠦᠷᠢᠯᠡᠵᠦ ᠳᠠᠭᠤᠰᠬᠠᠬᠤ ᠶᠢ ᠪᠡᠶᠡᠯᠡᠭᠦᠯᠪᠡ ᠃ ︽ ᠨᠢᠭᠡ ᠶᠠᠪᠤᠳᠠᠯ ᠢ ᠨᠢᠭᠡ ᠯᠡ | ᠤᠳᠠᠭ᠎ᠠ ᠳᠤ ᠰᠢᠢᠳᠪᠦᠷᠢᠯᠡᠬᠦ ︾ ᠤᠴᠢᠷ ᠶᠠᠪᠤᠳᠠᠯ 247 ᠵᠦᠢᠯ ᠳᠤ ᠬᠦᠷᠴᠦ ᠂ ︽ ᠬᠠᠮᠤᠭ ᠤᠨ ᠠᠷᠪᠢᠨ ᠳᠠᠭᠠᠨ | ᠨᠢᠭᠡ ᠯᠡ ᠤᠳᠠᠭ᠎ᠠ ᠭᠦᠶᠦᠬᠦ ︾ ᠶᠢ ᠪᠡᠶᠡᠯᠡᠭᠦᠯᠪᠡ ᠃ ᠪᠣᠭᠤᠮᠲᠠ ᠶᠢᠨ ᠬᠥᠭᠵᠢᠯᠲᠡ ᠰᠢᠨ᠎ᠡ ᠰᠢᠪᠲᠤᠯᠤᠯᠲᠠ ᠲᠠᠢ | ᠪᠣᠯᠪᠠ ᠃ ᠭᠠᠶᠢᠯᠢ ᠪᠠᠲᠤᠯᠠᠬᠤ ᠬᠥᠮᠥᠷᠭᠡ ᠂ ᠲᠡᠮᠦᠷ ᠵᠠᠮ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ | ᠬᠦᠷᠢᠶᠡᠯᠡᠩ ᠵᠡᠷᠭᠡ 7 ᠲᠥᠷᠥᠯ ᠵᠦᠢᠯ ᠢ ᠡᠬᠢᠯᠡᠨ ᠪᠠᠶᠢᠭᠤᠯᠵᠤ ᠂ H986 ᠲᠣᠮᠣ ᠬᠡᠯᠪᠡᠷᠢ ᠶᠢᠨ ᠴᠢᠩᠭᠡᠯᠢᠭ ᠢ | ᠮᠠᠰᠢᠨ ᠢᠶᠠᠷ ᠪᠠᠶᠢᠴᠠᠭᠠᠬᠤ ᠲᠥᠬᠦᠭᠡᠷᠦᠮᠵᠢ ᠵᠢᠴᠢ ᠢᠵᠢ ᠪᠦᠷᠢᠳᠦᠭᠦᠯᠬᠦ ᠪᠠᠷᠢᠯᠭ᠎ᠠ ᠶᠢᠨ ᠠᠵᠢᠯ ᠳᠠᠭᠤᠰᠴᠤ | ᠠᠰᠢᠭᠯᠠᠯᠲᠠ ᠳᠤ ᠣᠷᠣᠭᠤᠯᠵᠤ ᠂ ᠢ ᠳ᠋ᠡ ᠶᠦᠨ ᠵᠢᠢ ᠬᠢᠨᠠᠨ ᠬᠠᠮᠢᠶᠠᠷᠬᠤ ᠲᠠᠯᠠᠪᠤᠷ ᠢ ᠠᠰᠢᠭᠯᠠᠯᠲᠠ ᠳᠤ | ᠣᠷᠣᠭᠤᠯᠵᠤ ᠂ ᠭᠠᠳᠠᠭᠠᠳᠤ ᠠᠴᠠ ᠣᠷᠣᠭᠤᠯᠤᠭᠰᠠᠨ ᠮᠢᠬᠠᠨ ᠤ ᠵᠦᠢᠯ ᠤᠨ ᠵᠢᠭᠠᠨ ᠲᠣᠭᠲᠠᠭᠠᠭᠰᠠᠨ ᠬᠢᠨᠠᠨ | ᠬᠠᠮᠢᠶᠠᠷᠤᠯᠲᠠ ᠶᠢ ᠪᠣᠭᠤᠮᠲᠠ ᠪᠠᠷ ᠥᠩᠭᠡᠷᠡᠭᠦᠯᠦᠨ ᠠᠵᠢᠯᠯᠠᠭᠤᠯᠵᠤ ᠂ ᠠᠩᠬᠠᠳᠠᠭᠴᠢ ᠣᠯᠠᠨ ᠤᠯᠤᠰ ᠤᠨ ᠠᠶᠠᠨᠴᠢᠳ | ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠢ ᠵᠢᠩᠬᠢᠨᠢ ᠪᠠᠷ ᠨᠡᠪᠲᠡᠷᠡᠭᠦᠯᠦᠨ ᠂ ᠪᠥᠬᠦ ᠵᠢᠯ ᠳᠤ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠡᠳ᠋ ᠪᠠᠷᠠᠭ᠎ᠠ ᠶᠢ 520 ᠲᠦᠮᠡᠨ ᠲᠣᠨ ᠳᠤ ᠬᠦᠷᠭᠡᠵᠦ ᠂ ᠠᠷᠠᠯᠵᠢᠶᠠᠨ ᠤ | ᠦᠷᠳᠡᠭ 55.5 ᠳ᠋ᠦᠩᠰᠢᠭᠤᠷ ᠲᠥᠭᠦᠷᠢᠭ ᠲᠤ ᠬᠦᠷᠴᠦ ᠂ ᠲᠣᠰ ᠲᠣᠰ 67.8% ᠪᠠ 57.8% ᠪᠠᠷ | ᠨᠡᠮᠡᠭᠳᠡᠪᠡ ᠃ | ︵ ᠳᠥᠷᠪᠡ ︶ ᠠᠮᠢ ᠠᠬᠤᠢ ᠶᠢ ᠰᠢᠯᠢᠳᠡᠭᠵᠢᠭᠦᠯᠬᠦ ᠶᠢ ᠣᠷᠳᠣ ᠬᠤᠭᠤᠴᠠᠭ᠎ᠠ ᠪᠠᠷ ᠪᠠᠷᠢᠮᠲᠠᠯᠠᠨ ᠂ ᠪᠣᠬᠢᠷᠲᠤᠯ | ᠦᠭᠡᠢ ᠬᠥᠭᠵᠢᠯᠲᠡ ᠶᠢ ᠯᠠᠪᠳᠠᠭᠤᠨ ᠪᠠᠲᠤᠲᠠᠢ ᠪᠥᠭᠡᠳ ᠬᠦᠴᠦᠨ ᠲᠠᠢ ᠪᠠᠶᠢᠯᠭᠠᠪᠠ ᠃ ᠠᠮᠢ ᠠᠬᠤᠢ ᠶᠢᠨ ᠵᠠᠰᠠᠯᠲᠠ | ᠶᠢᠨ ᠦᠷ᠎ᠡ ᠪᠦᠲᠦᠮᠵᠢ ᠢᠯᠡᠳᠲᠡ ᠪᠣᠯᠪᠠ ᠃ 3 ᠲᠦᠮᠡᠨ ᠮᠦ ᠲᠠᠴᠢᠷᠰᠢᠭᠰᠠᠨ ᠨᠤᠲᠤᠭ ᠪᠡᠯᠴᠢᠭᠡᠷ ᠢ ᠵᠠᠰᠠᠨ | ᠰᠡᠷᠭᠦᠭᠡᠵᠦ ᠂ 5500 ᠮᠦ ᠣᠶ ᠮᠤᠳᠤ ᠶᠢ ᠪᠤᠶᠢᠵᠢᠭᠤᠯᠤᠨ ᠂ 1 ᠲᠦᠮᠡᠨ ᠮᠦ ᠴᠢᠨᠠᠷ ᠮᠠᠭᠤᠲᠠᠢ ᠦᠷ᠎ᠡ ᠠᠰᠢᠭ | ᠮᠠᠭᠤᠲᠠᠢ ᠣᠶ ᠰᠢᠭᠤᠢ ᠶᠢ ᠥᠭᠡᠷᠡᠴᠢᠯᠡᠨ ᠰᠠᠶᠢᠵᠢᠷᠠᠭᠤᠯᠵᠤ ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ | ᠶᠢᠨ ᠪᠦᠷᠬᠦᠴᠡ ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ ᠲᠣᠰ ᠲᠣᠰ 31.8% ᠪᠠ 1.9% ᠳᠤ ᠬᠥᠷᠪᠡ ᠃ | 2191.3 ᠲᠦᠮᠡᠨ ᠮᠦ ᠦᠨᠳᠦᠰᠦᠨ ᠨᠤᠲᠤᠭ ᠪᠡᠯᠴᠢᠭᠡᠷ ᠢ ᠰᠠᠶᠢᠵᠢᠷᠠᠭᠤᠯᠵᠤ ᠂ 1074 ᠣᠶ ᠰᠢᠭᠤᠢ ᠡᠪᠡᠰᠦ | ᠪᠡᠯᠴᠢᠭᠡᠷ ᠤᠨ ᠬᠢᠨᠠᠨ ᠪᠠᠶᠢᠴᠠᠭᠠᠯᠲᠠ ᠶᠢᠨ ᠵᠢᠷᠤᠭ ᠢ ᠪᠦᠬᠦᠨ ᠢ ᠴᠡᠭᠴᠡᠯᠡᠪᠡ ᠃ ᠮᠠᠨ ᠤ ᠬᠤᠰᠢᠭᠤ ᠪᠥᠬᠦ ᠤᠯᠤᠰ | ᠤᠨ ︽ ᠤᠮᠠᠷᠠᠲᠤ ᠶᠢᠨ ᠡᠯᠡᠰᠦ ᠶᠢ ᠰᠡᠷᠭᠡᠶᠢᠯᠡᠬᠦ ᠪᠦᠰᠡ ︾ ᠶᠢᠨ ᠭᠠᠵᠠᠷ ᠣᠷᠣᠨ ᠳᠤ ᠵᠢᠭᠰᠠᠭᠠᠭᠳᠠᠵᠤ ᠂ ᠤᠯᠤᠰ ᠤᠨ | ᠨᠤᠲᠤᠭ ᠪᠡᠯᠴᠢᠭᠡᠷ ᠤᠨ ᠬᠠᠮᠠᠭᠠᠯᠠᠯᠲᠠ ᠬᠥᠭᠵᠢᠯᠲᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ | ᠣᠷᠣᠨ ᠤ ︽ ᠨᠤᠲᠤᠭ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ ᠵᠠᠰᠠᠨ ᠰᠡᠷᠭᠦᠭᠡᠬᠦ ᠰᠢᠰᠲ᠋ᠧᠮ ᠤᠨ ᠲᠤᠷᠰᠢᠯᠲᠠ ᠶᠢᠨ | ᠴᠡᠭ ︾ ᠪᠠ ︽ ᠮᠠᠯ ᠪᠡᠯᠴᠢᠭᠡᠷ ᠤᠨ ᠲᠡᠩᠴᠡᠭᠦᠷᠢ ᠶᠢᠨ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ︾ ᠢᠶᠠᠷ | ᠲᠣᠭᠲᠠᠭᠠᠭᠳᠠᠪᠠ ᠃ ︽ ᠬᠤᠣᠰ ᠨᠡᠭᠦᠷᠡᠰᠦᠲᠥ᠋ᠷᠥᠭᠴᠢ ︾ ᠶᠢᠨ ᠠᠵᠢᠯᠯᠠᠭ᠎ᠠ ᠶᠢ ᠬᠠᠮᠵᠢᠯᠴᠠᠨ ᠲᠦᠯᠬᠢᠨ ᠠᠬᠢᠭᠤᠯᠪᠠ ᠃ | ︽ ᠬᠤᠶᠠᠷ ᠠᠭᠤᠯᠠ ︾ ᠶᠢᠨ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠥᠰᠥᠯ ᠨᠢ ᠥᠪᠡᠷᠲᠡᠭᠡᠨ ᠵᠠᠰᠠᠬᠤ ᠣᠷᠣᠨ ᠤ ᠬᠢᠨᠠᠨ ᠰᠢᠯᠭᠠᠷᠠᠭᠤᠯᠤᠯᠲᠠ ᠶᠢ ᠥᠩᠭᠡᠷᠡᠭᠡᠵᠤ ᠂ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠠᠮᠢᠶᠠᠷᠤᠯᠲᠠ ᠶᠢᠨ ᠲᠠᠪᠴᠠᠩ ᠤᠨ ᠬᠤᠶᠠᠳᠤᠭᠠᠷ ᠬᠤᠭᠤᠴᠠᠭᠠᠨ ᠤ | ᠢᠨᠵᠧᠨᠧᠷᠢᠩ ᠢ ᠲᠦᠷᠭᠡᠳᠬᠡᠨ ᠪᠠᠶᠢᠭᠤᠯᠵᠤ ᠂ ᠬᠦᠷᠢᠶᠡᠯᠡᠩ ᠲᠣᠭᠤᠷᠢᠭ ᠤᠨ 1.3 ᠰᠠᠶ᠎ᠠ ᠸᠠᠲ ᠤᠨ ᠭᠡᠷ ᠤᠨ ᠣᠷᠣᠢ | ᠳᠤ ᠳᠠᠷᠬᠠᠭᠠᠨ ᠲᠠᠯᠪᠢᠬᠤ ᠬᠡᠷᠡᠯ ᠴᠡᠨᠡᠭ ᠤᠨ ᠴᠠᠬᠢᠯᠭᠠᠨ ᠦᠷᠳᠡᠭᠡᠨ ᠤ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠂ | ᠪᠥᠬᠦ ᠬᠤᠲᠠ ᠶᠢᠨ ᠠᠩᠬᠠᠳᠠᠭᠴᠢ ᠠᠮᠢ ᠠᠬᠤᠢ ᠶᠢᠨ ᠪᠣᠯᠪᠠᠰᠤᠨ ᠤ ᠦᠵᠡᠭᠦᠯᠦᠯᠭᠡ ᠶᠢᠨ ᠣᠷᠳᠣᠨ ᠵᠢᠩᠬᠢᠨᠢ ᠪᠠᠷ | ᠡᠭᠦᠳᠡ ᠪᠠᠨ ᠨᠡᠭᠡᠭᠡᠵᠦ ᠂ ᠵᠢᠢ ᠳ᠋ᠦᠩ ᠱᠦᠢᠨᠢ ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠲᠠᠰ ᠤᠨ | ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶᠡᠰᠦ ᠶᠢ ᠦᠷᠭᠡᠳᠬᠡᠬᠦ ᠠᠵᠤ ᠠᠬᠤᠶᠢᠯᠠᠯ ᠪᠣᠯᠪᠠ ᠃ ᠪᠣᠬᠢᠷᠲᠤᠯ ᠢ | ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠳᠤᠷ ᠬᠢᠪᠡ ᠃ ︽ ᠨᠢᠭᠡ ᠶᠢ ᠵᠠᠰᠠᠵᠤ ᠭᠤᠷᠪᠠ ᠶᠢ | ᠬᠤᠪᠢᠷᠠᠭᠤᠯᠬᠤ ︾ ᠵᠠᠭᠤᠨ ᠡᠳᠦᠷ ᠤᠨ ᠪᠣᠭᠤᠮᠲᠠ ᠰᠢᠪᠳᠤᠯᠤᠯᠳᠠ ᠂ ᠪᠠᠶᠢᠭᠠᠯᠢ ᠶᠢᠨ ᠡᠬᠢ ᠪᠠᠶᠠᠯᠢᠭ ᠤᠨ ᠲᠤᠰᠬᠠᠢ | ᠬᠢᠨᠠᠨ ᠪᠤᠳᠤᠯᠳᠠ ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠳᠠ ᠪᠠ ᠬᠠᠳᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠦᠨᠳᠦᠰᠦᠨ | ᠳᠡᠭᠡᠨ ᠴᠡᠭᠴᠡᠯᠡᠨ ᠰᠠᠶᠢᠵᠢᠷᠠᠭᠤᠯᠵᠤ ᠂ ᠴᠡᠪᠡᠷ ᠰᠠᠶᠢᠬᠠᠨ ᠠᠭᠤᠷ ᠠᠮᠢᠰᠭᠤᠯ ᠲᠠᠢ ᠡᠳᠦᠷ ᠤᠨ ᠲᠤᠭ᠎ᠠ ᠪᠠᠷ ᠪᠦᠬᠦ | ᠬᠤᠳᠠ ᠳᠤ ᠨᠢᠭᠡᠳᠦᠭᠡᠷ ᠲᠤ ᠤᠷᠤᠪᠡ ᠃ ᠬᠥᠷᠥᠰᠥ ᠰᠢᠷᠣᠢ ᠶᠢᠨ ᠢᠳᠡᠭᠳᠡᠯ ᠢ 20 ᠲᠡᠭᠰᠢ ᠳᠥᠷᠪᠡᠯᠵᠢᠨ | ᠺᠢᠯᠣᠮᠧᠲᠷ ᠂ ᠭᠤᠣᠯ ᠤᠨ ᠵᠠᠮ ᠢ 65 ᠺᠢᠯᠣᠮᠧᠲᠷ ᠵᠠᠰᠠᠵᠤ ᠂ 2.6 ᠲᠡᠭᠰᠢ ᠳᠥᠷᠪᠡᠯᠵᠢᠨ ᠺᠢᠯᠣᠮᠧᠲᠷ ᠠᠭᠤᠷᠬᠠᠢ ᠶᠢ | ᠴᠡᠭᠴᠡᠯᠡᠪᠡ ᠃ ᠵᠤᠵᠠᠭᠠᠨ ᠪᠥᠭᠡᠳ ᠥᠨᠳᠥᠷ ᠬᠦᠴᠦᠯᠡᠴᠡ ᠲᠠᠢ ᠰᠦᠯᠢᠶᠥᠦ ᠪᠦᠷᠬᠦᠪᠴᠢ ᠶᠢ 15 ᠲᠦᠮᠡᠨ ᠮᠦ ᠂ | ᠠᠮᠢᠳᠤ ᠪᠣᠳᠠᠰ ᠤᠨ ᠵᠠᠳᠠᠷᠠᠵᠤ ᠪᠣᠯᠬᠤ ᠰᠦᠯᠢᠶᠥᠦ ᠪᠦᠷᠬᠦᠪᠴᠢ ᠶᠢ 4 ᠲᠦᠮᠡᠨ ᠮᠦ ᠳᠡᠯᠭᠡᠷᠡᠭᠦᠯᠦᠨ ᠬᠡᠷᠡᠭᠯᠡᠵᠦ ᠂ | ᠲᠤᠷᠰᠢᠯᠲᠠ ᠶᠢᠨ ᠴᠡᠭ ᠤᠨ ᠭᠠᠵᠠᠷ ᠣᠷᠣᠨ ᠤ ᠰᠦᠯᠢᠶᠥᠦ ᠪᠦᠷᠬᠦᠪᠴᠢ ᠶᠢᠨ ᠪᠤᠴᠠᠭᠠᠨ ᠬᠤᠷᠢᠶᠠᠬᠤ ᠨᠣᠷᠮ᠎ᠠ ᠶᠢ | 80% ᠳᠤ ᠬᠦᠷᠭᠡᠪᠡ ᠃ ᠡᠬᠢ ᠪᠠᠶᠠᠯᠢᠭ ᠢ ᠡᠷᠴᠢᠮᠵᠢᠭᠦᠯᠦᠨ ᠠᠰᠢᠭᠯᠠᠬᠤ ᠬᠢᠷᠢ ᠲᠦᠪᠰᠢᠨ ᠲᠣᠭᠲᠠᠭᠤᠨ ᠢᠶᠠᠷ | ᠳᠡᠭᠡᠭᠰᠢᠯᠡᠪᠡ ᠃ 8 ᠡᠨᠧᠷᠭᠢ ᠠᠷᠪᠢᠯᠠᠬᠤ ᠤᠰᠤ ᠠᠷᠪᠢᠯᠠᠬᠤ ᠲᠦᠷᠦᠯ ᠵᠦᠢᠯ ᠢ ᠳᠠᠭᠤᠰᠬᠠᠵᠤ ᠂ ᠸᠠᠨ ᠾᠧ | ᠴᠠᠷᠳᠠᠭᠤᠯ ᠤᠨ ᠦᠢᠯᠡᠳᠪᠦᠷᠢ ᠂ ᠶᠢᠨ ᠹᠧᠩ ᠬᠤᠢ ᠯᠢ ᠵᠡᠷᠭᠡ ᠨᠡᠶᠢᠭᠡᠮ ᠤᠨ ᠪᠡᠯᠡ ᠣᠷᠣᠭᠤᠯᠤᠯᠲᠠ ᠶᠢᠨ ᠲᠦᠷᠦᠯ | ᠤᠨ ︽ ᠬᠠᠭᠠᠰ ᠲᠤᠳᠠᠭᠤ ︾ ᠢᠨᠵᠧᠨᠧᠷᠢᠩ ᠢ ᠡᠷᠬᠢᠯᠳᠡ ᠳᠤ ᠤᠷᠤᠭᠤᠯᠵᠤ ᠂ ᠵᠥᠪᠰᠢᠶᠡᠷᠡᠭᠰᠡᠨ ᠪᠣᠯᠪᠠᠴᠤ ᠭᠠᠵᠠᠷ | ᠬᠠᠩᠭᠠᠭᠰᠠᠨ ᠦᠭᠡᠢ 153 ᠮᠤ᠋ ᠭᠠᠵᠠᠷ ᠰᠢᠷᠣᠢ ᠂ 3318 ᠮᠤ᠋ ᠰᠤᠯᠠ ᠪᠠᠶᠢᠬᠤ ᠭᠠᠵᠠᠷ ᠰᠢᠷᠣᠢ ᠶᠢᠨ ᠠᠰᠠᠭᠤᠳᠠᠯ | ᠢ ᠰᠢᠢᠳᠪᠦᠷᠢᠯᠡᠵᠦ ᠂ ᠪᠦᠬᠦ ᠵᠢᠯ ᠤᠨ ᠡᠭᠦᠷᠭᠡ ᠶᠢᠨ ᠢᠶᠠᠨ 104.2% ᠪᠠ 148.4% ᠶᠢ ᠲᠤᠰ ᠲᠤᠰ | ᠪᠡᠶᠡᠯᠡᠭᠦᠯᠵᠦ ᠂ ᠪᠦᠬᠦ ᠤᠯᠤᠰ ᠤᠨ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ | ᠪᠠᠶᠢᠭᠤᠯᠤᠯᠲᠠ ᠶᠢᠨ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠲᠤᠷᠰᠢᠯᠲᠠ ᠶᠢᠨ ᠭᠠᠵᠠᠷ ᠣᠷᠣᠨ ᠢᠶᠠᠷ | ᠰᠤᠩᠭᠤᠭᠳᠠᠪᠠ ᠃ | ︵ ᠲᠠᠪᠤ ︶ ᠨᠢᠭᠡᠳᠦᠯᠲᠡᠢ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ ᠠᠭᠤᠰᠤᠯᠴᠠᠬᠤ ᠶᠢ ᠠᠬᠢᠭᠤᠯᠤᠨ ᠂ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠯᠳᠤᠭᠤᠯᠤᠨ ᠵᠡᠷᠭᠡᠪᠡᠷ ᠠᠬᠢᠭᠤᠯᠪᠡ ᠃ ᠬᠤᠲᠠ | ᠪᠠᠯᠭᠠᠰᠤᠨ ᠤ ᠰᠢᠨᠡᠴᠢᠯᠡᠯᠲᠡ ᠶᠢ ᠬᠡᠷᠡᠭᠵᠢᠭᠦᠯᠪᠡ ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ | ᠲᠥᠯᠦᠪᠵᠢᠭᠦᠯᠭᠡ ᠥᠪᠡᠷᠲᠡᠭᠡᠨ ᠵᠠᠰᠠᠬᠤ ᠣᠷᠣᠨ ᠤ ᠬᠢᠨᠠᠨ ᠰᠢᠯᠭᠠᠯᠳᠠ ᠶᠢ ᠥᠩᠭᠡᠷᠡᠪᠡ ᠃ ᠰᠣᠳᠣᠨ ᠣᠨᠴᠠᠯᠢᠭᠲᠤ | ᠬᠤᠲᠠ ᠪᠠᠯᠭᠠᠰᠤ ᠶᠢ ᠪᠦᠲᠦᠭᠡᠨ ᠪᠠᠶᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ ᠂ ᠵᠡᠭᠡᠯᠢ | ᠭᠤᠳᠤᠮᠵᠢ ᠶᠢᠨ ᠦᠵᠡᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠂ ᠬᠤᠭᠤᠯᠠᠨ ᠭᠡᠷ ᠤᠨ ᠬᠤᠭ ᠨᠣᠪᠰᠢ ᠶᠢ | ᠰᠢᠢᠳᠪᠦᠷᠢᠯᠡᠬᠦ ᠵᠡᠷᠭᠡ ᠲᠥᠷᠥᠯ ᠵᠦᠢᠯ ᠢ ᠪᠡᠶᠡᠯᠡᠭᠦᠯᠵᠦ ᠂ 1463.8 ᠮᠦ ᠳᠥᠭᠦᠮ ᠪᠦᠲᠦᠴᠡᠳᠤ ᠬᠤᠭᠤᠰᠤᠨ | ᠦᠯᠡᠳᠡᠭᠰᠡᠨ ᠲᠣᠭᠤᠷᠢᠭ ᠢ ᠴᠡᠭᠴᠡᠯᠡᠨ ᠵᠠᠰᠠᠵᠤ ᠂ 138 ᠴᠠᠬᠢᠯᠭᠠᠨ ᠴᠡᠨᠡᠭᠯᠡᠬᠦ ᠱᠣᠩ ᠢ ᠪᠠᠶᠢᠭᠤᠯᠤᠨ ᠳᠠᠭᠤᠰᠬᠠᠵᠤ ᠂ | 18 ᠭᠤᠳᠤᠮᠵᠢ ᠶᠢ ᠵᠠᠰᠠᠵᠤ ᠂ 1.2 ᠲᠦᠮᠡᠨ ᠲᠡᠭᠰᠢ ᠳᠥᠷᠪᠡᠯᠵᠢᠨ ᠮᠧᠲᠷ ᠤᠨ ᠨᠣᠭᠤᠭᠠᠨ ᠤᠷᠭᠤᠮᠠᠯ ᠢ ᠨᠥᠬᠦᠨ | ᠳᠠᠷᠢᠵᠤ ᠂ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠤ ᠬᠤᠲᠠ ᠶᠢᠨ ᠥᠪᠡᠷᠲᠡᠭᠡᠨ ᠵᠠᠰᠠᠬᠤ ᠣᠷᠣᠨ | ᠤ ᠳᠠᠬᠢᠨ ᠬᠢᠨᠠᠯᠲᠠ ᠦᠨᠡᠯᠡᠯᠲᠡ ᠶᠢ ᠤᠷᠤᠭᠰᠢᠲᠠᠢ ᠥᠩᠭᠡᠷᠡᠭᠦᠯᠪᠡ ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠢ ᠭᠦᠨᠵᠡᠭᠡᠢ ᠠᠬᠢᠭᠤᠯᠪᠠ ᠃ 49 ᠪᠡᠯᠡ ᠮᠥᠩᠭᠦ ᠶᠢ ᠵᠤᠯᠭᠠᠭᠤᠯᠤᠭᠰᠠᠨ ᠲᠥᠷᠥᠯ ᠵᠦᠢᠯ ᠤᠨ | ᠠᠵᠢᠯ ᠢ ᠪᠦᠬᠦᠨ ᠢ ᠳᠠᠭᠤᠰᠬᠠᠵᠤ ᠂ 189 ᠡᠷᠦᠬᠡ ᠂ 347 ᠬᠢᠨᠠᠨ ᠰᠢᠯᠭᠠᠬᠤ ᠡᠲᠡᠭᠡᠳ ᠲᠤ ᠬᠠᠪᠰᠤᠷᠤᠨ | ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠂ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ | ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠪᠥᠬᠦ ᠬᠤᠰᠢᠭᠤᠨ ᠤ ᠬᠥᠳᠡᠭᠡ ᠲᠣᠰᠬᠤᠨ ᠤ ᠰᠠᠭᠤᠭᠠᠯᠢ ᠠᠷᠠᠳ | ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠣᠯᠪᠠ ᠃ ᠮᠠᠨ ᠤ ᠬᠤᠰᠢᠭᠤ ᠥᠪᠡᠷᠲᠡᠭᠡᠨ ᠵᠠᠰᠠᠬᠤ | ᠣᠷᠣᠨ ᠤ ᠲᠠᠰ ᠤᠨ ᠲᠣᠭᠠᠴᠢᠯᠠᠭᠰᠠᠨ ᠬᠥᠳᠡᠭᠡ ᠲᠣᠰᠬᠤᠨ ᠤ ᠲᠦᠷᠦᠭᠦᠸ ᠪᠦᠯᠦᠭ ᠤᠨ ᠲᠤᠷᠰᠢᠯᠲᠠ ᠶᠢᠨ ᠭᠠᠵᠠᠷ | ᠣᠷᠣᠨ ᠪᠣᠯᠵᠤ ᠂ ᠦᠬᠡᠷᠬᠤᠳᠳᠤᠭ ᠪᠠᠯᠭᠠᠰᠤ ᠤᠯᠤᠰ ᠤᠨ ᠲᠠᠷᠢᠶᠠᠯᠠᠩ ᠤᠨ ᠠᠵᠤ ᠦᠢᠯᠡᠰ ᠤᠨ ᠲᠦᠷᠦᠭᠦᠸ | ᠪᠦᠯᠦᠭ ᠤᠨ ᠬᠦᠴᠦᠷᠬᠡᠭ ᠪᠠᠯᠭᠠᠰᠤ ᠳᠤ ᠰᠣᠩᠭᠤᠭᠳᠠᠨ ᠣᠷᠣᠵᠤ ᠂ ᠰᠢᠷᠠᠮᠦ᠋ᠷᠡᠨ ᠪᠠᠯᠭᠠᠰᠤᠨ ᠤ ᠬᠦᠬᠡᠳᠡᠷᠡᠰᠤ | ᠭᠠᠴᠠᠭ᠎ᠠ ᠨᠢ ᠪᠥᠬᠦ ᠣᠷᠣᠨ ᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ | ᠨᠡᠶᠢᠲᠡᠯᠢᠭ ᠥᠯᠢᠭᠡᠷ ᠳᠠᠭᠤᠷᠢᠶᠠᠯ ᠲᠣᠰᠬᠤᠨ ᠢᠶᠠᠷ ᠦᠨᠡᠯᠡᠭᠳᠡᠪᠡ ᠃ 1251 ᠡᠷᠦᠬᠡ ᠶᠢᠨ ᠵᠣᠷᠯᠣᠩ ᠢ | ᠥᠭᠡᠷᠡᠴᠢᠯᠡᠨ ᠰᠠᠶᠢᠵᠢᠷᠠᠭᠤᠯᠵᠤ ᠂ ᠮᠠᠯ ᠵᠢᠭᠦᠷᠲᠡᠨ ᠤ ᠢᠯᠭᠠᠳᠠᠰᠤ ᠶᠢ ᠶᠡᠷᠦᠩᠬᠡᠶᠢᠯᠡᠨ ᠠᠰᠢᠭᠯᠠᠬᠤ ᠨᠣᠷᠮ᠎ᠠ ᠂ | ᠠᠮᠢᠳᠤᠷᠠᠯ ᠤᠨ ᠪᠣᠬᠢᠷ ᠤᠰᠤ ᠶᠢ ᠵᠠᠰᠠᠬᠤ ᠨᠣᠷᠮ᠎ᠠ ᠂ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠢ ᠪᠣᠯᠭᠠᠨ | ᠰᠢᠢᠳᠪᠦᠷᠢᠯᠡᠬᠦ ᠨᠣᠷᠮ᠎ᠠ ᠶᠢ ᠲᠣᠰ ᠲᠣᠰ 90%᠂ 72% ᠪᠠ 100% ᠳᠤ ᠬᠦᠷᠭᠡᠵᠤ ᠂ ᠪᠥᠬᠦ ᠣᠷᠣᠨ ᠤ | ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠵᠢᠱᠢᠶ᠎ᠡ ᠦᠵᠡᠭᠦᠯᠬᠦ 2 ᠡᠷᠦᠬᠡ ᠂ ᠬᠤᠲᠠ ᠶᠢᠨ ᠱᠠᠲᠤᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ 8 ᠲᠣᠰᠬᠤᠨ ᠂ ︽ ᠲᠦᠮᠡᠨ ᠠᠵᠤ | ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠬᠤ ︾ ᠠᠵᠢᠯᠯᠠᠭ᠎ᠠ ᠶᠢᠨ ᠨᠡᠶᠢᠲᠡᠯᠢᠭ ᠵᠢᠱᠢᠶ᠎ᠡ | ᠦᠵᠡᠭᠦᠯᠬᠦ 2 ᠲᠣᠰᠬᠤᠨ ᠢ ᠡᠭᠦᠳᠦᠨ ᠪᠠᠶᠢᠭᠤᠯᠪᠡ ᠃ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠪᠡ ᠃ | ᠬᠥᠳᠡᠭᠡ ᠲᠣᠰᠬᠤᠨ ᠤ 143.4 ᠺᠢᠯᠣᠮᠧᠲᠷ ᠵᠠᠰᠠᠮᠠᠯ ᠵᠠᠮ ᠢ ᠥᠭᠡᠷᠡᠴᠢᠯᠡᠵᠦ ᠥᠷᠭᠡᠳᠬᠡᠨ ᠪᠠᠶᠢᠭᠤᠯᠵᠤ ᠂ 28 | ᠠᠷᠠᠴᠢᠯᠠᠨ ᠬᠠᠮᠠᠭᠠᠯᠠᠬᠤ ᠢᠨᠵᠧᠨᠧᠷᠢᠩ ᠪᠠ 20 ᠠᠮᠢ ᠨᠠᠰᠤᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ | ᠢᠨᠵᠧᠨᠧᠷᠢᠩ ᠢ ᠪᠡᠶᠡᠯᠡᠭᠦᠯᠵᠦ ᠂ ᠳᠠᠷᠬᠠᠨ ᠮᠤᠤᠮᠢᠩᠭᠠᠨ ᠠᠴᠠ ᠪᠠᠶᠠᠨ ᠬᠦᠷᠬᠦ ᠬᠤᠳᠠ ᠶᠢᠨ ᠬᠤᠭᠤᠷᠣᠨᠳᠣᠬᠢ ᠨᠡᠶᠢᠲᠡ | ᠶᠢᠨ ᠵᠠᠮ ᠬᠠᠷᠢᠯᠴᠠᠭ᠎ᠠ ᠶᠢ ᠨᠡᠪᠲᠡᠷᠡᠭᠦᠯᠪᠡ ᠃ ᠪᠤᠶᠢᠳᠠ ᠪᠥᠭᠯᠡᠭᠦᠦ ᠮᠠᠯᠵᠢᠬᠤ ᠣᠷᠣᠨ ᠳᠤ ᠴᠠᠬᠢᠯᠭᠠᠨ ᠨᠡᠪᠲᠡᠷᠡᠭᠦᠯᠬᠦ | ᠢᠨᠵᠧᠨᠧᠷᠢᠩ ᠢ ᠪᠡᠶᠡᠯᠡᠭᠦᠯᠵᠦ ᠂ 5G ᠶᠢᠨ ᠰᠠᠭᠤᠷᠢ ᠥᠷᠲᠡᠭᠡ 67 ᠶᠢ ᠰᠢᠨ᠎ᠡ ᠪᠠᠷ ᠪᠠᠶᠢᠭᠤᠯᠵᠤ ᠂ ᠭᠤᠣᠯᠳᠠᠯᠭ᠎ᠠ | ᠲᠠᠢ ᠣᠷᠣᠨ ᠪᠦᠰᠡ ᠶᠢᠨ ᠲᠣᠣᠷ ᠰᠦᠯᠵᠢᠶ᠎ᠡ ᠶᠢ ᠪᠦᠬᠦᠨ ᠢ ᠬᠠᠮᠤᠷᠬᠤ ᠶᠢ ᠦᠨᠳᠦᠰᠦᠨ ᠳᠡᠭᠡᠨ ᠪᠡᠶᠡᠯᠡᠭᠦᠯᠪᠡ ᠃ | ᠪᠤᠤ ᠹᠧᠩ 1 ᠰᠢᠨ᠎ᠡ ᠡᠨᠧᠷᠭᠢ ᠶᠢᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ︵ ᠳᠠᠷᠬᠠᠨ | ᠮᠤᠤᠮᠢᠩᠭᠠᠨ ᠤ ᠬᠡᠰᠡᠭ ︶ ᠤᠨ ᠪᠥᠬᠦ ᠱᠤᠭᠤᠮ ᠢ ᠨᠠᠪᠲᠠᠷᠡᠭᠦᠯᠵᠦ ᠂ ᠪᠤᠤ ᠹᠧᠩ 2 ᠶᠢ ᠲᠦᠷᠭᠡᠳᠬᠡᠨ ᠠᠬᠢᠭᠤᠯᠵᠤ ᠂ | ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ 500 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠴᠠᠬᠢᠯᠭᠠᠨ | ᠬᠦᠴᠦᠨ ᠢ ᠭᠠᠳᠠᠭᠰᠢ ᠬᠦᠷᠭᠡᠵᠦ ᠠᠰᠢᠭᠯᠠᠭᠤᠯᠪᠠ ᠃ | ︵ ᠵᠢᠷᠭᠤᠭ᠎ᠠ ︶ ᠪᠤᠳᠠᠳᠠᠢ ᠠᠵᠢᠯ ᠢ ᠰᠠᠶᠢᠳᠤᠷ ᠬᠢᠵᠤ ᠂ ᠠᠷᠠᠳ ᠤᠨ ᠠᠮᠢᠳᠤᠷᠠᠯ ᠤᠨ ᠬᠦᠷᠳᠡᠮᠵᠢ ᠶᠢ | ᠨᠡᠮᠡᠭᠳᠡᠭᠦᠯᠪᠡ ᠃ ᠨᠡᠶᠢᠭᠡᠮ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ ᠃ ᠠᠷᠠᠳ ᠤᠨ ᠠᠮᠢᠳᠤᠷᠠᠯ ᠤᠨ | ᠵᠠᠷᠤᠯᠭ᠎ᠠ 23.5 ᠳ᠋ᠦᠩᠰᠢᠭᠤᠷ ᠲᠥᠭᠦᠷᠢᠭ ᠲᠤ ᠬᠦᠷᠴᠦ ᠂ ᠡᠩ ᠤᠨ ᠤᠯᠠᠨ ᠨᠡᠶᠢᠲᠡ ᠶᠢᠨ ᠲᠥᠰᠥᠪ ᠤᠨ | ᠵᠠᠷᠤᠯᠭ᠎ᠠ ᠶᠢᠨ 74.8% ᠶᠢ ᠡᠵᠡᠯᠡᠵᠦ ᠂ 31.1% ᠪᠠᠷ ᠨᠡᠮᠡᠭᠳᠡᠪᠡ ᠃ ᠡᠯ᠎ᠡ ᠲᠥᠷᠥᠯ ᠤᠨ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠪᠤᠯᠪᠠᠰᠤᠷᠠᠯ ᠢ 1648 ᠬᠥᠮᠥᠨ ᠤᠳᠠᠭ᠎ᠠ ᠥᠷᠨᠢᠭᠦᠯᠵᠦ ᠂ ᠬᠤᠲᠠ ᠪᠠᠯᠭᠠᠰᠤ ᠶᠢᠨ 1228 | ᠬᠥᠮᠥᠨ ᠳᠤ ᠰᠢᠨ᠎ᠡ ᠪᠠᠷ ᠠᠵᠢᠯ ᠣᠯᠭᠤᠵᠤ ᠂ ᠦᠢᠯᠡᠰ ᠪᠤᠰᠬᠠᠬᠤ ᠳᠠᠭᠠᠭᠠᠯᠲᠠ ᠶᠢᠨ ᠵᠢᠭᠡᠯᠡᠯᠭᠡ 1946 ᠲᠦᠮᠡᠨ | ᠲᠥᠭᠦᠷᠢᠭ ᠲᠠᠷᠬᠠᠭᠠᠵᠤ ᠂ ᠹᠧᠩ ᠢᠦᠢ ᠲᠤᠸ ᠮᠠ ᠭᠧᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠦᠢᠯᠡᠰ ᠪᠤᠰᠬᠠᠬᠤ ᠬᠦᠷᠢᠶᠡᠯᠡᠩ ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠰ ᠪᠤᠰᠬᠠᠬᠤ ᠬᠦᠷᠢᠶᠡᠯᠡᠩ | ᠲᠣᠰ ᠲᠣᠰ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠴᠢᠨᠠᠷᠲᠠᠢ ᠦᠢᠯᠡᠰ ᠪᠤᠰᠬᠠᠬᠤ | ᠬᠦᠷᠢᠶᠡᠯᠡᠩ ᠪᠠ ᠵᠢᠱᠢᠶ᠎ᠡ ᠦᠵᠡᠭᠦᠯᠬᠦ ᠴᠢᠨᠠᠷᠲᠠᠢ ︽ ᠳᠥᠷᠪᠡᠨ ᠬᠠᠮᠲᠤ ᠪᠠᠷ ︾ ᠦᠢᠯᠡᠰ ᠪᠤᠰᠬᠠᠬᠤ ᠲᠠᠪᠴᠠᠩ ᠢᠶᠠᠷ | ᠦᠨᠡᠯᠡᠭᠳᠡᠪᠡ ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠮᠥᠩᠭᠦ ᠶᠢᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠬᠥᠮᠥᠨ ᠪᠦᠷᠢ ᠰᠠᠷ᠎ᠠ ᠳᠤ 265 ᠲᠥᠭᠦᠷᠢᠭ ᠪᠣᠯᠲᠠᠯ᠎ᠠ | ᠨᠡᠮᠡᠭᠳᠡᠭᠦᠯᠵᠦ ᠂ ᠬᠤᠳᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠤᠰ ᠲᠤᠰ ᠵᠢᠯ ᠳᠤ | ᠬᠥᠮᠥᠨ ᠳᠤᠮᠳᠠᠴᠢ ᠪᠠᠷ 10584 ᠲᠥᠭᠦᠷᠢᠭ ᠪᠠ 7932 ᠲᠥᠭᠦᠷᠢᠭ ᠲᠤ ᠬᠦᠷᠭᠡᠪᠡ ᠃ ᠡᠯ᠎ᠡ ᠲᠠᠯ᠎ᠠ ᠶᠢᠨ | ᠬᠦᠴᠢᠷᠳᠡᠯᠲᠡᠢ ᠬᠥᠮᠥᠰ ᠲᠤ ᠨᠡᠶᠢᠲᠡ 4526 ᠲᠦᠮᠡᠨ ᠲᠥᠭᠦᠷᠢᠭ ᠤᠨ ᠨᠥᠬᠦᠪᠦᠷᠢ ᠮᠥᠩᠭᠦ ᠲᠠᠷᠬᠠᠭᠠᠵᠤ ᠂ 1. | 13 ᠲᠦᠮᠡᠨ ᠬᠥᠮᠥᠨ ᠤᠳᠠᠭ᠎ᠠ ᠳᠤ ᠠᠰᠢᠭ ᠬᠦᠷᠲᠡᠭᠡᠪᠡ ᠃ ᠨᠡᠶᠢᠭᠡᠮ ᠤᠨ ᠦᠢᠯᠡᠰ ᠴᠡᠴᠡᠭᠯᠡᠨ ᠬᠥᠭᠵᠢᠪᠡ ᠃ | ᠳᠤᠮᠳᠠᠳᠤ ᠪᠠᠭ᠎ᠠ ᠰᠤᠷᠭᠠᠭᠤᠯᠢ ᠶᠢᠨ ᠦᠷ᠎ᠡ ᠪᠦᠲᠦᠮᠵᠢ ᠶᠢᠨ ᠴᠠᠯᠢᠩ ᠤᠨ ᠳᠦᠷᠢᠮ ᠤᠨ ᠥᠭᠡᠷᠡᠴᠢᠯᠡᠯᠲᠡ ᠶᠢ | ᠪᠡᠶᠡᠯᠡᠭᠦᠯᠵᠦ ᠂ ᠰᠤᠷᠭᠠᠨ ᠬᠦᠮᠦᠵᠢᠯ ᠤᠨ ᠡᠬᠢ ᠪᠠᠶᠠᠯᠢᠭ ᠢ ᠴᠤᠮᠬᠠᠳᠬᠠᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠂ | ᠪᠠᠲᠤᠬᠠᠭᠠᠯᠭ᠎ᠠ ᠶᠢᠨ ᠭᠤᠷᠪᠠᠳᠤᠭᠠᠷ ᠪᠠᠭ᠎ᠠ ᠰᠤᠷᠭᠠᠭᠤᠯᠢ ᠶᠢ ᠪᠠᠶᠢᠭᠤᠯᠵᠤ ᠂ ᠪᠦᠬᠦ ᠤᠯᠤᠰ ᠤᠨ ᠰᠤᠷᠬᠤ ᠨᠠᠰᠤᠨ | ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠬᠤᠰᠢᠭᠤ ᠰᠢᠶᠠᠨ ᠤ | ᠪᠠᠷᠢᠮᠵᠢᠶ᠎ᠠ ᠳᠤ ᠬᠦᠷᠭᠡᠬᠦ ᠰᠢᠯᠭᠠᠨ ᠪᠠᠶᠢᠴᠠᠭᠠᠯᠲᠠ ᠶᠢ ᠤᠷᠤᠭᠰᠢᠲᠠᠢ ᠥᠩᠭᠡᠷᠡᠭᠦᠯᠪᠡ ᠃ ᠮᠣᠩᠭᠤᠯ ᠡᠮᠨᠡᠯᠭᠡ ᠶᠢᠨ | ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠬᠢᠲᠠᠳ ᠮᠣᠩᠭᠤᠯ ᠡᠮ ᠡᠮᠨᠡᠯᠭᠡ ᠶᠢᠨ ᠰᠣᠶᠣᠯ ᠤᠬᠠᠭᠤᠯᠭ᠎ᠠ ᠬᠥᠮᠦᠵᠢᠯ | ᠤᠨ ᠰᠠᠭᠤᠷᠢᠨ ᠭᠠᠵᠠᠷ ᠪᠤᠯᠵᠤ ᠂ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠲᠥᠪ ᠵᠢᠩᠬᠢᠨᠢ ᠪᠠᠷ ᠡᠵᠡᠩᠨᠡᠯᠲᠡ ᠳᠤ | ᠣᠷᠣᠪᠠ ᠃ ᠰᠢᠨ᠎ᠡ ᠪᠠᠷ ᠪᠠᠶᠢᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ︵ ᠥᠷᠲᠡᠭᠡ ︶ | 9 ᠪᠠᠶᠢᠵᠤ ᠂ ︽ ᠬᠠᠶᠢᠷ᠎ᠠ ᠬᠠᠯᠠᠮᠵᠢᠳᠤ ᠳᠠᠷᠬᠠᠨ ᠮᠤᠤᠮᠢᠩᠭᠠᠨ · ᠬᠡᠦᠬᠡᠳ ᠤᠨ ᠰᠡᠳᠬᠢᠯ ᠢ ᠳᠤᠯᠠᠭᠠᠯᠠᠬᠤ ︾ ᠨᠠᠷᠠᠲᠤ | ᠲᠡᠮᠳᠡᠭ ᠨᠢ ᠬᠥᠮᠥᠰ ᠤᠨ ᠰᠡᠳᠬᠢᠯ ᠳᠤ ᠭᠦᠨ ᠬᠠᠳᠠᠩᠰᠢᠵᠤ ᠂ ᠰᠢᠪᠠᠷᠬᠦ᠋ᠷᠢᠶ᠎ᠠ ᠪᠠᠭ᠎ᠠ ᠰᠤᠷᠭᠠᠭᠤᠯᠢ ᠥᠪᠡᠷᠲᠡᠭᠡᠨ | ᠵᠠᠰᠠᠬᠤ ᠣᠷᠣᠨ ᠤ ︽ ᠬᠡᠦᠬᠡᠳ ᠢ ᠬᠠᠮᠠᠭᠠᠯᠠᠬᠤ ᠭᠡᠷ ︾ ᠢᠶᠠᠷ ᠰᠣᠩᠭᠤᠭᠳᠠᠪᠠ ᠃ ᠬᠤᠰᠢᠭᠤᠨ ᠤ ᠨᠣᠮ ᠤᠨ ᠰᠠᠩ | ᠤᠯᠤᠰ ᠤᠨ ︽ ᠬᠤᠶᠠᠳᠤᠭᠠᠷ ᠳᠡᠰ ᠤᠨ ᠨᠣᠮ ᠤᠨ ᠰᠠᠩ ︾ ᠢᠶᠠᠷ ᠦᠨᠡᠯᠡᠭᠳᠡᠵᠦ ᠂ ᠳᠤᠯᠠᠭᠠᠨ ᠭᠡᠷ ᠭᠠᠷ ᠤᠷᠠᠯᠠᠯ ᠤᠨ | ᠵᠡᠭᠡᠯᠢ ᠨᠢ ᠥᠪᠡᠷᠲᠡᠭᠡᠨ ᠵᠠᠰᠠᠬᠤ ᠣᠷᠣᠨ ᠤ ᠠᠩᠬᠠᠨ ᠤ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ | ᠣᠨᠴᠠᠯᠢᠭᠲᠤ ᠵᠡᠭᠡᠯᠢ ᠪᠠᠷ ᠦᠨᠡᠯᠡᠭᠳᠡᠪᠡ ᠃ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠪᠥᠭᠡᠳ ᠠᠮᠤᠷ | ᠲᠣᠭᠲᠠᠭᠤᠨ ᠪᠠᠶᠢᠪᠡ ᠃ ᠣᠷᠣᠨ ᠨᠤᠲᠤᠭ ᠤᠨ ᠥᠷᠢ ᠥᠭᠴᠡᠭᠡ ᠶᠢᠨ ᠲᠦᠭᠰᠢᠭᠦᠷᠢ ᠶᠢᠨ ᠳᠡᠰ ᠢ ︽ ᠤᠯᠠᠪᠤᠷ ︾ | ᠪᠠᠶᠢᠭᠰᠠᠨ ᠠᠴᠠ ︽ ᠰᠢᠷ᠎ᠠ ︾ ᠪᠣᠯᠭᠠᠨ ᠪᠠᠭᠤᠷᠠᠭᠤᠯᠪᠡ ᠃ ︽ ᠲᠠᠪᠤᠨ ᠨᠡᠶᠢᠭᠡᠮ ᠲᠤᠭᠤᠷᠢᠭ ᠬᠠᠮᠲᠤᠷᠠᠨ | ᠬᠥᠳᠡᠯᠦᠯᠴᠡᠬᠦ ︾ ᠠᠵᠢᠯ ᠪᠣᠳᠠᠲᠤ ᠦᠷ᠎ᠡ ᠪᠦᠲᠦᠮᠵᠢ ᠣᠯᠵᠤ ᠂ ᠳᠤᠯᠠᠭᠠᠨ ᠭᠡᠷ ᠪᠤᠯᠤᠨ ᠱᠤᠸᠠᠩ ᠲᠠ ᠵᠡᠭᠡᠯᠢ ᠶᠢᠨ | ᠨᠡᠶᠢᠭᠡᠮ ᠲᠣᠭᠤᠷᠢᠭ ᠲᠣᠰ ᠲᠣᠰ ᠥᠪᠡᠷᠲᠡᠭᠡᠨ ᠵᠠᠰᠠᠬᠤ ᠣᠷᠣᠨ ᠤ ᠤᠮᠠᠷᠠᠲᠤ ᠬᠢᠯᠢ ᠶᠢᠨ ᠵᠢᠱᠢᠶ᠎ᠡ ᠦᠵᠡᠭᠦᠯᠬᠦ | ᠨᠡᠶᠢᠭᠡᠮ ᠲᠣᠭᠤᠷᠢᠭ ᠪᠠ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠤ ᠨᠡᠶᠢᠭᠡᠮ ᠲᠣᠭᠤᠷᠢᠭ | ᠢᠶᠠᠷ ᠰᠣᠩᠭᠤᠭᠳᠠᠪᠠ ᠃ ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠶᠢᠨ ︽ 735︾ ᠠᠵᠢᠯ ᠤᠨ ᠵᠠᠭᠪᠤᠷ ᠢ ᠰᠢᠨ᠎ᠡ | ᠪᠠᠷ ᠡᠭᠦᠳᠴᠦ ᠂ ᠪᠥᠬᠦ ᠬᠤᠰᠢᠭᠤᠨ ᠤ ᠴᠠᠬᠢᠯᠭᠠᠨ ᠮᠡᠬᠡᠯᠡᠯ ᠤᠨ ᠬᠡᠷᠡᠭ ᠂ ᠡᠷᠡᠭᠦᠦ ᠶᠢᠨ ᠬᠡᠷᠡᠭ ᠢ ᠬᠡᠷᠡᠭ ᠪᠣᠯᠭᠠᠨ | ᠳᠠᠩᠰᠠᠯᠠᠬᠤ ᠶᠢ ᠲᠣᠰ ᠲᠣᠰ 15.6% ᠪᠠ 36% ᠪᠠᠷ ᠪᠠᠭᠤᠷᠠᠭᠤᠯᠵᠤ ᠂ ᠠᠮᠢᠨ ᠬᠡᠷᠡᠭ ᠂ ︽ ᠬᠤᠶᠠᠷ ᠢ | ᠪᠤᠯᠢᠶᠠᠬᠤ ︾ ᠬᠡᠷᠡᠭ ᠬᠤᠶᠠᠷ ᠵᠢᠯ ᠳᠤ ᠨᠢᠭᠡ ᠴᠦ ᠡᠭᠦᠰᠦᠭᠰᠡᠨ ᠦᠭᠡᠢ ᠃ ᠮᠠᠨᠳᠤᠯ ᠪᠠᠯᠭᠠᠰᠤ ᠠᠩᠨᠬᠠᠨ ᠤ ᠪᠦᠯᠦᠭ | ᠪᠦᠬᠦ ᠤᠯᠤᠰ ᠤᠨ ᠠᠮᠤᠷ ᠠᠮᠤᠭᠤᠯᠠᠩ ᠬᠢᠯᠢ ᠶᠢᠨ ᠵᠢᠱᠢᠶᠡᠴᠢ ᠰᠢᠶᠠᠩ ᠪᠠᠯᠭᠠᠰᠤ ᠪᠠ ᠥᠪᠡᠷᠲᠡᠭᠡᠨ ᠵᠠᠰᠠᠬᠤ ᠣᠷᠣᠨ | ᠤ ᠬᠢᠯᠢ ᠬᠢᠵᠠᠭᠠᠷ ᠣᠷᠣᠨ ᠤ ᠴᠡᠷᠢᠭ ᠠᠷᠠᠳ ᠤᠨ ᠬᠡᠷᠡᠭᠯᠡᠭᠡ ᠶᠢ ᠨᠢᠭᠡ ᠴᠣᠭᠴᠠᠵᠢᠭᠤᠯᠬᠤ ᠴᠢᠳᠠᠪᠤᠷᠢ ᠶᠢᠨ | ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢᠶᠠᠷ ᠰᠤᠩᠭᠤᠭᠳᠠᠵᠤ ᠂ ᠪᠠᠶᠠᠨᠬᠤᠸᠠ ᠬᠢᠯᠢ ᠶᠢᠨ ᠲᠣᠮᠢᠯᠠᠭᠰᠠᠨ ᠰᠠᠯᠪᠤᠷᠢ | ᠪᠦᠬᠦ ᠣᠷᠣᠨ ᠤ ︽ ᠹᠧᠩ ᠴᠢᠶᠣᠣ ᠶᠢᠨ ᠲᠤᠷᠰᠢᠯᠭ᠎ᠠ ︾ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠪᠠᠷ ᠦᠨᠡᠯᠡᠭᠳᠡᠪᠡ ᠃ | ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠰᠢᠢᠳᠪᠦᠷᠢᠯᠡᠬᠦ ᠳᠦᠷᠢᠮ ᠢ ᠢᠳᠡᠪᠬᠢᠲᠡᠢ ᠬᠡᠷᠡᠭᠵᠢᠭᠦᠯᠵᠦ ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠬᠠᠮᠲᠤᠷᠠᠨ ᠰᠢᠢᠳᠪᠦᠷᠢᠯᠡᠬᠦ ᠠᠯᠪᠠᠨ ᠭᠡᠷ ᠤᠨ ᠲᠤᠰᠢᠶᠠᠨ | ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ︽ ᠰᠢᠳᠪᠦᠷᠢᠯᠡᠬᠦ ︾ ᠶᠢ | ᠪᠡᠶᠡᠯᠡᠭᠦᠯᠪᠡ ᠃ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠵᠤ ᠡᠭᠦᠳᠤᠨ | ᠪᠠᠶᠢᠭᠤᠯᠬᠤ ᠠᠵᠢᠯ ᠢ ᠯᠠᠪᠳᠠᠭᠤᠨ ᠠᠬᠢᠭᠤᠯᠪᠠ ᠃ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ 2686 | ᠵᠤᠷᠪᠤᠰ ᠴᠡᠭᠴᠡᠯᠡᠨ ᠥᠭᠡᠷᠡᠴᠢᠯᠡᠵᠦ ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠲᠤᠭ᠎ᠠ ᠬᠡᠮᠵᠢᠶ᠎ᠡ ᠶᠢ | 67% ᠪᠠᠷ ᠪᠠᠭᠤᠷᠠᠭᠤᠯᠪᠠ ᠃ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠪᠡᠶᠡᠴᠢᠯᠡᠨ ᠣᠶᠢᠯᠠᠭᠠᠬᠤ ᠣᠷᠳᠣᠨ ᠢ ᠪᠠᠶᠢᠭᠤᠯᠵᠤ ᠂ | ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠳᠡᠰ ᠪᠠ ᠪᠠᠶ᠋ᠬᠠᠤᠪᠤᠭ᠎ᠠ ᠰᠤᠮᠤ ᠶᠢᠰᠦᠳᠦᠭᠡᠷ ᠪᠦᠯᠦᠭ ᠤᠨ | ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠪᠠᠷ ᠰᠣᠩᠭᠤᠭᠳᠠᠪᠠ ᠃ | ᠬᠢᠨᠠᠨ ᠪᠤᠳᠤᠬᠤ ᠂ ᠭᠠᠳᠠᠭᠠᠳᠤ ᠶᠠᠪᠤᠳᠠᠯ ᠂ ᠰᠣᠨᠢᠨ ᠮᠡᠳᠡᠭᠡ ᠷᠠᠳᠢᠣ᠋ ᠲᠧᠯᠸᠢᠰ ᠂ ᠤᠯᠤᠰ ᠤᠨ ᠪᠠᠲᠤᠯᠠᠨ | ᠬᠠᠮᠠᠭᠠᠯᠠᠯᠲᠠ ᠂ ᠣᠶᠢᠯᠠᠯᠭ᠎ᠠ ᠲᠡᠦᠬᠡ ᠶᠢᠨ ᠲᠠᠩᠰᠠ ᠡᠪᠬᠡᠮᠡᠯ ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠂ ᠴᠠᠭ | ᠠᠭᠤᠷ ᠭᠠᠵᠠᠷ ᠬᠥᠳᠡᠯᠦᠯᠲᠡ ᠶᠢᠨ ᠠᠵᠢᠯ ᠰᠢᠨ᠎ᠡ ᠠᠮᠵᠢᠯᠲᠠ ᠪᠦᠲᠦᠮᠵᠢ ᠣᠯᠵᠤ ᠂ ᠠᠵᠢᠯᠴᠢᠨ ᠤ ᠡᠪᠯᠡᠯ ᠂ | ᠡᠮᠡᠭᠲᠡᠶᠢᠴᠦᠳ ᠬᠡᠦᠬᠡᠳ ᠂ ᠵᠠᠯᠠᠭᠤᠴᠤᠳ ᠪᠠᠭᠠᠴᠤᠳ ᠂ ᠨᠠᠰᠤᠲᠠᠶᠢᠴᠤᠳ ᠂ ᠵᠡᠮᠳᠡᠭᠴᠦᠳ ᠂ ᠤᠯᠠᠭᠠᠨ ᠵᠠᠭᠠᠯᠮᠠᠶᠢᠳᠠᠨ | ᠵᠡᠷᠭᠡ ᠠᠵᠢᠯ ᠦᠢᠯᠡᠰ ᠰᠢᠨ᠎ᠡ ᠠᠬᠢᠯᠳᠠ ᠲᠠᠢ ᠪᠣᠯᠪᠠ ᠃ | ᠥᠩᠭᠡᠷᠡᠭᠰᠡᠨ ᠨᠢᠭᠡ ᠵᠢᠯ ᠳᠤ ᠂ ᠪᠢᠳᠡ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ | ᠲᠠᠯ᠎ᠠ ᠪᠠᠷ ᠴᠢᠩᠭᠠᠳᠬᠠᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ | ᠪᠠᠲᠤᠲᠠᠢ ᠥᠷᠨᠢᠭᠦᠯᠵᠦ ᠂ ᠵᠠᠰᠠᠭ ᠤᠨ ᠣᠷᠳᠣᠨ ᠤ ᠰᠢᠰᠲ᠋ᠧᠮ ᠤᠨ ᠥᠷᠭᠡᠨ ᠣᠯᠠᠨ ᠨᠠᠮ ᠤᠨ ᠭᠡᠰᠢᠭᠦᠨ ᠪᠤᠯᠤᠨ | ᠺᠠᠳ᠋ᠷᠴᠤᠳ ᠰᠤᠷᠤᠯᠴᠠᠯᠭ᠎ᠠ ᠪᠠᠷ ᠰᠦᠭ ᠰᠦᠨᠡᠰᠦ ᠪᠠᠨ ᠱᠤᠭᠤᠬᠤ ᠂ ᠰᠤᠷᠤᠯᠴᠠᠯᠭ᠎ᠠ ᠪᠠᠷ ᠣᠶᠤᠨ ᠤᠬᠠᠭᠠᠨ ᠢᠶᠠᠨ | ᠨᠡᠮᠡᠭᠳᠡᠭᠦᠯᠬᠦ ᠂ ᠰᠤᠷᠤᠯᠴᠠᠯᠭ᠎ᠠ ᠪᠠᠷ ᠰᠤᠷᠲᠠᠯ ᠢᠶᠠᠨ ᠲᠥᠪ ᠪᠣᠯᠭᠠᠬᠤ ᠂ ᠰᠤᠷᠤᠯᠴᠠᠯᠭ᠎ᠠ ᠪᠠᠷ ᠠᠵᠢᠯ ᠢᠶᠠᠨ ᠠᠬᠢᠭᠤᠯᠬᠤ | ᠲᠠᠯ᠎ᠠ ᠪᠠᠷ ᠰᠢᠨ᠎ᠡ ᠣᠯᠣᠯᠲᠠ ᠲᠠᠢ ᠪᠣᠯᠵᠤ ᠂ ︽ ᠬᠤᠶᠠᠷ ᠢ ᠲᠣᠭᠲᠠᠭᠠᠬᠤ ︾ ᠶᠢ ᠬᠦᠷᠢᠶᠡᠯᠡᠬᠦ ᠂ ︽ ᠬᠤᠶᠠᠷ ᠢ | ᠬᠠᠮᠠᠭᠠᠯᠠᠬᠤ ︾ ᠶᠢ ᠪᠡᠶᠡᠯᠡᠭᠦᠯᠬᠦ ᠤᠬᠠᠮᠰᠠᠷᠲᠤ ᠴᠢᠨᠠᠷ ᠤᠨ ᠲᠠᠯ᠎ᠠ ᠪᠠᠷ ᠰᠢᠨ᠎ᠡ ᠳᠡᠭᠡᠭᠰᠢᠯᠡᠯᠲᠡ ᠲᠠᠢ ᠪᠣᠯᠪᠠ ᠃ | ᠴᠢᠬᠤᠯᠠ ᠶᠡᠭᠡ ᠤᠴᠢᠷ ᠶᠠᠪᠤᠳᠠᠯ ᠢ ᠬᠤᠰᠢᠭᠤ ᠨᠠᠮ ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠬᠦ ᠳᠦᠷᠢᠮ ᠢ | ᠴᠢᠩᠭ᠎ᠠ ᠬᠡᠷᠡᠭᠵᠢᠭᠦᠯᠵᠦ ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠬᠢᠨᠠᠯᠲᠠ ᠂ ᠠᠵᠢᠯ ᠤᠨ ᠬᠢᠨᠠᠯᠲᠠ ᠪᠠ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠭᠥᠯᠢᠶᠡᠨ ᠠᠪᠴᠤ ᠂ | 76 ᠬᠤᠪᠢ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ ᠂ 147 ᠬᠤᠪᠢ ᠤᠯᠤᠰ ᠲᠥᠷᠥ ᠶᠢᠨ ᠵᠥᠪᠯᠡᠯᠭᠡᠨ | ᠤ ᠰᠠᠨᠠᠯ ᠳᠤᠷᠠᠳᠤᠯᠭ᠎ᠠ ᠶᠢ ᠭᠦᠢᠴᠡᠳᠬᠡᠵᠦ ᠂ 2686 ᠬᠤᠪᠢ ᠬᠠᠯᠠᠮᠰᠢᠯ ᠤᠲᠠᠰᠤᠨ ᠤ ᠠᠵᠢᠯ ᠤᠨ ᠡᠭᠦᠷᠭᠡ ᠶᠢ | ᠰᠢᠢᠳᠪᠦᠷᠢᠯᠡᠵᠦ ᠳᠠᠭᠤᠰᠬᠠᠨ ᠂ ᠪᠠᠶᠡᠯᠡᠭᠦᠯᠦᠭᠰᠡᠨ ᠨᠤᠷᠮ᠎ᠡ ᠪᠥᠬᠦ ᠬᠤᠲᠠ ᠶᠢᠨ ᠨᠢᠭᠡᠳᠦᠭᠡᠷ ᠲᠤ ᠣᠷᠣᠪᠠ ᠃ ︽ | ᠨᠠᠢᠮᠠᠳᠤᠭᠠᠷ ᠲᠠᠪᠤᠨ ᠵᠢᠯ ︾ ᠤᠨ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠶᠢ | ᠪᠡᠶᠡᠯᠡᠭᠦᠯᠵᠦ ᠂ ᠮᠠᠨ ᠤ ᠬᠤᠰᠢᠭᠤ ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ | ᠶᠢᠨ ᠵᠢᠱᠢᠶ᠎ᠡ ᠦᠵᠡᠭᠦᠯᠬᠦ ᠭᠠᠵᠠᠷ ᠣᠷᠣᠨ ᠳᠤ ᠰᠣᠩᠭᠤᠭᠳᠠᠭᠰᠠᠨ ᠪᠥᠭᠡᠳ ᠤᠯᠤᠰ ᠤᠨ ᠵᠢᠱᠢᠶ᠎ᠡ ᠦᠵᠡᠭᠦᠯᠬᠦ | ᠡᠭᠦᠳᠦᠨ ᠪᠠᠶᠢᠭᠤᠯᠤᠯᠲᠠ ᠳᠤ ᠣᠷᠣᠯᠴᠠᠬᠤ ᠪᠠᠷ ᠲᠠᠨᠢᠯᠴᠠᠭᠤᠯᠤᠭᠳᠡᠵᠤ ᠂ ᠪᠠᠶᠢᠭᠤᠯᠭ᠎ᠠ ᠶᠢᠨ ᠬᠠᠷᠢᠭᠤᠴᠠᠯᠭᠠᠲᠠᠨ ᠤ | ᠰᠢᠭᠦᠯᠲᠡ ᠳᠤ ᠣᠷᠣᠯᠴᠠᠨ ᠵᠠᠷᠭᠤ ᠬᠦᠯᠢᠶᠡᠭᠰᠡᠨ ᠨᠣᠷᠮ᠎ᠠ 100% ᠳᠤ ᠬᠥᠷᠪᠡ ᠃ ︽ ᠠᠷᠪᠢᠯᠠᠨ ᠭᠠᠮᠨᠠᠬᠤ ︾ ᠶᠢ | ᠪᠠᠷᠢᠮᠲᠠᠯᠠᠵᠤ ᠂ 3912 ᠲᠦᠮᠡᠨ ᠲᠥᠭᠦᠷᠢᠭ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠡᠷᠬᠢᠯᠳᠡ ᠳᠤ | ᠤᠷᠤᠭᠤᠯᠵᠤ ᠂ ᠲᠦᠷᠦᠭᠦᠦ ᠬᠤᠶᠠᠷ ᠵᠢᠯ ᠤᠨ ᠨᠡᠶᠢᠯᠡᠪᠦᠷᠢ ᠠᠴᠠ ᠳᠠᠪᠠᠪᠠ ᠃ ᠲᠣᠭᠤᠷᠢᠨ ᠪᠠᠶᠢᠴᠠᠭᠠᠬᠤ ᠂ ᠴᠠᠭᠳᠠᠨ | ᠪᠠᠶᠢᠴᠠᠭᠠᠬᠤ ᠂ ᠬᠢᠨᠠᠨ ᠪᠤᠳᠤᠬᠤ ᠵᠡᠷᠭᠡ ᠠᠰᠠᠭᠤᠳᠠᠯ ᠢ ᠴᠥᠮ ᠯᠠᠪᠳᠠᠭᠤᠨ ᠪᠠᠲᠤᠲᠠᠢ ᠪᠠᠷ ᠴᠡᠭᠴᠡᠯᠡᠨ | ᠰᠠᠶᠢᠵᠢᠷᠠᠭᠤᠯᠪᠠ ᠃ ︽ ᠲᠠᠪᠤᠳᠤᠭᠠᠷ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ︾ ᠶᠢᠨ ᠱᠠᠲᠤ ᠦᠶ᠎ᠡ ᠶᠢᠨ | ᠴᠢᠨᠠᠷᠲᠠᠢ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ | ᠪᠠ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠵᠤ ᠂ ︽ ᠭᠤᠷᠪᠠᠨ ᠣᠯᠠᠨ ᠭᠤᠷᠪᠠᠨ ᠴᠥᠭᠡᠨ | ᠭᠤᠷᠪᠠᠨ ᠤᠳᠠᠭᠠᠨ ︾ ᠵᠢᠴᠢ ᠺᠠᠳ᠋ᠷ ᠤᠨ ᠡᠩᠨᠡᠭᠡ ᠶᠢᠨ ︽ ᠲᠠᠪᠤᠨ ᠦᠭᠡᠢ ︾ ᠠᠰᠠᠭᠤᠳᠠᠯ ᠢ ᠲᠤᠰᠬᠠᠢ ᠴᠡᠭᠴᠡᠯᠡᠨ | ᠵᠠᠰᠠᠬᠤ ᠠᠵᠢᠯ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠵᠤ ᠂ ᠪᠥᠬᠦ ᠬᠤᠰᠢᠭᠤᠨ ᠤ ᠠᠵᠢᠯ ᠬᠢᠵᠦ | ᠦᠢᠯᠡᠰ ᠴᠣᠭᠴᠠᠯᠠᠬᠤ ᠪᠠᠶᠢᠳᠠᠯ ᠤᠯᠠᠮ ᠠᠴᠠ ᠤᠯᠠᠮ ᠰᠠᠶᠢᠵᠢᠷᠠᠵᠤ ᠂ ᠡᠷᠴᠢ ᠵᠣᠷᠢᠭ ᠤᠯᠠᠮ ᠠᠴᠠ ᠤᠯᠠᠮ ᠨᠡᠮᠡᠭᠳᠡᠪᠡ ᠃ | | ᠲᠥᠯᠥᠭᠡᠯᠡᠭᠴᠢᠳ ᠠ᠋ ︕ ᠡᠨᠡ ᠨᠢᠭᠡ ᠵᠢᠯ ᠳᠤ ᠂ ᠪᠢᠳᠡ ᠠᠯᠬᠤᠮ ᠪᠦᠷᠢ ᠪᠠᠨ ᠡᠷᠴᠤ ᠬᠦᠴᠤ ᠲᠠᠢ | ᠲᠤᠭᠤᠯᠵᠤ ᠂ ᠴᠠᠭ ᠬᠤᠭᠤᠴᠠᠭ᠎ᠠ ᠪᠦᠬᠦᠨ ᠢ ᠦᠨ᠎ᠡ ᠦᠷᠲᠡᠭ ᠲᠠᠢ ᠦᠩᠭᠡᠷᠡᠭᠦᠯᠪᠡ ᠂ ᠪᠢᠳᠡᠨ ᠤ ᠤᠯᠤᠭᠰᠠᠨ | ᠠᠮᠵᠢᠯᠳᠠ ᠪᠦᠬᠦᠨ ᠬᠢᠯᠪᠡᠷ ᠪᠢᠰᠢ ᠪᠠᠶᠢᠯ᠎ᠠ ᠃ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠢᠨᠵᠢᠯᠡᠬᠦ ᠤᠬᠠᠭᠠᠨᠴᠢ ᠪᠠᠷ | ᠵᠢᠯᠣᠭᠤᠳᠤᠭᠰᠠᠨ ᠤ ᠦᠷ᠎ᠡ ᠳ᠋ᠦᠩ ᠂ ᠬᠤᠰᠢᠭᠤ ᠨᠠᠮ ᠤᠨ ᠬᠤᠷᠢᠶᠠᠨ ᠤ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ ᠂ | ᠡᠷᠡᠰ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠦᠲᠦᠮᠵᠢᠲᠡᠶ ᠬᠢᠨᠠᠯᠲᠠ ᠲᠠᠯᠪᠢᠭᠰᠠᠨ ᠤ ᠦᠷ᠎ᠡ ᠳ᠋ᠦᠩ ᠂ ᠪᠥᠬᠦ | ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠂ ᠮᠦᠨ ᠴᠤ | ᠨᠡᠶᠢᠭᠡᠮ ᠤᠨ ᠡᠯ᠎ᠡ ᠡᠲᠡᠭᠡᠳ ᠪᠠ ᠡᠯ᠎ᠡ ᠲᠠᠯ᠎ᠠ ᠶᠢᠨ ᠬᠢᠨ ᠤ ᠬᠦᠴᠦᠲᠡᠢ ᠳᠡᠮᠵᠢᠭᠰᠡᠨ ᠤ ᠦᠷ᠎ᠡ ᠳ᠋ᠦᠩ ᠪᠣᠯᠣᠨ᠎ᠠ ︕ | ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ ᠂ ᠡᠯ᠎ᠡ ᠹᠷᠣᠨᠲ ᠲᠤ ᠰᠢᠷᠭᠠᠭᠤ | ᠠᠵᠢᠯᠯᠠᠵᠤ ᠪᠠᠶᠢᠭ᠎ᠠ ᠥᠷᠭᠡᠨ ᠣᠯᠠᠨ ᠺᠠᠳ᠋ᠷ ᠣᠯᠠᠨ ᠲᠦᠮᠡᠨ ᠳᠤ ᠂ ᠵᠠᠰᠠᠭ ᠤᠨ ᠣᠷᠳᠣᠨ ᠤ ᠠᠵᠢᠯ ᠢ ᠶᠡᠬᠡᠪᠡᠷ | ᠳᠡᠮᠵᠢᠵᠦ ᠪᠠᠶᠢᠭ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ ᠂ ᠡᠯ᠎ᠡ ᠠᠷᠠᠳᠴᠢᠯᠠᠭᠰᠠᠨ ᠨᠠᠮ ᠪᠦᠯᠦᠭ ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠂ | ᠨᠠᠮ ᠪᠦᠯᠦᠭ ᠤᠨ ᠪᠤᠰᠤ ᠬᠥᠮᠥᠰ ᠪᠠ ᠡᠯ᠎ᠡ ᠠᠷᠠᠳ ᠤᠨ ᠪᠦᠯᠬᠦᠮ ᠳᠤ ᠂ ᠬᠤᠰᠢᠭᠤᠨ ᠳᠤ ᠰᠠᠭᠤᠭ᠎ᠠ ᠴᠡᠷᠢᠭ ᠠᠩᠭᠢ | ᠶᠢᠨ ᠳᠠᠷᠤᠭ᠎ᠠ ᠪᠠᠶᠢᠯᠳᠤᠭᠴᠢ ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠂ ᠭᠠᠯ ᠤᠨᠲᠠᠷᠠᠭᠠᠵᠤ ᠠᠪᠤᠷᠠᠨ | ᠲᠤᠰᠠᠯᠠᠬᠤ ᠡᠩᠨᠡᠭᠡ ᠪᠠ ᠰᠠᠭᠤᠭ᠎ᠠ ᠨᠢᠭᠡᠴᠢ ᠳᠤ ᠂ ᠡᠯ᠎ᠡ ᠠᠬᠠᠮᠠᠳ ᠤᠳᠤᠷᠢᠳᠤᠯᠭ᠎ᠠ ᠂ ᠠᠬᠠᠮᠠᠳ ᠨᠥᠬᠦᠳ ᠪᠠ | ᠳᠠᠷᠬᠠᠨ ᠮᠤᠤᠮᠢᠩᠭᠠᠨ ᠤ ᠥᠭᠡᠷᠡᠴᠢᠯᠡᠯᠲᠡ ᠬᠥᠭᠵᠢᠯᠲᠡ ᠶᠢ ᠬᠠᠯᠠᠮᠵᠢᠯᠠᠨ ᠳᠡᠮᠵᠢᠵᠦ ᠪᠠᠶᠢᠭ᠎ᠠ ᠡᠯ᠎ᠡ ᠡᠲᠡᠭᠡᠳ ᠤᠨ | ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ ︕ | ᠣᠳᠣᠬᠠᠨ ᠳᠤ ᠮᠠᠨ ᠤ ᠬᠤᠰᠢᠭᠤᠨ ᠤ ᠬᠥᠭᠵᠢᠯᠲᠡ ᠳᠤ ᠪᠠᠰᠠ ᠪᠠᠭ᠎ᠠ ᠪᠤᠰᠤ ᠠᠰᠠᠭᠤᠳᠠᠯ ᠤᠷᠤᠰᠢᠵᠤ | ᠪᠠᠶᠢᠬᠤ ᠶᠢ ᠪᠢᠳᠡ ᠲᠠᠨᠢᠵᠤ ᠠᠪᠬᠤ ᠬᠡᠷᠡᠭᠲᠠᠢ ᠃ ᠠᠵᠤ ᠦᠢᠯᠡᠰ ᠤᠨ ᠬᠥᠭᠵᠢᠯᠲᠡ ᠠᠴᠠ ᠦᠵᠡᠪᠡᠯ ᠂ ᠭᠤᠷᠪᠠᠨ | ᠠᠵᠤ ᠦᠢᠯᠡᠰ ᠤᠨ ᠪᠦᠲᠦᠴᠡ ᠶᠢᠨ ᠬᠠᠷᠢᠴᠠᠯ ᠨᠢ 16.1᠄ 60.2᠄ 23.7 ᠪᠠᠶᠢᠵᠤ ᠂ ᠲᠠᠷᠢᠶᠠᠯᠠᠩ ᠮᠠᠯ ᠠᠵᠤ | ᠠᠬᠤᠢ ᠶᠢᠨ ᠵᠣᠬᠢᠶᠠᠨ ᠪᠠᠶᠢᠭᠤᠯᠬᠤ ᠴᠢᠨᠠᠷᠳᠠᠢ ᠣᠳᠣᠬᠢᠴᠢᠯᠠᠯᠲᠠ ᠶᠢᠨ ᠬᠡᠮᠵᠢᠶ᠎ᠡ ᠳᠣᠣᠷ᠎ᠠ ᠂ ᠠᠵᠤ ᠦᠢᠯᠡᠳᠪᠦᠷᠢ ᠶᠢᠨ | ᠬᠡᠷᠡᠭᠯᠡᠭᠴᠢ ᠲᠠᠢ ᠬᠠᠷᠢᠯᠴᠠᠬᠤ ᠠᠵᠤ ᠦᠢᠯᠡᠰ ᠤᠨ ᠬᠠᠷᠢᠴᠠᠯ ᠦᠨᠳᠦᠷ ᠂ ᠬᠡᠯᠬᠢᠶ᠎ᠡ ᠣᠬᠤᠷ ᠂ ᠨᠡᠮᠡᠯᠲᠡ ᠥᠷᠲᠡᠭ | ᠳᠣᠣᠷ᠎ᠠ ᠪᠠᠶᠢᠵᠤ ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠯ ᠬᠦᠷᠦᠯᠴᠡᠬᠦ ᠦᠭᠡᠢ ᠂ | ᠳᠠᠪᠠᠭᠤᠯᠢᠭ ᠦᠢᠯᠡᠳᠬᠦᠨ ᠳᠤᠲᠠᠭᠳᠠᠵᠤ ᠂ ᠪᠣᠭᠤᠮᠲᠠ ᠶᠢᠨ ︽ ᠪᠣᠳᠠᠲᠠᠶᠢᠵᠢᠭᠰᠠᠨ ᠠᠵᠤ ᠠᠬᠤᠢ ︾ ᠶᠢᠨ | ᠬᠥᠭᠵᠢᠯᠲᠡ ᠬᠠᠷᠠᠬᠠᠨ ᠰᠢᠪᠲᠤᠯᠤᠯᠲᠠ ᠲᠠᠢ ᠪᠤᠯᠤᠭ᠎ᠠ ᠦᠭᠡᠢ ᠪᠠᠶᠢᠵᠤ ᠂ ᠬᠡᠰᠡᠭ ᠳᠤᠮᠳᠠ ᠵᠢᠵᠢᠭ ᠠᠵᠤ ᠠᠬᠤᠶᠢᠯᠠᠯ | ᠤᠨ ᠦᠢᠯᠡᠳᠪᠦᠷᠢᠯᠡᠯ ᠡᠵᠡᠩᠨᠡᠯᠲᠡ ᠬᠦᠴᠢᠷᠳᠡᠯ ᠲᠠᠢ ᠪᠠᠶᠢᠨ᠎ᠠ ᠃ ᠡᠯᠧᠮᠧᠨ᠋ᠲ ᠤᠨ ᠲᠤᠯᠭᠠᠭᠤᠷᠢᠯᠠᠯ ᠠᠴᠠ ᠦᠵᠡᠪᠡᠯ ᠂ | ᠨᠡᠭᠦᠷᠡᠰᠦᠲᠥ᠋ᠷᠥᠭᠴᠢ ᠦᠭᠡᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠰᠠᠶ᠋ᠢᠬᠠᠨ ᠡᠬᠢᠯᠡᠵᠦ ᠂ ᠬᠥᠭᠵᠢᠯᠲᠡ ᠶᠢ | ᠬᠢᠵᠠᠭᠠᠷᠯᠠᠵᠤ ᠪᠠᠶᠢᠭ᠎ᠠ ᠪᠡᠯᠡ ᠮᠥᠩᠭᠦ ᠂ ᠭᠠᠵᠠᠷ ᠰᠢᠷᠣᠢ ᠂ ᠤᠰᠤ ᠴᠠᠬᠢᠯᠭᠠᠨ ᠵᠠᠮ ᠬᠡᠢ ᠵᠡᠷᠭᠡ ᠡᠯᠧᠮᠧᠨ᠋ᠲ ᠤᠨ | ᠳᠤᠲᠠᠭᠳᠠᠯ ᠪᠠᠰᠠ ᠮᠠᠰᠢ ᠲᠣᠪᠣᠶᠢᠮ᠎ᠠ ᠪᠠᠶᠢᠨ᠎ᠠ ᠃ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠬᠢᠷᠢ | ᠬᠡᠮᠵᠢᠶ᠎ᠡ ᠥᠨᠳᠥᠷ ᠪᠢᠰᠢ ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠲᠥᠷᠥᠯ ᠤᠨ ︽ ᠬᠠᠭᠠᠰ ᠳᠤᠲᠠᠭᠤ ︾ | ᠢᠨᠵᠧᠨᠧᠷᠢᠩ ᠢ ᠠᠮᠢᠳᠤᠯᠢᠭᠵᠢᠭᠤᠯᠬᠤ ᠳᠤ ᠬᠦᠴᠢᠷᠳᠡᠯ ᠲᠠᠢ ᠪᠠᠶᠢᠨ᠎ᠠ ᠃ ᠠᠷᠠᠯᠵᠢᠶᠠᠴᠢᠨ ᠤᠷᠢᠵᠤ ᠪᠡᠯᠡ | ᠤᠷᠤᠭᠤᠯᠬᠤ ᠦᠷ᠎ᠡ ᠠᠰᠢᠭ ᠢᠶᠠᠷ ᠪᠠᠰᠠ ᠥᠨᠳᠥᠷ ᠪᠢᠰᠢ ᠂ ᠬᠤᠰᠢᠭᠤ ᠶᠢ ᠬᠥᠭᠵᠢᠭᠦᠯᠦᠨ ᠮᠠᠨᠳᠤᠭᠤᠯᠬᠤ ᠲᠣᠮᠣ | ᠲᠥᠷᠥᠯ ᠵᠦᠢᠯ ᠂ ᠰᠠᠶᠢᠨ ᠲᠥᠷᠥᠯ ᠵᠦᠢᠯ ᠳᠤᠲᠠᠭᠳᠠᠵᠤ ᠪᠠᠶᠢᠨ᠎ᠠ ᠃ ᠴᠢᠳᠠᠪᠤᠷᠢᠲᠠᠨ ᠳᠤᠲᠠᠭᠳᠠᠬᠤ ᠠᠰᠠᠭᠤᠳᠠᠯ | ᠲᠣᠪᠣᠶᠢᠮ᠎ᠠ ᠪᠠᠶᠢᠵᠤ ᠂ ᠴᠢᠳᠠᠪᠤᠷᠢᠲᠠᠨ ᠤ ᠶᠡᠷᠦᠩᠬᠡᠢ ᠬᠡᠮᠵᠢᠶ᠎ᠡ ᠬᠦᠷᠦᠯᠴᠡᠬᠦ ᠦᠭᠡᠢ ᠮᠥᠷᠲᠡᠭᠡᠨ ᠭᠠᠳᠠᠭᠰᠢ ᠰᠢᠯᠵᠢᠬᠦ | ᠶᠠᠪᠤᠳᠠᠯ ᠬᠦᠨᠳᠦ ᠨᠣᠴᠢᠲᠠᠢ ᠣᠷᠣᠰᠢᠵᠤ ᠪᠠᠶᠢᠨ᠎ᠠ ᠃ ᠠᠷᠠᠳ ᠤᠨ ᠠᠮᠢᠳᠤᠷᠠᠯ ᠤᠨ ᠪᠠᠲᠤᠯᠠᠭ᠎ᠠ ᠠᠴᠠ ᠦᠵᠡᠪᠡᠯ ᠂ | ᠠᠷᠠᠳ ᠤᠨ ᠠᠮᠢᠳᠤᠷᠠᠯ ᠤᠨ ᠬᠡᠰᠡᠭ ᠪᠣᠳᠠᠲᠤ ᠶᠠᠪᠤᠳᠠᠯ ᠢ ᠰᠠᠶᠢᠲᠤᠷ ᠬᠢᠵᠦ ᠳᠡᠶᠢᠯᠬᠦ ᠦᠭᠡᠢ ᠪᠠᠶᠢᠵᠤ ᠂ ᠠᠵᠢᠯ | ᠣᠯᠭᠤᠯᠲᠠ ᠂ ᠰᠤᠷᠭᠠᠨ ᠬᠥᠮᠦᠵᠢᠯ ᠂ ᠡᠮ ᠡᠮᠨᠡᠯᠭᠡ ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ | ᠠᠵᠢᠯ ᠳᠤ ᠪᠠᠰᠠ ᠴᠥᠭᠡᠨ ᠪᠤᠰᠤ ᠪᠠᠭᠤᠷᠠᠢ ᠲᠠᠯ᠎ᠠ ᠣᠷᠣᠰᠢᠵᠤ ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ | ᠬᠤᠷᠢᠶ᠎ᠠ ᠳᠤ ᠡᠮᠴᠢ ᠪᠤᠯᠤᠨ ᠡᠮ ᠳᠤᠳᠠᠭᠳᠠᠬᠤ ᠦᠵᠡᠭᠳᠡᠯ ᠣᠷᠣᠰᠢᠵᠤ ᠂ ᠪᠠᠲᠤᠬᠠᠭᠠᠯᠭ᠎ᠠ ᠪᠠᠯᠭᠠᠰᠤ ᠶᠢᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠪᠠᠰᠠ ᠴᠥᠭᠡᠨ ᠪᠤᠰᠤ ᠳᠤᠲᠠᠭᠳᠠᠯ ᠣᠷᠣᠰᠢᠵᠤ ᠂ ᠤᠯᠠᠨ | ᠲᠦᠮᠡᠨ ᠤ ᠠᠩᠬᠠᠷᠴᠤ ᠪᠠᠶᠢᠭ᠎ᠠ ᠤᠤᠭᠤᠬᠤ ᠤᠰᠤᠨ ᠤ ᠠᠮᠤᠷ ᠲᠦᠪᠰᠢᠨ ᠂ ᠴᠠᠬᠢᠯᠭᠠᠨ ᠬᠦᠴᠦᠨ ᠤ ᠪᠠᠲᠤᠯᠠᠭ᠎ᠠ | ᠵᠡᠷᠭᠡ ᠠᠰᠠᠭᠤᠳᠠᠯ ᠢ ᠪᠠᠰᠠ ᠲᠤᠶᠢᠯᠪᠤᠷᠢᠲᠠᠢ ᠰᠢᠢᠳᠪᠦᠷᠢᠯᠡᠵᠦ ᠳᠡᠶᠢᠯᠦᠭᠡ ᠦᠭᠡᠢ ᠪᠠᠶᠢᠭᠰᠠᠭᠠᠷ ᠃ ᠨᠤᠲᠤᠭ ᠪᠡᠯᠴᠢᠭᠡᠷ | ᠣᠶᠢᠲᠤ ᠭᠠᠵᠠᠷ ᠢ ᠡᠪᠳᠡᠬᠦ ᠦᠶᠯᠡ ᠠᠵᠢᠯᠯᠠᠭ᠎ᠠ ᠪᠠᠶᠢᠨ ᠳᠠᠬᠢᠨ ᠡᠭᠦᠰᠴᠦ ᠂ ᠮᠠᠯᠵᠢᠬᠤ ᠲᠠᠷᠢᠶᠠᠯᠠᠬᠤ ᠣᠷᠣᠨ ᠤ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠮᠥᠨ ᠬᠦ ᠴᠥᠬᠦᠷᠡᠰᠢ | ᠦᠭᠡᠢ ᠪᠠᠶᠢᠩᠭᠤ ᠠᠳᠬᠤᠬᠤ ᠴᠢᠬᠤᠯᠠᠲᠠᠢ ᠪᠠᠶᠢᠨ᠎ᠠ ︔ ᠠᠶᠤᠯᠭᠦᠢ ᠦᠢᠯᠡᠳᠪᠦᠷᠢᠯᠡᠯ ᠂ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠵᠡᠷᠭᠡ ᠬᠦᠷᠢᠶᠡᠨ ᠳᠠᠬᠢ ᠠᠶᠤᠯ ᠲᠦᠭᠰᠢᠭᠦᠷᠢ ᠶᠢᠨ ᠲᠠᠯᠳᠠ ᠭᠡᠮ ᠢ ᠣᠮᠲᠣᠭᠠᠶᠢᠯᠠᠵᠤ | ᠪᠣᠯᠣᠰᠢ ᠦᠭᠡᠢ ᠶᠤᠮ ᠃ ᠺᠠᠳ᠋ᠷ ᠤᠨ ᠬᠡᠪ ᠰᠤᠷᠲᠠᠯ ᠤᠨ ᠲᠠᠯ᠎ᠠ ᠠᠴᠠ ᠦᠵᠡᠪᠡᠯ ᠂ ᠠᠵᠢᠯ ᠤᠨ ᠳᠤᠮᠳᠠ ︽ ᠤᠳᠠᠭᠠᠨ | ᠪᠦᠳᠦᠭᠦᠯᠢᠭ ᠬᠡᠶᠢᠰᠪᠤᠷᠢ ︾ ᠠᠰᠠᠭᠤᠳᠠᠯ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠂ ᠵᠠᠷᠢᠮ ᠨᠢ ᠶᠡᠭᠡ ᠲᠠᠯ᠎ᠠ ᠶᠢᠨ | ᠤᠬᠠᠮᠰᠠᠷ ᠢᠶᠠᠷ ᠴᠢᠩᠭ᠎ᠠ ᠪᠢᠰᠢ ᠂ ᠰᠡᠳᠬᠢᠮᠵᠢ ᠶᠢᠨ ᠬᠠᠷᠠᠭᠠᠰᠤ ᠨᠢ ᠥᠷᠭᠡᠨ ᠪᠢᠰᠢ ᠂ ᠴᠢᠳᠠᠪᠤᠷᠢ ᠨᠢ ᠬᠦᠷᠦᠯᠴᠡᠬᠦ | ᠦᠭᠡᠢ ᠂ ᠠᠵᠢᠯ ᠤᠨ ᠰᠤᠷᠲᠠᠯ ᠨᠢ ᠦᠨᠡᠨ ᠪᠣᠳᠠᠲᠠᠢ ᠪᠢᠰᠢ ᠂ ᠲᠦᠷᠦ ᠶᠢᠨ ᠪᠣᠳᠣᠯᠭ᠎ᠠ ᠶᠢ ᠰᠤᠳᠤᠯᠵᠤ ᠰᠤᠷᠤᠯᠴᠠᠬᠤ | ᠦᠭᠡᠢ ᠂ ᠠᠰᠠᠭᠤᠳᠠᠯ ᠢ ᠰᠢᠢᠳᠪᠦᠷᠢᠯᠡᠬᠦ ᠳᠤᠷ᠎ᠠ ᠦᠭᠡᠢ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ ᠃ ᠡᠭᠦᠨ | ᠳᠤ ᠂ ᠪᠢᠳᠡ ᠵᠠᠪᠠᠯ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ ᠂ ᠲᠡᠮᠡᠴᠡᠯ ᠤᠨ ᠵᠣᠷᠢᠭ ᠰᠠᠨᠠᠭ᠎ᠠ | ᠶᠢ ᠪᠠᠳᠠᠷᠠᠭᠤᠯᠵᠤ ᠂ ᠦᠨᠡᠨ ᠬᠦ ᠰᠢᠢᠳᠪᠦᠷᠢᠯᠡᠬᠦ ᠬᠡᠷᠡᠭᠲᠡᠢ ᠃ | ᠬᠤᠶᠠᠷ ᠂ 2024 ᠣᠨ ᠤ ᠠᠵᠢᠯ ᠤᠨ ᠲᠣᠬᠢᠷᠠᠭᠤᠯᠤᠯᠲᠠ | ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠂ ᠪᠠᠰᠠ ᠴᠤ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ | ᠵᠢᠯ ᠮᠥᠨ ᠂ ᠵᠠᠰᠠᠭ ᠤᠨ ᠣᠷᠳᠣᠨ ᠤ ᠠᠵᠢᠯ ᠤᠨ ᠬᠦᠴᠢᠷᠳᠠᠯ ᠢ ᠢᠯᠠᠨ ᠳᠠᠪᠠᠵᠤ ᠪᠤᠳᠠᠳᠠᠢ ᠪᠠᠷ ᠠᠵᠢᠯᠯᠠᠬᠤ | ᠬᠡᠷᠡᠭᠲᠠᠢ ᠃ ᠪᠦᠬᠦ ᠲᠠᠯ᠎ᠠ ᠶᠢ ᠪᠣᠳᠣᠯᠬᠢᠯᠠᠨ ᠣᠳᠣᠬᠢ ᠪᠠᠶᠢᠳᠠᠯ ᠢ ᠠᠵᠢᠭᠯᠠᠪᠠᠯ ᠂ ᠤᠯᠤᠰ ᠠᠴᠠ ᠰᠢᠨ᠎ᠡ ᠴᠠᠭ ᠦᠶ᠎ᠡ | ᠳᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠂ ᠬᠠᠳᠤᠨ ᠭᠤᠣᠯ ᠤᠨ ᠰᠠᠪᠠ ᠭᠠᠵᠠᠷ ᠤᠨ | ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ︽ ᠤᠮᠠᠷᠠᠲᠤ ᠶᠢᠨ | ᠭᠤᠷᠪᠠᠨ ᠣᠷᠣᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠵᠡᠷᠭᠡ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠤ ᠂ ᠲᠥᠷᠥ ᠶᠢᠨ ᠶᠠᠪᠤᠳᠠᠯ ᠤᠨ ᠬᠤᠷᠢᠶᠠᠨ ᠤ ︽ ᠰᠠᠨᠠᠯ ︾ ᠤᠨ | ᠳᠠᠭᠠᠤ ᠳᠠᠷᠬᠠᠨ ᠮᠤᠤᠮᠢᠩᠭᠠᠨ ᠤ ᠨᠡᠭᠦᠷᠡᠰᠦᠲᠥ᠋ᠷᠥᠭᠴᠢ ᠦᠭᠡᠢ ᠲᠣᠭᠤᠷᠢᠭ ᠤᠨ ᠬᠥᠭᠵᠢᠯᠲᠡ ᠶᠢ ᠲᠦᠯᠬᠢᠨ | ᠠᠬᠢᠭᠤᠯᠬᠤ ᠲᠤᠬᠠᠢ ᠪᠠᠶᠢᠷᠢᠯᠠᠭᠤᠯᠵᠤ ᠂ ᠥᠪᠡᠷᠲᠡᠭᠡᠨ ᠵᠠᠰᠠᠬᠤ ᠣᠷᠣᠨ ︽ ᠬᠤᠶᠠᠷ ᠶᠡᠭᠡ ᠶᠠᠪᠤᠳᠠᠯ ︾ ᠢ ᠰᠠᠶᠢᠲᠤᠷ | ᠬᠢᠬᠦ ᠶᠢᠨ ᠲᠣᠭᠤᠷᠢᠨ ᠳᠤ ︽ ᠵᠢᠷᠭᠤᠭᠠᠨ ᠶᠡᠭᠡ ᠢᠨᠵᠧᠨᠧᠷᠢᠩ ︾ ᠢ ᠬᠡᠷᠡᠭᠵᠢᠭᠦᠯᠵᠦ ᠂ ᠬᠤᠲᠠ ᠶᠢᠨ ᠨᠠᠮ ᠤᠨ | ᠬᠤᠷᠢᠶ᠎ᠠ ᠪᠠ ᠵᠠᠰᠠᠭ ᠤᠨ ᠣᠷᠳᠣᠨ ᠠᠴᠠ ︽ ᠲᠤᠯᠤᠭᠠᠨ ᠶᠡᠭᠡ ᠠᠵᠢᠯᠯᠠᠭ᠎ᠠ ︾ ᠶᠢᠨ ᠡᠭᠦᠷᠭᠡ ᠶᠢ ᠲᠣᠳᠣᠷᠬᠠᠶᠢᠯᠠᠬᠤ | ᠶᠢᠨ ᠬᠠᠮᠲᠤ ᠬᠤᠶᠠᠷ ᠵᠢᠯ ᠳᠠᠷᠠᠭᠠᠯᠠᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠵᠡᠷᠭᠡ ᠂ | ᠦᠩᠭᠡᠷᠡᠭᠰᠡᠨ ᠤ ᠲᠥᠷᠥ ᠶᠢᠨ ᠪᠣᠳᠣᠯᠭ᠎ᠠ ᠪᠠ ᠰᠢᠨ᠎ᠡ ᠲᠥᠷᠥ ᠶᠢᠨ ᠪᠣᠳᠣᠯᠭ᠎ᠠ ᠶᠢ ᠨᠢᠭᠡᠳᠬᠡᠵᠦ ᠂ ᠬᠠᠮᠵᠢᠯᠴᠠᠨ | ᠬᠦᠴᠦᠯᠡᠵᠦ ᠂ ᠮᠠᠨ ᠤ ᠬᠤᠰᠢᠭᠤᠨ ᠤ ᠰᠢᠨ᠎ᠡ ᠨᠢᠭᠡ ᠡᠭᠡᠯᠵᠢ ᠶᠢᠨ ᠬᠥᠭᠵᠢᠯᠲᠡ ᠳᠤ ᠴᠢᠬᠤᠯᠠ ᠶᠡᠭᠡ ᠠᠰᠢᠭ | ᠬᠦᠷᠲᠡᠭᠡᠭᠰᠡᠨ ᠪᠠᠶᠢᠨ᠎ᠠ ᠂ ᠪᠢᠳᠡ ᠡᠨᠡ ᠳᠤᠬᠢᠶᠠᠯ ᠢ ᠰᠠᠶᠢᠲᠤᠷ ᠠᠳᠬᠤᠳᠠᠭ ᠯᠠ ᠶᠤᠮ ᠪᠣᠯ ᠯᠠᠪᠲᠠᠢ ᠰᠢᠨ᠎ᠡ ᠣᠷᠣᠨ | ᠵᠠᠢ ᠶᠢ ᠨᠡᠭᠡᠭᠡᠵᠦ ᠴᠢᠳᠠᠨ᠎ᠠ ᠃ ᠢᠷᠡᠭᠡᠳᠦᠢ ᠪᠠᠨ ᠪᠠᠷᠠᠯᠠᠪᠠᠯ ᠂ ᠬᠤᠰᠢᠭᠤᠨ ᠤ ᠠᠷᠪᠠᠨ ᠳᠥᠷᠪᠡᠳᠦᠭᠡᠷ ᠤᠳᠠᠭᠠᠨ ᠤ | ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠥᠩᠭᠡᠷᠡᠭᠰᠡᠨ ᠵᠢᠯ ᠤᠳ ᠤᠨ ᠬᠤᠰᠢᠭᠤ ᠨᠠᠮ ᠤᠨ ᠬᠤᠷᠢᠶᠠᠨ | ᠤ ᠪᠥᠬᠦᠳᠡ ᠬᠤᠷᠠᠯ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠳᠠᠷᠬᠠᠨ ᠮᠤᠤᠮᠢᠩᠭᠠᠨ ᠢ | ᠪᠦᠲᠦᠭᠡᠨ ᠪᠠᠶᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ ᠂ ᠮᠢᠩᠭᠠᠨ ᠲᠦᠮᠡᠨ ᠺᠢᠯᠣᠸᠠᠲ ᠤᠨ ᠲᠠᠰ | ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠂ ᠮᠢᠩᠭᠠᠨ ᠳ᠋ᠦᠩᠰᠢᠭᠤᠷ ᠲᠥᠭᠦᠷᠢᠭ ᠤᠨ ᠲᠠᠰ ᠤᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠂ ᠮᠢᠩᠭᠠᠨ ᠲᠦᠮᠡᠨ ᠲᠣᠨ ᠤ ᠲᠠᠰ ᠤᠨ ᠠᠷᠠᠯᠵᠢᠶᠠᠨ ᠤ ᠪᠣᠭᠤᠮᠲᠠ ᠶᠢ | ᠪᠦᠲᠦᠭᠡᠨ ᠪᠠᠶᠢᠭᠤᠯᠬᠤ ᠨᠢ ᠨᠢᠭᠡᠨᠲᠡ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠵᠤ ᠂ ᠬᠤᠰᠢᠭᠤᠨ ᠤ ᠨᠠᠮ | ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠠᠴᠠ ᠪᠠᠰᠠ ︽ ᠲᠠᠪᠤᠨ | ᠡᠷᠬᠡᠪᠰᠢ ︾ ᠶᠢᠨ ᠠᠵᠢᠯ ᠤᠨ ᠲᠤᠷᠰᠢᠯᠭ᠎ᠠ ᠂ ︽ ᠵᠢᠷᠭᠤᠭᠠᠨ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠬᠤ ︾ | ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ ᠂ ᠬᠥᠭᠵᠢᠯᠲᠡ ᠶᠢᠨ ᠣᠷᠣᠨ ᠪᠠᠶᠢᠷᠢ ᠨᠠᠩ ᠲᠣᠳᠣᠷᠬᠠᠢ ᠪᠣᠯᠵᠤ ᠂ | ᠢᠷᠡᠭᠡᠳᠦᠢ ᠨᠠᠩ ᠰᠠᠷᠠᠭᠤᠯ ᠳᠠᠷᠳᠠᠩ ᠪᠣᠯᠪᠠ ᠃ ᠡᠭᠦᠨ ᠤ ᠬᠠᠮᠲᠤ ᠂ ᠣᠯᠠᠨ ᠵᠢᠯ ᠤᠨ ᠴᠢᠷᠮᠠᠶᠢᠯᠭ᠎ᠠ ᠪᠠᠷ ᠳᠡᠮᠵᠢᠨ ᠂ | ᠪᠢᠳᠡ ᠨᠡᠯᠢᠶᠡᠳ ᠪᠠᠲᠤ ᠪᠠᠬᠢ ᠬᠥᠭᠵᠢᠯᠲᠡ ᠶᠢᠨ ᠰᠠᠭᠤᠷᠢ ᠶᠢ ᠬᠤᠷᠠᠮᠳᠤᠭᠤᠯᠵᠤ ᠂ ᠡᠨᠧᠷᠭᠢ ᠂ ᠡᠬᠢ ᠪᠠᠶᠠᠯᠢᠭ ᠂ | ᠭᠠᠵᠠᠷ ᠣᠷᠣᠨ ᠂ ᠨᠤᠲᠤᠭ ᠳᠡᠪᠢᠰᠬᠡᠷ ᠂ ᠬᠢᠯᠢ ᠶᠢᠨ ᠪᠣᠭᠤᠮᠲᠠ ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠦᠭᠡᠢ | ᠬᠦᠷᠢᠶᠡᠯᠡᠩ ᠲᠣᠭᠤᠷᠢᠭ ᠂ ᠣᠷᠴᠢᠨ ᠲᠣᠭᠤᠷᠢᠨ ᠤ ᠪᠠᠭᠲᠠᠭᠠᠮᠵᠢ ᠵᠡᠷᠭᠡ ᠲᠠᠯ᠎ᠠ ᠶᠢᠨ ᠶᠡᠷᠦᠩᠬᠡᠶᠢᠯᠡᠭᠰᠡᠨ ᠳᠠᠪᠠᠭᠤᠯᠢᠭ | ᠢ ᠭᠦᠢᠴᠡᠳ ᠢᠯᠡᠷᠡᠭᠦᠯᠵᠦ ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠥᠭᠵᠢᠯᠲᠡ ᠶᠢᠨ ᠬᠦᠰᠡᠯ | ᠡᠷᠡᠮᠡᠯᠵᠡᠯ ᠨᠠᠩ ᠴᠢᠩᠭ᠎ᠠ ᠪᠣᠯᠵᠠᠢ ᠂ ᠡᠲᠡᠭᠡᠷ ᠨᠢ ᠴᠥᠮ ᠪᠢᠳᠡᠨ ᠤ ᠤᠷᠤᠭᠰᠢ ᠳᠠᠪᠰᠢᠬᠤ ᠢᠲᠡᠭᠡᠯ ᠵᠣᠷᠢᠭ ᠪᠠ | ᠬᠦᠴᠦᠨ ᠴᠢᠳᠠᠯ ᠪᠣᠯᠣᠨ᠎ᠠ ︕ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠂ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠲᠥᠪ ᠤᠨ ᠠᠵᠤ ᠠᠬᠤᠢ ᠶᠢᠨ ᠠᠵᠢᠯ ᠤᠨ | ᠬᠤᠷᠠᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠵᠤ ᠂ ᠰᠢ ᠶᠢᠨ ᠫᠢᠩ ᠶᠡᠷᠦᠩᠬᠡᠢ ᠱᠦᠵᠢ ᠶᠢᠨ | ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ ᠂ ᠰᠢ | ᠶᠢᠨ ᠫᠢᠩ ᠶᠡᠷᠦᠩᠬᠡᠢ ᠱᠦᠵᠢ ᠶᠢᠨ ᠪᠤᠭᠤᠲᠤ ᠳᠤ ᠭᠠᠷᠭᠠᠭᠰᠠᠨ ︽ ᠨᠢᠭᠡ ᠰᠢᠨ᠎ᠡ ᠶᠢ ᠡᠭᠦᠳᠴᠦ ᠂ ᠭᠤᠷᠪᠠ ᠶᠢ | ᠪᠡᠶᠡᠯᠡᠭᠦᠯᠬᠦ ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ | ᠪᠣᠯᠣᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ | ᠪᠠᠷ ᠭᠤᠣᠯ ᠱᠤᠭᠤᠮ ᠪᠣᠯᠭᠠᠵᠤ ᠂ ᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ | ᠤᠨ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠂ | ᠨᠡᠮᠡᠭᠳᠡᠯ ᠤᠨ ᠤᠬᠠᠮᠰᠠᠷ ᠢᠶᠠᠨ ᠦᠨᠡᠨ ᠭᠦ ᠴᠢᠩᠭᠠᠳᠬᠠᠵᠤ ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠲᠦᠷᠭᠡᠳᠬᠡᠨ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠰᠠᠭᠠᠳᠠᠭᠠᠵᠤ ᠪᠠᠶᠢᠭ᠎ᠠ ᠲᠦᠭᠵᠢᠷᠡᠯ ᠢ ᠬᠦᠴᠦᠯᠡᠨ | ᠰᠢᠢᠳᠪᠦᠷᠢᠯᠡᠵᠦ ᠂ ᠠᠵᠤ ᠠᠬᠤᠢ ᠶᠢᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠰᠠᠭᠤᠷᠢᠨ ᠳᠡᠭᠡᠷ᠎ᠡ | ᠲᠣᠭᠲᠠᠭᠤᠨ ᠤ ᠳᠤᠮᠳᠠ ᠲᠦᠷᠭᠡᠨ ᠤᠷᠤᠭᠰᠢᠯᠠᠬᠤ ᠶᠢ ᠪᠡᠶᠡᠯᠡᠭᠦᠯᠬᠦ ᠶᠢ ᠦᠷᠭᠦᠯᠵᠢᠯᠡᠨ ᠠᠬᠢᠭᠤᠯᠵᠤ ᠂ ᠠᠷᠠᠳ ᠤᠨ | ᠠᠮᠢᠳᠤᠷᠠᠯ ᠤᠨ ᠬᠦᠷᠳᠡᠮᠵᠢ ᠶᠢ ᠨᠡᠮᠡᠭᠳᠡᠭᠦᠯᠦᠨ ᠂ ᠨᠡᠶᠢᠭᠡᠮ ᠤᠨ ᠲᠣᠭᠲᠠᠭᠤᠨ ᠢ ᠪᠠᠲᠤᠯᠠᠵᠤ ᠂ ᠪᠥᠬᠦ ᠣᠷᠣᠨ ᠳᠤ | ᠲᠡᠷᠢᠭᠦᠨ ᠤ ᠪᠠᠶᠢᠷᠢᠨ ᠳᠤ ᠣᠷᠣᠬᠤ ᠪᠠᠷ ᠴᠢᠷᠮᠠᠶᠢᠨ᠎ᠠ ᠃ | ᠡᠨᠡ ᠵᠢᠯ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠦᠷᠳᠡᠭ ᠢ ᠠᠳᠠᠯᠢ ᠬᠤᠭᠤᠴᠠᠭᠠᠨ ᠤ ᠬᠢ ᠠᠴᠠ 10% ᠠᠴᠠ ᠳᠡᠭᠡᠭᠰᠢ ᠨᠡᠮᠡᠭᠳᠡᠭᠦᠯᠵᠦ ᠂ ᠲᠣᠭᠲᠠᠮᠠᠯ ᠬᠥᠷᠥᠩᠭᠡ | ᠶᠢᠨ ᠪᠡᠯᠡ ᠣᠷᠣᠭᠤᠯᠤᠯᠲᠠ ᠶᠢ 30% ᠠᠴᠠ ᠳᠡᠭᠡᠭᠰᠢ ᠨᠡᠮᠡᠭᠳᠡᠭᠦᠯᠵᠦ ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠦᠷᠳᠡᠭ ᠢ 20% ᠠᠴᠠ ᠳᠡᠭᠡᠭᠰᠢ ᠨᠡᠮᠡᠭᠳᠡᠭᠦᠯᠵᠦ ᠂ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢ 10% ᠠᠴᠠ ᠳᠡᠭᠡᠭᠰᠢ ᠨᠡᠮᠡᠭᠳᠡᠭᠦᠯᠵᠦ ᠂ ᠤᠯᠠᠨ | ᠨᠡᠶᠢᠲᠡ ᠶᠢᠨ ᠡᠩ ᠤᠨ ᠲᠥᠰᠥᠪ ᠤᠨ ᠣᠷᠣᠯᠭ᠎ᠠ ᠶᠢ 12% ᠠᠴᠠ ᠳᠡᠭᠡᠭᠰᠢ ᠨᠡᠮᠡᠭᠳᠡᠭᠦᠯᠵᠦ ᠂ ᠬᠤᠳᠠ ᠬᠥᠳᠡᠭᠡ | ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠠᠵᠤ ᠠᠬᠤᠢ ᠶᠢᠨ | ᠨᠡᠮᠡᠭᠳᠡᠯ ᠲᠠᠢ ᠠᠳᠠᠯᠢ ᠠᠯᠬᠤᠮ ᠲᠠᠢ ᠪᠠᠶᠢᠯᠭᠠᠨ᠎ᠠ ᠃ ᠡᠳᠡᠭᠡᠷ ᠬᠠᠷᠠᠯᠲᠠ ᠨᠢ ᠨᠠᠮ ᠤᠨ ᠲᠥᠪ ᠬᠤᠷᠢᠶᠠᠨ ᠤ | ᠲᠣᠭᠲᠠᠭᠤᠨ ᠢᠶᠠᠷ ᠤᠷᠤᠭᠰᠢᠯᠠᠭᠤᠯᠬᠤ ᠂ ᠤᠷᠤᠭᠰᠢᠯᠠᠯᠲᠠ ᠪᠠᠷ ᠲᠣᠭᠲᠠᠭᠤᠨ ᠢ ᠪᠠᠳᠤᠯᠠᠬᠤ ᠶᠢ ᠠᠬᠢᠭᠤᠯᠬᠤ | ᠱᠠᠭᠠᠷᠳᠠᠯᠭ᠎ᠠ ᠶᠢ ᠲᠤᠤᠱᠯᠠᠭᠤᠯᠵᠤ ᠂ ᠵᠢᠱᠢᠯᠲᠡ ᠶᠢ ᠲᠣᠭᠲᠠᠪᠤᠷᠢᠵᠢᠭᠤᠯᠬᠤ ᠂ ᠢᠲᠡᠭᠡᠯ ᠵᠣᠷᠢᠭ ᠢ ᠬᠥᠪᠴᠢᠯᠡᠬᠦ ᠂ | ᠲᠡᠷᠢᠭᠦᠨ ᠳᠤ ᠣᠷᠣᠬᠤ ᠪᠠᠷ ᠴᠢᠷᠮᠠᠶᠢᠬᠤ ᠢᠯᠡ ᠲᠣᠳᠣ ᠤᠳᠤᠷᠢᠳᠤᠮᠵᠢ ᠶᠢ ᠬᠠᠷᠠᠭᠤᠯᠵᠤ ᠂ ᠶᠡᠷᠦᠩᠬᠡᠢ ᠳᠡᠭᠡᠨ ᠨᠢᠭᠡᠨ | ᠢᠳᠡᠪᠬᠢᠲᠡᠢ ᠂ ᠳᠠᠷᠤᠯᠲᠠ ᠶᠢ ᠳᠠᠭᠠᠭᠠᠵᠤ ᠬᠦᠨᠳᠦ ᠶᠢ ᠡᠭᠦᠷᠭᠡᠯᠡᠬᠦ ᠂ ᠴᠦᠬᠦᠷᠡᠰᠢ ᠦᠭᠡᠢ ᠴᠢᠷᠮᠠᠶᠢᠪᠠᠯ ᠰᠠᠶ᠋ᠢ | ᠪᠡᠶᠡᠯᠡᠭᠦᠯᠵᠦ ᠴᠢᠳᠠᠬᠤ ᠬᠠᠷᠠᠯᠲᠠ ᠪᠣᠯᠬᠤ ᠶᠤᠮ ᠃ ᠪᠢᠳᠡ ᠵᠠᠪᠠᠯ ᠢᠲᠡᠭᠡᠯ ᠵᠣᠷᠢᠭ ᠢᠶᠠᠨ ᠪᠠᠲᠤᠳᠬᠠᠵᠤ ᠂ ᠪᠣᠳᠠᠲᠠᠢ | ᠠᠵᠢᠯᠯᠠᠵᠤ ᠂ ᠠᠰᠠᠭᠤᠳᠠᠯ ᠳᠤ ᠬᠠᠨᠳᠤᠵᠤ ᠂ ᠬᠠᠷᠠᠯᠳᠠ ᠶᠢᠨ ᠢᠶᠠᠨ ᠲᠦᠯᠦᠭᠡ ᠬᠦᠴᠢᠷ ᠪᠡᠷᠬᠡᠰᠢᠶᠡᠯ ᠢ ᠳᠠᠪᠠᠨ | ᠤᠷᠤᠭᠰᠢᠯᠠᠵᠤ ᠂ ᠴᠤᠭ ᠵᠢᠪᠬᠤᠭ᠎ᠠ ᠳᠡᠭᠦᠯᠳᠡᠷ ᠦᠨᠡᠨ ᠪᠣᠳᠠᠲᠠᠢ ᠠᠷᠭ᠎ᠠ ᠬᠡᠮᠵᠢᠶ᠎ᠡ ᠪᠠᠷ ︽ ᠨᠠᠢᠮᠠᠨ ᠶᠡᠭᠡ ᠠᠵᠢᠯᠯᠠᠭ᠎ᠠ ︾ | ᠶᠢ ᠰᠠᠶᠢᠲᠤᠷ ᠬᠡᠷᠡᠭᠵᠢᠭᠦᠯᠬᠦ ᠬᠡᠷᠡᠭᠲᠡᠢ ᠃ | ︵ ᠨᠢᠭᠡ ︶ ᠪᠡᠯᠡ ᠣᠷᠣᠭᠤᠯᠤᠯᠲᠠ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ ᠂ ᠰᠢᠨ᠎ᠡ | ᠨᠡᠮᠡᠭᠳᠡᠯ ᠤᠨ ᠴᠡᠭ ᠢ ᠳᠡᠭᠡᠭᠰᠢᠯᠡᠭᠦᠯᠬᠦ ᠲᠠᠯ᠎ᠠ ᠪᠠᠷ ᠲᠡᠷᠢᠭᠦᠨ ᠳᠤ ᠣᠷᠣᠬᠤ ᠪᠠᠷ ᠴᠢᠷᠮᠠᠶᠢᠨ᠎ᠠ ᠃ ᠬᠦᠴᠢᠷ ᠠᠰᠠᠭᠤᠳᠠᠯ | ᠢ ᠰᠢᠢᠳᠪᠦᠷᠢᠯᠡᠬᠦ ᠬᠠᠨᠳᠤᠰᠢ ᠪᠠ ᠡᠷᠴᠢᠮ ᠢ ᠪᠠᠲᠤᠯᠠᠵᠤ ᠂ ︽ ᠬᠤᠶᠠᠷ ᠰᠢᠨ᠎ᠡ ︾ ᠶᠢᠨ ᠤᠳᠤᠷᠢᠳᠤᠮᠵᠢ ᠶᠢ | ᠲᠣᠪᠤᠶᠢᠯᠭᠠᠨ ᠂ ᠨᠡᠮᠡᠭᠳᠡᠯ ᠤᠨ ᠤᠬᠠᠮᠰᠠᠷ ᠢᠶᠠᠨ ᠳᠡᠭᠡᠭᠰᠢᠯᠡᠭᠦᠯᠵᠤ ᠂ ᠪᠦᠲᠦᠮᠵᠢᠲᠡᠶ ᠪᠡᠯᠡ ᠣᠷᠣᠭᠤᠯᠤᠯᠲᠠ ᠶᠢ | ᠲᠠᠰᠤᠷᠠᠯᠳᠠ ᠦᠭᠡᠢ ᠥᠷᠭᠡᠳᠬᠡᠵᠦ ᠂ ᠬᠡᠷᠡᠭᠯᠡᠭᠡᠨ ᠤ ᠲᠠᠯᠳᠠ ᠬᠦᠴᠦᠨ ᠢ ᠬᠥᠭᠵᠢᠭᠡᠵᠦ ᠂ ᠪᠡᠯᠡ ᠣᠷᠣᠭᠤᠯᠤᠯᠲᠠ ᠪᠠ | ᠬᠡᠷᠡᠭᠯᠡᠭᠡ ᠶᠢ ᠬᠠᠷᠢᠯᠴᠠᠨ ᠠᠬᠢᠭᠤᠯᠤᠨ᠎ᠠ ᠃ | ᠨᠢᠭᠡ ᠯᠡ ᠰᠡᠳᠬᠢᠯ ᠢᠶᠠᠷ ᠲᠥᠷᠥᠯ ᠵᠦᠢᠯ ᠢ ᠠᠳᠬᠤᠨ᠎ᠠ ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ | 5000 ᠲᠦᠮᠡᠨ ᠲᠥᠭᠦᠷᠢᠭ ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠳ᠋ᠦᠩᠰᠢᠭᠤᠷ ᠲᠥᠭᠦᠷᠢᠭ ᠠᠴᠠ | ᠳᠡᠭᠡᠭᠰᠢᠬᠢ 61 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ ᠂ 260 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠂ ᠠᠵᠤ ᠦᠢᠯᠡᠰ | ᠤᠨ ᠬᠡᠯᠬᠢᠶ᠎ᠡ ᠶᠢᠨ ᠲᠥᠷᠥᠯ ᠵᠦᠢᠯ ᠤᠨ ᠡᠵᠡᠯᠡᠬᠦ ᠬᠠᠷᠢᠴᠠᠯ ᠢ ᠴᠥᠮ 60% ᠠᠴᠠ ᠳᠡᠭᠡᠭᠰᠢ ᠳᠤ ᠬᠦᠷᠦᠭᠦᠯᠦᠨ᠎ᠡ ᠃ | ᠲᠥᠷᠥᠯ ᠵᠦᠢᠯ ᠤᠨ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠂ ᠲᠤᠰᠬᠠᠢ ᠠᠩᠭᠢ ᠶᠢᠨ ᠮᠥᠷᠳᠡᠨ | ᠦᠢᠯᠡᠴᠢᠯᠡᠬᠦ ᠂ ᠬᠦᠴᠦᠨ ᠵᠦᠢᠯ ᠢ ᠬᠠᠮᠵᠢᠯᠴᠠᠨ ᠪᠠᠲᠤᠯᠠᠬᠤ ᠲᠣᠭᠲᠠᠴᠠ ᠶᠢ ᠳᠡᠭᠦᠯᠳᠡᠷᠵᠢᠭᠦᠯᠵᠤ ᠂ ᠪᠣᠶ ᠪᠦᠬᠦᠢ | ᠲᠥᠷᠥᠯ ᠵᠦᠢᠯ ᠢ 4 ᠳ᠋ᠤᠭᠡᠷ ᠰᠠᠷ᠎ᠠ ᠶᠢᠨ ᠰᠡᠭᠦᠯᠴᠢ ᠪᠠᠷ ᠪᠦᠬᠦᠨ ᠢ ᠠᠵᠢᠯ ᠡᠬᠢᠯᠡᠭᠦᠯᠵᠦ ᠂ ᠵᠢᠯ ᠤᠨ ᠳᠣᠲᠣᠷ᠎ᠠ 20 | ᠠᠴᠠ ᠳᠡᠭᠡᠭᠰᠢᠬᠢ ᠶᠢ ᠪᠠᠷᠢᠯᠭ᠎ᠠ ᠳᠠᠭᠤᠰᠬᠠᠨ᠎ᠠ ᠃ ᠲᠥᠷᠥᠯ ᠵᠦᠢᠯ ᠢ ᠲᠥᠰᠥᠪᠯᠡᠬᠦ ᠪᠠ ᠪᠡᠯᠡ ᠮᠥᠩᠭᠦ ᠣᠯᠬᠤ | ᠡᠷᠴᠢᠮ ᠢᠶᠠᠨ ᠴᠢᠩᠭᠠᠷᠠᠭᠤᠯᠵᠤ ᠂ ᠪᠥᠬᠦ ᠵᠢᠯ ᠳᠤ ᠴᠢᠬᠤᠯᠠ ᠶᠡᠭᠡ ᠰᠠᠭᠤᠷᠢ ᠪᠡᠯᠡᠳᠬᠡᠮᠵᠢ ᠂ ᠴᠢᠬᠤᠯᠠ ᠶᠡᠭᠡ ᠠᠵᠤ | ᠦᠢᠯᠡᠰ ᠵᠡᠷᠭᠡ ᠲᠥᠷᠥᠯ ᠵᠦᠢᠯ ᠢ 20 ᠠᠴᠠ ᠳᠡᠭᠡᠭᠰᠢ ᠭᠤᠶᠤᠴᠢᠯᠠᠨ ᠮᠡᠳᠡᠭᠦᠯᠵᠦ ᠂ ᠪᠡᠯᠡ ᠮᠥᠩᠭᠦ ᠶᠢᠨ ᠶᠡᠷᠦᠩᠬᠡᠢ | ᠬᠡᠮᠵᠢᠶ᠎ᠡ ᠶᠢ 17 ᠳ᠋ᠦᠩᠰᠢᠭᠤᠷ ᠲᠥᠭᠦᠷᠢᠭ ᠴᠢᠷᠮᠠᠶᠢᠨ ᠣᠯᠵᠤ ᠂ 20 ᠲᠤᠷᠰᠢᠯᠲᠠ ᠶᠢᠨ ᠵᠢᠱᠢᠶ᠎ᠡ ᠦᠵᠡᠭᠦᠯᠬᠦ ᠴᠡᠭ | ᠪᠠᠶᠢᠭᠤᠯᠵᠤ ᠂ 3 ᠠᠴᠠ ᠳᠡᠭᠡᠭᠰᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠦᠨ᠎ᠡ ᠃ ︽ ᠠᠵᠢᠯ ᠲᠥᠷᠥᠯ ᠢ | ᠬᠠᠮᠢᠶᠠᠷᠬᠤ ᠳᠤ ᠡᠷᠬᠡᠪᠰᠢ ᠲᠥᠷᠥᠯ ᠵᠦᠢᠯ ᠢ ᠬᠠᠮᠢᠶᠠᠷᠬᠤ ᠂ ᠲᠥᠷᠥᠯ ᠵᠦᠢᠯ ᠢ ᠬᠠᠮᠢᠶᠠᠷᠬᠤ ᠳᠤ ᠡᠷᠬᠡᠪᠰᠢ ᠪᠡᠯᠡ | ᠣᠷᠣᠭᠤᠯᠤᠯᠲᠠ ᠶᠢ ᠬᠠᠮᠢᠶᠠᠷᠬᠤ ︾ ᠦᠵᠡᠯ ᠤᠬᠠᠮᠰᠠᠷ ᠢ ᠴᠢᠩᠭᠠᠳᠬᠠᠵᠤ ᠂ ᠶᠡᠭᠡ ᠶᠢ ᠠᠳᠬᠤᠬᠤ ᠳᠤ ᠪᠠᠭ᠎ᠠ ᠶᠢ ᠨᠢ | ᠲᠠᠯᠪᠢᠬᠤ ᠦᠭᠡᠢ ᠂ ᠰᠢᠨ᠎ᠡ ᠶᠢ ᠡᠷᠬᠢᠮᠯᠡᠭᠰᠡᠨ ᠴᠤ ᠬᠠᠭᠤᠴᠢᠨ ᠢ ᠬᠠᠶᠠᠬᠤ ᠦᠭᠡᠢ ᠪᠠᠶᠢᠵᠤ ᠂ ᠪᠣᠳᠠᠲᠤ ᠠᠮᠵᠢᠯᠲᠠ | ᠪᠦᠲᠦᠮᠵᠢ ᠪᠠᠷ ᠢᠶᠠᠨ ᠪᠥᠬᠦ ᠬᠤᠲᠠ ᠶᠢᠨ ᠴᠢᠬᠤᠯᠠ ᠶᠡᠭᠡ ᠲᠥᠷᠥᠯ ᠵᠦᠢᠯ ᠤᠨ ᠦᠵᠡᠭᠦᠯᠦᠯᠭᠡ ᠶᠢᠨ ᠠᠵᠢᠯᠯᠠᠭ᠎ᠠ ᠶᠢ | ᠪᠡᠶᠡᠯᠡᠭᠦᠯᠵᠦ ᠂ ᠥᠨᠥᠳᠥᠷ ᠤᠨ ᠪᠡᠯᠡ ᠣᠷᠣᠭᠤᠯᠤᠯᠲᠠ ᠶᠢ ᠮᠠᠷᠭᠠᠰᠢ ᠶᠢᠨ ᠦᠢᠯᠡᠳᠪᠦᠷᠢᠯᠡᠯ ᠤᠨ ᠬᠦᠴᠦᠨ ᠪᠠ | ᠥᠷᠢᠰᠦᠯᠳᠦᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ ᠃ | ᠠᠷᠠᠯᠵᠢᠶᠠᠴᠢᠨ ᠤᠷᠢᠬᠤ ᠶᠢ ᠪᠥᠬᠦ ᠬᠦᠴᠦᠨ ᠢᠶᠠᠷ ᠢᠶᠠᠨ ᠠᠳᠬᠤᠨ᠎ᠠ ᠃ ᠤᠯᠤᠰ ᠤᠨ ᠳᠣᠲᠣᠭᠠᠳᠤ ᠶᠢᠨ | ᠠᠵᠤ ᠦᠢᠯᠡᠰ ᠤᠨ ᠪᠠᠶᠢᠷᠢᠰᠢᠯ ᠢ ᠰᠢᠯᠢᠳᠡᠭᠵᠢᠭᠦᠯᠦᠨ ᠲᠣᠬᠢᠷᠠᠭᠤᠯᠬᠤ ᠪᠠ ᠠᠵᠤ ᠦᠢᠯᠡᠰ ᠢ ᠰᠢᠯᠵᠢᠭᠦᠯᠬᠦ ᠴᠢᠬᠤᠯᠠ | ᠶᠡᠭᠡ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠳᠤ ᠴᠢᠭᠯᠡᠭᠦᠯᠦᠨ ᠂ ᠠᠵᠢᠯ ᠲᠥᠷᠥᠯ ᠤᠨ ᠲᠡᠷᠢᠭᠦᠨ ᠤ ᠠᠵᠤ | ᠠᠬᠤᠶᠢᠯᠠᠯ ᠂ ᠰᠢᠯᠢᠳᠡᠭ ᠠᠵᠤ ᠠᠬᠤᠶᠢᠯᠠᠯ ᠢ ᠠᠩᠬᠠᠷᠤᠯ ᠳᠠᠭᠠᠨ ᠠᠪᠴᠤ ᠂ ︽ ᠬᠤᠣᠰ ᠬᠡᠯᠬᠢᠶ᠎ᠡ ᠪᠠᠷ ᠬᠥᠳᠡᠯᠭᠡᠭᠦᠷ | ᠪᠣᠯᠭᠠᠵᠤ ᠬᠤᠳᠠᠯᠳᠤᠭᠠᠴᠢᠨ ᠤᠷᠢᠬᠤ ᠶᠢ ᠭᠦᠨᠵᠡᠭᠡᠢ ᠬᠡᠷᠡᠭᠵᠢᠭᠦᠯᠵᠦ ᠂ ᠭᠤᠣᠯᠳᠠᠯᠭ᠎ᠠ ᠲᠠᠢ ᠠᠵᠤ ᠦᠢᠯᠡᠰ ᠤᠨ | ᠬᠡᠯᠬᠢᠶᠠᠨ ᠤ ᠵᠢᠷᠤᠭ ᠪᠠ ᠬᠤᠳᠠᠯᠳᠤᠭᠠᠴᠢᠨ ᠤᠷᠢᠬᠤ ᠭᠠᠵᠠᠷ ᠤᠨ ᠵᠢᠷᠤᠭ ᠢ ᠲᠡᠭᠦᠯᠳᠡᠷᠵᠢᠭᠦᠯᠦᠨ ᠂ ᠤᠨᠤᠪᠴᠢᠳᠠᠢ | ᠪᠠᠷ ᠬᠤᠳᠠᠯᠳᠤᠭᠠᠴᠢᠨ ᠤᠷᠢᠬᠤ ᠂ ᠬᠤᠳᠠᠯᠳᠤᠭᠠᠴᠢᠨ ᠤ ᠨᠡᠶᠢᠭᠡᠮᠯᠢᠭ ᠠᠴᠠ ᠬᠤᠳᠠᠯᠳᠤᠭᠠᠴᠢᠨ ᠤᠷᠢᠬᠤ ᠂ ᠬᠥᠲᠥᠴᠢ | ᠠᠵᠤ ᠠᠬᠤᠶᠢᠯᠠᠯ ᠢ ᠬᠡᠯᠬᠢᠶᠡᠵᠢᠭᠦᠯᠦᠨ ᠬᠤᠳᠠᠯᠳᠤᠭᠠᠴᠢᠨ ᠤᠷᠢᠬᠤ ᠵᠡᠷᠭᠡ ᠠᠵᠢᠯ ᠢ ᠥᠷᠨᠢᠭᠦᠯᠵᠦ ᠂ ᠪᠥᠬᠦ ᠵᠢᠯ ᠳᠤ | ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠠᠵᠢᠯᠯᠠᠭ᠎ᠠ ᠳᠤ ᠣᠷᠣᠯᠴᠠᠬᠤ ᠠᠵᠢᠯᠯᠠᠭ᠎ᠠ ᠶᠢ 30 ᠲᠠᠯᠠᠪᠤᠷ ᠤᠳᠠᠭ᠎ᠠ | ᠠᠴᠠ ᠳᠡᠭᠡᠭᠰᠢ ᠡᠷᠭᠢᠯᠡᠵᠦ ᠂ ᠭᠡᠷ᠎ᠡ ᠲᠣᠭᠲᠠᠭᠰᠠᠨ ᠲᠥᠷᠥᠯ ᠵᠦᠢᠯ ᠤᠨ ᠲᠤᠭ᠎ᠠ ᠂ ᠵᠥᠪᠳᠡᠯᠴᠡᠭᠡᠷ ᠤᠨ ᠪᠡᠯᠡ | ᠣᠷᠣᠭᠤᠯᠤᠯᠲᠠ ᠶᠢᠨ ᠲᠤᠭ᠎ᠠ ᠶᠢ ᠲᠣᠰ ᠲᠣᠰ 10% ᠪᠠ 15% ᠠᠴᠠ ᠳᠡᠭᠡᠭᠰᠢ ᠨᠡᠮᠡᠭᠳᠡᠭᠦᠯᠦᠨ᠎ᠡ ᠃ | ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ︽ ᠳᠥᠷᠪᠡᠨ ᠵᠢᠭᠰᠠᠭᠠᠯᠳᠠ ︾ ︽ ᠲᠠᠪᠤᠨ ᠨᠢᠭᠡ ︾ ᠶᠢᠨ | ᠦᠢᠯᠡᠴᠢᠯᠡᠭᠡᠨ ᠤ ᠳᠦᠷᠢᠮ ᠢ ᠲᠡᠭᠦᠯᠳᠡᠷᠵᠢᠭᠦᠯᠵᠦ ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 38 ᠲᠥᠷᠥᠯ | ᠵᠦᠢᠯ ᠢ ᠰᠢᠨ᠎ᠡ ᠪᠠᠷ ᠠᠵᠢᠯ ᠡᠬᠢᠯᠡᠭᠦᠯᠵᠦ ᠂ ᠤᠯᠤᠰ ᠤᠨ ᠳᠣᠲᠣᠭᠠᠳᠤ ︵ ᠣᠷᠣᠨ ᠤ ᠭᠠᠳᠠᠨᠠᠬᠢ ︶ ᠶᠢᠨ | ᠣᠷᠣᠭᠤᠯᠤᠨ ᠠᠪᠴᠢᠷᠠᠵᠤ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 15% ᠠᠴᠠ ᠳᠡᠭᠡᠭᠰᠢ ᠨᠡᠮᠡᠭᠳᠡᠭᠦᠯᠦᠨ᠎ᠡ ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠣᠯ ᠠᠵᠤ ᠠᠬᠤᠢ ᠶᠢᠨ ᠬᠥᠭᠵᠢᠯᠲᠡ ᠶᠢᠨ ︽ ᠡᠬᠢ ᠪᠤᠯᠠᠭ ︾ ᠮᠥᠨ ᠂ | ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ | ᠠᠵᠢᠯᠯᠠᠭᠠᠨ ᠳᠤ ᠤᠷᠤᠯᠴᠠᠵᠤ ᠂ ᠠᠵᠤ ᠠᠬᠤᠢ ᠶᠢᠨ ᠨᠡᠮᠡᠭᠳᠡᠯ ᠳᠤ ᠬᠦᠴᠤ ᠪᠠᠨ ᠡᠷᠬᠦᠬᠦ ᠬᠡᠷᠡᠭᠲᠠᠢ ᠃ | ᠬᠡᠷᠡᠭᠯᠡᠭᠡ ᠶᠢ ᠬᠦᠴᠦᠯᠡᠨ ᠠᠳᠬᠤᠨ᠎ᠠ ᠃ ᠪᠠᠢ ᠹᠦ᠋ ᠰᠢᠨ ᠲᠢᠶᠠᠨ ᠳ᠋ᠢ ᠂ ᠬᠤᠳᠠᠯᠳᠤᠭᠠᠨ ᠤ ᠲᠣᠮᠣ ᠠᠰᠠᠷ | ᠵᠡᠷᠭᠡ ᠬᠤᠳᠠᠯᠳᠤᠭᠠᠨ ᠤ ᠲᠣᠭᠤᠷᠢᠭ ᠤᠨ ᠲᠠᠰ ᠳᠡᠪᠰᠢᠬᠦ ᠶᠢ ᠠᠬᠢᠭᠤᠯᠵᠤ ᠂ ᠰᠣᠶᠣᠯ ᠤᠨ ᠪᠦᠲᠦᠭᠡᠭᠳᠡᠭᠦᠨ ᠤ ᠵᠡᠭᠡᠯᠢ | ᠭᠤᠳᠤᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠂ ︽ ᠠᠷᠠᠳ ᠲᠤ ᠲᠥᠬᠦᠮ ᠦᠵᠡᠭᠦᠯᠬᠦ ᠠᠮᠢᠳᠤᠷᠠᠯ | ᠤᠨ ᠲᠣᠭᠤᠷᠢᠭ ︾ ᠢ ᠪᠠᠶᠢᠭᠤᠯᠤᠨ᠎ᠠ ᠃ ᠰᠦᠯᠵᠢᠶᠡᠨ ᠤᠳᠤ ᠶᠢᠨ ᠠᠵᠤ ᠠᠬᠤᠢ ᠶᠢ ᠳᠡᠮᠵᠢᠵᠦ ᠂ ︽ ᠳᠠᠷᠬᠠᠨ | ᠮᠤᠤᠮᠢᠩᠭᠠᠨ ᠤ ᠰᠢᠯᠢᠳᠡᠭ ᠪᠠᠷᠠᠭᠠᠨ ᠤ ᠪᠤᠷᠤᠯᠠᠭᠤᠯᠭ᠎ᠠ ︾ ᠵᠡᠷᠭᠡ ᠠᠵᠢᠯᠯᠠᠭ᠎ᠠ ᠶᠢ ᠰᠠᠶᠢᠲᠤᠷ ᠡᠷᠭᠢᠯᠡᠵᠦ ᠂ ᠰᠥᠨᠢ ᠶᠢᠨ | ᠬᠤᠳᠠᠯᠳᠤᠭ᠎ᠠ ᠂ ᠠᠴᠢᠶᠠᠨ ᠤ ᠬᠠᠶᠢᠷᠴᠠᠭ ᠤᠨ ᠴᠤᠭᠯᠠᠭ᠎ᠠ ᠮᠠᠶᠢᠮᠠᠢ ᠵᠡᠷᠭᠡ ᠰᠢᠨ᠎ᠡ ᠬᠡᠯᠪᠡᠷᠢ ᠶᠢᠨ ᠬᠡᠷᠡᠭᠯᠡᠭᠡᠨ ᠤ ᠵᠠᠬ᠎ᠠ | ᠳᠡᠯᠭᠡᠭᠦᠷ ᠢ ᠦᠷᠭᠡᠳᠬᠡᠨ᠎ᠡ ᠃ ᠰᠣᠶᠣᠯ ᠪᠡᠶ᠎ᠡ ᠲᠠᠮᠢᠷ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ︽ ᠨᠠᠢᠮᠠᠨ | ᠶᠡᠭᠡ ᠠᠵᠢᠯᠯᠠᠭ᠎ᠠ ︾ ᠶᠢ ᠦᠷᠭᠦᠯᠵᠢᠯᠡᠨ ᠠᠬᠢᠭᠤᠯᠵᠤ ᠂ ᠤᠯᠤᠰ ᠤᠨ ᠲᠠᠰ ᠤᠨ ᠬᠢᠯᠢ ᠶᠢᠨ ᠵᠢᠭᠤᠯᠴᠢᠯᠠᠯ ᠤᠨ ᠵᠢᠱᠢᠶ᠎ᠡ | ᠦᠵᠡᠭᠦᠯᠬᠦ ᠣᠷᠣᠨ ᠂ ᠰᠣᠶᠣᠯ ᠪᠡᠶ᠎ᠡ ᠲᠠᠮᠢᠷ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ | ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠤᠨ᠎ᠠ ᠃ ᠲᠠᠯ᠎ᠠ ᠨᠤᠲᠤᠭ ᠤᠨ ᠮᠥᠰᠥ ᠴᠠᠰᠤᠨ ᠤ ᠵᠢᠭᠤᠯᠴᠢᠯᠠᠯ | ᠤᠨ ᠠᠮᠠᠷᠠᠯᠲᠠ ᠶᠢᠨ ᠣᠷᠣᠨ ᠂ ᠳᠠᠷᠬᠠᠨ ᠤ ᠲᠠᠯ᠎ᠠ ᠨᠤᠲᠤᠭ ᠵᠡᠷᠭᠡ ᠦᠵᠡᠮᠵᠢ ᠶᠢᠨ ᠣᠷᠣᠨ ᠤ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ ᠂ ᠬᠤᠩᠭᠤᠷ ᠣᠪᠣᠭ᠎ᠠ ᠶᠢ 4A ᠲᠠᠰ ᠤᠨ ᠦᠵᠡᠮᠵᠢ ᠶᠢᠨ ᠣᠷᠣᠨ ᠪᠣᠯᠭᠠᠨ | ᠡᠭᠦᠳᠦᠨ ᠪᠠᠶᠢᠭᠤᠯᠵᠤ ᠂ ᠲᠣᠷᠭᠠᠨ ᠵᠠᠮ ᠤᠨ ᠮᠦᠷᠦᠭᠡᠳᠤᠯ ᠢ 4C ᠲᠠᠰ ᠤᠨ ᠵᠢᠭᠤᠯᠴᠢᠯᠠᠯ ᠤᠨ ᠮᠠᠰᠢᠨ ᠲᠡᠷᠭᠡᠨ ᠤ | ᠰᠠᠭᠤᠷᠢᠨ ᠢᠶᠠᠷ ᠡᠭᠦᠳᠦᠨ ᠪᠠᠶᠢᠭᠤᠯᠬᠤ ᠶᠢ ᠠᠬᠢᠭᠤᠯᠤᠨ᠎ᠠ ᠃ ᠬᠤᠪᠢᠰᠬᠠᠯ ᠤᠨ ᠵᠢᠭᠤᠯᠴᠢᠯᠠᠯ ᠂ ᠰᠤᠳᠤᠯᠤᠨ | ᠰᠤᠷᠤᠯᠴᠠᠬᠤ ᠵᠢᠭᠤᠯᠴᠢᠯᠠᠯ ᠂ ᠥᠪᠡᠷ ᠢᠶᠠᠨ ᠵᠢᠯᠤᠭᠤᠳᠴᠤ ᠵᠢᠭᠤᠯᠴᠢᠯᠠᠬᠤ ᠵᠡᠷᠭᠡ ᠲᠥᠷᠥᠯ ᠵᠦᠢᠯ ᠢ ᠨᠡᠭᠡᠭᠡᠨ | ᠬᠥᠭᠵᠢᠭᠦᠯᠵᠦ ᠂ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠦᠵᠡᠮᠵᠢ ᠶᠢᠨ ᠣᠷᠣᠨ ᠪᠠ ᠪᠡᠶᠡᠴᠢᠯᠡᠨ | ᠣᠶᠢᠯᠠᠭᠠᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ ᠂ ᠲᠤᠸ ᠮᠠ ᠭᠧᠦ ᠲᠣᠰᠬᠤᠨ ᠢ ᠪᠥᠬᠦ ᠤᠯᠤᠰ ᠤᠨ | ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠳᠤ ᠰᠣᠩᠭᠤᠨ ᠣᠷᠣᠭᠤᠯᠬᠤ ᠶᠢ ᠲᠦᠯᠬᠢᠨ | ᠠᠬᠢᠭᠤᠯᠵᠤ ᠂ ᠥᠪᠡᠷᠲᠡᠭᠡᠨ ᠵᠠᠰᠠᠬᠤ ᠣᠷᠣᠨ ᠤ ᠲᠠᠰ ᠤᠨ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠤᠨ᠎ᠠ ᠃ ᠰᠢᠷᠠᠮᠥ᠋ᠷᠡᠨ ᠤ ᠲᠠᠯ᠎ᠠ ᠨᠤᠲᠤᠭ ᠤᠨ ᠵᠤᠭᠠᠴᠠᠯ ᠤᠨ | ᠦᠵᠡᠮᠵᠢ ᠶᠢᠨ ᠣᠷᠣᠨ ᠤ ᠲᠡᠰ ᠳᠡᠪᠰᠢᠬᠦ ᠶᠢ ᠠᠬᠢᠭᠤᠯᠵᠤ ᠂ ᠳᠠᠷᠬᠠᠨ ᠮᠤᠤᠮᠢᠩᠭᠠᠨ ᠢ ᠬᠥᠮᠥᠰ ᠤᠨ ᠲᠤᠭᠤᠷᠢᠨ | ᠵᠤᠭᠠᠴᠠᠬᠤ ᠪᠠᠷ ᠬᠦᠰᠡᠨ ᠮᠦᠷᠦᠭᠡᠳᠤᠳᠡᠭ ᠭᠠᠵᠠᠷ ᠤᠷᠤᠨ ᠪᠤᠯᠭᠠᠨ᠎ᠠ ᠃ | ︵ ᠬᠤᠶᠠᠷ ︶ ᠠᠵᠤ ᠦᠢᠯᠡᠰ ᠤᠨ ᠬᠡᠯᠬᠢᠶᠡᠵᠢᠯ ᠢ ᠬᠦᠴᠦᠷᠭᠡᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ ᠂ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠲᠠᠯ᠎ᠠ ᠪᠠᠷ ᠲᠡᠷᠢᠭᠦᠨ ᠳᠤ ᠣᠷᠣᠬᠤ ᠪᠠᠷ | ᠴᠢᠷᠮᠠᠶᠢᠨ᠎ᠠ ᠃ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠂ | ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ | ᠤᠨ ᠪᠦᠲᠦᠭᠡᠨ ᠪᠠᠶᠢᠭᠤᠯᠤᠯᠲᠠ ᠶᠢ ᠬᠦᠴᠦ ᠪᠠᠨ ᠲᠥᠪᠯᠡᠷᠡᠭᠦᠯᠦᠨ ᠠᠬᠢᠭᠤᠯᠵᠤ ᠂ ᠳᠠᠪᠠᠭᠤᠯᠢᠭ ᠲᠠᠯ᠎ᠠ ᠪᠠᠨ | ᠪᠠᠳᠠᠷᠠᠭᠤᠯᠤᠨ ᠳᠤᠲᠠᠭᠳᠠᠯ ᠲᠠᠢ ᠲᠠᠯ᠎ᠠ ᠪᠠᠨ ᠲᠡᠪᠴᠢᠵᠦ ᠂ ᠦᠷ᠎ᠡ ᠠᠰᠢᠭ ᠢ ᠨᠡᠮᠡᠭᠳᠡᠭᠦᠯᠵᠦ ᠂ ᠳᠠᠪᠠᠭᠤᠯᠢᠭ | ᠣᠨᠴᠠᠯᠢᠭᠲᠤ ᠠᠵᠤ ᠦᠢᠯᠡᠰ ᠢ ᠲᠠᠰᠤᠷᠠᠯᠲᠠ ᠦᠭᠡᠢ ᠬᠥᠭᠵᠢᠭᠦᠯᠦᠨ ᠂ ᠤᠯᠠᠮᠵᠢᠯᠠᠯᠲᠤ ᠠᠵᠤ ᠦᠢᠯᠡᠰ ᠤᠨ ᠰᠠᠭᠤᠷᠢ | ᠶᠢ ᠨᠡᠮᠡᠭᠳᠡᠭᠦᠯᠵᠦ ᠂ ᠠᠵᠤ ᠦᠢᠯᠡᠰ ᠤᠨ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠠᠮᠤᠷ | ᠲᠦᠪᠰᠢᠨ ᠤ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ ᠃ | ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠯᠲᠡ ᠂ ᠠᠵᠤ ᠦᠶᠢᠯᠡᠰᠵᠢᠯᠲᠡ ᠂ ᠨᠡᠷᠡᠳᠤ ᠳᠡᠮᠳᠡᠭᠳᠤ ᠪᠤᠯᠬᠤ | ᠶᠢ ᠠᠬᠢᠭᠤᠯᠤᠨ᠎ᠠ ᠃ 97 ᠲᠦᠮᠡᠨ ᠮᠦ ᠲᠠᠷᠢᠮᠠᠯ ᠤᠨ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠵᠤ ᠂ ᠠᠮᠤ ᠪᠤᠳᠠᠭ᠎ᠠ ᠂ | ᠮᠢᠬᠠᠨ ᠤ ᠵᠦᠢᠯ ᠤᠨ ᠭᠠᠷᠤᠯᠲᠠ ᠶᠢ ᠲᠣᠰ ᠲᠣᠰ 15% ᠪᠠ 20% ᠠᠴᠠ ᠳᠡᠭᠡᠭᠰᠢ ᠨᠡᠮᠡᠭᠳᠡᠭᠦᠯᠦᠨ᠎ᠡ ᠃ | ᠪᠣᠷᠳᠣᠭᠠᠨ ᠳᠤ ᠬᠡᠷᠡᠭᠯᠡᠬᠦ ᠡᠷᠳᠡᠨᠢ ᠰᠢᠰᠢ ᠂ ᠬᠦᠷᠡᠩ ᠴᠠᠷᠭᠠᠰᠤ ᠂ ᠪᠦᠳᠦᠭᠦᠯᠢᠭ ᠠᠮᠤ ᠪᠤᠷᠴᠠᠭ ᠵᠡᠷᠭᠡ ᠣᠨᠴᠠᠯᠢᠭᠲᠤ | ᠲᠠᠷᠢᠮᠠᠯ ᠢ ᠬᠥᠭᠵᠢᠭᠦᠯᠵᠦ ᠂ ᠪᠠᠷᠢᠮᠵᠢᠶᠠᠵᠢᠭᠤᠯᠤᠭᠰᠠᠨ ᠲᠠᠷᠢᠮᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ 3᠂ | ᠪᠡᠯᠡᠳᠭᠡᠮᠵᠢᠳᠤ ᠲᠠᠷᠢᠶᠠᠯᠠᠩ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ 1 ᠶᠢ ᠪᠠᠶᠢᠭᠤᠯᠤᠨ᠎ᠠ ᠃ ᠬᠢᠲᠠᠳ ᠡᠪᠡᠰᠦᠨ | ᠡᠮ ᠳᠠᠷᠢᠵᠤ ᠪᠤᠯᠪᠠᠰᠤᠷᠠᠭᠤᠯᠬᠤ ᠶᠢ ᠨᠢᠭᠡ ᠴᠣᠭᠴᠠᠵᠢᠭᠤᠯᠬᠤ ᠲᠥᠷᠥᠯ ᠵᠦᠢᠯ ᠢ ᠬᠡᠷᠡᠭᠵᠢᠭᠦᠯᠵᠦ ᠂ ᠡᠮ ᠤᠨ | ᠮᠠᠲ᠋ᠧᠷᠢᠶᠠᠯ ᠤᠨ ᠳᠠᠷᠢᠬᠤ ᠲᠠᠯᠠᠪᠠᠶ ᠶᠢ 10 ᠲᠦᠮᠡᠨ ᠮᠦ ᠳᠤ ᠬᠦᠷᠲᠡᠯ᠎ᠡ ᠥᠷᠭᠡᠳᠬᠡᠨ᠎ᠡ ᠃ ᠡᠪᠡᠰᠦᠨ ᠤ ᠠᠵᠤ | ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ ᠂ ᠡᠪᠡᠰᠦ ᠪᠣᠷᠳᠤᠭ᠎ᠠ | ᠶᠢ ᠬᠤᠷᠢᠶᠠᠨ ᠬᠠᠳᠠᠭᠠᠯᠠᠵᠤ ᠲᠣᠬᠢᠷᠠᠭᠤᠯᠤᠨ ᠬᠦᠷᠭᠡᠬᠦ ᠶᠡᠷᠦᠩᠬᠡᠶᠢᠯᠡᠭᠰᠡᠨ 6 ᠥᠷᠲᠡᠭᠡ ᠶᠢ ᠰᠢᠨ᠎ᠡ ᠪᠠᠷ ᠪᠠᠶᠢᠭᠤᠯᠤᠨ᠎ᠡ ᠃ | ᠤᠯᠤᠰ ᠤᠨ ᠲᠠᠰ ᠤᠨ ᠭᠤᠣᠯ ᠪᠣᠯᠬᠤ ᠲᠠᠷᠢᠮᠠᠯ ᠤᠨ ᠦᠢᠯᠡᠳᠪᠦᠷᠢᠯᠡᠯ ᠤᠨ ᠪᠥᠬᠦ ᠶᠠᠪᠤᠴᠠ ᠶᠢᠨ ᠮᠠᠰᠢᠨᠴᠢᠯᠠᠯᠲᠠ | ᠶᠢᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠤᠯᠲᠠ ᠶᠢ ᠠᠬᠢᠭᠤᠯᠵᠤ ᠂ 11.2 ᠲᠦᠮᠡᠨ ᠮᠦ ᠨᠡᠶᠢᠭᠡᠮᠴᠢᠯᠡᠭᠰᠡᠨ | ᠦᠢᠯᠡᠴᠢᠯᠡᠭᠡᠨ ᠤ ᠲᠥᠷᠥᠯ ᠵᠦᠢᠯ ᠢ ᠬᠡᠷᠡᠭᠵᠢᠭᠦᠯᠤᠨ᠎ᠡ ᠃ ᠭᠡᠭᠡᠯ ᠲᠠᠢ ᠭᠡᠭᠦᠦ ᠶᠢᠨ ᠴᠢᠰᠤᠨ ᠴᠠᠶᠢᠪᠤᠩ ᠢ ᠠᠪᠬᠤ ᠂ | ᠰᠠᠭᠠᠯᠢ ᠶᠢᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠤᠯᠤᠨ ᠴᠡᠭᠡ ᠦᠢᠯᠡᠳᠪᠦᠷᠢᠯᠡᠬᠦ | ᠵᠡᠷᠭᠡ ᠲᠥᠷᠥᠯ ᠵᠦᠢᠯ ᠢ ᠬᠡᠷᠡᠭᠵᠢᠭᠦᠯᠵᠦ ᠂ ᠣᠷᠣᠨ ᠪᠦᠰᠡ ᠶᠢᠨ ᠴᠢᠨᠠᠷᠲᠠᠢ ᠠᠮᠢᠳᠤ ᠪᠣᠳᠠᠰ ᠤᠨ ᠠᠳᠤᠭᠤᠨ ᠤ | ᠠᠵᠤ ᠦᠢᠯᠡᠰ ᠤᠨ ᠴᠤᠭᠯᠠᠷᠠᠯ ᠂ ᠮᠣᠩᠭᠤᠯ ᠠᠳᠤᠭᠤ ᠦᠷᠡᠵᠢᠭᠦᠯᠦᠨ ᠠᠷᠠᠯᠵᠢᠶᠠᠯᠠᠬᠤ ᠰᠠᠭᠤᠷᠢᠨ ᠭᠠᠵᠠᠷ ᠢ | ᠪᠠᠶᠢᠭᠤᠯᠤᠨ᠎ᠠ ᠃ ︽ ᠠᠷᠪᠠ ᠵᠠᠭᠤ ᠮᠢᠩᠭ᠎ᠠ ᠲᠦᠮᠡ ︾ ᠶᠢᠨ ᠮᠢᠬᠠᠨ ᠤ ᠦᠬᠡᠷ ᠬᠤᠨᠢᠨ ᠤ ᠢᠨᠵᠧᠨᠧᠷᠢᠩ ᠢ | ᠬᠡᠷᠡᠭᠵᠢᠭᠦᠯᠵᠦ ᠂ 30 ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠲᠡᠵᠢᠭᠡᠨ ᠦᠷᠡᠵᠢᠭᠦᠯᠬᠦ ᠲᠠᠯᠠᠪᠠᠶ ᠶᠢᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ ᠂ 3 ᠠᠵᠤ ᠦᠢᠯᠡᠰ ᠤᠨ ᠬᠦᠴᠦᠷᠬᠡᠭ ᠪᠠᠯᠭᠠᠰᠤ ᠶᠢ ᠰᠢᠨ᠎ᠡ ᠪᠠᠷ | ᠨᠡᠮᠡᠭᠳᠡᠭᠦᠯᠦᠨ᠎ᠡ ᠃ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ | ᠠᠬᠢᠭᠤᠯᠬᠤ ᠠᠵᠢᠯᠯᠠᠭ᠎ᠠ ᠶᠢ ᠥᠷᠨᠢᠭᠦᠯᠵᠦ ᠂ ᠵᠢᠵᠢᠭ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠳᠡᠯᠭᠡᠭᠦᠷ ᠢ 2 | ᠠᠴᠠ ᠳᠡᠭᠡᠭᠰᠢ ᠪᠤᠢ ᠪᠤᠯᠭᠠᠨ᠎ᠠ ᠃ ᠬᠤᠩᠭᠤᠷᠳᠠᠯ᠎ᠠ ᠶᠢᠨ ᠪᠣᠬᠢᠷᠲᠤᠯ ᠦᠭᠡᠢ ᠢᠳᠡᠭᠡᠨ ᠪᠤᠯᠪᠠᠰᠤᠷᠠᠭᠤᠯᠬᠤ ᠬᠦᠷᠢᠶᠡᠯᠡᠩ | ᠤᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ ᠂ 3 ᠠᠴᠠ ᠳᠡᠭᠡᠭᠰᠢ ᠠᠵᠤ ᠠᠬᠤᠶᠢᠯᠠᠯ ᠢ ᠲᠡᠳᠡᠨ ᠣᠷᠣᠭᠤᠯᠤᠨ᠎ᠠ ᠃ | ᠨᠠᠷᠠᠲᠤ ᠲᠡᠮᠳᠡᠭᠲᠦ ᠪᠠᠷ ᠲᠠᠷᠢᠶᠠᠯᠠᠩ ᠮᠠᠯ ᠠᠵᠤ ᠠᠬᠤᠢ ᠶᠢ ᠬᠦᠴᠦᠷᠬᠡᠭᠵᠢᠭᠦᠯᠬᠦ ᠶᠢ ᠪᠠᠷᠢᠮᠲᠠᠯᠠᠵᠤ ᠂ ︽ ᠬᠤᠶᠠᠷ | ᠪᠦᠲᠦᠭᠡᠭᠳᠡᠬᠦᠨ ᠨᠢᠭᠡ ᠲᠡᠮᠳᠡᠭ ︾ ᠤᠨ ᠭᠡᠷᠡᠴᠢᠯᠡᠯ ᠤᠨ ᠲᠠᠩ ᠪᠦᠲᠦᠭᠡᠭᠳᠡᠬᠦᠨ 3᠂ ︽ ᠨᠠᠷᠠᠲᠤ ᠣᠨᠴᠠ ᠰᠢᠯᠢᠳᠡᠭ | ᠰᠢᠨ᠎ᠡ ︾ ᠶᠢᠨ ᠳᠠᠩᠰᠠᠯᠠᠭᠰᠠᠨ ᠪᠦᠲᠦᠭᠡᠭᠳᠡᠬᠦᠨ 2 ᠶᠢ ᠰᠢᠨ᠎ᠡ ᠪᠠᠷ ᠨᠡᠮᠡᠭᠳᠡᠭᠦᠯᠵᠦ ᠂ ᠨᠥᠬᠦᠴᠡᠯ ᠳᠤ ᠨᠡᠶᠢᠴᠡᠬᠦ ᠠᠵᠤ | ᠠᠬᠤᠶᠢᠯᠠᠯ ᠤᠨ ︽ ᠮᠧᠩ ︾ ᠥᠰᠥᠭ ᠤᠨ ᠲᠡᠮᠳᠡᠭ ᠤᠨ ᠭᠡᠷᠡᠴᠢᠯᠡᠯ ᠭᠤᠶᠤᠴᠢᠯᠠᠨ ᠮᠡᠳᠡᠭᠦᠯᠬᠦ ᠶᠢ ᠳᠡᠮᠵᠢᠵᠦ ᠂ ︽ | ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢ ︾ ᠭᠡᠬᠦ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠨᠠᠷᠠᠲᠤ ᠲᠡᠮᠳᠡᠭᠲᠦ ᠶᠢ ᠠᠯᠳᠠᠷᠰᠢᠭᠤᠯᠤᠨ ᠂ ᠲᠠᠯ᠎ᠠ ᠨᠤᠲᠤᠭ ᠤᠨ ᠪᠠᠶᠢᠭᠠᠯᠢᠭ ᠢᠳᠡᠭᠡᠨ ᠢ ᠬᠤᠯᠠ ᠤᠶᠢᠷ᠎ᠠ ᠶᠢᠨ | ᠬᠦᠮᠦᠰ ᠲᠤ ᠲᠠᠨᠢᠭᠤᠯᠤᠨ᠎ᠠ ᠃ | ᠰᠢᠨ᠎ᠡ ᠡᠨᠧᠷᠭᠢ ᠶᠢᠨ ᠰᠤᠷᠪᠤᠯᠵᠢ ᠶᠢ ᠲᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ | ᠥᠷᠨᠢᠭᠦᠯᠦᠨ᠎ᠡ ᠃ ᠬᠡᠪᠴᠢᠶ᠎ᠡ ᠂ ᠶᠠᠰᠤ ᠴᠢᠨᠠᠷ ᠂ ᠦᠷ᠎ᠡ ᠠᠰᠢᠭ ᠢ ᠳᠠᠬᠢᠨ ᠢᠶᠠᠷ ᠨᠡᠮᠡᠭᠳᠡᠭᠦᠯᠬᠦ ᠶᠢ ᠪᠠᠷᠢᠮᠲᠠᠯᠠᠵᠤ ᠂ | ᠬᠡᠷᠡᠯ ᠰᠠᠯᠬᠢᠨ ᠤ ᠬᠦᠴᠦᠨ ᠢᠶᠠᠷ ᠤᠰᠤᠲᠥ᠋ᠷᠥᠭᠴᠢ ᠨᠥᠭᠡᠴᠡᠯᠡᠬᠦ ᠳᠥᠷᠪᠡᠨ ᠶᠡᠭᠡ ᠠᠵᠤ ᠦᠢᠯᠡᠰ ᠤᠨ ᠬᠡᠯᠬᠢᠶ᠎ᠡ ᠶᠢ | ᠭᠦᠨᠵᠡᠭᠡᠢ ᠪᠥᠭᠡᠳ ᠪᠣᠳᠠᠲᠠᠢ ᠪᠠᠷ ᠠᠳᠬᠤᠵᠤ ᠂ ᠪᠥᠬᠦ ᠵᠢᠯ ᠳᠤ ᠰᠢᠨ᠎ᠡ ᠪᠠᠷ ᠵᠥᠪᠰᠢᠶᠡᠷᠡᠭᠳᠡᠭᠰᠡᠨ ᠪᠦᠲᠦᠭᠡᠨ | ᠪᠠᠶᠢᠭᠤᠯᠤᠯᠲᠠ ᠶᠢᠨ ᠭᠦᠢᠴᠡᠳᠬᠡᠯ ᠲᠤᠭ᠎ᠠ 300 ᠲᠦᠮᠡᠨ ᠺᠢᠯᠣᠸᠠᠲ ᠰᠢᠨ᠎ᠡ ᠡᠨᠧᠷᠭᠢ ᠶᠢᠨ ᠰᠤᠷᠪᠤᠯᠵᠢ ᠶᠢ | ᠨᠡᠮᠡᠭᠳᠡᠭᠦᠯᠬᠦ ᠠᠵᠢᠯ ᠢ ᠦᠨᠡᠨ ᠬᠦ ᠰᠠᠶᠢᠲᠤᠷ ᠬᠢᠨ᠎ᠡ ᠃ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠦᠭᠡᠢ ᠲᠦᠯᠡᠰᠢ ᠂ | ᠬᠡᠷᠡᠯ ᠰᠠᠯᠬᠢᠨ ᠤ ᠬᠦᠴᠦᠨ ᠢᠶᠠᠷ ᠤᠰᠤᠳᠤᠷᠦᠭᠴᠢ ᠦᠢᠯᠡᠳᠬᠦ ᠵᠡᠷᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ ᠂ ᠰᠧᠴᠤᠸᠠᠨ ᠤ ᠶᠦᠩ ᠰᠢᠶᠠᠩ ᠂ ᠱᠤᠸᠠᠩ ᠯᠢᠶᠠᠩ ᠂ ᠰᠢᠨ ᠲᠧ ᠂ ᠶᠤᠸᠠᠨ | ᠵᠢᠩ ᠂ ᠲᠦᠩ ᠸᠧᠢ ᠵᠡᠷᠭᠡ 5 ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠲᠥᠷᠥᠯ | ᠵᠦᠢᠯ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠤ ᠂ ᠰᠢᠨ᠎ᠡ ᠡᠨᠧᠷᠬᠢ ᠶᠢᠨ ᠬᠠᠮᠢᠶ᠎ᠠ ᠪᠦᠬᠦᠢ ᠲᠦᠷᠦᠯ ᠵᠦᠢᠯ ᠢ | ᠠᠬᠢᠭᠤᠯᠵᠤ ᠂ ᠪᠥᠬᠦ ᠵᠢᠯ ᠳᠤ ᠮᠠᠰᠢᠨ ᠴᠣᠭᠴᠠᠯᠠᠪᠤᠷᠢ ᠶᠢ 450 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠦᠨ ᠂ | ᠶᠡᠷᠦᠩᠬᠡᠢ ᠬᠡᠪᠴᠢᠶ᠎ᠡ ᠶᠢ 1000 ᠲᠦᠮᠡᠨ ᠺᠢᠯᠣᠸᠠᠲ ᠠᠴᠠ ᠳᠠᠪᠠᠭᠤᠯᠵᠤ ᠂ ᠴᠠᠬᠢᠯᠭᠠᠨ ᠭᠠᠷᠭᠠᠬᠤ ᠬᠡᠮᠵᠢᠶ᠎ᠡ ᠶᠢ | 100 ᠳ᠋ᠦᠩᠰᠢᠭᠤᠷ ᠺᠢᠯᠣᠸᠠᠲ ᠠᠴᠠ ᠳᠠᠪᠠᠭᠤᠯᠵᠤ ᠂ ᠨᠡᠷ᠎ᠡ ᠨᠢᠳᠡᠷ ᠲᠡᠭᠡᠨ ᠨᠡᠶᠢᠴᠡᠭᠰᠡᠨ ᠮᠢᠩᠭᠠᠨ ᠲᠦᠮᠡᠨ | ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠪᠠᠶᠢᠭᠤᠯᠤᠨ᠎ᠠ ᠃ ᠬᠠᠶᠠᠭᠳᠠᠮᠠᠯ ᠬᠠᠭᠤᠴᠢᠨ | ᠬᠡᠷᠡᠯ ᠴᠡᠨᠡᠭ ᠤᠨ ᠰᠡᠯᠪᠢᠭ ᠲᠣᠨᠤᠭ ᠂ ᠬᠠᠶᠠᠭᠳᠠᠮᠠᠯ ᠬᠠᠭᠤᠴᠢᠨ ᠴᠠᠬᠢᠯᠭᠠᠨ ᠤᠲᠠᠰᠤ ᠴᠠᠬᠢᠯᠭᠠᠨ ᠳᠡᠭᠡᠰᠦ ᠵᠡᠷᠭᠡ | ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠲᠥᠷᠥᠯ ᠵᠦᠢᠯ ᠢ ᠤᠷᠢᠳᠴᠢᠯᠠᠨ ᠰᠦᠪᠡᠭᠴᠢᠯᠡᠵᠦ ᠂ ᠰᠤᠳᠤᠯᠤᠨ | ᠨᠡᠭᠡᠭᠡᠵᠦ ᠰᠢᠨ᠎ᠡ ᠶᠢ ᠡᠭᠦᠳᠬᠦ ᠪᠠ ᠠᠵᠢᠯᠯᠠᠭᠤᠯᠵᠤ ᠪᠠᠲᠤᠯᠠᠬᠤ ᠦᠢᠯᠡᠴᠢᠯᠡᠭᠡᠨ ᠵᠡᠷᠭᠡ ᠦᠢᠯᠡᠳᠪᠦᠷᠢᠯᠡᠯ ᠤᠨ | ᠴᠢᠨᠠᠷᠲᠠᠢ ᠦᠢᠯᠡᠴᠢᠯᠡᠭᠡᠨ ᠤ ᠦᠢᠯᠡᠰ ᠢ ᠬᠠᠮᠵᠢᠯᠴᠠᠨ ᠠᠬᠢᠭᠤᠯᠵᠤ ᠂ ᠪᠥᠬᠦ ᠵᠢᠯ ᠳᠤ ᠰᠢᠨ᠎ᠡ ᠡᠨᠧᠷᠭᠢ ᠵᠢᠴᠢ ᠬᠠᠮᠢᠶ᠎ᠠ | ᠪᠦᠬᠦᠢ ᠠᠵᠤ ᠦᠢᠯᠡᠰ ᠢᠶᠠᠷ 100 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠤᠷᠤᠭᠤᠯᠤᠯᠳᠠ ᠶᠢ | ᠳᠠᠶᠢᠴᠢᠯᠠᠨ᠎ᠠ ᠃ ᠶᠡᠭᠡ ᠬᠢᠪᠡᠯ ᠶᠡᠭᠡ ᠪᠠᠷ ᠳᠡᠮᠵᠢᠬᠦ ᠂ ᠬᠤᠶᠢᠷᠭᠤᠰᠢᠪᠠᠯ ᠳᠤᠲᠠᠭᠤ ᠳᠡᠮᠵᠢᠬᠦ ᠂ ᠠᠵᠢᠯᠯᠠᠬᠤ ᠦᠭᠡᠢ ᠪᠣᠯ | ᠳᠡᠮᠵᠢᠬᠦ ᠦᠭᠡᠢ ᠪᠠᠶᠢᠬᠤ ᠶᠢ ᠪᠠᠷᠢᠮᠲᠠᠯᠠᠵᠤ ᠂ ᠰᠢᠨ᠎ᠡ ᠡᠨᠧᠷᠭᠢ ᠶᠢᠨ ᠭᠦᠢᠴᠡᠳᠬᠡᠬᠦ ᠲᠤᠭ᠎ᠠ ᠶᠢ ᠶᠡᠬᠡᠰᠭᠡᠬᠦ ᠶᠢ | ᠭᠦᠨᠵᠡᠭᠡᠢ ᠥᠷᠨᠢᠭᠦᠯᠵᠦ ᠂ ︽ ᠬᠤᠪᠲᠤᠭᠯᠠᠨ ᠡᠵᠡᠯᠡᠵᠦ ᠬᠤᠶᠢᠷᠭᠤᠰᠢᠨ ᠰᠠᠭᠤᠬᠤ ︾ ᠶᠢ ᠴᠢᠩᠭ᠎ᠠ ᠰᠡᠷᠭᠡᠶᠢᠯᠡᠨ᠎ᠡ ᠃ | ᠤᠯᠠᠮᠵᠢᠯᠠᠯᠲᠤ ᠠᠵᠤ ᠦᠢᠯᠡᠰ ᠢ ᠳᠡᠭᠡᠳᠦ ᠲᠡᠰ ᠤᠨ ᠪᠣᠯᠭᠠᠬᠤ ᠂ ᠣᠶᠤᠨᠴᠢᠯᠠᠬᠤ ᠂ ᠪᠣᠬᠢᠷᠲᠤᠯ ᠦᠭᠡᠢ | ᠪᠣᠯᠭᠠᠬᠤ ᠶᠢ ᠲᠦᠯᠬᠢᠨ ᠠᠬᠢᠭᠤᠯᠤᠨ᠎ᠠ ᠃ ᠬᠠᠳᠠᠭᠠᠯᠠᠯᠲᠠ ᠶᠢᠨ ᠬᠡᠮᠵᠢᠶ᠎ᠡ ᠶᠢ ᠠᠮᠢᠳᠤᠯᠢᠭ ᠪᠣᠯᠭᠠᠬᠤ ᠂ ᠨᠡᠮᠡᠭᠳᠡᠯ ᠤᠨ | ᠬᠡᠮᠵᠢᠶ᠎ᠡ ᠶᠢ ᠠᠭᠤᠳᠠᠯᠬᠤ ᠶᠢ ᠪᠠᠷᠢᠮᠲᠠᠯᠠᠵᠤ ᠂ ᠱᠠᠨᠰᠢ ᠶᠢᠨ ᠭᠠᠵᠠᠷ ᠤᠨ ᠠᠭᠤᠷᠬᠠᠢ ᠲᠠᠢ ᠬᠠᠮᠲᠤᠷᠠᠯᠴᠠᠭ᠎ᠠ ᠪᠠᠨ | ᠴᠢᠩᠭᠠᠳᠬᠠᠵᠤ ᠂ ︽ ᠪᠠᠭ᠎ᠠ ᠪᠥᠭᠡᠳ ᠡᠷᠦᠢ ᠬᠤᠷᠤᠢ ᠦᠭᠡᠢ ᠲᠠᠷᠬᠠᠢ ᠪᠤᠲᠠᠷᠬᠠᠢ ︾ ᠡᠬᠢ ᠪᠠᠶᠠᠯᠢᠭ ᠢ ᠡᠮᠬᠢᠯᠡᠨ | ᠨᠡᠶᠢᠯᠡᠭᠦᠯᠬᠦ ᠡᠷᠴᠢᠮ ᠢᠶᠠᠨ ᠴᠢᠩᠭᠠᠷᠠᠭᠤᠯᠵᠤ ᠂ ᠵᠢᠵᠢᠭ ᠠᠵᠤ ᠠᠬᠤᠶᠢᠯᠠᠯ ᠢ ᠲᠤᠶᠢᠯᠪᠤᠷᠢᠲᠠᠢ ᠥᠭᠡᠷᠡᠴᠢᠯᠡᠨ᠎ᠡ ᠃ ᠰᠠᠨ | ᠾᠧ ᠮᠢᠩ ᠤᠨ 50 ᠲᠦᠮᠡᠨ ᠲᠣᠨ ᠤ ᠲᠡᠮᠦᠷ ᠤᠨ ᠠᠭᠤᠷᠬᠠᠢ ᠮᠠᠯᠲᠠᠬᠤ ᠂ ᠰᠢᠪᠠᠷᠬᠦ᠋ᠷᠢᠶ᠎ᠠ ᠲᠡᠮᠦᠷ ᠤᠨ ᠠᠭᠤᠷᠬᠠᠢ | ᠶᠢᠨ 200 ᠲᠦᠮᠡᠨ ᠲᠣᠨ ᠤ ᠲᠡᠮᠦᠷ ᠤᠨ ᠠᠭᠤᠷᠬᠠᠢ ᠮᠠᠯᠲᠠᠬᠤ ᠂ ᠯᠧᠢ ᠰᠢᠨ ᠤ 30 ᠲᠦᠮᠡᠨ ᠲᠣᠨ ᠤ ᠲᠡᠮᠦᠷ | ᠤᠨ ᠠᠭᠤᠷᠬᠠᠢ ᠮᠠᠯᠲᠠᠬᠤ ᠵᠡᠷᠭᠡ ᠲᠥᠷᠥᠯ ᠵᠦᠢᠯ ᠢ ᠲᠦᠷᠭᠡᠳᠬᠡᠨ ᠠᠬᠢᠭᠤᠯᠵᠤ ᠂ ᠰᠢᠪᠠᠷᠬᠦ᠋ᠷᠢᠶ᠎ᠠ ᠶᠢᠨ ᠠᠵᠤ | ᠦᠢᠯᠡᠳᠪᠦᠷᠢ ᠶᠢᠨ ᠲᠥᠪᠯᠡᠷᠡᠭᠰᠡᠨ ᠣᠷᠣᠨ ᠢ ᠪᠠᠷᠠᠭᠤᠨ ᠠᠵᠤ ᠦᠢᠯᠡᠳᠪᠦᠷᠢ ᠶᠢᠨ ᠲᠣᠭᠤᠷᠢᠭ ᠲᠤ ᠣᠷᠣᠭᠤᠯᠤᠨ | ᠨᠢᠭᠡᠳᠦᠯᠲᠡᠢ ᠪᠠᠶᠢᠷᠢᠰᠢᠭᠤᠯᠤᠨ ᠬᠠᠮᠢᠶᠠᠷᠬᠤ ᠶᠢ ᠬᠡᠷᠡᠭᠵᠢᠭᠦᠯᠦᠨ ᠂ ᠪᠣᠬᠢᠷᠲᠤᠯ ᠦᠭᠡᠢ ᠠᠭᠤᠷᠬᠠᠢ ᠶᠢᠨ ᠭᠠᠷᠤᠯᠲᠠ ᠶᠢ | ᠨᠠᠷᠢᠯᠢᠭ ᠡᠳ᠋ᠰᠢᠭᠦᠯᠬᠦ ᠵᠡᠷᠭᠡ ᠲᠥᠷᠥᠯ ᠵᠦᠢᠯ ᠢ ᠣᠷᠣᠭᠤᠯᠤᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ ᠃ ᠬᠤᠪᠣᠷ | ᠰᠢᠷᠣᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠲᠦᠷᠭᠡᠳᠬᠡᠵᠦ ᠂ ᠬᠤᠪᠣᠷ ᠰᠢᠷᠣᠢ ᠶᠢᠨ ᠬᠡᠯᠪᠡᠷᠢ | ᠶᠢ ᠬᠤᠪᠢᠷᠠᠭᠤᠯᠤᠨ ᠲᠠᠰ ᠳᠡᠪᠰᠢᠭᠦᠯᠬᠦ ᠂ ︽ ᠭᠤᠷᠪᠠᠨ ᠬᠠᠶᠠᠭᠳᠠᠮᠠᠯ ︾ ᠢ ᠵᠠᠰᠠᠬᠤ ᠵᠡᠷᠭᠡ ᠲᠥᠷᠥᠯ ᠵᠦᠢᠯ ᠢ | ᠬᠡᠷᠡᠭᠵᠢᠭᠦᠯᠦᠨ᠎ᠡ ᠃ ᠠᠵᠤ ᠠᠬᠤᠶᠢᠯᠠᠯ ᠤᠨ ᠲᠣᠨᠤᠭ ᠲᠥᠬᠦᠭᠡᠷᠦᠮᠵᠢ ᠶᠢ ᠰᠢᠨᠡᠳᠬᠡᠬᠦ ᠂ ᠤᠷᠠᠯᠠᠯ ᠢ ᠲᠠᠰ ᠳᠡᠪᠰᠢᠭᠦᠯᠬᠦ ᠂ | ᠠᠷᠢᠭᠤᠨ ᠴᠡᠪᠡᠷ ᠢ ᠰᠠᠶᠢᠵᠢᠷᠠᠭᠤᠯᠬᠤ ᠵᠡᠷᠭᠡ ᠠᠵᠢᠯ ᠥᠷᠨᠢᠭᠦᠯᠬᠦ ᠶᠢ ᠳᠡᠮᠵᠢᠵᠦ ᠂ ᠣᠶᠤᠨᠴᠢ ᠦᠢᠯᠡᠳᠪᠦᠷᠢ ᠂ | ᠲᠣᠭᠠᠴᠢᠯᠠᠭᠰᠠᠨ ᠦᠢᠯᠡᠳᠪᠦᠷᠢ ᠶᠢᠨ ᠲᠠᠰᠤᠭ ᠪᠠ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠵᠡᠷᠭᠡ ᠲᠥᠷᠥᠯ | ᠵᠦᠢᠯ ᠢ ᠬᠡᠷᠡᠭᠵᠢᠭᠦᠯᠵᠦ ᠂ ᠬᠤᠲᠠ ᠶᠢᠨ ᠲᠠᠰ ᠠᠴᠠ ᠳᠡᠭᠡᠭᠰᠢᠬᠢ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠂ | ᠪᠣᠬᠢᠷᠲᠤᠯ ᠦᠭᠡᠢ ᠦᠢᠯᠡᠳᠪᠦᠷᠢ ᠂ ᠪᠣᠬᠢᠷᠲᠤᠯ ᠦᠭᠡᠢ ᠵᠢᠷᠤᠭᠯᠠᠨ ᠲᠥᠯᠥᠪᠯᠡᠭᠰᠡᠨ 3 ᠦᠢᠯᠡᠳᠬᠦᠨ ᠢ ᠰᠢᠨ᠎ᠡ ᠪᠠᠷ | ᠨᠡᠮᠡᠭᠳᠡᠭᠦᠯᠦᠨ᠎ᠡ ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠡᠪᠴᠢᠶ᠎ᠡ ᠶᠢ ᠥᠷᠭᠡᠳᠬᠡᠬᠦ ᠂ ᠶᠠᠰᠤ ᠴᠢᠨᠠᠷ ᠢ | ᠳᠡᠭᠡᠭᠰᠢᠯᠡᠭᠦᠯᠬᠦ ᠶᠢ ᠠᠬᠢᠭᠤᠯᠤᠨ᠎ᠡ ᠃ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ | ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠠᠵᠤ | ᠦᠢᠯᠡᠳᠪᠦᠷᠢ ᠠᠷᠠᠯᠵᠢᠶ᠎ᠠ ᠶᠢ ᠰᠠᠯᠭᠠᠬᠤ ᠂ ᠲᠠᠷᠢᠶᠠᠯᠠᠩ ᠠᠷᠠᠯᠵᠢᠶ᠎ᠠ ᠶᠢ ᠰᠠᠯᠭᠠᠬᠤ ᠶᠢ ᠠᠬᠢᠭᠤᠯᠤᠨ ᠂ ᠭᠠᠳᠠᠨ᠎ᠠ | ᠬᠤᠲᠠ ᠶᠢᠨ ᠦᠢᠯᠡᠴᠢᠯᠡᠭᠡᠨ ᠤ ᠦᠢᠯᠡᠰ ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠢ ᠣᠷᠣᠨ | ᠨᠤᠲᠤᠭᠴᠢᠯᠠᠬᠤ ᠶᠢ ᠢᠳᠡᠪᠬᠢᠲᠡᠢ ᠠᠬᠢᠭᠤᠯᠤᠨ᠎ᠠ ᠃ ᠠᠵᠤ ᠠᠬᠤᠶᠢᠯᠠᠯ ᠤᠨ ᠳᠡᠭᠡᠳᠦ ᠰᠤᠷᠭᠠᠭᠤᠯᠢ ᠂ ᠰᠢᠨᠵᠢᠯᠡᠬᠦ | ᠤᠬᠠᠭᠠᠨ ᠤ ᠰᠤᠳᠤᠯᠤᠯ ᠤᠨ ᠬᠦᠷᠢᠶᠡᠯᠡᠩ ᠲᠠᠢ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠵᠣᠬᠢᠶᠠᠨ ᠪᠠᠶᠢᠭᠤᠯᠬᠤ | ᠶᠢ ᠳᠡᠮᠵᠢᠵᠦ ᠂ ᠠᠯᠳᠠᠨ ᠣᠪᠣᠭ᠎ᠠ ᠂ ᠵᠦᠩ ᠺᠧ ᠣᠶᠤᠨᠴᠢ ᠪᠠᠴᠢᠮ ᠪᠠᠶᠢᠳᠠᠯ ᠢ ᠠᠷᠭᠠᠴᠠᠬᠤ ᠵᠡᠷᠭᠡ ᠠᠵᠤ ᠠᠬᠤᠶᠢᠯᠠᠯ | ᠤᠨ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠲᠠᠪᠴᠠᠩ ᠪᠠᠶᠢᠭᠤᠯᠵᠤ ᠂ ᠰᠢᠪᠠᠷᠬᠦ᠋ᠷᠢᠶ᠎ᠠ ᠲᠡᠮᠦᠷ ᠤᠨ ᠠᠭᠤᠷᠬᠠᠢ | ᠵᠡᠷᠭᠡ 3 ᠠᠵᠤ ᠠᠬᠤᠶᠢᠯᠠᠯ ᠤᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠢᠨᠵᠧᠨᠧᠷᠢᠩ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ ᠳᠡᠮᠵᠢᠨ᠎ᠡ ᠃ ᠰᠢᠨ᠎ᠡ ᠶᠢ ᠡᠭᠦᠳᠬᠦ ᠬᠡᠯᠪᠡᠷᠢ ᠶᠢᠨ | ᠠᠵᠤ ᠠᠬᠤᠶᠢᠯᠠᠯ ᠤᠨ ︽ ᠬᠤᠶᠠᠷ ᠲᠠᠬᠢᠨ ᠢᠶᠠᠷ ᠨᠡᠮᠡᠭᠳᠡᠭᠦᠯᠵᠦ ᠬᠤᠶᠠᠷ ᠢ ᠳᠡᠭᠡᠭᠰᠢᠯᠡᠭᠦᠯᠬᠦ ︾ ᠠᠵᠢᠯᠯᠠᠭ᠎ᠠ ᠶᠢ | ᠬᠡᠷᠡᠭᠵᠢᠭᠦᠯᠵᠦ ᠂ ︽ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠴᠠᠭᠠᠯᠲᠠ ︾ ᠂ ︽ ᠰᠢᠨᠵᠢᠯᠡᠬᠦ ᠤᠬᠠᠭᠠᠨ ᠮᠡᠷᠭᠡᠵᠢᠯ | ᠤᠨ ᠣᠨᠴᠠ ᠲᠣᠮᠢᠯᠠᠭᠳᠠᠭᠰᠠᠳ ︾ ᠪᠠ ︽ ᠲᠦᠷᠪᠡᠨ ᠨᠢᠭᠡ ︾ ᠭᠤᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠢ | ᠭᠦᠨᠵᠡᠭᠡᠶᠢᠷᠡᠭᠦᠯᠵᠦ ᠂ ᠪᠦᠬᠦ ᠵᠢᠯ ᠳᠤ ᠬᠥᠮᠥᠷᠭᠡ ᠳᠤ ᠣᠷᠣᠭᠤᠯᠬᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠂ | ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 12 ᠠᠴᠠ ᠳᠡᠭᠡᠭᠰᠢ ᠪᠤᠢ | ᠪᠤᠯᠭᠠᠨ᠎ᠠ ᠃ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠠᠵᠤ ᠦᠢᠯᠡᠰ ᠤᠨ ᠬᠥᠭᠵᠢᠯᠲᠡ | ᠶᠢ ᠲᠦᠷᠭᠡᠳᠬᠡᠵᠦ ᠂ ᠬᠥᠮᠥᠨ ᠦᠭᠡᠢ ᠣᠶᠤᠨᠴᠢ ᠰᠢᠰᠲ᠋ᠧᠮ ᠤᠨ ᠰᠤᠳᠤᠯᠤᠨ ᠪᠣᠯᠪᠠᠰᠤᠷᠠᠭᠤᠯᠬᠤ ᠰᠠᠭᠤᠷᠢᠨ ᠭᠠᠵᠠᠷ | ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ ᠃ ︽ ᠲᠠᠪᠤᠳᠤᠭᠠᠷ ᠠᠵᠤ ᠠᠬᠤᠢ ᠶᠢᠨ ᠨᠡᠶᠢᠳᠡᠮ | ᠤᠨ ᠪᠠᠶᠢᠴᠠᠭᠠᠯᠳᠠ ︾ ᠶᠢᠨ ᠠᠵᠢᠯ ᠢ ᠴᠢᠨᠠᠷ ᠰᠠᠶᠢᠲᠠᠢ ᠪᠡᠶᠡᠯᠡᠭᠦᠯᠦᠨ᠎ᠡ ᠃ | ︵ ᠭᠤᠷᠪᠠ ︶ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠬᠤᠷᠳᠤᠴᠠ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ ᠂ ᠮᠢᠩᠭᠠᠨ ᠳ᠋ᠦᠩᠰᠢᠭᠤᠷ ᠲᠥᠭᠦᠷᠢᠭ ᠤᠨ ᠲᠠᠰ ᠤᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ ᠲᠠᠯ᠎ᠠ ᠪᠠᠷ ᠲᠡᠷᠢᠭᠦᠨ ᠳᠤᠨᠢ ᠭᠠᠷᠬᠤ ᠪᠠᠷ | ᠴᠢᠷᠮᠠᠶᠢᠨ᠎ᠠ ᠃ ᠣᠳᠣᠬᠠᠨ ᠳᠤ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠨᠢ ᠮᠥᠨ ᠬᠦ ᠰᠠᠭᠤᠷᠢ ᠢᠵᠢ | ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ ᠂ ᠠᠵᠤ ᠠᠬᠤᠶᠢᠯᠠᠯ ᠤᠨ ᠭᠤᠣᠯ ᠴᠣᠭᠴᠠ ᠶᠢ ᠪᠤᠢ | ᠪᠤᠯᠭᠠᠬᠤ ᠬᠤᠭᠤᠴᠠᠭ᠎ᠠ ᠂ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢᠨ | ᠡᠬᠢᠯᠡᠯᠲᠡ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ ᠂ ᠲᠥᠷᠥ ᠶᠢᠨ ᠶᠠᠪᠤᠳᠠᠯ ᠤᠨ ᠬᠤᠷᠢᠶᠠᠨ ᠤ ︽ ᠰᠠᠨᠠᠯ ︾ | ᠤᠨ ᠴᠢᠬᠤᠯᠠ ᠲᠥᠷᠥ ᠶᠢᠨ ᠪᠣᠳᠣᠯᠭ᠎ᠠ ᠶᠢᠨ ᠠᠰᠢᠭ ᠢ ᠴᠢᠩᠭ᠎ᠠ ᠠᠳᠬᠤᠨ ᠰᠠᠶᠢᠲᠤᠷ ᠬᠡᠷᠡᠭᠵᠢᠭᠦᠯᠵᠤ ᠂ | ᠦᠷᠭᠦᠯᠵᠢᠯᠡᠨ ᠬᠦᠴᠦᠯᠡᠵᠦ ᠂ ᠥᠨᠢ ᠤᠳᠠᠭᠠᠨ ᠴᠢᠷᠮᠠᠶᠢᠵᠤ ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ | ᠢ ᠦᠨᠡᠨ ᠬᠦ ᠠᠵᠤ ᠠᠬᠤᠢ ᠶᠢᠨ ᠬᠥᠭᠵᠢᠯᠲᠡ ᠶᠢᠨ ᠭᠤᠣᠯ ᠲᠡᠶᠢᠨ ᠤ ᠲᠠᠯᠠᠪᠤᠷ ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠭᠤᠣᠯ ᠲᠠᠪᠴᠠᠩ ᠂ ᠠᠵᠤ ᠦᠢᠯᠡᠰ ᠤᠨ ᠴᠤᠭᠯᠠᠷᠠᠯ ᠤᠨ ᠭᠤᠣᠯ ᠵᠢᠭᠰᠠᠭᠠᠯ ᠤᠨ ᠭᠠᠵᠠᠷ ᠪᠣᠯᠭᠠᠬᠤ | ᠬᠡᠷᠡᠭᠲᠡᠢ ᠃ | ᠳᠡᠭᠡᠳᠦ ᠳᠠᠪᠬᠤᠷᠭ᠎ᠠ ᠶᠢᠨ ᠬᠦᠴᠦᠯᠡᠴᠡ ᠶᠢ ᠴᠢᠩᠭᠠᠳᠬᠠᠨ᠎ᠠ ᠃ ᠬᠦᠷᠢᠶᠡᠯᠡᠩ ᠲᠣᠭᠤᠷᠢᠭ ᠤᠨ | ᠲᠥᠯᠦᠪᠵᠢᠭᠦᠯᠭᠡ ᠂ ᠠᠵᠤ ᠦᠢᠯᠡᠰ ᠤᠨ ᠪᠠᠶᠢᠷᠢᠰᠢᠭᠤᠯᠤᠯᠲᠠ ᠂ ᠰᠠᠭᠤᠷᠢ ᠪᠡᠯᠡᠳᠬᠡᠮᠵᠢ ᠪᠠ ᠦᠢᠯᠡᠴᠢᠯᠡᠭᠡᠨ ᠤ | ᠡᠵᠡᠩᠨᠡᠯᠲᠡ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠨᠢᠭᠡᠳᠦᠯᠲᠡᠢ ᠲᠥᠯᠥᠪᠯᠡᠵᠦ ᠂ ︽ ᠪᠣᠬᠢᠷᠲᠤᠯ ᠦᠭᠡᠢ | ᠴᠠᠬᠢᠯᠭᠠᠨ ᠤ ᠦᠢᠯᠡᠳᠪᠦᠷᠢᠯᠡᠯ + ᠣᠶᠤᠨᠴᠢᠯᠠᠭᠰᠠᠨ ᠴᠠᠬᠢᠯᠭᠠᠨ ᠲᠦᠭᠡᠭᠡᠬᠦ ᠲᠣᠣᠷ + ᠣᠷᠴᠢᠯ ᠠᠵᠤ ᠠᠬᠤᠢ ᠶᠢᠨ | ᠠᠵᠤ ᠦᠢᠯᠡᠰ ᠤᠨ ᠬᠡᠯᠬᠢᠶ᠎ᠡ ︾ ᠶᠢᠨ ᠬᠠᠮᠵᠢᠯᠴᠠᠨ ᠬᠥᠭᠵᠢᠬᠦ ᠵᠠᠭᠪᠤᠷ ᠢ ᠬᠦᠴᠦᠯᠡᠨ ᠪᠠᠶᠢᠭᠤᠯᠤᠨ᠎ᠠ ᠃ | ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠨᠢᠭᠡᠳᠦᠭᠡᠷ ᠬᠤᠭᠤᠴᠠᠭᠠᠨ ᠤ 330 ᠲᠦᠮᠡᠨ ᠺᠢᠯᠣᠸᠠᠲ | ᠤᠨ ᠰᠢᠨ᠎ᠡ ᠡᠨᠧᠷᠭᠢ ᠶᠢᠨ ᠭᠦᠢᠴᠡᠳᠬᠡᠯ ᠲᠤᠭ᠎ᠠ ᠶᠢ ᠪᠥᠬᠦ ᠬᠦᠴᠦᠨ ᠢᠶᠠᠷ ᠢᠶᠠᠨ ︽ ᠶᠡᠷᠦᠩᠬᠡᠢ ᠲᠥᠯᠦᠪᠵᠢᠭᠦᠯᠭᠡ ᠂ | ᠨᠢᠭᠡ ᠤᠳᠠᠭ᠎ᠠ ᠳᠤ ᠴᠣᠬᠤᠯᠠᠪᠤᠷᠢᠯᠠᠨ ᠬᠠᠷᠢᠭᠤᠯᠬᠤ ᠂ ᠬᠤᠭᠤᠴᠠᠭ᠎ᠠ ᠬᠤᠪᠢᠶᠠᠨ ᠬᠡᠷᠡᠭᠵᠢᠭᠦᠯᠬᠦ ︾ ᠶᠢ ᠪᠡᠶᠡᠯᠡᠭᠦᠯᠬᠦ | ᠪᠠᠷ ᠴᠢᠷᠮᠠᠶᠢᠵᠤ ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠭᠦᠢᠴᠡᠳᠬᠡᠯ ᠲᠤᠭ᠎ᠠ ᠶᠢᠨ | ᠲᠣᠬᠢᠷᠠᠭᠤᠯᠤᠯᠲᠠ ᠶᠢᠨ ᠪᠣᠳᠠᠲᠠᠢ ᠠᠷᠭ᠎ᠠ ᠶᠢ ᠲᠣᠭᠲᠠᠭᠠᠨ᠎ᠠ ᠃ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ | ᠰᠢᠰᠲ᠋ᠧᠮ ᠤᠨ ᠵᠠᠩᠭᠢᠯᠠᠭ᠎ᠠ ᠶᠢ ᠴᠢᠩᠭ᠎ᠠ ᠠᠳᠬᠤᠵᠤ ᠂ ᠬᠦᠷᠢᠶᠡᠯᠡᠩ ᠲᠣᠭᠤᠷᠢᠭ ᠤᠨ ᠨᠡᠮᠡᠭᠳᠡᠯ ᠴᠠᠬᠢᠯᠭᠠᠨ ᠲᠣᠣᠷ | ᠤᠨ ᠲᠤᠷᠰᠢᠯᠲᠠ ᠶᠢ ᠭᠤᠶᠤᠴᠢᠯᠠᠬᠤ ᠠᠵᠢᠯ ᠢ ᠡᠬᠢᠯᠡᠭᠦᠯᠵᠦ ᠂ 220kV ᠨᠡᠶᠢᠲᠡ ᠶᠢᠨ ᠬᠡᠷᠡᠭᠯᠡᠭᠡᠨ ᠤ ᠴᠠᠬᠢᠯᠭᠠᠨ | ᠬᠤᠪᠢᠰᠬᠠᠬᠤ ᠦᠷᠳᠡᠭᠡ ᠶᠢ ᠲᠥᠯᠥᠪᠵᠢᠭᠦᠯᠦᠨ ᠪᠠᠶᠢᠭᠤᠯᠵᠤ ᠂ ᠰᠢᠨ᠎ᠡ ᠡᠨᠧᠷᠭᠢ ᠶᠢᠨ ᠰᠤᠷᠪᠤᠯᠵᠢ ᠪᠠᠷ ᠭᠤᠣᠯ | ᠴᠣᠭᠴᠠ ᠪᠣᠯᠭᠠᠭᠰᠠᠨ ᠥᠪᠡᠷ ᠤᠨ ᠬᠦᠴᠦᠨ ᠤ ᠴᠠᠬᠢᠯᠭᠠᠨ ᠲᠣᠣᠷ ᠢ ᠲᠦᠷᠭᠡᠳᠬᠡᠨ ᠪᠠᠶᠢᠭᠤᠯᠤᠨ᠎ᠠ ᠃ | ᠠᠵᠤ ᠦᠢᠯᠡᠰ ᠤᠨ ᠴᠤᠭᠯᠠᠷᠠᠯ ᠤᠨ ᠬᠦᠭᠵᠢᠯᠲᠡ ᠶᠢ ᠲᠦᠷᠭᠡᠳᠬᠡᠨ᠎ᠡ ᠃ ᠹᠯᠣᠷ ᠤᠨ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠴᠤᠭᠯᠠᠷᠠᠯ ᠢ ᠪᠣᠶ ᠪᠣᠯᠭᠠᠵᠤ ᠂ ᠹᠯᠣᠷ ᠤᠨ ᠬᠢᠮᠢ ᠶᠢᠨ ᠠᠵᠤ ᠦᠢᠯᠡᠳᠪᠦᠷᠢ | ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠂ ᠵᠢᠯ ᠤᠨ ᠳᠣᠲᠣᠷ᠎ᠠ ᠠᠯᠲᠠᠨ ᠣᠪᠣᠭᠠᠨ ᠤ ᠬᠦᠬᠦᠷ ᠬᠦᠴᠢᠯ ᠂ | ᠬᠤᠩ ᠬᠠᠢ ᠶᠢᠨ ᠰᠢᠪᠲᠦᠷ ᠤᠨ ᠤᠰᠤ ᠂ ᠶᠢᠨ ᠬᠤᠸᠠᠨ ᠤᠰᠤᠲᠥ᠋ᠷᠥᠭᠴᠢᠲᠤ ᠹᠯᠣᠷ ᠤᠨ ᠬᠦᠴᠢᠯ ᠢ ᠳᠦᠭᠦᠷᠭᠡᠵᠦ | ᠰᠢᠩᠭᠡᠷᠡᠭᠦᠯᠬᠦ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠠᠵᠢᠯᠯᠠᠭᠤᠯᠵᠤ ᠂ ᠴᠠᠬᠢᠯᠭᠠᠨ ᠵᠠᠳᠠᠯᠤᠯ ᠤᠨ | ᠰᠢᠩᠭᠡᠨ ᠂ ᠹᠯᠣᠷ ᠤᠨ ᠳᠠᠪᠠᠷᠬᠠᠢ ᠂ ᠫᠷᠣᠲ᠋ᠣᠨ ᠤ ᠪᠦᠷᠬᠦᠭᠦᠯ ᠵᠡᠷᠭᠡ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ | ᠣᠷᠣᠭᠤᠯᠤᠨ᠎ᠠ ᠃ ᠭᠡᠷᠡᠯ ᠰᠠᠯᠬᠢᠨ ᠬᠦᠴᠦᠨ ᠢᠶᠠᠷ ᠤᠰᠤᠲᠥ᠋ᠷᠥᠭᠴᠢ ᠡᠭᠦᠰᠬᠡᠬᠦ ᠠᠵᠤ ᠦᠢᠯᠡᠰ ᠤᠨ ᠴᠤᠭᠯᠠᠷᠠᠯ ᠢ ᠪᠣᠶ | ᠪᠣᠯᠭᠠᠵᠤ ᠂ ᠬᠤᠸᠠ ᠳ᠋ᠢᠶᠠᠨ ᠭᠡᠷᠡᠯ ᠰᠠᠯᠬᠢᠨ ᠬᠦᠴᠦᠨ ᠢᠶᠠᠷ ᠤᠰᠤᠲᠥ᠋ᠷᠥᠭᠴᠢ ᠡᠭᠦᠰᠬᠡᠬᠦ ᠭᠠᠷᠤᠯᠲᠠ ᠶᠢ | ᠨᠡᠮᠡᠭᠳᠡᠭᠦᠯᠦᠨ ᠦᠷ᠎ᠡ ᠠᠰᠢᠭ ᠨᠡᠮᠡᠭᠳᠡᠭᠦᠯᠬᠦ ᠶᠢ ᠠᠬᠢᠭᠤᠯᠤᠨ ᠂ ᠮᠢᠩ ᠲᠦᠸᠧ ᠭᠡᠷᠡᠯ ᠰᠠᠯᠬᠢᠨ ᠬᠦᠴᠦᠨ ᠢᠶᠠᠷ | ᠤᠰᠤᠲᠥ᠋ᠷᠥᠭᠴᠢ ᠡᠭᠦᠰᠬᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠂ ᠤᠰᠤᠨ | ᠠᠰᠢᠭᠯᠠᠯᠲᠠ ᠶᠢᠨ ᠰᠣᠯᠪᠢᠴᠠᠭᠤᠯᠤᠨ ᠣᠷᠣᠭᠤᠯᠬᠤ ᠭᠡᠷᠡᠯ ᠰᠠᠯᠬᠢᠨ ᠬᠦᠴᠦᠨ ᠢᠶᠠᠷ ᠤᠰᠤᠲᠥ᠋ᠷᠥᠭᠴᠢ ᠡᠭᠦᠰᠬᠡᠬᠦ ᠂ | ᠮᠢᠩ ᠶᠠᠩ ᠭᠡᠷᠡᠯ ᠰᠠᠯᠬᠢᠨ ᠬᠦᠴᠦᠨ ᠢᠶᠠᠷ ᠤᠰᠤᠲᠥ᠋ᠷᠥᠭᠴᠢ ᠡᠭᠦᠰᠬᠡᠬᠦ ᠵᠡᠷᠭᠡ ᠲᠥᠷᠥᠯ ᠵᠦᠢᠯ ᠤᠨ ᠠᠵᠢᠯ ᠢ | ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ ᠂ ᠮᠢᠩ ᠲᠦᠸᠧ ᠶᠢᠨ 110 ᠲᠦᠮᠡᠨ ᠲᠣᠨ | ᠤᠰᠤᠲᠥ᠋ᠷᠥᠭᠴᠢ ᠶᠢᠨ ᠠᠩᠭᠢᠵᠢᠷᠠᠭᠤᠯᠤᠭᠰᠠᠨ ᠲᠡᠮᠦᠷ ᠂ ᠪᠦᠦ ᠹᠧᠩ ᠬᠢᠮᠢ ᠶᠢᠨ ᠠᠵᠤ ᠦᠢᠯᠡᠳᠪᠦᠷᠢ ᠶᠢᠨ ᠲᠥᠷᠥᠯ | ᠵᠦᠢᠯ ᠢ ᠠᠬᠢᠭᠤᠯᠤᠨ ᠂ ᠰᠢᠨ᠎ᠡ ᠡᠨᠧᠷᠭᠢ ᠬᠢᠭᠡᠳ ᠲᠡᠮᠦᠷᠯᠢᠭ ᠬᠠᠶᠢᠯᠤᠭᠤᠯᠬᠤ ᠂ ᠬᠢᠮᠢ ᠶᠢᠨ ᠠᠵᠤ ᠦᠢᠯᠡᠳᠪᠦᠷᠢ ᠶᠢᠨ | ᠬᠤᠯᠪᠣᠯᠳᠤᠨ ᠬᠥᠭᠵᠢᠬᠦ ᠶᠢ ᠠᠬᠢᠭᠤᠯᠤᠨ᠎ᠠ ᠃ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ | ᠦᠢᠯᠡᠳᠬᠦ ᠠᠵᠤ ᠦᠢᠯᠡᠰ ᠤᠨ ᠴᠤᠭᠯᠠᠷᠠᠯ ᠢ ᠪᠣᠶ ᠪᠣᠯᠭᠠᠵᠤ ᠂ ᠪᠠᠶᠢᠭᠠᠯᠢ ᠶᠢᠨ ᠡᠨᠧᠷᠭᠢ ᠶᠢᠨ ᠬᠦᠨᠳᠦ ᠠᠵᠤ | ᠦᠢᠯᠡᠳᠪᠦᠷᠢ ᠶᠢᠨ ᠰᠤᠪᠤᠷᠭᠠᠨ ᠬᠤᠭᠤᠯᠠᠢ ᠂ ᠶᠤᠸᠠᠨ ᠵᠢᠩ ᠠᠷᠠᠭᠠᠲᠤ ᠬᠦᠷᠳᠦᠨ ᠬᠠᠶᠢᠷᠴᠠᠭ ᠵᠡᠷᠭᠡ ᠲᠥᠷᠥᠯ ᠵᠦᠢᠯ | ᠤᠨ ᠭᠠᠷᠤᠯᠲᠠ ᠪᠠᠨ ᠥᠷᠭᠡᠳᠬᠡᠨ ᠦᠷ᠎ᠡ ᠪᠦᠲᠦᠮᠵᠢ ᠣᠯᠬᠤ ᠶᠢ ᠳᠡᠮᠵᠢᠵᠦ ᠂ ᠵᠠᠬ᠎ᠠ ᠳᠡᠯᠭᠡᠭᠦᠷ ᠢ ᠥᠷᠭᠡᠳᠬᠡᠨ ᠂ | ᠨᠠᠪᠴᠢᠨ ᠤ ᠢᠯᠲᠠᠰᠤ ᠂ ᠬᠤᠯᠬᠤᠪᠴᠢ ᠂ ᠭᠤᠣᠯ ᠡᠵᠡᠮᠳᠡᠬᠦ ᠰᠢᠰᠲ᠋ᠧᠮ ᠵᠡᠷᠭᠡ ᠳᠡᠭᠡᠳᠦ ᠳᠣᠣᠷᠠᠳᠤ ᠤᠷᠤᠰᠬᠠᠯ ᠤᠨ | ᠢᠵᠢ ᠪᠦᠷᠢᠳᠦᠭᠦᠯᠬᠦ ᠲᠥᠷᠥᠯ ᠵᠦᠢᠯ ᠢ ᠶᠡᠬᠡᠪᠡᠷ ᠣᠷᠣᠭᠤᠯᠤᠨ ᠠᠪᠴᠢᠷᠠᠨ᠎ᠠ ᠃ ᠰᠢᠨ᠎ᠡ ᠮᠠᠲ᠋ᠧᠷᠢᠶᠠᠯ ᠤᠨ ᠠᠵᠤ | ᠦᠢᠯᠡᠰ ᠤᠨ ᠴᠤᠭᠯᠠᠷᠠᠯ ᠢ ᠪᠣᠶ ᠪᠣᠯᠭᠠᠵᠤ ᠂ ᠬᠠᠢ ᠳ᠋ᠠ ᠪᠠᠯ ᠴᠢᠯᠠᠭᠤᠨ ᠤ ᠪᠢᠯᠢᠭ ᠲᠤᠶᠢᠯ ᠤᠨ ᠮᠠᠲ᠋ᠧᠷᠢᠶᠠᠯ ᠂ ᠲᠦᠩ | ᠸᠧᠢ ᠪᠣᠬᠢᠷᠲᠤᠯ ᠦᠭᠡᠢ ᠰᠠᠭᠤᠷᠢ ᠮᠠᠲ᠋ᠧᠷᠢᠶᠠᠯ ᠤᠨ ᠨᠢᠭᠡᠳᠦᠭᠡᠷ ᠬᠤᠭᠤᠴᠠᠭᠠᠨ ᠤ ᠠᠵᠢᠯ ᠢ ᠠᠰᠢᠭᠯᠠᠯᠲᠠ ᠳᠤ | ᠣᠷᠣᠭᠤᠯᠤᠨ ᠡᠵᠡᠩᠨᠡᠬᠦ ᠶᠢ ᠠᠬᠢᠭᠤᠯᠵᠤ ᠂ ᠲᠦᠩ ᠸᠧᠢ ᠬᠤᠶᠠᠳᠤᠭᠠᠷ ᠬᠤᠶᠠᠳᠤᠭᠠᠷ ᠬᠤᠭᠤᠴᠠᠭ᠎ᠠ ᠂ ᠳ᠋ᠠ ᠶᠢᠦ ᠠᠵᠤ | ᠦᠢᠯᠡᠳᠪᠦᠷᠢ ᠶᠢᠨ ᠴᠠᠬᠢᠭᠤᠷ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ ᠂ | ᠪᠠᠯ ᠴᠢᠯᠠᠭᠤᠨ ᠬᠠᠶᠢᠯᠤᠭᠤᠷ ᠂ ᠪᠠᠯ ᠴᠢᠯᠠᠭᠤᠨ ᠠᠯᠺᠧᠨ ᠂ ᠴᠠᠬᠢᠭᠤᠷ ᠤᠨ ᠮᠠᠲ᠋ᠧᠷᠢᠶᠠᠯ ᠤᠨ ᠢᠵᠢ ᠪᠦᠷᠢᠳᠦᠭᠦᠯᠬᠦ | ᠲᠥᠷᠥᠯ ᠵᠦᠢᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠨ᠎ᠠ ︔ ᠪᠣᠬᠢᠷᠲᠤᠯ ᠦᠭᠡᠢ ᠬᠠᠶᠢᠯᠤᠰᠢ ᠶᠢᠨ ᠠᠵᠤ | ᠦᠢᠯᠡᠰ ᠤᠨ ︽ ᠴᠡᠴᠡᠷᠯᠢᠭ ᠲᠠᠬᠢ ᠬᠦᠷᠢᠶᠡᠯᠡᠩ ︾ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ ᠂ ᠶᠤᠸᠠᠨ ᠵᠢᠩ | ᠨᠡᠭᠦᠷᠡᠰᠦᠲᠥ᠋ᠷᠥᠭᠴᠢ ᠶᠢᠨ ᠲᠠᠩ ᠬᠠᠶᠢᠯᠤᠰᠢ ᠶᠢᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ ᠪᠠᠷᠢᠯᠭ᠎ᠠ | ᠳᠠᠭᠤᠰᠬᠠᠨ ᠠᠰᠢᠭᠯᠠᠯᠲᠠ ᠳᠤ ᠣᠷᠣᠭᠤᠯᠵᠤ ᠂ ᠲᠦᠸᠧ ᠬᠤᠩ ᠂ ᠴᠢᠶᠦ᠋ᠨ ᠰᠢᠶᠠᠨ ᠂ ᠶᠤᠸᠠᠨ ᠵᠢᠩ ᠬᠤᠶᠠᠳᠤᠭᠠᠷ | ᠬᠤᠭᠤᠴᠠᠭᠠᠨ ᠤ ᠬᠠᠶᠢᠯᠤᠰᠢ ᠶᠢᠨ ᠲᠥᠷᠥᠯ ᠵᠦᠢᠯ ᠢ ᠰᠢᠨ᠎ᠡ ᠪᠠᠷ ᠪᠠᠶᠢᠭᠤᠯᠵᠤ ᠂ ᠰᠢᠨ ᠲᠠᠢ ᠬᠡᠦᠷᠰᠢᠭᠦᠯᠬᠦ | ᠬᠠᠶᠢᠯᠤᠰᠢ ᠶᠢ ᠨᠢᠭᠡ ᠴᠣᠭᠴᠠᠵᠢᠭᠤᠯᠬᠤ ᠲᠥᠷᠥᠯ ᠵᠦᠢᠯ ᠢ ᠣᠷᠣᠭᠤᠯᠤᠨ ᠠᠪᠴᠢᠷᠠᠬᠤ ᠪᠠᠷ ᠴᠢᠷᠮᠠᠶᠢᠨ᠎ᠠ ᠃ ᠡᠨᠧᠷᠭᠢ | ᠬᠠᠳᠠᠭᠠᠯᠠᠬᠤ ᠠᠵᠤ ᠦᠢᠯᠡᠰ ᠤᠨ ᠴᠤᠭᠯᠠᠷᠠᠯ ᠢ ᠪᠣᠶ ᠪᠣᠯᠭᠠᠵᠤ ᠂ ᠪᠠᠶᠢᠭᠤᠯᠵᠤ ᠪᠠᠶᠢᠭ᠎ᠠ ᠪᠠ ᠰᠢᠨ᠎ᠡ ᠪᠠᠷ | ᠵᠥᠪᠰᠢᠶᠡᠷᠡᠭᠳᠡᠭᠰᠡᠨ ᠰᠢᠨ᠎ᠡ ᠡᠨᠧᠷᠭᠢ ᠶᠢᠨ ᠲᠥᠷᠥᠯ ᠵᠦᠢᠯ ᠤᠨ ᠡᠨᠧᠷᠭᠢ ᠬᠠᠳᠠᠭᠠᠯᠠᠬᠤ ᠶᠢ ᠬᠦᠴᠦᠷᠬᠡᠭᠵᠢᠭᠦᠯᠦᠨ ᠂ | ᠡᠨᠧᠷᠭᠢ ᠬᠠᠳᠠᠭᠠᠯᠠᠬᠤ ᠲᠣᠨᠤᠭ ᠲᠥᠬᠦᠭᠡᠷᠦᠮᠵᠢ ᠦᠢᠯᠡᠳᠬᠦ ᠲᠥᠷᠥᠯ ᠵᠦᠢᠯ ᠢ ᠶᠡᠬᠡᠪᠡᠷ ᠣᠷᠣᠭᠤᠯᠤᠨ ᠠᠪᠴᠢᠷᠠᠵᠤ ᠂ | ᠪᠠᠢ ᠯᠢᠩ ᠴᠠᠬᠢᠯᠭᠠᠨ ᠲᠣᠣᠷ ᠤᠨ ᠬᠠᠵᠠᠭᠤ ᠶᠢᠨ ᠡᠨᠧᠷᠭᠢ ᠬᠠᠳᠠᠭᠠᠯᠠᠬᠤ 3 ᠲᠥᠷᠥᠯ ᠵᠦᠢᠯ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠤᠨ᠎ᠠ ᠃ ᠤᠯᠤᠰ ᠤᠨ ᠲᠡᠰ ᠤᠨ ᠣᠷᠴᠢᠯ ᠠᠵᠤ ᠠᠬᠤᠢ ᠶᠢᠨ ᠪᠠᠷᠢᠮᠵᠢᠶᠠᠵᠢᠭᠤᠯᠤᠯᠲᠠ ᠶᠢᠨ | ᠲᠤᠷᠰᠢᠯᠲᠠ ᠶᠢ ᠲᠦᠷᠭᠡᠪᠴᠢᠯᠡᠨ ᠠᠬᠢᠭᠤᠯᠵᠤ ᠂ ᠬᠠᠶᠠᠭᠳᠠᠮᠠᠯ ᠵᠡᠰ ᠢ ᠬᠤᠷᠢᠶᠠᠨ ᠠᠪᠴᠤ ᠡᠳ᠋ᠰᠢᠭᠦᠯᠦᠨ ᠲᠠᠬᠢᠨ | ᠠᠰᠢᠭᠯᠠᠬᠤ ᠲᠦᠷᠦᠯ ᠵᠦᠢᠯ ᠢ ᠬᠡᠷᠡᠭᠵᠢᠭᠦᠯᠵᠦ ᠂ ᠤᠷᠴᠢᠯᠵᠢᠭᠤᠯᠬᠤ ᠂ ᠡᠬᠢ ᠪᠠᠶᠠᠯᠢᠭᠵᠢᠭᠤᠯᠬᠤ ᠂ ᠠᠵᠤ | ᠦᠢᠯᠡᠰᠵᠢᠭᠦᠯᠦᠨ ᠶᠡᠷᠦᠩᠬᠡᠶᠢᠯᠡᠨ ᠠᠰᠢᠭᠯᠠᠬᠤ ᠵᠡᠷᠭᠡ ᠲᠦᠷᠦᠯ ᠵᠦᠢᠯ ᠢ ᠨᠡᠩ ᠤᠯᠠᠨ ᠣᠷᠣᠭᠤᠯᠤᠨ ᠠᠪᠴᠢᠷᠠᠨ᠎ᠠ ᠃ | ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠎ᠠ ᠃ ᠵᠠᠬ᠎ᠠ ᠳᠡᠯᠭᠡᠭᠦᠷᠴᠢᠯᠡᠭᠰᠡᠨ ᠰᠡᠳᠬᠢᠬᠦᠢ ᠶᠢ ᠪᠠᠷᠢᠮᠲᠠᠯᠠᠵᠤ ᠂ | ︽ ᠬᠠᠮᠢᠶᠠᠷᠤᠯᠲᠠ ᠶᠢᠨ ᠵᠥᠪᠯᠡᠯ + ᠺᠣᠮᠫᠠᠨᠢ ︾ ᠶᠢᠨ ᠠᠵᠢᠯᠯᠠᠭᠠᠨ ᠤ ᠵᠠᠭᠪᠤᠷ ᠢ ᠬᠡᠷᠡᠭᠯᠡᠨ ᠂ ᠬᠦᠷᠢᠶᠡᠯᠡᠩ ᠲᠣᠭᠤᠷᠢᠭ | ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ ᠂ ᠦᠯᠡᠳᠡᠭᠳᠡᠯ ᠬᠦᠳᠡᠷ ᠤᠨ | ᠬᠥᠮᠥᠷᠭᠡ ᠶᠢᠨ ᠮᠡᠷᠭᠡᠵᠢᠯ ᠤᠨ ᠥᠭᠡᠷᠡᠴᠢᠯᠡᠯᠲᠡ ᠂ ᠰᠢᠭᠠᠷᠤ ᠶᠢᠨ ᠲᠠᠯᠠᠪᠠᠶ ᠂ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠂ ᠬᠦᠴᠦᠳᠡᠯ ᠥᠭᠡᠷᠡᠴᠢᠯᠡᠬᠦ ᠥᠷᠲᠡᠭᠡ ᠂ ᠵᠠᠮ ᠥᠷᠭᠡᠳᠬᠡᠨ ᠪᠠᠶᠢᠭᠤᠯᠬᠤ ᠂ ᠪᠠᠶᠢᠭᠠᠯᠢ ᠶᠢᠨ ᠰᠢᠲᠠᠮᠠᠬᠠᠢ | ᠬᠡᠢ ᠳᠠᠮᠵᠢᠭᠤᠯᠬᠤ ᠬᠤᠭᠤᠯᠠᠢ ᠂ ᠪᠠᠲᠤᠬᠠᠭᠠᠯᠭ᠎ᠠ ᠶᠢᠨ ᠳᠤᠮᠳᠠ ᠴᠢᠨᠠᠷ ᠤᠨ ᠤᠰᠤ ᠶᠢ ᠠᠰᠢᠭᠯᠠᠬᠤ ᠵᠡᠷᠭᠡ 13 | ᠲᠥᠷᠥᠯ ᠵᠦᠢᠯ ᠢ ᠪᠡᠶᠡᠯᠡᠭᠦᠯᠵᠦ ᠂ ᠲᠡᠮᠦᠷ ᠵᠠᠮ ᠤᠨ ᠲᠤᠰᠬᠠᠢ ᠬᠡᠷᠡᠭᠯᠡᠭᠡᠨ ᠤ ᠱᠤᠭᠤᠮ ᠤᠨ 2 ᠲᠥᠷᠥᠯ ᠵᠦᠢᠯ ᠤᠨ | ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠵᠦ ᠂ ᠣᠶᠤᠨᠲᠤ ᠬᠦᠷᠢᠶᠡᠯᠡᠩ ᠲᠣᠭᠤᠷᠢᠭ ᠤᠨ ᠰᠢᠰᠲ᠋ᠧᠮ ᠤᠨ | ᠴᠢᠳᠠᠮᠵᠢ ᠶᠢ ᠲᠡᠭᠦᠯᠳᠡᠷᠵᠢᠭᠦᠯᠦᠨ ᠂ ᠬᠥᠭᠵᠢᠯᠲᠡ ᠶᠢᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ ᠃ ᠳᠡᠭᠡᠲᠦ | ᠱᠠᠲᠤ ᠶᠢ ᠡᠷᠢᠵᠦ ᠰᠢᠢᠳᠪᠦᠷᠢᠯᠡᠬᠦ ᠬᠦᠴᠦᠯᠡᠴᠡ ᠪᠠᠨ ᠴᠢᠩᠭᠠᠳᠬᠠᠨ ᠂ ᠬᠦᠷᠢᠶᠡᠯᠡᠩ ᠲᠣᠭᠤᠷᠢᠭ ᠤᠨ ᠲᠣᠭᠤᠷᠢᠭ ᠢ | ᠥᠷᠭᠡᠳᠬᠡᠨ ᠲᠣᠬᠢᠷᠠᠭᠤᠯᠬᠤ ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠶᠢ ᠰᠢᠨ᠎ᠡ ᠪᠠᠷ ᠨᠡᠮᠡᠭᠳᠡᠭᠦᠯᠬᠦ ᠂ ᠰᠢᠨ᠎ᠡ | ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠦᠢᠴᠡᠳᠬᠡᠬᠦ ᠲᠤᠭ᠎ᠠ ᠶᠢ ᠲᠣᠬᠢᠷᠠᠭᠤᠯᠬᠤ | ᠵᠡᠷᠭᠡ ᠠᠵᠢᠯ ᠢ ᠪᠡᠶᠡᠯᠡᠭᠦᠯᠵᠦ ᠂ ᠬᠦᠷᠢᠶᠡᠯᠡᠩ ᠲᠣᠭᠤᠷᠢᠭ ᠤᠨ ᠳᠣᠲᠣᠷᠠᠬᠢ ᠬᠡᠷᠡᠯ ᠴᠡᠨᠡᠭ ᠤᠨ ᠲᠥᠷᠥᠯ ᠵᠦᠢᠯ ᠳᠤ | ᠦᠨᠳᠦᠰᠦᠨ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠳᠤ ᠲᠣᠬᠢᠷᠠᠭᠤᠯᠤᠯᠲᠠ ᠬᠢᠵᠦ ᠦᠨᠳᠦᠰᠦᠨ ᠪᠤᠰᠤ ᠨᠤᠲᠤᠭ | ᠪᠡᠯᠴᠢᠭᠡᠷ ᠪᠣᠯᠭᠠᠨ ᠰᠣᠯᠢᠬᠤ ᠪᠠᠷ ᠴᠢᠷᠮᠠᠶᠢᠨ᠎ᠠ ᠃ ᠪᠣᠳᠠᠲᠤ ᠴᠣᠭᠴᠠᠵᠢᠭᠤᠯᠤᠨ ᠠᠵᠢᠯᠯᠠᠭᠤᠯᠬᠤ ᠬᠦᠷᠢᠶᠡᠯᠡᠩ | ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠥᠷᠲᠡᠭᠡ ᠂ ᠲᠤᠭ᠎ᠠ ᠪᠦᠷᠢᠳᠬᠡᠯ ᠤᠨ | ᠠᠵᠢᠯ ᠤᠨ ᠥᠷᠲᠡᠭᠡ ᠂ ︽ ᠬᠦᠷᠢᠶᠡᠯᠡᠩ ᠲᠣᠭᠤᠷᠢᠭ ᠤᠨ ᠬᠡᠷᠡᠭ ᠶᠠᠪᠤᠳᠠᠯ ᠢ ᠬᠦᠷᠢᠶᠡᠯᠡᠩ ᠲᠣᠭᠤᠷᠢᠭ ᠲᠤ | ᠭᠦᠢᠴᠡᠳᠭᠡᠬᠦ ᠠᠯᠪᠠᠨ ᠭᠡᠷ ︾ ᠢ ᠪᠠᠶᠢᠭᠤᠯᠤᠨ᠎ᠠ ᠃ | ︵ ᠳᠥᠷᠪᠡ ︶ ᠥᠭᠡᠷᠡᠴᠢᠯᠡᠯᠲᠡ ᠨᠡᠭᠡᠭᠡᠯᠲᠡ ᠶᠢᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ | ᠬᠡᠷᠡᠭᠵᠢᠭᠦᠯᠵᠦ ᠂ ᠮᠢᠩᠭᠠᠨ ᠲᠦᠮᠡᠨ ᠲᠣᠨ ᠤ ᠲᠡᠰ ᠤᠨ ᠠᠷᠠᠯᠵᠢᠶᠠᠨ ᠤ ᠪᠣᠭᠤᠮᠲᠠ ᠶᠢ ᠪᠦᠲᠦᠭᠡᠨ ᠪᠠᠶᠢᠭᠤᠯᠬᠤ | ᠲᠠᠯ᠎ᠠ ᠪᠠᠷ ᠲᠡᠷᠢᠭᠦᠨ ᠳᠤ ᠣᠷᠣᠬᠤ ᠪᠠᠷ ᠮᠡᠷᠡᠶᠢᠨ ᠴᠢᠷᠮᠠᠶᠢᠨ᠎ᠠ ᠃ ᠥᠭᠡᠷᠡᠴᠢᠯᠡᠯᠲᠡ ᠨᠡᠭᠡᠭᠡᠯᠲᠡ ᠶᠢᠨ ᠬᠡᠪᠰᠢᠮᠡᠯ ᠬᠡᠪ | ᠪᠠᠶᠢᠳᠠᠯ ᠢ ᠡᠪᠳᠡᠬᠦ ᠶᠢ ᠪᠠᠷᠢᠮᠲᠠᠯᠠᠵᠤ ᠂ ᠭᠤᠣᠯᠳᠠᠯᠭ᠎ᠠ ᠲᠠᠢ ᠬᠦᠷᠢᠶ᠎ᠡ ᠂ ᠵᠠᠩᠭᠢᠯᠠᠭ᠎ᠠ ᠶᠢᠨ ᠭᠤᠭᠴᠤᠭ᠎ᠠ ᠶᠢᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ ᠂ ᠬᠦᠴᠦᠨ ᠢᠶᠠᠨ ᠲᠥᠪᠯᠡᠷᠡᠭᠦᠯᠦᠨ ᠤᠮᠠᠷᠠᠰᠢ | ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠬᠢᠵᠤ ᠂ ᠬᠥᠭᠵᠢᠯᠲᠡ ᠶᠢᠨ ᠬᠥᠳᠡᠯᠭᠡᠬᠦ | ᠬᠦᠴᠦᠨ ᠢ ᠲᠠᠰᠤᠷᠠᠯᠳᠠ ᠦᠭᠡᠢ ᠨᠡᠮᠡᠭᠳᠡᠭᠦᠯᠵᠦ ᠂ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ ᠃ | ᠨᠡᠩ ᠴᠢᠩᠭ᠎ᠠ ᠡᠷᠴᠢᠮ ᠢᠶᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ ᠃ ᠠᠵᠤ ᠠᠬᠤᠢ ᠶᠢᠨ ᠪᠠᠶᠢᠭᠤᠯᠤᠯ | ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ ᠂ | ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠥᠭᠬᠦ ᠲᠥᠰᠥᠪ ᠤᠨ ᠬᠠᠮᠢᠶᠠᠷᠤᠯᠲᠠ ᠶᠢ ᠨᠢᠭᠡ | ᠴᠣᠭᠴᠠᠵᠢᠭᠤᠯᠬᠤ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠂ ᠲᠥᠰᠥᠪ ᠤᠨ ᠲᠣᠬᠢᠷᠠᠭᠤᠯᠤᠯᠲᠠ ᠪᠠ ᠵᠠᠷᠤᠯᠭ᠎ᠠ | ᠶᠢᠨ ᠪᠦᠲᠦᠴᠡ ᠶᠢᠨ ︽ ᠬᠤᠶᠠᠷ ᠢ ᠰᠢᠯᠢᠳᠡᠭᠵᠢᠭᠦᠯᠬᠦ ︾ ᠠᠵᠢᠯᠯᠠᠭ᠎ᠠ ᠶᠢ ᠥᠷᠨᠢᠭᠦᠯᠦᠨ᠎ᠡ ᠃ ᠮᠥᠩᠭᠦᠨ ᠭᠦᠢᠯᠭᠡᠭᠡᠨ | ᠤ ᠦᠢᠯᠡᠰ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠂ ᠵᠠᠰᠠᠭ ᠪᠠᠩᠬᠢ ᠭᠠᠶᠢᠯᠢ ᠠᠵᠤ ᠠᠬᠤᠶᠢᠯᠠᠯ ᠢ | ᠵᠣᠯᠭᠠᠭᠤᠯᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ ᠂ ᠪᠣᠳᠠᠲᠤ ᠴᠣᠭᠴᠠ ᠶᠢᠨ ᠠᠵᠤ ᠠᠬᠤᠢ ᠶᠢᠨ | ᠲᠤᠯᠭᠠᠭᠤᠷᠢᠯᠠᠬᠤ ᠬᠦᠴᠦᠨ ᠢ ᠴᠢᠩᠭᠠᠷᠠᠭᠤᠯᠤᠨ᠎ᠠ ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ ᠂ ᠵᠠᠬ᠎ᠠ | ᠳᠡᠯᠭᠡᠭᠦᠷᠴᠢᠯᠡᠭᠰᠡᠨ ᠪᠣᠳᠠᠲᠤ ᠴᠣᠭᠴᠠᠲᠤ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠂ ᠵᠢᠯ ᠤᠨ ᠳᠣᠲᠣᠷ᠎ᠠ | ᠬᠤᠰᠢᠭᠤᠨ ᠤ ᠨᠢᠭᠡᠳᠦᠭᠡᠷ ᠳᠡᠰ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠵᠡᠩᠨᠡᠯᠲᠡ ᠶᠢᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ | ᠭᠠᠵᠠᠷ ᠰᠢᠷᠣᠢ ᠶᠢᠨ ︽ ᠪᠠᠷᠢᠮᠵᠢᠶᠠᠲᠤ ᠭᠠᠵᠠᠷ ᠰᠢᠷᠣᠢ ︾ ᠪᠠᠷ ᠭᠠᠵᠠᠷ ᠰᠢᠷᠣᠢ ᠬᠠᠩᠭᠠᠬᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠂ ︽ ᠤᠷᠢᠳᠠᠪᠠᠷ ᠲᠦᠷᠢᠶᠡᠰᠦᠯᠡᠭᠦᠯᠵᠦ ᠳᠠᠷᠠᠭ᠎ᠠ ᠨᠢ ᠰᠢᠯᠵᠢᠭᠦᠯᠦᠨ ᠥᠭᠬᠦ ᠂ ᠲᠦᠷᠢᠶᠡᠰᠦᠯᠡᠭᠦᠯᠬᠦ | ᠪᠠ ᠰᠢᠯᠵᠢᠭᠦᠯᠦᠨ ᠥᠭᠬᠦ ᠶᠢ ᠤᠶᠠᠯᠳᠤᠭᠤᠯᠬᠤ ᠂ ᠬᠠᠷᠢᠮᠠᠬᠠᠢ ᠴᠢᠨᠠᠷᠲᠠᠢ ᠪᠠᠷ ᠰᠢᠯᠵᠢᠭᠦᠯᠦᠨ ᠥᠭᠬᠦ ︾ ᠵᠡᠷᠭᠡ ᠭᠠᠵᠠᠷ | ᠰᠢᠷᠣᠢ ᠬᠠᠩᠭᠠᠬᠤ ᠠᠷᠭ᠎ᠠ ᠮᠠᠶ᠋ᠢᠭ ᠢ ᠬᠡᠷᠡᠭᠵᠢᠭᠦᠯᠦᠨ᠎ᠡ ᠃ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠵᠠᠬ᠎ᠠ ᠳᠡᠯᠭᠡᠭᠦᠷ ᠲᠤ ᠣᠷᠣᠭᠤᠯᠬᠤ ᠥᠭᠡᠷᠡᠴᠢᠯᠡᠯᠲᠡ ᠶᠢ | ᠲᠦᠷᠭᠡᠳᠬᠡᠵᠦ ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ 8 ᠭᠠᠵᠠᠷ ᠰᠢᠷᠣᠢ ᠶᠢ ᠵᠠᠬ᠎ᠠ ᠳᠡᠯᠭᠡᠭᠦᠷ ᠲᠤ | ᠣᠷᠣᠭᠤᠯᠵᠤ ᠰᠢᠯᠵᠢᠭᠦᠯᠦᠨ ᠬᠤᠳᠠᠯᠳᠤᠬᠤ ᠶᠢ ᠪᠡᠶᠡᠯᠡᠭᠦᠯᠦᠨ᠎ᠡ ᠃ ᠲᠠᠷᠢᠶᠠᠯᠠᠩ ᠤᠨ ᠤᠰᠤᠨ ᠤ ᠦᠨ᠎ᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠂ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ | ᠤᠰᠤᠨ ᠤ ︽ ᠴᠠᠬᠢᠯᠭᠠᠨ ᠢᠶᠠᠷ ᠤᠰᠤ ᠶᠢ ᠨᠤᠭᠤᠯᠤᠨ ᠪᠤᠳᠤᠬᠤ ︾ ᠬᠡᠮᠵᠢᠯᠲᠡ ᠶᠢ ᠬᠡᠷᠡᠭᠵᠢᠭᠦᠯᠵᠦ ᠂ ᠤᠰᠤᠨ ᠤ | ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠵᠤ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ ᠃ | ᠥᠨᠳᠥᠷ ᠬᠢᠷᠢ ᠲᠦᠪᠰᠢᠨ ᠢᠶᠠᠷ ᠨᠡᠭᠡᠭᠡᠯᠲᠡ ᠶᠢ ᠥᠷᠭᠡᠳᠬᠡᠨ᠎ᠡ ᠃ ᠲᠡᠮᠦᠷ ᠵᠠᠮ ᠤᠨ ᠶᠡᠷᠦᠩᠬᠡᠶᠢᠯᠡᠭᠰᠡᠨ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠂ ᠭᠠᠶᠢᠯᠢ ᠪᠠᠲᠤᠯᠠᠬᠤ ᠬᠥᠮᠥᠷᠭᠡ ᠵᠡᠷᠭᠡ ᠲᠥᠷᠥᠯ ᠵᠦᠢᠯ ᠢ ᠵᠢᠯ ᠤᠨ ᠳᠣᠲᠣᠷ᠎ᠠ | ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ ᠂ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠢ ᠥᠭᠡᠷᠡᠴᠢᠯᠡᠵᠦ | ᠥᠷᠭᠡᠳᠬᠡᠨ ᠪᠠᠶᠢᠭᠤᠯᠬᠤ ᠂ ᠬᠠᠮᠲᠤᠷᠠᠨ ᠪᠠᠶᠢᠴᠠᠭᠠᠬᠤ ᠠᠰᠠᠷ ᠢ ᠥᠷᠭᠡᠳᠬᠡᠨ ᠪᠠᠶᠢᠭᠤᠯᠬᠤ ᠵᠡᠷᠭᠡ ᠪᠠᠶᠢᠴᠠᠭᠠᠨ | ᠰᠢᠯᠭᠠᠬᠤ ᠪᠡᠯᠡᠳᠬᠡᠮᠵᠢ ᠶᠢᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ ᠂ ᠬᠢᠯᠢ ᠶᠢᠨ | ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠳᠤ ᠬᠡᠷᠡᠭᠯᠡᠬᠦ ᠭᠡᠷ ᠪᠠᠶᠢᠰᠢᠩ ᠂ ᠬᠢᠯᠢ ᠠᠯᠤᠰᠯᠠᠭᠰᠠᠨ ᠠᠵᠤ | ᠠᠬᠤᠢ ᠶᠢᠨ ᠬᠠᠮᠲᠤᠷᠠᠯᠴᠠᠭᠠᠨ ᠤ ᠣᠷᠣᠨ ᠵᠡᠷᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ | ᠠᠬᠢᠭᠤᠯᠤᠨ᠎ᠠ ᠃ ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ | ᠲᠦᠷᠭᠡᠳᠬᠡᠨ ᠂ ᠰᠠᠶᠢᠨᠱᠠᠩᠳᠠ ᠠᠴᠠ ᠬᠠᠩᠭᠢ ᠬᠦᠷᠬᠦ ᠪᠣᠭᠤᠮᠲᠠ ᠶᠢᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ | ᠶᠢ ᠠᠬᠢᠭᠤᠯᠵᠤ ᠂ ᠬᠢᠯᠢ ᠠᠯᠤᠰᠯᠠᠭᠰᠠᠨ ᠲᠡᠮᠦᠷ ᠵᠠᠮ ᠢ ᠬᠤᠯᠪᠣᠬᠤ ᠱᠤᠭᠤᠮ ᠤᠨ ᠲᠥᠷᠥᠯ ᠵᠦᠢᠯ ᠢ ᠦᠨᠡᠨ ᠪᠣᠳᠠᠲᠠᠢ | ᠠᠬᠢᠴᠠ ᠲᠠᠢ ᠪᠣᠯᠭᠠᠬᠤ ᠶᠢ ᠠᠬᠢᠭᠤᠯᠵᠤ ᠂ ᠮᠠᠨᠳᠤᠯ ᠣᠯᠠᠨ ᠤᠯᠤᠰ ᠤᠨ ᠵᠠᠮ ᠲᠡᠭᠡᠭᠡᠪᠦᠷᠢ ᠶᠢᠨ ᠦᠢᠯᠡᠴᠢᠯᠡᠭᠡᠨ ᠤ | ᠬᠢᠨᠠᠯᠲᠠ ᠬᠠᠮᠢᠶᠠᠷᠤᠯᠲᠠ ᠶᠢᠨ ᠣᠷᠣᠨ ᠤ ᠲᠥᠷᠥᠯ ᠵᠦᠢᠯ ᠢ ᠴᠢᠷᠮᠠᠶᠢᠨ ᠬᠡᠷᠡᠭᠵᠢᠭᠦᠯᠦᠨ᠎ᠡ ᠃ ᠪᠣᠭᠤᠮᠲᠠ ᠬᠢᠭᠡᠳ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠂ ᠪᠤᠭᠤᠲᠤ ᠶᠢᠨ ᠠᠭᠠᠷ | ᠠᠶᠠᠯᠠᠯ ᠤᠨ ᠪᠣᠭᠤᠮᠲᠠ ᠶᠢᠨ ᠬᠤᠯᠪᠤᠭᠠᠯᠠᠨ ᠬᠥᠳᠡᠯᠦᠯᠴᠡᠵᠦ ᠬᠥᠭᠵᠢᠬᠦ ᠶᠢ ᠠᠬᠢᠭᠤᠯᠵᠤ ᠂ ᠥᠪᠡᠷᠲᠡᠭᠡᠨ ᠵᠠᠰᠠᠬᠤ | ᠣᠷᠣᠨ ᠤ ᠴᠢᠯᠦᠭᠡᠲᠦ ᠠᠷᠠᠯᠵᠢᠶᠠᠨ ᠤ ᠣᠷᠣᠨ ᠤ ᠪᠣᠭᠤᠮᠲᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠴᠢᠷᠮᠠᠶᠢᠨ ᠪᠡᠶᠡᠯᠡᠭᠦᠯᠦᠨ᠎ᠡ ᠃ ᠮᠢᠬᠠᠨ ᠤ ᠵᠦᠢᠯ ᠂ ᠵᠡᠰ ᠤᠨ ᠨᠠᠷᠢᠯᠢᠭ ᠨᠤᠨᠳᠠᠭ ᠂ ᠴᠠᠬᠢᠭᠤᠷ ᠴᠢᠯᠠᠭᠤ ᠵᠡᠷᠭᠡ | ᠦᠢᠯᠡᠳᠬᠦᠨ ᠤ ᠪᠣᠭᠤᠮᠲᠠ ᠪᠠᠷ ᠥᠩᠭᠡᠷᠡᠬᠦ ᠬᠡᠪᠴᠢᠶ᠎ᠡ ᠶᠢ ᠥᠷᠭᠡᠳᠬᠡᠵᠦ ᠂ ᠪᠦᠬᠦ ᠵᠢᠯ ᠤᠨ ᠪᠠᠷᠠᠭ᠎ᠠ ᠦᠩᠭᠡᠷᠡᠬᠦ | ᠬᠡᠮᠵᠢᠶ᠎ᠡ ᠶᠢ 800 ᠲᠦᠮᠡᠨ ᠲᠣᠨ ᠢ ᠳᠠᠪᠠᠭᠤᠯᠵᠤ ᠂ ᠠᠷᠠᠯᠵᠢᠶᠠᠨ ᠤ ᠬᠡᠮᠵᠢᠶ᠎ᠡ 80 ᠳ᠋ᠦᠩᠰᠢᠭᠤᠷ ᠲᠥᠭᠦᠷᠢᠭ ᠢ | ᠳᠠᠪᠠᠭᠤᠯᠤᠨ᠎ᠠ ᠃ ᠪᠠᠶᠠᠨᠬᠤᠸᠠ ᠶᠢᠨ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠡᠳ᠋ᠰᠢᠭᠦᠯᠬᠦ ᠬᠦᠷᠢᠶᠡᠯᠡᠩ ᠤᠨ | ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ ᠂ ᠨᠢᠩᠰᠢᠶᠠ ᠵᠢᠶᠧ ᠴᠧᠩ 300 ᠲᠦᠮᠡᠨ ᠲᠣᠨ ᠤ ᠴᠡᠪᠡᠷ ᠡᠬᠢ | ᠪᠠᠶᠠᠯᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠂ ᠲᠡᠮᠦᠷ ᠵᠠᠮ ᠤᠨ | ᠲᠤᠰᠬᠠᠢ ᠱᠤᠭᠤᠮ ᠂ ᠴᠢᠩᠭᠡᠯᠢᠭ ᠤᠨ ᠰᠠᠭᠤᠷᠢᠨ ᠭᠠᠵᠠᠷ ᠢ ᠤᠭᠰᠠᠷᠠᠵᠤ ᠰᠡᠯᠪᠢᠨ ᠵᠠᠰᠠᠬᠤ ᠵᠡᠷᠭᠡ ᠲᠥᠷᠥᠯ ᠵᠦᠢᠯ ᠢ | ᠲᠥᠯᠥᠪᠵᠢᠭᠦᠯᠦᠨ ᠬᠡᠷᠡᠭᠵᠢᠭᠦᠯᠵᠦ ᠂ ᠬᠢᠯᠢ ᠶᠢᠨ ᠪᠣᠭᠤᠮᠲᠠ ᠶᠢᠨ ᠠᠵᠤ ᠠᠬᠤᠢ ᠶᠢᠨ ︽ ᠠᠷᠤ ᠲᠠᠯ᠎ᠠ ᠶᠢᠨ ᠴᠡᠴᠡᠷᠯᠢᠭ ︾ | ᠢ ᠪᠠᠶᠢᠭᠤᠯᠤᠨ᠎ᠠ ᠃ | ᠨᠡᠩ ᠪᠣᠳᠠᠲᠠᠢ ᠠᠷᠭ᠎ᠠ ᠬᠡᠮᠵᠢᠶ᠎ᠡ ᠪᠠᠷ ᠣᠷᠴᠢᠨ ᠠᠬᠤᠢ ᠶᠢ ᠰᠢᠯᠢᠳᠡᠭᠵᠢᠭᠦᠯᠦᠨ᠎ᠡ ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ | ᠥᠷᠨᠢᠭᠦᠯᠵᠦ ᠂ ᠠᠵᠤ ᠠᠬᠤᠶᠢᠯᠠᠯ ᠤᠨ ︽ ᠨᠢᠭᠡ ᠴᠣᠩᠬᠤ ᠪᠠᠷ ᠣᠷᠣᠭᠤᠯᠵᠤ ᠂ ᠨᠢᠭᠡ ᠴᠣᠩᠬᠤ ᠪᠠᠷ ᠭᠠᠷᠭᠠᠬᠤ ︾ ︽ | ᠭᠠᠵᠠᠷ ᠠᠪᠤᠪᠠᠯ ᠦᠨᠡᠮᠯᠡᠯ ᠠᠪᠬᠤ ︾ ︽ ᠭᠤᠷᠪᠠᠨ ᠦᠨᠡᠮᠯᠡᠯ ᠢ ᠵᠡᠷᠭᠡᠪᠡᠷ ᠣᠯᠭᠤᠬᠤ ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠂ ︽ ᠲᠠᠪᠤᠨ ᠦᠨᠡᠮᠯᠡᠯ ᠢ ᠬᠠᠮᠲᠤᠷᠠᠨ ᠭᠦᠢᠴᠡᠳᠬᠡᠬᠦ ︾ ᠶᠢ ᠬᠠᠮᠵᠢᠯᠴᠠᠨ ᠠᠬᠢᠭᠤᠯᠵᠤ ᠂ ᠬᠢᠨᠠᠨ | ᠵᠥᠪᠰᠢᠶᠡᠷᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠎ᠡ ᠃ ᠵᠠᠰᠠᠭ ᠤᠨ ᠶᠠᠪᠤᠳᠠᠯ ᠤᠨ ᠲᠥᠪ ᠂ ᠠᠷᠠᠳ | ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ ᠥᠷᠲᠡᠭᠡ ︶ ᠤᠨ ᠪᠠᠷᠢᠮᠵᠢᠶᠠᠵᠢᠭᠤᠯᠤᠯᠲᠠ ᠂ | ᠵᠢᠷᠤᠮᠵᠢᠭᠤᠯᠤᠯᠲᠠ ᠂ ᠳᠥᠭᠦᠮᠴᠢᠯᠡᠯᠲᠡ ᠶᠢᠨ ᠪᠠᠶᠢᠭᠤᠯᠤᠯᠲᠠ ᠶᠢ ᠴᠢᠩᠭᠠᠳᠬᠠᠵᠤ ᠂ ︽ ᠥᠨᠳᠥᠷ ᠪᠦᠲᠦᠮᠵᠢᠲᠡᠶ ᠪᠠᠷ | ᠨᠢᠭᠡ ᠠᠵᠢᠯ ᠢ ᠪᠦᠲᠦᠭᠡᠬᠦ ︾ ᠶᠢ ᠨᠠᠶᠢᠳᠠᠪᠤᠷᠢᠵᠢᠭᠤᠯᠤᠨ ᠂ ︽ ᠪᠥᠬᠦ ᠬᠤᠲᠠ ᠶᠢᠨ ᠨᠡᠶᠢᠳᠡᠮ ᠭᠦᠢᠴᠡᠳᠬᠡᠬᠦ ︾ ︽ | ᠠᠯᠠᠭᠠᠨ ᠳᠡᠭᠡᠷ᠎ᠡ ᠪᠠᠨ ᠭᠦᠢᠴᠡᠳᠬᠡᠬᠦ ︾ ︽ ᠨᠢᠭᠡ ᠠᠵᠢᠯ ᠢ ᠨᠢᠭᠡ ᠯᠡ ᠤᠳᠠᠭ᠎ᠠ ᠳᠤ ᠭᠦᠢᠴᠡᠳᠬᠡᠬᠦ ︾ | ᠦᠢᠯᠡᠴᠢᠯᠡᠭᠡᠨ ᠤ ᠲᠦᠷᠦᠯ ᠵᠦᠢᠯ ᠤᠨ ᠨᠠᠷᠢᠨ ᠲᠠᠩᠰᠠ ᠶᠢ ᠲᠡᠭᠦᠯᠳᠡᠷᠵᠢᠭᠦᠯᠵᠦ ᠂ ᠠᠵᠤ ᠠᠬᠤᠶᠢᠯᠠᠯ ᠪᠠ ᠣᠯᠠᠨ | ᠲᠦᠮᠡᠨ ᠢ ᠤᠴᠢᠷ ᠶᠠᠪᠤᠳᠠᠯ ᠪᠦᠲᠦᠭᠡᠬᠦ ᠳᠤ ᠳᠦᠭᠦᠮ ᠬᠢᠯᠪᠠᠷ ᠂ ᠤᠴᠢᠷ ᠶᠠᠪᠤᠳᠠᠯ ᠢ ᠨᠢ ᠪᠦᠲᠦᠭᠡᠳᠡᠭ ᠂ ᠤᠴᠢᠷ | ᠶᠠᠪᠤᠳᠠᠯ ᠢ ᠨᠢ ᠰᠠᠭᠠᠲᠠᠭᠠᠬᠤ ᠦᠭᠡᠢ ᠪᠠᠶᠢᠯᠭᠠᠨ᠎ᠠ ᠃ ︽ ᠬᠤᠶᠠᠷ ᠢ ᠲᠣᠬᠢᠶᠠᠯᠳᠤᠯ ᠢᠶᠠᠷ ᠬᠢᠬᠦ ᠂ ᠨᠢᠭᠡ ᠶᠢ ᠢᠯᠡ | ᠪᠣᠯᠭᠠᠬᠤ ︾ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ︽ ᠢᠨᠲ᠋ᠧᠷ ᠰᠦᠯᠵᠢᠶ᠎ᠡ + ᠣᠶᠤᠨᠴᠢ ᠬᠢᠨᠠᠯᠲᠠ | ᠬᠠᠮᠢᠶᠠᠷᠤᠯᠲᠠ ︾ ᠶᠢᠨ ᠵᠠᠭᠪᠤᠷ ᠢ ᠰᠢᠯᠢᠳᠡᠭᠵᠢᠭᠦᠯᠦᠨ᠎ᠡ ᠃ ᠤᠳᠤᠷᠢᠳᠬᠤ ᠺᠠᠳ᠋ᠷᠴᠤᠳ ᠤᠨ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠲᠠᠢ ᠬᠠᠷᠢᠯᠴᠠᠵᠤ ᠲᠡᠭᠦᠨ ᠳᠤ ᠦᠢᠯᠡᠴᠢᠯᠡᠬᠦ ᠳᠦᠷᠢᠮ ᠢ ᠲᠡᠭᠦᠯᠳᠡᠷᠵᠢᠭᠦᠯᠵᠦ ᠂ ︽ | ᠮᠢᠩᠭᠠᠨ ᠬᠥᠮᠥᠨ ᠮᠢᠩᠭᠠᠨ ᠠᠵᠤ ᠠᠬᠤᠶᠢᠯᠠᠯ ᠢ ᠲᠤᠰᠠᠯᠠᠬᠤ ︾ ᠠᠵᠢᠯᠯᠠᠭ᠎ᠠ ᠶᠢ ᠥᠷᠨᠢᠭᠦᠯᠵᠦ ᠂ ᠠᠵᠤ ᠠᠬᠤᠶᠢᠯᠠᠯ ᠢ | ᠰᠡᠳᠬᠢᠯ ᠠᠮᠤᠷ ᠦᠢᠯᠡᠳᠪᠦᠷᠢᠯᠡᠵᠦ ᠂ ᠰᠡᠳᠬᠢᠯ ᠠᠭᠤᠵᠢᠮ ᠢᠶᠠᠷ ᠠᠳᠠᠯ ᠦᠢᠯᠡᠰ ᠴᠣᠭᠴᠠᠯᠠᠭᠤᠯᠵᠤ ᠂ ᠠᠵᠤ | ᠠᠬᠤᠶᠢᠯᠠᠯᠲᠠᠨ ᠢ ︽ ᠰᠡᠳᠬᠢᠯ ᠠᠮᠤᠷ ᠪᠠᠶᠢᠯᠭᠠᠵᠤ ︾ ︽ ᠬᠦᠨᠳᠦᠲᠦ ᠵᠣᠴᠢᠨ ︾ ᠪᠣᠯᠭᠠᠨ᠎ᠠ ᠃ ᠵᠢᠵᠢᠭ ᠪᠢᠴᠢᠯ ᠠᠵᠤ | ᠠᠬᠤᠶᠢᠯᠠᠯ ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠤᠭᠡ ᠶᠢᠨ ᠪᠤᠶᠢᠵᠢᠯᠲᠠ ᠶᠢᠨ ᠲᠥᠯᠥᠪᠯᠡᠭᠡ ᠶᠢ | ᠬᠡᠷᠡᠭᠵᠢᠭᠦᠯᠵᠦ ᠂ ᠪᠦᠬᠦ ᠵᠢᠯ ᠳᠤ ᠰᠢᠨ᠎ᠡ ᠪᠠᠷ ᠳᠠᠩᠰᠠᠯᠠᠭᠤᠯᠤᠭᠰᠠᠨ ᠵᠠᠬ᠎ᠠ ᠳᠡᠯᠭᠡᠭᠦᠷ ᠤᠨ ᠪᠡᠶᠡᠴᠢ ᠴᠣᠭᠴᠠ 1000 | ᠡᠷᠤᠭᠡ ᠠᠴᠠ ᠳᠡᠭᠡᠭᠰᠢ ᠪᠣᠯᠵᠤ ᠂ ︽ ᠬᠤᠪᠢ ᠶᠢᠨ ᠬᠤᠳᠠᠯᠳᠤᠭ᠎ᠠ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ ︾ | ᠠᠵᠤ ᠠᠬᠤᠶᠢᠯᠠᠯ 3 ᠡᠷᠤᠭᠡ ᠠᠴᠠ ᠳᠡᠭᠡᠭᠰᠢ ᠂ ︽ ᠳᠥᠷᠪᠡ ᠶᠢ ᠳᠡᠭᠡᠭᠰᠢᠯᠡᠭᠦᠯᠬᠦ ︾ ᠠᠵᠤ ᠠᠬᠤᠶᠢᠯᠠᠯ 40 ᠶᠢ | ᠰᠢᠨ᠎ᠡ ᠪᠠᠷ ᠨᠡᠮᠡᠭᠳᠡᠭᠦᠯᠦᠨ᠎ᠡ ᠃ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ 12345 ᠰᠢᠭᠤᠳ ᠤᠲᠠᠰᠤ ᠪᠠᠷ | ᠰᠢᠢᠳᠪᠦᠷᠢᠯᠡᠬᠦ ᠶᠢ ︽ ᠨᠢᠭᠡᠳᠦᠭᠡᠷ ᠲᠤ ᠴᠤᠤᠷᠢᠶᠠᠲᠤᠨ ᠲᠠᠭᠠᠵᠤ ᠂ ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ | ᠲᠦᠷᠭᠡᠨ ᠰᠢᠢᠳᠪᠦᠷᠢᠯᠡᠬᠦ ︾ ᠶᠢ ᠬᠡᠷᠡᠭᠵᠢᠭᠦᠯᠵᠦ ᠂ ᠲᠡᠷᠡ ᠳᠠᠷᠤᠢ ᠳᠤᠨᠢ ᠬᠦᠯᠢᠶᠡᠨ ᠠᠪᠴᠤ ᠂ ᠲᠡᠷᠡ ᠳᠠᠷᠤᠢ ᠳᠤᠨᠢ | ᠰᠠᠶᠢᠲᠤᠷ ᠰᠢᠢᠳᠪᠦᠷᠢᠯᠡᠨ᠎ᠡ ᠃ | ᠨᠡᠩ ᠶᠡᠭᠡ ᠢᠲᠡᠭᠡᠯ ᠵᠣᠷᠢᠭ ᠢᠶᠠᠷ ᠴᠢᠳᠠᠪᠤᠷᠢᠲᠠᠨ ᠢ ᠡᠯᠰᠡᠵᠦ ᠤᠶᠤᠨ ᠤᠬᠠᠭᠠᠨ ᠢ ᠨᠢ ᠠᠰᠢᠭᠯᠠᠨ᠎ᠠ ᠃ | ᠴᠢᠳᠠᠪᠤᠷᠢᠲᠠᠨ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ ᠂ ︽ ᠳᠠᠷᠬᠠᠨ | ᠮᠤᠤᠮᠢᠩᠭᠠᠨ ᠤ ᠴᠢᠳᠠᠪᠤᠷᠢᠲᠠᠨ ᠢ ᠬᠠᠳᠠᠭᠠᠯᠠᠬᠤ ᠳᠠᠩᠰᠠ ︾ ᠶᠢ ᠪᠠᠶᠢᠭᠤᠯᠵᠤ ᠂ ᠭᠠᠵᠠᠷ ᠪᠤᠯᠭᠠᠨ ᠤ ᠡᠷᠳᠡᠮᠲᠡᠨ | ᠴᠢᠳᠠᠪᠤᠷᠢᠲᠠᠨ ᠢ ᠴᠤᠭᠯᠠᠭᠤᠯᠤᠨ ᠬᠡᠷᠡᠭᠯᠡᠨ᠎ᠡ ᠃ ᠠᠯᠲᠠᠨ ᠤᠪᠤᠭ᠎ᠠ ᠂ ᠲᠦᠩ ᠸᠧᠢ ᠂ ᠶᠤᠸᠠᠨ ᠵᠢᠩ ᠵᠡᠷᠭᠡ ᠠᠵᠤ | ᠠᠬᠤᠶᠢᠯᠠᠯ ᠲᠠᠢ ᠬᠤᠯᠪᠤᠭᠠᠯᠠᠨ ᠂ ︽ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠳᠠᠷᠬᠠᠨ ᠮᠤᠤᠮᠢᠩᠭᠠᠨ ᠳᠠᠬᠢ | ᠠᠶᠠᠯᠠᠯ ︾ ︽ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠵᠥᠪᠳᠡᠨ ᠶᠠᠷᠢᠯᠴᠠᠬᠤ ᠬᠤᠷᠠᠯ ︾ ᠵᠡᠷᠭᠡ | ᠠᠵᠢᠯᠯᠠᠭ᠎ᠠ ᠶᠢ ᠡᠷᠭᠢᠯᠡᠵᠦ ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ 5 ᠠᠴᠠ ᠳᠡᠭᠡᠭᠰᠢ ᠣᠷᠣᠭᠤᠯᠤᠨ | ᠠᠪᠴᠢᠷᠠᠬᠤ ᠪᠠᠷ ᠴᠢᠷᠮᠠᠶᠢᠨ᠎ᠠ ᠃ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠰᠤᠷᠭᠠᠭᠤᠯᠢ ᠵᠡᠷᠭᠡ ᠲᠠᠪᠴᠠᠩ ᠢ | ᠰᠠᠶᠢᠲᠤᠷ ᠬᠡᠷᠡᠭᠯᠡᠨ ᠂ ᠣᠷᠣᠨ ᠤ ᠳᠣᠲᠣᠷᠠᠬᠢ ᠳᠡᠭᠡᠳᠦ ᠰᠤᠷᠭᠠᠭᠤᠯᠢ ᠲᠠᠢ ᠴᠢᠳᠠᠪᠤᠷᠢᠲᠠᠨ ᠤ ᠠᠵᠢᠯ ᠤᠨ ᠥᠷᠲᠡᠭᠡ | ᠬᠠᠮᠲᠤᠷᠠᠨ ᠪᠠᠶᠢᠭᠤᠯᠵᠤ ᠂ ︽ ᠨᠠᠷᠠᠲᠤ ᠰᠤᠷᠭᠠᠭᠤᠯᠢ ᠶᠢᠨ ᠴᠢᠳᠠᠪᠤᠷᠢᠲᠠᠨ ᠲᠠᠢ ᠰᠢᠭᠤᠳ ᠨᠡᠪᠲᠡᠷᠡᠬᠦ ᠲᠡᠷᠭᠡ ︾ ᠶᠢᠨ | ᠠᠵᠢᠯᠯᠠᠭ᠎ᠠ ᠶᠢ ᠥᠷᠨᠢᠭᠦᠯᠵᠦ ᠂ ᠬᠡᠷᠡᠭᠰᠡᠬᠦ ᠴᠢᠳᠠᠪᠤᠷᠢᠲᠠᠨ ᠢ 20 ᠠᠴᠠ ᠳᠡᠭᠡᠭᠰᠢ ᠣᠷᠣᠭᠤᠯᠤᠨ ᠠᠪᠴᠢᠷᠠᠨ᠎ᠠ ᠃ ︽ | ᠳᠠᠷᠬᠠᠨ ᠮᠤᠤᠮᠢᠩᠭᠠᠨ ᠨᠤᠲᠤᠭ ᠲᠠᠢ ᠭᠠᠳᠠᠨ᠎ᠠ ᠤᠷᠤᠨ ᠳᠤ ᠪᠠᠶᠢᠬᠤ ᠴᠢᠳᠠᠪᠤᠷᠢᠲᠠᠨ ᠤ ᠨᠡᠷᠡᠰ ᠤᠨ ᠵᠢᠭᠰᠠᠭᠠᠯᠲᠠ ︾ | ᠶᠢ ᠨᠠᠶᠢᠷᠠᠭᠤᠯᠵᠤ ᠂ ︽ ᠳᠠᠷᠬᠠᠨ ᠮᠤᠤᠮᠢᠩᠭᠠᠨ ᠤ ᠰᠣᠳᠣᠨ ᠴᠢᠳᠠᠪᠤᠷᠢᠲᠠᠨ ︾ ᠢ ᠳᠠᠷᠬᠠᠨ ᠮᠤᠤᠮᠢᠩᠭᠠᠨ ᠳᠤᠨᠢ | ᠴᠤᠭᠯᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠂ ᠰᠢᠯᠢᠳᠡᠭ ᠴᠢᠳᠠᠪᠤᠷᠢᠲᠠᠨ ᠢ ᠨᠤᠲᠤᠭ ᠲᠠᠭᠠᠨ ᠲᠠᠳᠠᠨ | ᠠᠪᠴᠢᠷᠠᠵᠤ ᠬᠥᠭᠵᠢᠯᠲᠡ ᠳᠤ ᠬᠦᠴᠦᠨ ᠨᠡᠮᠡᠷᠢᠯᠡᠨ᠎ᠡ ᠃ ᠵᠠᠯᠠᠭᠤᠴᠤᠳ ᠤᠨ ᠦᠰᠦᠨ ᠪᠣᠶᠢᠵᠢᠵᠤ ᠴᠢᠳᠠᠪᠤᠷᠢᠲᠠᠨ | ᠪᠣᠯᠬᠤ ᠳᠤ ᠠᠰᠢᠭᠲᠠᠢ ᠣᠷᠴᠢᠨ ᠲᠣᠭᠤᠷᠢᠨ ᠢ ᠢᠳᠡᠪᠬᠢᠲᠡᠢ ᠡᠭᠦᠳᠴᠦ ᠂ ᠠᠵᠢᠯ ᠤᠨ ᠪᠠᠶᠢᠷᠢ ᠳᠠᠭᠠᠨ ᠰᠠᠭᠤᠷᠢᠯᠠᠨ | ᠬᠤᠪᠢ ᠨᠡᠮᠡᠷᠢ ᠦᠵᠡᠭᠦᠯᠵᠦ ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠵᠤ ᠂ ᠨᠡᠩ ᠤᠯᠠᠨ | ᠵᠠᠯᠠᠭᠤ ᠴᠢᠳᠠᠪᠤᠷᠢᠲᠠᠨ ᠢ ᠳᠠᠷᠬᠠᠨ ᠮᠤᠤᠮᠢᠩᠭᠠᠨ ᠳᠤ ᠠᠪᠢᠶᠠᠰ ᠴᠢᠳᠠᠪᠤᠷᠢ ᠪᠠᠨ ᠪᠠᠳᠠᠷᠠᠭᠤᠯᠵᠤ ᠂ ᠬᠥᠮᠥᠨ ᠤ | ᠠᠮᠢᠳᠤᠷᠠᠯ ᠤᠨ ᠭᠡᠷᠡᠯ ᠭᠢᠯᠪᠠᠭ᠎ᠠ ᠪᠠᠨ ᠰᠠᠴᠤᠷᠠᠭᠤᠯᠵᠤ ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠳᠤᠨᠢ ᠠᠰᠢᠭᠲᠠᠢ | ᠤᠷᠴᠢᠨ ᠡᠭᠦᠳᠴᠦ ᠦᠭᠭᠦᠨ᠎ᠡ ᠃ | ︵ ᠲᠠᠪᠤ ︶ ᠦᠵᠡᠰᠬᠦᠯᠡᠩᠲᠦ ᠰᠠᠶᠢᠬᠠᠨ ᠳᠠᠷᠬᠠᠨ ᠮᠤᠤᠮᠢᠩᠭᠠᠨ ᠤ ᠪᠠᠷᠢᠮᠵᠢᠶ᠎ᠠ ᠶᠢ ᠳᠡᠭᠡᠭᠰᠢᠯᠡᠭᠦᠯᠬᠦ ᠠᠵᠢᠯᠯᠠᠭ᠎ᠠ | ᠶᠢ ᠬᠡᠷᠡᠭᠵᠢᠭᠦᠯᠵᠦ ᠂ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ | ᠲᠡᠷᠢᠭᠦᠨ ᠳᠤ ᠣᠷᠣᠬᠤ ᠪᠠᠷ ᠮᠡᠷᠡᠶᠢᠨ ᠴᠢᠷᠮᠠᠶᠢᠨ᠎ᠠ ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠤᠭᠲᠠᠮᠠᠯ ᠬᠦᠴᠦᠨ ᠢ ᠪᠠᠲᠤᠯᠠᠵᠤ ᠂ ᠠᠭᠤᠯᠠ ᠤᠰᠤ ᠤᠢ ᠰᠢᠭᠤᠢ | ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ | ᠨᠢᠭᠡᠳᠦᠯᠲᠡᠢ ᠲᠥᠯᠥᠪᠵᠢᠭᠦᠯᠵᠦ ᠂ ᠠᠯᠬᠤᠮ ᠳᠠᠷᠠᠭᠠᠯᠠᠨ ᠠᠵᠢᠯᠯᠠᠵᠤ ᠂ ᠤᠯᠤᠰ ᠤᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠤᠨ ᠲᠠᠬᠢᠨ ᠬᠢᠨᠠᠯᠲᠠ ᠪᠠᠷ ᠳᠠᠮᠵᠢᠭᠤᠯᠵᠤ ᠂ ᠳᠠᠷᠬᠠᠨ | ᠮᠤᠤᠮᠢᠩᠭᠠᠨ ᠤ ᠨᠣᠮᠢᠨ ᠨᠣᠭᠤᠭᠠᠨ ᠂ ᠠᠷᠢᠭᠤᠨ ᠴᠡᠪᠡᠷ ᠠᠭᠠᠷ ᠤᠷᠴᠢᠨ ᠢ ᠡᠷᠡᠰ ᠪᠠᠲᠤ ᠰᠠᠬᠢᠨ ᠬᠠᠮᠠᠭᠠᠯᠠᠨ᠎ᠠ ᠃ | ᠠᠮᠢ ᠠᠬᠤᠢ ᠶᠢ ᠬᠠᠮᠠᠭᠠᠯᠠᠨ ᠰᠡᠷᠭᠦᠭᠡᠬᠦ ᠬᠦᠴᠢᠷ ᠠᠰᠠᠭᠤᠳᠠᠯ ᠤᠨ ᠰᠢᠢᠳᠪᠦᠷᠢᠯᠡᠬᠦ ᠳᠠᠶᠢᠯᠠᠯᠳᠤᠭᠠᠨ ᠢ | ᠰᠠᠶᠢᠲᠤᠷ ᠬᠢᠨ᠎ᠡ ᠃ ︽ ᠭᠤᠷᠪᠠᠨ ᠤᠮᠠᠷᠠᠲᠤ ︾ ᠶᠢᠨ ᠵᠢᠷᠭᠤᠳᠤᠭᠠᠷ ᠬᠤᠭᠤᠴᠠᠭᠠᠨ ᠤ ᠣᠶ ᠰᠢᠭᠤᠢ ᠡᠪᠡᠰᠦ ᠪᠡᠯᠴᠢᠭᠡᠷ | ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠨᠠᠶᠢᠳᠠᠪᠤᠷᠢᠵᠢᠭᠤᠯᠵᠤ ᠂ ᠮᠤᠨᠢ ᠠᠭᠤᠯᠠ ᠶᠢᠨ ᠠᠷᠤ ᠬᠤᠷᠮᠣᠢ ᠶᠢᠨ ᠠᠮᠢ | ᠠᠬᠤᠢ ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠦᠨ ᠂ 161 ᠲᠦᠮᠡᠨ ᠮᠧᠲᠷ ᠤᠷᠲᠤᠳᠬᠠᠨ | ᠪᠢᠲᠡᠭᠦᠮᠵᠢᠯᠡᠵᠦ ᠂ 1.48 ᠲᠦᠮᠡᠨ ᠮᠦ ᠲᠠᠴᠢᠷᠰᠢᠭᠰᠠᠨ ᠨᠤᠲᠤᠭ ᠪᠡᠯᠴᠢᠭᠡᠷ ᠢ ᠵᠠᠰᠠᠨ ᠰᠡᠷᠭᠦᠭᠡᠪᠡ ᠃ ᠦᠨᠳᠦᠰᠦᠨ | ᠨᠤᠲᠤᠭ ᠪᠡᠯᠴᠢᠭᠡᠷ ᠢ ᠬᠠᠮᠠᠭᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠂ ᠪᠡᠯᠴᠢᠭᠡᠷᠯᠡᠭᠦᠯᠬᠦ ᠶᠢ | ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ ᠢ ᠴᠢᠩᠭ᠎ᠠ ᠬᠡᠷᠡᠭᠵᠢᠭᠦᠯᠵᠦ ᠂ ᠨᠤᠲᠤᠭ ᠪᠡᠯᠴᠢᠭᠡᠷ ᠤᠨ | ᠬᠡᠳᠤ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢ ᠡᠬᠢᠯᠡᠭᠦᠯᠵᠦ ᠂ ᠨᠤᠲᠤᠭ ᠪᠡᠯᠴᠢᠭᠡᠷ ᠤᠨ | ᠳᠠᠭᠠᠳᠬᠠᠯ ᠤᠨ ᠲᠤᠷᠰᠢᠯᠲᠠ ᠶᠢ ᠢᠳᠡᠪᠬᠢᠲᠡᠢ ᠲᠡᠮᠡᠴᠡᠨ ᠣᠯᠣᠨ᠎ᠠ ᠃ ᠣᠶ ᠰᠢᠭᠤᠢ ᠶᠢᠨ ᠳᠠᠷᠤᠭ᠎ᠠ ᠶᠢᠨ ᠳᠦᠷᠢᠮ ᠢ | ᠭᠦᠨᠵᠡᠭᠡᠢ ᠨᠠᠶᠢᠳᠠᠪᠤᠷᠢᠵᠢᠭᠤᠯᠵᠤ ᠂ ᠣᠶ ᠰᠢᠭᠤᠢ ᠡᠪᠡᠰᠦ ᠪᠡᠯᠴᠢᠭᠡᠷ ᠲᠤ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ | ᠵᠠᠰᠠᠬᠤ ᠶᠢ ᠦᠷᠭᠦᠯᠵᠢᠯᠡᠨ ᠴᠢᠩᠭᠠᠳᠬᠠᠵᠤ ᠂ ᠠᠮᠢ ᠠᠬᠤᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ | ᠰᠠᠬᠢᠨ᠎ᠠ ᠃ ᠠᠭᠤᠷᠬᠠᠢ ᠶᠢᠨ ᠠᠮᠢ ᠠᠬᠤᠢ ᠶᠢᠨ ᠰᠡᠷᠭᠦᠭᠡᠯᠲᠡ ᠶᠢᠨ ᠲᠦᠷᠦᠯ ᠵᠦᠢᠯ ᠢ ᠲᠦᠯᠬᠢᠨ ᠠᠬᠢᠭᠤᠯᠵᠤ ᠂ | 1113.6 ᠮᠦ ᠲᠠᠷᠢᠶᠠᠨ ᠭᠠᠵᠠᠷ ᠢ ᠨᠥᠬᠦᠪᠦᠷᠢᠯᠡᠬᠦ ᠲᠦᠷᠦᠯ ᠵᠦᠢᠯ ᠢ ᠬᠡᠷᠡᠭᠵᠢᠭᠦᠯᠵᠦ ᠂ 1.05 ᠲᠡᠭᠰᠢ | ᠳᠥᠷᠪᠡᠯᠵᠢᠨ ᠺᠢᠯᠣᠮᠧᠲᠷ ᠬᠠᠶᠠᠭᠳᠠᠮᠠᠯ ᠠᠭᠤᠷᠬᠠᠢ ᠶᠢ ᠵᠠᠰᠠᠨ ᠴᠡᠭᠴᠡᠯᠡᠨ᠎ᠡ ᠃ ᠰᠢ ᠪᠢᠶᠠᠨ ᠾᠧ ᠭᠤᠣᠯ ᠤᠨ ᠳᠡᠭᠡᠳᠦ | ᠤᠷᠤᠰᠬᠠᠯ ᠤᠨ ᠬᠡᠰᠡᠭ ᠤᠨ ᠦᠶᠡᠷ ᠢ ᠰᠡᠷᠭᠡᠶᠢᠯᠡᠨ ᠵᠠᠰᠠᠬᠤ ᠂ ᠲᠠ ᠪᠦ᠋ ᠾᠧ ᠭᠤᠣᠯ ᠤᠨ ᠳᠠᠷᠬᠠᠨ ᠮᠤᠤᠮᠢᠩᠭᠠᠨ | ᠳᠠᠬᠢ ᠬᠡᠰᠡᠭ ᠤᠨ ᠭᠤᠣᠯ ᠤᠨ ᠵᠠᠮ ᠢ ᠵᠠᠰᠠᠬᠤ ᠵᠡᠷᠭᠡ 9 ᠲᠦᠷᠦᠯ ᠵᠦᠢᠯ ᠢ ᠬᠡᠷᠡᠭᠵᠢᠭᠦᠯᠵᠦ ᠂ ᠠᠮᠢ ᠠᠬᠤᠢ ᠶᠢᠨ | ᠠᠷᠢᠭᠤᠨ ᠴᠡᠪᠡᠷ ᠵᠢᠵᠢᠭ ᠰᠠᠪᠠ ᠭᠠᠵᠠᠷ ᠤᠨ 60 ᠲᠡᠭᠰᠢ ᠳᠥᠷᠪᠡᠯᠵᠢᠨ ᠺᠢᠯᠣᠮᠧᠲᠷ ᠬᠥᠷᠥᠰᠥ ᠰᠢᠷᠣᠢ ᠶᠢ | ᠴᠡᠭᠴᠡᠯᠡᠨ ᠬᠠᠮᠠᠭᠠᠯᠠᠨ᠎ᠠ ᠃ ᠨᠢᠮᠪᠡᠭᠡ ᠶᠢᠨ ᠡᠪᠡᠰᠦ ᠪᠣᠷᠳᠣᠭᠠᠨ ᠤ ᠠᠵᠤ ᠦᠢᠯᠡᠰ ᠢ ᠲᠦᠷᠭᠡᠳᠬᠡᠨ ᠬᠥᠭᠵᠢᠭᠦᠯᠵᠦ ᠂ | ᠨᠢᠮᠪᠡᠭᠡ ᠶᠢᠨ ᠡᠩ ᠤᠨ ᠭᠤᠤᠷᠰᠤ ᠶᠢ ᠶᠡᠷᠦᠩᠬᠡᠶᠢᠯᠡᠨ ᠠᠰᠢᠭᠯᠠᠬᠤ ᠂ ᠨᠥᠬᠦᠵᠦ ᠲᠠᠷᠢᠬᠤ ᠵᠡᠷᠭᠡ ᠲᠥᠷᠥᠯ ᠵᠦᠢᠯ ᠢ | ᠬᠡᠷᠡᠭᠵᠢᠭᠦᠯᠦᠨ ᠂ ᠠᠭᠯᠠᠭ ᠠᠭᠤᠯᠠ ᠠᠲᠠᠷ ᠲᠠᠯ᠎ᠠ ᠶᠢ ︽ ᠨᠤᠮᠢᠨ ᠨᠤᠭᠤᠭᠠᠨ ︾ ᠮᠥᠷᠲᠡᠭᠡᠨ ︽ ᠠᠰᠢᠭ ᠡᠭᠦᠳᠬᠦ ︾ | ᠪᠣᠯᠭᠠᠨ᠎ᠠ ᠃ | ᠪᠣᠬᠢᠷᠲᠤᠯ ᠢ ᠰᠡᠷᠭᠡᠶᠢᠯᠡᠨ ᠵᠠᠰᠠᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠲᠠᠶᠢᠨ ᠢ ᠰᠠᠶᠢᠲᠤᠷ ᠬᠢᠨ᠎ᠡ ᠃ | ᠠᠮᠢ ᠠᠬᠤᠢ ᠶᠢᠨ ᠣᠷᠴᠢᠨ ᠨᠥᠬᠦᠴᠡᠯ ᠤᠨ ᠬᠦᠷᠢᠶᠡᠨ ᠳᠠᠬᠢ ᠶᠡᠭᠡ ᠪᠠᠶᠢᠴᠠᠭᠠᠯᠲᠠ ᠶᠡᠭᠡ ᠴᠡᠭᠴᠡᠯᠡᠯᠲᠡ ᠶᠢᠨ | ᠠᠵᠢᠯᠯᠠᠭ᠎ᠠ ᠶᠢ ᠥᠷᠨᠢᠭᠦᠯᠵᠦ ᠂ ᠦᠨᠡᠨ ᠢ ᠪᠠᠷᠢᠮᠲᠠᠯᠠᠨ ᠬᠠᠲᠠᠭᠤ ᠢ ᠬᠦᠨᠳᠡᠵᠦ ᠂ ᠥᠩᠭᠡᠨ ᠲᠠᠯ᠎ᠠ ᠪᠠ ᠦᠨᠳᠦᠰᠦ | ᠰᠤᠷᠪᠤᠯᠵᠢ ᠶᠢ ᠨᠢ ᠵᠡᠷᠭᠡ ᠪᠠᠷ ᠵᠠᠰᠠᠵᠤ ᠂ ᠰᠢᠨ᠎ᠡ ᠨᠢᠭᠡ ᠡᠭᠡᠯᠵᠢ ᠶᠢᠨ ᠣᠷᠴᠢᠨ ᠠᠬᠤᠢ ᠶᠢᠨ ᠬᠠᠮᠠᠭᠠᠯᠠᠯᠲᠠ ᠶᠢᠨ | ᠬᠢᠨᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠡᠰ | ᠪᠡᠶᠡᠯᠡᠭᠦᠯᠦᠨ᠎ᠡ ᠃ ᠠᠭᠠᠷ ᠮᠠᠨᠳᠠᠯ ᠤᠨ ᠶᠠᠰᠤ ᠴᠢᠨᠠᠷ ᠢ ᠰᠠᠶᠢᠵᠢᠷᠠᠭᠤᠯᠤᠨ ᠳᠡᠭᠡᠭᠰᠢᠯᠡᠭᠦᠯᠬᠦ ᠢᠨᠵᠧᠨᠧᠷᠢᠩ ᠢ | ᠬᠡᠷᠡᠭᠵᠢᠭᠦᠯᠵᠦ ᠂ ᠵᠢᠢ ᠳ᠋ᠦᠩ ᠱᠦᠢᠨᠢ ᠶᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠂ ᠰᠢᠨ᠎ᠠ | ᠳᠠᠷᠬᠠᠨ ᠮᠤᠤᠮᠢᠩᠭᠠᠨ ᠬᠤᠪᠣᠷ ᠰᠢᠷᠣᠢ ᠶᠢᠨ ᠬᠠᠶᠠᠭᠳᠠᠮᠠᠯ ᠬᠡᠢ ᠶᠢ ᠵᠠᠰᠠᠬᠤ ᠂ ᠡᠰᠢ ᠰᠦᠷᠡᠯ ᠢ ᠪᠣᠷᠳᠣᠭᠤᠷ ᠪᠣᠯᠭᠠᠨ | ᠠᠰᠢᠭᠯᠠᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠂ ᠳᠡᠭᠳᠡᠮᠡᠬᠡᠢ | ᠴᠢᠨᠠᠷᠲᠠᠢ ᠣᠷᠭᠠᠨᠢᠭ ᠪᠣᠳᠠᠰ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ ᠂ ᠣᠷᠴᠢᠨ ᠲᠣᠭᠤᠷᠢᠨ ᠤ ᠠᠭᠠᠷ ᠤᠨ | ᠶᠠᠰᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠬᠦ ᠶᠢ ᠦᠨᠡᠨ ᠬᠦ ᠪᠠᠲᠤᠯᠠᠨ᠎ᠠ ᠃ ᠤᠰᠤᠨ ᠤ ᠣᠷᠴᠢᠨ | ᠲᠣᠭᠤᠷᠢᠨ ᠤ ᠴᠢᠨᠠᠷ ᠢ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠵᠦ ᠂ ᠤᠤᠭᠤᠬᠤ ᠤᠰᠤᠨ ᠤ ᠡᠬᠢ | ᠰᠤᠷᠪᠤᠯᠵᠢ ᠶᠢᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ ᠂ ᠦᠯᠡᠳᠡᠭᠳᠡᠯ ᠬᠦᠳᠡᠷ ᠤᠨ ᠬᠥᠮᠥᠷᠭᠡ ᠶᠢᠨ | ᠤᠰᠤᠨ ᠤ ᠣᠷᠴᠢᠨ ᠲᠣᠭᠤᠷᠢᠨ ᠤ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠬᠢᠨᠠᠨ ᠬᠠᠮᠢᠶᠠᠷᠬᠤ ᠡᠷᠴᠢᠮ ᠢᠶᠠᠨ | ᠴᠢᠩᠭᠠᠷᠠᠭᠤᠯᠵᠤ ᠂ ᠪᠠᠯᠭᠠᠰᠤᠨ ᠤ ᠲᠠᠰ ᠤᠨ ᠪᠣᠬᠢᠷ ᠤᠰᠤ ᠰᠢᠢᠳᠪᠦᠷᠢᠯᠡᠬᠦ ᠥᠷᠲᠡᠭᠡ 1 ᠶᠢ ᠰᠢᠨ᠎ᠡ ᠪᠠᠷ | ᠪᠠᠶᠢᠭᠤᠯᠤᠨ᠎ᠠ ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ ᠂ | ᠭᠤᠣᠯ ᠮᠥᠷᠡᠨ ᠨᠠᠭᠤᠷ ᠴᠥᠭᠦᠷᠥᠮ ᠤᠨ ︽ ᠳᠦᠷᠪᠡᠨ ᠡᠷᠦᠢ ᠬᠤᠷᠤᠢ ᠦᠭᠡᠢ ᠪᠠᠶᠢᠳᠠᠯ ᠢ ᠠᠷᠢᠯᠭᠠᠬᠤ ︾ | ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠦᠨ᠎ᠡ ᠃ ᠬᠥᠷᠥᠰᠥ ᠰᠢᠷᠣᠢ ᠶᠢᠨ ᠴᠢᠨᠠᠷ ᠢ ᠰᠠᠶᠢᠵᠢᠷᠠᠭᠤᠯᠬᠤ | ᠢᠨᠵᠧᠨᠧᠷᠢᠩ ᠢ ᠬᠡᠷᠡᠭᠵᠢᠭᠦᠯᠵᠦ ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠬᠥᠷᠥᠰᠥ ᠰᠢᠷᠣᠢ ᠶᠢᠨ | ᠪᠣᠬᠢᠷᠲᠤᠯ ᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠶᠢ ᠴᠢᠩᠭᠠᠳᠬᠠᠨ ᠂ ᠬᠠᠲᠠᠭᠤ ᠪᠡᠶᠡᠲᠦ ᠬᠠᠶᠠᠭᠳᠠᠮᠠᠯ | ᠪᠤᠳᠠᠰ ᠂ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠂ ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠲᠤᠯ ᠵᠡᠷᠭᠡ | ᠶᠢ ᠵᠠᠰᠠᠨ ᠴᠡᠭᠴᠡᠯᠡᠬᠦ ᠶᠢ ᠠᠬᠢᠭᠤᠯᠵᠤ ᠂ ᠭᠤᠣᠯᠳᠠᠯᠭ᠎ᠠ ᠲᠠᠢ ᠣᠷᠣᠨ ᠪᠦᠰᠡ ᠶᠢᠨ ᠰᠦᠯᠢᠶᠥᠦ ᠪᠦᠷᠬᠦᠪᠴᠢ ᠶᠢ | ᠪᠤᠴᠠᠭᠠᠨ ᠬᠤᠷᠢᠶᠠᠬᠤ ᠨᠣᠷᠮ᠎ᠠ ᠂ ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠲᠤᠯ ᠢ ᠡᠬᠢ ᠪᠠᠶᠠᠯᠢᠭᠵᠢᠭᠤᠯᠤᠨ | ᠠᠰᠢᠭᠯᠠᠬᠤ ᠨᠣᠷᠮ᠎ᠠ ᠶᠢ ᠴᠥᠮ 90% ᠠᠴᠠ ᠳᠡᠭᠡᠭᠰᠢ ᠪᠤᠯᠭᠠᠨ᠎ᠠ ᠃ | ᠠᠷᠪᠢᠴᠢ ᠡᠷᠴᠢᠮᠯᠢᠭ ᠪᠠᠶᠢᠯᠭᠠᠬᠤ ᠠᠵᠢᠯᠯᠠᠭᠠᠨ ᠢ ᠰᠠᠶᠢᠲᠤᠷ ᠬᠢᠨ᠎ᠡ ᠃ ︽ ᠲᠠᠪᠤᠨ ᠦᠨᠳᠦᠰᠦᠨ ᠵᠦᠢᠯ ᠢ | ᠶᠡᠭᠡ ᠪᠠᠷ ᠡᠬᠢᠯᠡᠭᠦᠯᠬᠦ ︾ ᠠᠵᠢᠯᠯᠠᠭ᠎ᠠ ᠶᠢ ᠭᠦᠨᠵᠡᠭᠡᠶᠢᠷᠡᠭᠦᠯᠵᠦ ᠂ 137.4 ᠮᠦ ᠰᠤᠯᠠ ᠭᠠᠵᠠᠷ ᠰᠢᠷᠣᠢ ᠶᠢ | ᠰᠢᠢᠳᠪᠦᠷᠢᠯᠡᠵᠦ ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ 110.5 ᠮᠦ ᠭᠠᠵᠠᠷ ᠰᠢᠷᠣᠢ ᠶᠢ ᠨᠡᠶᠢᠯᠡᠭᠦᠯᠦᠨ ᠂ | ᠨᠡᠶᠢᠭᠡᠮ ᠤᠨ ᠪᠡᠯᠡ ᠣᠷᠣᠭᠤᠯᠤᠯᠲᠠ ᠶᠢᠨ ᠲᠥᠷᠥᠯ ᠤᠨ ︽ ᠬᠠᠭᠠᠰ ᠳᠤᠲᠠᠭᠤ ︾ ᠢᠨᠵᠧᠨᠧᠷᠢᠩ ᠢ | ᠠᠮᠢᠳᠤᠯᠢᠭᠵᠢᠭᠤᠯᠤᠨ ᠰᠢᠢᠳᠪᠦᠷᠢᠯᠡᠬᠦ ᠶᠢ ᠲᠦᠷᠭᠡᠳᠬᠡᠵᠦ ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ︽ ᠦᠬᠦᠰᠢᠷᠡᠮᠡᠯ ᠠᠵᠤ ᠠᠬᠤᠶᠢᠯᠠᠯ ︾ ︽ ᠦᠬᠦᠰᠢᠷᠡᠮᠡᠯ ᠲᠥᠷᠥᠯ ᠵᠦᠢᠯ ︾ ᠢ ᠢᠯᠭᠠᠷᠠᠭᠤᠯᠤᠨ ᠪᠤᠴᠠᠭᠠᠬᠤ ᠠᠵᠢᠯ ᠢ | ᠪᠡᠶᠡᠯᠡᠭᠦᠯᠦᠨ᠎ᠡ ᠃ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠂ ᠠᠵᠤ ᠦᠢᠯᠡᠳᠪᠦᠷᠢ ᠶᠢᠨ | ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠂ ᠬᠤᠳᠠ ᠪᠠᠯᠭᠠᠰᠤᠨ ᠤ ᠤᠰᠤ | ᠠᠷᠪᠢᠯᠠᠵᠤ ᠬᠤᠬᠢᠷᠠᠯ ᠢ ᠪᠠᠭᠠᠰᠬᠠᠬᠤ ᠠᠵᠢᠯᠯᠠᠭ᠎ᠠ ᠶᠢ ᠥᠷᠨᠢᠭᠦᠯᠵᠦ ᠂ ᠡᠨᠧᠷᠭᠢ ᠠᠷᠪᠢᠯᠠᠵᠤ ᠤᠰᠤ ᠠᠷᠪᠢᠯᠠᠬᠤ | ᠮᠡᠷᠭᠡᠵᠢᠯ ᠤᠨ ᠥᠭᠡᠷᠡᠴᠢᠯᠡᠯᠲᠡ ᠶᠢᠨ 5 ᠲᠦᠷᠦᠯ ᠵᠦᠢᠯ ᠢ ᠬᠡᠷᠡᠭᠵᠢᠭᠦᠯᠵᠦ ᠂ ᠲᠠᠬᠢᠨ ᠠᠰᠢᠭᠯᠠᠬᠤ ᠤᠰᠤ ᠶᠢ | ᠨᠡᠭᠡᠭᠡᠨ ᠠᠰᠢᠭᠯᠠᠬᠤ ᠶᠢ ᠲᠦᠯᠬᠢᠨ ᠠᠬᠢᠭᠤᠯᠤᠨ᠎ᠠ ᠃ ᠰᠢᠨ᠎ᠡ ᠨᠢᠭᠡ ᠡᠭᠡᠯᠵᠢ ᠶᠢᠨ ᠠᠭᠤᠷᠬᠠᠢ ᠬᠠᠶᠢᠬᠤ ᠠᠵᠢᠯᠯᠠᠭ᠎ᠠ | ᠶᠢ ᠥᠷᠨᠢᠭᠦᠯᠵᠦ ᠂ ᠪᠠᠶᠠᠨᠬᠤᠸᠠ ᠨᠡᠭᠦᠷᠡᠰᠦᠨ ᠠᠭᠤᠷᠬᠠᠢ ᠂ ᠪᠦᠯᠦᠩᠲᠦ ᠹᠣᠰᠹᠣᠷ ᠤᠨ ᠠᠭᠤᠷᠬᠠᠢ ᠂ ᠮᠠᠨᠳᠤᠯ ᠤᠨ | ᠬᠠᠷ᠎ᠠ ᠲᠤᠭᠤᠯᠭ᠎ᠠ ᠴᠠᠶᠢᠷ ᠤᠨ ᠠᠭᠤᠷᠬᠠᠢ ᠵᠡᠷᠭᠡ ᠶᠢ ᠬᠠᠶᠢᠨ ᠪᠠᠶᠢᠴᠠᠭᠠᠵᠤ ᠨᠡᠭᠡᠭᠡᠨ ᠬᠥᠭᠵᠢᠭᠦᠯᠬᠦ ᠲᠥᠷᠥᠯ ᠵᠦᠢᠯ ᠢ | ᠴᠢᠷᠮᠠᠶᠢᠨ ᠬᠡᠷᠡᠭᠵᠢᠭᠦᠯᠵᠦ ᠂ 5 ᠡᠬᠢ ᠪᠠᠶᠠᠯᠢᠭ ᠤᠨ ᠠᠭᠤᠷᠬᠠᠢ ᠬᠠᠶᠢᠬᠤ ᠡᠷᠬᠡ ᠶᠢᠨ ᠪᠠᠶᠢᠷᠢᠯᠠᠭᠤᠯᠤᠯᠲᠠ ᠶᠢ | ᠪᠡᠶᠡᠯᠡᠭᠦᠯᠦᠨ᠎ᠡ ᠃ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ︽ ᠬᠤᠣᠰ ᠲᠤᠷᠰᠢᠯᠲᠠ ︾ ᠶᠢᠨ ᠪᠦᠲᠦᠭᠡᠨ | ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ ᠂ ᠬᠦᠯᠡᠮᠵᠢ ᠶᠢᠨ ᠬᠡᠢ ᠪᠡᠶᠡᠲᠦ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠬᠠᠮᠢᠶᠠᠷᠤᠯᠲᠠ ᠶᠢᠨ ᠲᠠᠪᠴᠠᠩ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ | ᠪᠡᠶᠡᠯᠡᠭᠦᠯᠵᠦ ᠂ ᠦᠬᠡᠷ ᠬᠤᠳᠳᠤᠭ ᠪᠠᠯᠭᠠᠰᠤ ᠶᠢ ᠤᠯᠤᠰ ᠤᠨ ᠲᠠᠰ ᠤᠨ ︽ ᠬᠤᠶᠠᠷ ᠠᠭᠤᠯᠠ ︾ ᠶᠢᠨ ᠦᠢᠯᠡᠳᠦᠯᠭᠡ | ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠲᠤ ᠣᠷᠣᠭᠤᠯᠬᠤ ᠶᠢ ᠦᠨᠡᠨ ᠬᠦ ᠪᠠᠲᠤᠯᠠᠨ᠎ᠠ ᠃ ᠣᠶ ᠰᠢᠭᠤᠢ ᠡᠪᠡᠰᠦ | ᠪᠡᠯᠴᠢᠭᠡᠷ ᠤᠨ ᠨᠡᠭᠦᠷᠡᠰᠦᠲᠥ᠋ᠷᠥᠭᠴᠢ ᠬᠤᠷᠠᠬᠤ ᠲᠤᠷᠰᠢᠯᠲᠠ ᠶᠢᠨ ᠴᠡᠭ ᠂ ᠨᠡᠭᠦᠷᠡᠰᠦᠲᠥ᠋ᠷᠥᠭᠴᠢ ᠬᠤᠷᠠᠬᠤ ᠴᠢᠳᠠᠮᠵᠢ | ᠶᠢ ᠬᠢᠨᠠᠨ ᠬᠡᠮᠵᠢᠬᠦ ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ ᠨᠡᠭᠡᠭᠡᠨ ᠬᠥᠭᠵᠢᠭᠦᠯᠬᠦ ᠵᠡᠷᠭᠡ ᠲᠥᠷᠥᠯ | ᠵᠦᠢᠯ ᠢ ᠬᠡᠷᠡᠭᠵᠢᠭᠦᠯᠵᠦ ᠂ ᠣᠶ ᠰᠢᠭᠤᠢ ᠡᠪᠡᠰᠦ ᠪᠡᠯᠴᠢᠭᠡᠷ ᠤᠨ ᠨᠡᠭᠦᠷᠡᠰᠦᠲᠥ᠋ᠷᠥᠭᠴᠢ ᠬᠤᠷᠠᠬᠤ ᠲᠤᠷᠰᠢᠯᠲᠠ ᠶᠢᠨ | ᠣᠷᠣᠨ ᠢ ᠪᠦᠲᠦᠭᠡᠨ ᠪᠠᠶᠢᠭᠤᠯᠤᠨ᠎ᠠ ᠃ | ︵ ᠵᠢᠷᠭᠤᠭ᠎ᠠ ︶ ᠬᠤᠲᠠ ᠬᠥᠳᠡᠭᠡ ᠶᠢᠨ ᠬᠠᠷᠢᠯᠴᠠᠨ ᠠᠭᠤᠰᠤᠯᠴᠠᠵᠤ ᠵᠡᠷᠭᠡᠪᠡᠷ ᠤᠷᠤᠭᠰᠢᠯᠠᠬᠤ ᠠᠵᠢᠯᠯᠠᠭ᠎ᠠ ᠶᠢ | ᠬᠡᠷᠡᠭᠵᠢᠭᠦᠯᠵᠦ ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠤ ᠦᠢᠯᠡᠰ ᠤᠨ ᠪᠦᠬᠦᠯᠢ ᠴᠣᠭᠴᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠬᠦ ᠲᠠᠯ᠎ᠠ ᠪᠠᠷ ᠲᠡᠷᠢᠭᠦᠨ ᠳᠤ ᠣᠷᠣᠬᠤ ᠪᠠᠷ ᠮᠡᠷᠡᠶᠢᠨ ᠴᠢᠷᠮᠠᠶᠢᠨ᠎ᠠ ᠃ ᠰᠢᠨ᠎ᠡ ᠬᠡᠯᠪᠡᠷᠢ ᠶᠢᠨ | ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠨᠢᠭᠡᠳᠦᠯᠲᠡᠢ ᠲᠥᠯᠥᠪᠵᠢᠭᠦᠯᠵᠦ ᠂ ︽ ᠨᠢᠭᠡ ᠬᠤᠰᠢᠭᠤ ᠰᠢᠶᠠᠨ ᠳᠤ ᠨᠢᠭᠡ ᠲᠦᠷᠦ ᠶᠢᠨ ᠪᠣᠳᠣᠯᠭ᠎ᠠ ︾ ᠶᠢᠨ ᠲᠥᠰᠥᠯ | ᠢ ᠨᠠᠶᠢᠳᠠᠪᠤᠷᠢᠵᠢᠭᠤᠯᠵᠤ ᠂ ᠠᠵᠤ ᠦᠢᠯᠡᠳᠪᠦᠷᠢ ᠪᠠᠷ ᠲᠠᠷᠢᠶᠠᠯᠠᠩ ᠢ ᠨᠥᠬᠦᠪᠦᠷᠢᠯᠡᠬᠦ ᠂ ᠬᠤᠲᠠ ᠪᠠᠷ ᠬᠥᠳᠡᠭᠡ | ᠲᠣᠰᠬᠤᠨ ᠢ ᠳᠠᠶᠢᠴᠢᠯᠠᠬᠤ ᠂ ᠴᠢᠬᠤᠯᠠ ᠡᠯᠧᠮᠧᠨ᠋ᠲ ᠢ ᠬᠤᠣᠰ ᠴᠢᠭᠯᠡᠯ ᠢᠶᠠᠷ ᠰᠢᠯᠵᠢᠭᠦᠯᠬᠦ ᠶᠢ ᠴᠢᠩᠭᠠᠳᠬᠠᠵᠤ ᠂ | ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠶᠢᠷᠢᠰᠢᠯ ᠢ ᠲᠦᠷᠭᠡᠨ ᠪᠦᠷᠢᠯᠳᠦᠭᠦᠯᠦᠨ᠎ᠡ ᠃ | ᠪᠠᠲᠤᠬᠠᠭᠠᠯᠭ᠎ᠠ ᠶᠢᠨ ᠬᠤᠲᠠ ᠪᠠᠯᠭᠠᠰᠤ ᠶᠢ ᠰᠢᠨᠡᠳᠬᠡᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠤᠨ᠎ᠠ ᠃ | ᠬᠤᠲᠠ ᠶᠢ ᠡᠵᠡᠩᠨᠡᠬᠦ ᠣᠨᠣᠯᠵᠢᠬᠤᠨ ᠢ ᠪᠣᠶ ᠪᠣᠯᠭᠠᠵᠤ ᠂ ᠳᠠᠷᠬᠠᠨ ᠮᠤᠤᠮᠢᠩᠭᠠᠨ ᠤ ᠬᠥᠮᠥᠨ ᠨᠢᠭᠡᠪᠦᠷᠢ ᠶᠢ ᠬᠥᠲᠥᠯᠥᠨ | ᠵᠢᠯᠤᠭᠤᠳᠴᠤ ︽ ᠪᠣᠯᠪᠠᠰᠤᠨ ᠬᠤᠲᠠ ︾ ︽ ᠡᠷᠡᠭᠦᠯ ᠬᠠᠮᠠᠭᠠᠯᠠᠯ ᠤᠨ ᠬᠤᠲᠠ ︾ ᠶᠢᠨ ᠪᠦᠲᠦᠭᠡᠨ ᠪᠠᠶᠢᠭᠤᠯᠤᠯᠲᠠ ᠳᠤ | ᠣᠷᠣᠯᠴᠠᠭᠤᠯᠵᠤ ᠂ ᠡᠵᠡᠨ ᠬᠥᠮᠥᠨ ᠤ ᠣᠪᠣᠷ ᠢᠶᠠᠷ ᠪᠠᠲᠤᠬᠠᠭᠠᠯᠭ᠎ᠠ ᠪᠠᠯᠭᠠᠰᠤ ᠶᠢ ᠥᠪᠡᠷ ᠤᠨ ᠭᠡᠷ ᠢᠶᠠᠨ ᠪᠣᠯᠭᠠᠨ | ᠬᠠᠮᠢᠶᠠᠷᠤᠨ᠎ᠠ ᠃ ᠬᠢᠯᠢ ᠶᠢᠨ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠥᠪ ᠤᠨ | ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ ᠥᠷᠨᠢᠭᠦᠯᠵᠦ ᠂ ᠲᠠᠯᠠᠪᠠᠶ ᠶᠢ ᠳᠡᠰ | ᠳᠡᠪᠰᠢᠭᠦᠯᠬᠦ ᠂ ᠵᠠᠮ ᠢ ᠥᠭᠡᠷᠡᠴᠢᠯᠡᠬᠦ ᠵᠡᠷᠭᠡ 10 ᠲᠥᠷᠥᠯ ᠵᠦᠢᠯ ᠢ ᠬᠡᠷᠡᠭᠵᠢᠭᠦᠯᠵᠦ ᠂ 41 ᠣᠯᠠᠨ ᠨᠡᠶᠢᠲᠡ ᠶᠢᠨ | ᠴᠠᠬᠢᠯᠭᠠᠨ ᠴᠡᠨᠡᠭᠯᠡᠬᠦ ᠱᠣᠩ ᠢ ᠰᠢᠨ᠎ᠡ ᠪᠠᠷ ᠪᠠᠶᠢᠷᠢᠰᠢᠭᠤᠯᠤᠨ᠎ᠠ ᠃ ᠬᠤᠳᠠ ᠶᠢᠨ ᠳᠦᠷᠰᠦ ᠪᠠᠶᠢᠳᠠᠯ ᠤᠨ ︽ | ᠵᠢᠷᠭᠤᠭᠠᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ︾ ᠶᠢ ᠲᠦᠯᠬᠢᠨ ᠠᠬᠢᠭᠤᠯᠵᠤ ᠂ ᠬᠤᠭ ᠨᠣᠪᠰᠢ ᠶᠢ ᠲᠦᠷᠦᠯ | ᠬᠤᠪᠢᠶᠠᠬᠤ ᠂ ᠣᠷᠴᠢᠨ ᠲᠣᠭᠤᠷᠢᠨ ᠤ ᠠᠷᠢᠭᠤᠨ ᠴᠡᠪᠡᠷ ᠢ ᠨᠢᠭᠡ ᠴᠣᠭᠴᠠᠵᠢᠭᠤᠯᠬᠤ ᠵᠡᠷᠭᠡ ᠲᠦᠷᠦᠯ ᠵᠦᠢᠯ ᠢ | ᠬᠡᠷᠡᠭᠵᠢᠭᠦᠯᠵᠦ ᠂ ᠠᠳᠠᠯ ᠠᠬᠤᠢ ᠶᠢᠨ ᠬᠠᠮᠢᠶᠠᠷᠤᠯᠲᠠ ᠶᠢᠨ ᠲᠤᠷᠰᠢᠯᠲᠠ ᠶᠢᠨ ᠴᠡᠭ ᠂ ︽ ᠪᠣᠯᠪᠠᠰᠤᠨ ᠵᠢᠵᠢᠭ | ᠲᠣᠭᠤᠷᠢᠭ ︾ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ ᠂ ᠬᠤᠳᠠ ᠶᠢ ᠨᠡᠩ ᠠᠷᠢᠭᠤᠨ ᠴᠡᠪᠡᠷ ᠂ ᠨᠡᠩ | ᠴᠢᠨᠠᠷ ᠴᠢᠨᠰᠠᠭ᠎ᠠ ᠲᠠᠢ ᠪᠣᠯᠭᠠᠬᠤ ᠪᠠᠷ ᠴᠢᠷᠮᠠᠶᠢᠨ᠎ᠠ ᠃ ᠳᠤᠯᠠᠭᠠᠯᠠᠬᠤ ᠢᠨᠵᠧᠨᠧᠷᠢᠩ ᠢ ᠪᠥᠬᠦ ᠲᠠᠯ᠎ᠠ ᠪᠠᠷ ᠰᠠᠶᠢᠲᠤᠷ | ᠬᠡᠷᠡᠭᠵᠢᠭᠦᠯᠵᠦ ᠂ ᠣᠶᠤᠨᠴᠢ ᠪᠠᠷ ᠢᠯᠴᠢ ᠬᠠᠩᠭᠠᠵᠤ ᠳᠤᠯᠠᠭᠠᠯᠠᠬᠤ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ ᠂ | ᠬᠤᠭᠤᠯᠠᠢ ᠶᠢᠨ ᠲᠣᠣᠷ ᠤᠨ ︽ ᠡᠪᠦᠯ ᠤᠨ ᠡᠪᠳᠡᠷᠡᠯ ᠢ ᠵᠣᠨ ᠵᠠᠰᠠᠬᠤ ︾ ᠠᠵᠢᠯᠯᠠᠭ᠎ᠠ ᠶᠢ ᠥᠷᠨᠢᠭᠦᠯᠵᠦ ᠂ ᠪᠥᠬᠦ | ᠬᠦᠴᠦᠨ ᠢᠶᠠᠷ ᠢᠶᠠᠨ ᠳᠤᠯᠠᠭᠠᠯᠠᠭ᠎ᠠ ᠶᠢ ᠰᠠᠶᠢᠲᠤᠷ ᠬᠠᠩᠭᠠᠵᠤ ᠭᠦᠢᠴᠡᠳ ᠬᠠᠩᠭᠠᠨ᠎ᠠ ᠃ ᠡᠯ᠎ᠡ ᠪᠠᠶᠢᠭᠤᠯᠤᠮᠵᠢᠲᠦ | ᠪᠠᠯᠭᠠᠰᠤ ᠶᠢᠨ ᠴᠢᠳᠠᠮᠵᠢ ᠶᠢ ᠲᠡᠭᠦᠯᠳᠡᠷᠵᠢᠭᠦᠯᠬᠦ ᠂ ᠶᠠᠰᠤ ᠴᠢᠨᠠᠷ ᠢ ᠳᠡᠭᠡᠭᠰᠢᠯᠡᠭᠦᠯᠬᠦ ᠂ ᠣᠨᠴᠠᠯᠢᠭ ᠢ ᠢᠯᠡᠷᠡᠭᠦᠯᠬᠦ ᠶᠢ | ᠠᠬᠢᠭᠤᠯᠵᠤ ᠂ ᠰᠠᠭᠤᠷᠢᠰᠢᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠵᠤᠭᠠᠴᠠᠬᠤ ᠳᠤ | ᠲᠣᠬᠢᠷᠠᠮᠵᠢᠲᠠᠢ ᠵᠢᠵᠢᠭ ᠪᠠᠯᠭᠠᠰᠤ ᠶᠢ ᠪᠠᠶᠢᠭᠤᠯᠤᠨ᠎ᠠ ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ ᠃ | ᠮᠠᠯᠵᠢᠬᠤ ᠲᠠᠷᠢᠶᠠᠯᠠᠬᠤ ᠣᠷᠣᠨ ᠤ ᠬᠥᠮᠥᠰ ᠢ ᠲᠥᠪᠯᠡᠷᠡᠭᠦᠯᠦᠨ ᠬᠢᠨᠠᠬᠤ ᠂ ᠬᠥᠳᠡᠯᠦᠩᠭᠦᠢ ᠪᠠᠷ ᠬᠠᠮᠢᠶᠠᠷᠬᠤ ᠶᠢ | ᠴᠢᠩᠭᠠᠳᠬᠠᠵᠤ ᠂ ᠳᠠᠬᠢᠨ ᠶᠠᠳᠠᠭᠤᠷᠠᠬᠤ ᠬᠢᠵᠠᠭᠠᠷ ᠱᠤᠭᠤᠮ ᠢ ᠴᠢᠩᠭ᠎ᠠ ᠰᠠᠬᠢᠨ᠎ᠠ ᠃ 6000 ᠲᠦᠮᠡᠨ ᠲᠥᠭᠦᠷᠢᠭ | ᠠᠴᠠ ᠳᠡᠭᠡᠭᠰᠢ ᠪᠡᠯᠡ ᠮᠥᠩᠭᠦ ᠣᠷᠣᠭᠤᠯᠵᠤ ᠂ 30 ᠲᠥᠷᠥᠯ ᠵᠦᠢᠯ ᠢ ᠬᠡᠷᠡᠭᠵᠢᠭᠦᠯᠦᠨ ᠂ ᠶᠠᠳᠠᠭᠤ ᠠᠴᠠ | ᠠᠩᠭᠢᠵᠢᠷᠠᠭᠰᠠᠨ ᠬᠥᠳᠡᠯᠮᠦᠷᠢ ᠬᠦᠴᠦᠨ ᠤ ᠠᠵᠢᠯ ᠬᠥᠳᠡᠯᠮᠦᠷᠢ ᠬᠢᠵᠦ ᠠᠵᠢᠯ ᠣᠯᠬᠤ ᠶᠢ ᠳᠠᠶᠢᠴᠢᠯᠠᠨ᠎ᠠ ᠃ ᠠᠮᠢ | ᠠᠬᠤᠢ ᠶᠢᠨ ᠣᠷᠭᠠᠨᠢᠭ ᠠᠵᠢᠯ ᠢ ᠰᠠᠶᠢᠲᠤᠷ ᠬᠢᠵᠦ ᠂ ᠠᠮᠢᠳᠤ ᠪᠣᠳᠠᠰ ᠤᠨ ᠪᠠᠺᠲ᠋ᠧᠷᠢᠲᠦ ᠪᠣᠷᠳᠣᠭᠤᠷ ᠤᠨ ᠣᠷᠭᠠᠨᠢᠭ | ᠪᠣᠷᠳᠣᠭᠤᠷ ᠂ ᠣᠷᠭᠠᠨᠢᠭ ᠪᠡᠯᠴᠢᠭᠡᠷ ᠢ ᠭᠡᠷᠡᠴᠢᠯᠡᠬᠦ ᠪᠠ ᠪᠦᠲᠦᠭᠡᠭᠳᠡᠬᠦᠨ ᠢ ᠮᠥᠷᠳᠡᠬᠦ ᠵᠡᠷᠭᠡ ᠲᠥᠷᠥᠯ ᠵᠦᠢᠯ ᠢ | ᠠᠬᠢᠭᠤᠯᠤᠨ᠎ᠠ ᠃ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠢ ᠶᠢ | ᠬᠥᠭᠵᠢᠭᠦᠯᠵᠦ ᠂ ᠳᠠᠭᠠᠭᠠᠴᠢᠯᠠᠭᠰᠠᠨ ᠭᠠᠵᠠᠷ ᠢ ᠨᠠᠷᠢᠯᠢᠭᠵᠢᠭᠤᠯᠬᠤ ᠲᠤᠷᠰᠢᠯᠲᠠ ᠪᠠ ︽ ᠭᠤᠷᠪᠠ ᠶᠢ ᠬᠤᠪᠢᠷᠠᠭᠤᠯᠬᠤ ︾ | ᠥᠭᠡᠷᠡᠴᠢᠯᠡᠯᠲᠡ ᠶᠢ ᠥᠷᠨᠢᠭᠦᠯᠦᠨ ᠂ ᠤᠷᠭᠤᠮᠠᠯ ᠤᠨ ᠡᠳ᠋ ᠬᠥᠷᠥᠩᠭᠡ ᠬᠠᠮᠲᠤ ᠶᠢᠨ ᠡᠳ᠋ ᠬᠥᠷᠥᠩᠭᠡ ᠶᠢᠨ ᠬᠤᠪᠢ | ᠣᠷᠣᠭᠤᠯᠤᠯᠲᠠ ᠪᠠᠷ ᠪᠠᠷᠢᠴᠠᠭᠠᠯᠠᠬᠤ ︵ ᠳᠠᠨᠵᠢᠯᠠᠬᠤ ︶ ᠵᠢᠭᠡᠯᠡᠯᠭᠡ ᠶᠢᠨ ᠲᠤᠷᠰᠢᠯᠲᠠ ᠶᠢ ᠠᠬᠢᠭᠤᠯᠵᠤ ᠂ ᠥᠪᠡᠷᠲᠡᠭᠡᠨ | ᠵᠠᠰᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠨᠡᠶᠢᠲᠡᠯᠢᠭ ᠥᠯᠢᠭᠡᠷ ᠳᠠᠭᠤᠷᠢᠶᠠᠯ ᠲᠣᠰᠬᠤᠨ 1 ᠢ ᠪᠣᠶ | ᠪᠣᠯᠭᠠᠵᠤ ᠂ 52% ᠤᠨ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 30 ᠲᠦᠮᠡᠨ | ᠲᠥᠭᠦᠷᠢᠭ ᠠᠴᠠ ᠳᠡᠭᠡᠭᠰᠢ ᠪᠤᠯᠭᠠᠨ᠎ᠠ ᠃ | ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ ᠃ ︽ ᠮᠢᠩᠭ᠎ᠠ ᠲᠦᠮᠡᠨ ᠢᠨᠵᠧᠨᠧᠷᠢᠩ ︾ ᠤᠨ | ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠂ ᠾᠧ ᠮᠧᠶ ᠰᠢᠶᠠᠩ ᠲᠣᠰᠬᠤᠨ ᠤ ︽ ᠵᠠᠭᠤᠨ ᠰᠢᠶᠠᠩ ᠮᠢᠩᠭᠠᠨ ᠲᠣᠰᠬᠤᠨ ︾ | ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ ᠂ ᠠᠮᠢᠳᠤᠷᠠᠯ ᠤᠨ ᠬᠤᠭ ᠨᠣᠪᠰᠢ ᠶᠢ ᠵᠠᠰᠠᠨ ᠴᠡᠭᠴᠡᠯᠡᠬᠦ ᠂ | ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠂ ᠲᠣᠰᠬᠤᠨ ᠤ ᠳᠦᠷᠰᠦ ᠪᠠᠶᠢᠳᠠᠯ ᠢ ᠰᠠᠶᠢᠵᠢᠷᠠᠭᠤᠯᠬᠤ ᠵᠡᠷᠭᠡ | ᠠᠵᠢᠯ ᠢ ᠰᠠᠶᠢᠲᠤᠷ ᠠᠳᠬᠤᠵᠤ ᠂ ᠨᠢᠭᠡ ᠪᠦᠯᠦᠭ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠪᠡᠯᠡᠳᠬᠡᠮᠵᠢ | ᠲᠥᠬᠦᠭᠡᠷᠦᠮᠵᠢ ᠶᠢ ᠲᠣᠬᠢᠷᠠᠭᠤᠯᠤᠨ ᠂ 5 ᠵᠠᠰᠠᠭ ᠵᠠᠬᠢᠷᠭᠠᠨ ᠤ ᠲᠣᠰᠬᠤᠨ ᠤ ᠪᠣᠬᠢᠷ ᠤᠰᠤ ᠶᠢ ᠰᠢᠢᠳᠪᠦᠷᠢᠯᠡᠵᠦ ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ 3 ᠢ ᠪᠠᠶᠢᠭᠤᠯᠤᠨ᠎ᠠ ᠃ | ᠬᠥᠳᠡᠭᠡ ᠲᠣᠰᠬᠤᠨ ᠤ ᠵᠠᠰᠠᠨ ᠴᠡᠭᠴᠡᠯᠡᠬᠦ ᠶᠢ ᠴᠢᠩᠭᠠᠳᠬᠠᠵᠤ ᠂ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠵᠤ ᠂ | ᠪᠣᠯᠪᠠᠰᠤᠨ ᠬᠥᠳᠡᠭᠡ ᠶᠢᠨ ᠰᠤᠷᠲᠠᠯ ᠂ ᠰᠠᠶᠢᠨ ᠰᠠᠶᠢᠬᠠᠨ ᠭᠡᠷ ᠤᠨ ᠰᠤᠷᠲᠠᠯ ᠂ ᠪᠣᠷᠣᠭᠵᠢᠭᠤᠨ ᠠᠷᠠᠳ ᠤᠨ ᠰᠤᠷᠲᠠᠯ | ᠢ ᠪᠤᠢ ᠪᠤᠯᠭᠠᠨ᠎ᠠ ᠃ ᠮᠠᠯᠵᠢᠬᠤ ᠲᠠᠷᠢᠶᠠᠯᠠᠬᠤ ᠣᠷᠣᠨ ᠤ ᠠᠶᠤᠯ ᠦᠭᠡᠢ ᠤᠤᠭᠤᠬᠤ ᠤᠰᠤ ᠂ ᠲᠠᠷᠠᠬᠠᠢ ᠪᠤᠲᠠᠷᠬᠠᠢ | ᠭᠠᠵᠠᠷ ᠤᠷᠤᠨ ᠳᠤ ᠬᠠᠩᠭᠠᠬᠤ ᠤᠰᠤᠨ ᠤ ᠴᠢᠨᠠᠷ ᠢ ᠳᠡᠭᠡᠭᠰᠢᠯᠡᠭᠦᠯᠬᠦ ᠵᠡᠷᠭᠡ ᠢᠨᠵᠧᠨᠧᠷᠢᠩ ᠢ ᠬᠡᠷᠡᠭᠵᠢᠭᠦᠯᠵᠦ ᠂ 3 | ᠲᠤᠤᠷᠵᠢᠯ ᠲᠣᠬᠢᠷᠠᠭᠤᠯᠬᠤ ᠢᠨᠵᠧᠨᠧᠷᠢᠩ ᠂ 176 ᠡᠷᠦᠬᠡ ᠶᠢ ᠰᠢᠨ᠎ᠡ ᠡᠨᠧᠷᠭᠢ ᠶᠢᠨ ᠲᠣᠣᠷ ᠲᠤ ᠰᠢᠯᠵᠢᠭᠦᠯᠬᠦ ᠶᠢ | ᠪᠡᠶᠡᠯᠡᠭᠦᠯᠦᠨ᠎ᠡ ᠃ ᠤᠯᠤᠰ ᠤᠨ ᠵᠠᠮ ᠤᠨ 210 ᠱᠤᠭᠤᠮ ᠤᠨ ᠪᠠᠲᠤᠬᠠᠭᠠᠯᠭ᠎ᠠ ᠠᠴᠠ ᠭᠦᠶᠠᠩ ᠬᠦᠷᠬᠦ ᠵᠠᠰᠠᠮᠠᠯ ᠵᠠᠮ | ︵ ᠳᠠᠷᠬᠠᠨ ᠮᠤᠤᠮᠢᠩᠭᠠᠨ ᠤ ᠬᠡᠰᠡᠭ ︶ ᠤᠨ ᠭᠤᠣᠯ ᠴᠣᠭᠴᠠ ᠶᠢᠨ ᠠᠵᠢᠯ ᠢ ᠳᠠᠭᠤᠰᠬᠠᠬᠤ ᠶᠢ ᠲᠦᠯᠬᠢᠨ ᠠᠬᠢᠭᠤᠯᠵᠤ ᠂ | ᠰᠢᠨ᠎ᠡ ᠪᠠᠷ ᠵᠠᠰᠠᠵᠤ ᠪᠠᠶᠢᠭᠤᠯᠤᠭᠰᠠᠨ ᠬᠥᠳᠡᠭᠡ ᠲᠣᠰᠬᠤᠨ ᠤ ᠵᠠᠰᠠᠮᠠᠯ ᠵᠠᠮ ᠢ 50 ᠺᠢᠯᠣᠮᠧᠲᠷ ᠂ ᠬᠢᠯᠢ ᠶᠢᠨ | ᠬᠠᠮᠠᠭᠠᠯᠠᠯᠲᠠ ᠶᠢᠨ ᠵᠠᠰᠠᠮᠠᠯ ᠵᠠᠮ ᠢ 48.3 ᠺᠢᠯᠣᠮᠧᠲᠷ ᠪᠤᠯᠭᠠᠨ᠎ᠠ ᠃ ᠬᠢᠯᠢ ᠬᠢᠵᠠᠭᠠᠷ ᠣᠷᠣᠨ ᠤ ᠮᠡᠳᠡᠭᠡ | ᠬᠤᠯᠪᠣᠭᠠᠨ ᠤ ᠰᠠᠭᠤᠷᠢ ᠪᠠ ᠬᠢᠯᠢ ᠶᠢᠨ ᠬᠠᠮᠠᠭᠠᠯᠠᠯᠲᠠ ᠶᠢᠨ ᠲᠥᠬᠦᠭᠡᠷᠦᠮᠵᠢ ᠶᠢᠨ ᠮᠡᠷᠭᠡᠵᠢᠯ ᠤᠨ ᠥᠭᠡᠷᠡᠴᠢᠯᠡᠯᠲᠡ | ᠶᠢᠨ ᠢᠨᠵᠧᠨᠧᠷᠢᠩ ᠢ ᠬᠡᠷᠡᠭᠵᠢᠭᠦᠯᠵᠦ ᠂ 5G ᠶᠢᠨ ᠰᠠᠭᠤᠷᠢ ᠥᠷᠲᠡᠭᠡ 37 ᠶᠢ ᠰᠢᠨ᠎ᠡ ᠪᠠᠷ ᠪᠠᠶᠢᠭᠤᠯᠵᠤ ᠂ ᠬᠢᠯᠢ | ᠳᠠᠭᠠᠤ ᠭᠠᠵᠠᠷ ᠤᠨ ᠳᠣᠬᠢᠶ᠎ᠠ ᠰᠦᠯᠵᠢᠶᠡᠨ ᠤ ᠪᠦᠷᠬᠦᠴᠡ ᠶᠢᠨ ᠠᠰᠠᠭᠤᠳᠠᠯ ᠢ ᠰᠢᠢᠳᠪᠦᠷᠢᠯᠡᠨ᠎ᠡ ᠃ | ︵ ᠳᠣᠯᠤᠭ᠎ᠠ ︶ ᠠᠷᠠᠳ ᠤᠨ ᠠᠮᠢᠳᠤᠷᠠᠯ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ | ᠠᠵᠢᠯᠯᠠᠭ᠎ᠠ ᠶᠢ ᠬᠡᠷᠡᠭᠵᠢᠭᠦᠯᠵᠦ ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠠᠯ᠎ᠠ ᠪᠠᠷ | ᠲᠡᠷᠢᠭᠦᠨ ᠳᠤ ᠣᠷᠣᠬᠤ ᠪᠠᠷ ᠮᠡᠷᠡᠶᠢᠨ ᠴᠢᠷᠮᠠᠶᠢᠨ᠎ᠠ ᠃ ᠪᠥᠬᠦ ᠬᠤᠰᠢᠭᠤᠨ ᠤ ᠠᠷᠠᠳ ᠲᠦᠮᠡᠨ ᠤ ᠠᠮᠤᠷ ᠲᠣᠭᠲᠠᠭᠤᠨ | ᠵᠣᠯ ᠵᠢᠷᠭᠠᠯ ᠪᠣᠯ ᠳᠠᠷᠤᠢ ᠵᠠᠰᠠᠭ ᠤᠨ ᠣᠷᠳᠣᠨ ᠤ ᠴᠥᠬᠦᠷᠡᠰᠢ ᠦᠭᠡᠢ ᠬᠥᠭᠡᠭᠡᠴᠡᠯᠳᠦᠯ ᠮᠥᠨ ᠃ ᠪᠢᠳᠡ ᠤᠯᠠᠨ | ᠲᠦᠮᠡᠨ ᠤ ᠶᠠᠭᠤᠨ ᠳᠤ ᠶᠠᠭᠠᠷᠠᠵᠤ ᠪᠠᠶᠢᠬᠤ ᠂ ᠶᠠᠭᠤᠨ ᠳᠤ ᠵᠣᠪᠠᠵᠤ ᠪᠠᠶᠢᠬᠤ ᠂ ᠶᠠᠭᠤ ᠶᠢ ᠬᠦᠰᠡᠵᠦ ᠪᠠᠶᠢᠬᠤ ᠶᠢ | ᠠᠩᠬᠠᠷᠴᠤ ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠨᠡᠩ | ᠤᠯᠠᠨ ᠠᠷᠭ᠎ᠠ ᠬᠡᠮᠵᠢᠶ᠎ᠡ ᠶᠢ ᠠᠪᠴᠤ ᠂ ᠴᠢᠳᠠᠯ ᠤᠨ ᠢᠶᠠᠨ ᠬᠢᠷᠢ ᠪᠠᠷ ᠠᠵᠢᠯᠯᠠᠵᠤ ᠂ ᠠᠷᠠᠳ ᠤᠨ ᠠᠮᠢᠳᠤᠷᠠᠯ ᠤᠨ | ᠪᠣᠳᠠᠲᠤ ᠠᠵᠢᠯ ᠢ ᠰᠠᠶᠢᠲᠤᠷ ᠬᠢᠵᠦ ᠂ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠠᠲᠤ | ᠰᠠᠬᠢᠵᠤ ᠂ ᠠᠷᠠᠳ ᠤᠯᠠᠨ ᠤ ᠠᠮᠢᠳᠤᠷᠠᠯ ᠢ ᠵᠢᠯ ᠠᠴᠠ ᠵᠢᠯ ᠰᠢᠨ᠎ᠡ ᠠᠬᠢᠯᠲᠠ ᠲᠠᠢ ᠪᠣᠯᠭᠠᠵᠤ ᠂ ᠵᠢᠯ ᠠᠴᠠ ᠵᠢᠯ | ᠰᠠᠶᠢᠵᠢᠷᠠᠭᠤᠯᠤᠨ᠎ᠠ ᠃ | ᠠᠵᠢᠯ ᠣᠯᠭᠤᠯᠲᠠ ᠶᠢ ᠬᠦᠴᠦᠯᠡᠨ ᠠᠬᠢᠭᠤᠯᠵᠤ ᠣᠷᠣᠯᠭ᠎ᠠ ᠶᠢ ᠪᠠᠲᠤᠯᠠᠨ᠎ᠠ ᠃ ᠳᠠᠩᠰᠠᠯᠠᠭᠤᠯᠤᠭᠰᠠᠨ ᠠᠵᠢᠯ | ᠠᠯᠳᠠᠭᠰᠠᠳ ᠂ ᠠᠵᠢᠯ ᠤᠯᠤᠭᠰᠠᠨ ᠦᠭᠡᠢ ᠭᠡᠷ ᠪᠦᠯᠢ ᠵᠡᠷᠭᠡ ᠭᠤᠣᠯᠳᠠᠯᠭ᠎ᠠ ᠲᠠᠢ ᠤᠯᠠᠨ ᠨᠡᠶᠢᠲᠡ ᠳᠤ ᠠᠵᠢᠯ | ᠣᠯᠭᠤᠬᠤ ᠶᠢ ᠰᠠᠶᠢᠲᠤᠷ ᠠᠳᠬᠤᠵᠤ ᠂ ᠠᠵᠢᠯ ᠣᠯᠭᠤᠬᠤ ᠲᠤᠰᠬᠠᠢ ᠲᠥᠷᠥᠯ ᠤᠨ ᠠᠵᠢᠯᠯᠠᠭ᠎ᠠ ᠶᠢ 20 ᠲᠠᠯᠠᠪᠤᠷ | ᠤᠳᠠᠭ᠎ᠠ ᠠᠴᠠ ᠳᠡᠭᠡᠭᠰᠢ ᠵᠣᠬᠢᠶᠠᠨ ᠪᠠᠶᠢᠭᠤᠯᠵᠤ ᠂ ᠦᠢᠯᠡᠰ ᠪᠤᠰᠬᠠᠬᠤ ᠳᠠᠭᠠᠭᠠᠯᠲᠠ ᠶᠢᠨ ᠵᠢᠭᠡᠯᠡᠯᠭᠡ 1900 | ᠲᠦᠮᠡᠨ ᠲᠥᠭᠦᠷᠢᠭ ᠠᠴᠠ ᠳᠡᠭᠡᠭᠰᠢ ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ 1000 | ᠬᠥᠮᠥᠨ ᠤᠳᠠᠭ᠎ᠠ ᠠᠴᠠ ᠳᠡᠭᠡᠭᠰᠢ ᠪᠤᠯᠭᠠᠵᠤ ᠂ ᠬᠤᠲᠠ ᠪᠠᠯᠭᠠᠰᠤ ᠶᠢᠨ ᠰᠢᠨ᠎ᠡ ᠪᠠᠷ ᠠᠵᠢᠯ ᠤᠯᠤᠭᠰᠠᠨ ᠬᠥᠮᠥᠨ | 800 ᠠᠴᠠ ᠳᠡᠭᠡᠭᠰᠢ ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ 1.9 ᠲᠦᠮᠡ ᠠᠴᠠ ᠳᠡᠭᠡᠭᠰᠢ | ᠰᠢᠯᠵᠢᠭᠦᠯᠦᠨ ᠠᠵᠢᠯ ᠣᠯᠭᠤᠵᠤ ᠂ ᠬᠤᠲᠠ ᠪᠠᠯᠭᠠᠰᠤ ᠶᠢᠨ ᠠᠵᠢᠯ ᠠᠯᠳᠠᠯᠲᠠ ᠶᠢᠨ ᠨᠣᠷᠮ᠎ᠠ ᠶᠢ 3.9% ᠶᠢᠨ | ᠳᠣᠲᠣᠷ᠎ᠠ ᠬᠢᠵᠠᠭᠠᠷᠯᠠᠨ᠎ᠠ ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠤ | ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠵᠤ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠤᠨ ᠂ | ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠴᠢᠩᠭᠠᠳᠬᠠᠨ ᠂ ᠭᠠᠴᠠᠭ᠎ᠠ | ᠲᠣᠰᠬᠤᠨ ᠤ ᠬᠠᠮᠲᠤ ᠶᠢᠨ ᠠᠵᠤ ᠠᠬᠤᠢ ᠵᠡᠷᠭᠡ ᠪᠦᠲᠦᠭᠡᠨ ᠪᠠᠶᠢᠭᠤᠯᠤᠯᠲᠠ ᠪᠠᠷ ᠮᠠᠯᠴᠢᠨ ᠲᠠᠷᠢᠶᠠᠴᠢᠨ ᠤ ᠣᠷᠣᠯᠭ᠎ᠠ | ᠶᠢᠨ ᠨᠡᠮᠡᠭᠳᠡᠯ ᠢ ᠳᠠᠶᠢᠴᠢᠯᠠᠵᠤ ᠂ ᠠᠷᠭ᠎ᠠ ᠪᠦᠬᠦᠨ ᠢ ᠰᠦᠪᠡᠭᠴᠢᠯᠡᠨ ᠮᠠᠯᠴᠢᠨ ᠲᠠᠷᠢᠶᠠᠴᠢᠨ ᠤ ︽ ᠤᠷᠤᠯᠭ᠎ᠠ ︾ ᠶᠢ | ᠤᠯᠠᠮ ᠠᠴᠠ ᠤᠯᠠᠮ ᠨᠡᠮᠡᠭᠳᠡᠭᠦᠯᠦᠨ᠎ᠡ ᠃ ︽ ᠬᠥᠯᠥᠰᠦᠨ ᠠᠵᠢᠯᠴᠢᠨ ᠤ ᠴᠠᠯᠢᠩ ᠢ ᠤᠯᠭᠤᠬᠤ ︾ ᠦᠢᠯᠡᠴᠢᠯᠡᠭᠡᠨ ᠤ | ᠠᠵᠢᠯᠯᠠᠭ᠎ᠠ ᠶᠢ ᠥᠷᠨᠢᠭᠦᠯᠵᠦ ᠂ ᠴᠠᠯᠢᠩ ᠥᠭᠬᠦ ᠪᠠᠲᠤᠯᠠᠭ᠎ᠠ ᠶᠢ ᠴᠢᠩᠭᠠᠳᠬᠠᠵᠤ ᠂ ᠰᠠᠨᠠᠭᠠᠴᠢᠯᠭ᠎ᠠ ᠲᠠᠢ ᠪᠠᠷ ᠴᠠᠯᠢᠩ | ᠥᠷᠢᠲᠦᠬᠦ ᠠᠵᠢᠯᠯᠠᠭ᠎ᠠ ᠳᠤ ᠬᠠᠤᠯᠢ ᠶᠣᠰᠣᠭᠠᠷ ᠡᠷᠡᠰ ᠴᠣᠬᠢᠯᠲᠠ ᠥᠭᠭᠦᠨ᠎ᠡ ᠃ | ᠨᠡᠶᠢᠭᠡᠮ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠨ᠎ᠠ ᠃ ᠪᠦᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ ᠂ ᠠᠮᠢᠳᠤᠯᠢᠭ ᠢᠶᠠᠷ ᠠᠵᠢᠯ ᠣᠯᠬᠤ ᠪᠠ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠵᠢᠯ ᠡᠷᠬᠢᠯᠡᠭᠰᠡᠳ ᠂ ᠬᠥᠯᠥᠰᠦᠨ ᠠᠵᠢᠯᠴᠢᠨ ᠵᠡᠷᠭᠡ ᠶᠢᠨ ᠳᠠᠭᠠᠳᠬᠠᠯ ᠳᠤ | ᠣᠷᠣᠯᠴᠠᠬᠤ ᠬᠡᠪᠴᠢᠶ᠎ᠡ ᠶᠢ ᠥᠷᠭᠡᠳᠬᠡᠬᠦ ᠶᠢ ᠲᠦᠯᠬᠢᠨ ᠠᠬᠢᠭᠤᠯᠤᠨ᠎ᠠ ᠃ ᠨᠡᠶᠢᠭᠡᠮ ᠤᠨ ᠠᠪᠤᠷᠠᠨ ᠲᠤᠰᠠᠯᠠᠬᠤ | ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠂ ᠣᠨᠴᠠ | ᠬᠦᠴᠢᠷᠳᠡᠯ ᠲᠠᠢ ᠬᠥᠮᠥᠰ ᠂ ᠥᠨᠥᠴᠢᠨ ᠬᠡᠦᠬᠡᠳ ᠵᠡᠷᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠠᠵᠢᠯ ᠢ | ᠰᠠᠶᠢᠲᠤᠷ ᠬᠢᠨ᠎ᠡ ᠃ ᠨᠠᠰᠤᠨ ᠳᠤ ᠥᠯᠥ ᠭᠦᠷᠦᠭᠰᠡᠳ ᠲᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠵᠦ ᠂ ︽ ᠬᠠᠯᠠᠮᠵᠢ ᠬᠠᠶᠢᠷ᠎ᠠ ᠶᠢᠨ ᠳᠠᠷᠬᠠᠨ ᠮᠤᠤᠮᠢᠩᠭᠠᠨ ᠂ ᠬᠡᠦᠬᠡᠳ ᠤᠨ ᠰᠡᠳᠬᠢᠯ ᠢ | ᠳᠤᠯᠠᠭᠠᠴᠠᠭᠤᠯᠬᠤ ︾ ᠬᠠᠶᠢᠷᠠᠯᠠᠨ ᠬᠠᠯᠠᠮᠵᠢᠯᠠᠬᠤ ᠬᠠᠪᠰᠤᠷᠤᠨ ᠲᠡᠳᠬᠦᠬᠦ ᠠᠵᠢᠯᠯᠠᠭ᠎ᠠ ᠶᠢ ᠭᠦᠨᠵᠡᠭᠡᠶᠢᠷᠡᠭᠦᠯᠦᠨ᠎ᠡ ᠃ | ᠵᠡᠮᠳᠡᠭᠴᠦᠳ ᠲᠤ ᠠᠵᠢᠯ ᠣᠯᠭᠤᠬᠤ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ ᠂ ᠵᠡᠮᠳᠡᠭ ᠬᠥᠮᠥᠨ ᠪᠠ | ᠬᠦᠴᠢᠷᠳᠡᠯᠲᠡᠢ ᠭᠡᠷ ᠪᠦᠯᠢ ᠶᠢᠨ 206 ᠡᠷᠦᠬᠡ ᠶᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢ ᠪᠡᠶᠡᠯᠡᠭᠦᠯᠵᠦ ᠂ | ᠵᠡᠮᠳᠡᠭᠴᠦᠳ ᠲᠤ ᠲᠤᠰᠠᠯᠠᠬᠤ ᠴᠢᠨᠠᠷᠲᠠᠢ ᠠᠵᠢᠯ ᠣᠯᠭᠤᠬᠤ ᠰᠠᠭᠤᠷᠢᠨ ᠭᠠᠵᠠᠷ 1 ᠶᠢ ᠰᠢᠨ᠎ᠡ ᠪᠠᠷ ᠪᠠᠶᠢᠭᠤᠯᠤᠨ᠎ᠠ ᠃ | ᠭᠡᠷ ᠲᠡᠭᠡᠨ ᠰᠠᠭᠤᠵᠤ ᠠᠰᠠᠷᠠᠭᠤᠯᠬᠤ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠬᠦ ᠂ ᠪᠠᠶᠢᠭᠤᠯᠤᠮᠵᠢ ᠶᠢᠨ ᠨᠠᠰᠤᠵᠢᠯ ᠤᠨ ᠦᠢᠯᠡᠴᠢᠯᠡᠭᠡᠨ ᠢ ᠲᠠᠰ ᠳᠡᠪᠰᠢᠭᠦᠯᠬᠦ ᠂ ᠮᠠᠯᠵᠢᠬᠤ ᠲᠠᠷᠢᠶᠠᠯᠠᠬᠤ | ᠣᠷᠣᠨ ᠤ ᠨᠠᠰᠤᠵᠢᠯ ᠤᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠬᠦ ᠂ ᠨᠠᠰᠤᠵᠢᠯ ᠤᠨ ᠦᠢᠯᠡᠴᠢᠯᠡᠭᠡᠨ ᠤ | ᠶᠡᠷᠦᠩᠬᠡᠶᠢᠯᠡᠭᠰᠡᠨ ᠪᠠᠲᠤᠯᠠᠭ᠎ᠠ ᠶᠢᠨ ᠰᠠᠭᠤᠷᠢ ᠶᠢ ᠴᠢᠩᠭᠠᠳᠬᠠᠬᠤ 4 ᠵᠦᠢᠯ ᠤᠨ ᠢᠨᠵᠧᠨᠧᠷᠢᠩ ᠢ ᠬᠡᠷᠡᠭᠵᠢᠭᠦᠯᠵᠦ ᠂ | 1 ᠰᠢᠶᠠᠩ ᠪᠠᠯᠭᠠᠰᠤ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠂ 2 ᠨᠡᠶᠢᠭᠡᠮ ᠲᠣᠭᠤᠷᠢᠭ ︵ ᠲᠣᠰᠬᠤᠨ ︶ ᠤᠨ | ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ ᠰᠢᠨ᠎ᠡ ᠪᠠᠷ ᠪᠠᠶᠢᠭᠤᠯᠵᠤ ᠂ ᠨᠠᠰᠤᠲᠠᠶᠢᠴᠤᠳ ᠢ ᠬᠤᠭᠤᠯᠠ ᠪᠠᠷ | ᠲᠤᠰᠠᠯᠠᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠴᠡᠭ 2 ᠢ ᠪᠣᠶ ᠪᠣᠯᠭᠠᠨ᠎ᠠ ᠃ ᠡᠷᠡᠭᠦᠯᠵᠢᠯ ᠰᠤᠪᠢᠯᠠᠯᠲᠠ | ᠵᠢᠭᠤᠯᠴᠢᠯᠠᠯ ᠣᠷᠣᠨ ᠰᠠᠭᠤᠴᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠵᠦ ᠂ ︽ ᠨᠡᠭᠦᠳᠡᠯ ᠤᠨ | ᠰᠢᠪᠠᠭᠤ ᠮᠠᠶ᠋ᠢᠭ ︾ ᠤᠨ ᠨᠠᠰᠤᠵᠢᠯ ᠤᠨ ᠠᠰᠠᠷᠠᠮᠵᠢ ᠶᠢᠨ ᠨᠠᠷᠠᠲᠤ ᠲᠡᠮᠳᠡᠭᠲᠦ ᠶᠢ ᠪᠣᠶ ᠪᠣᠯᠭᠠᠨ᠎ᠠ ᠃ | ᠰᠤᠷᠭᠠᠨ ᠬᠥᠮᠦᠵᠢᠯ ᠤᠨ ᠬᠦᠴᠦᠷᠬᠡᠭ ᠬᠤᠰᠢᠭᠤ ᠶᠢ ᠲᠦᠷᠭᠡᠳᠬᠡᠨ ᠪᠠᠶᠢᠭᠤᠯᠤᠨ᠎ᠠ ᠃ ᠰᠤᠷᠭᠠᠭᠤᠯᠢ ᠡᠷᠬᠢᠯᠡᠬᠦ | ᠨᠥᠬᠦᠴᠡᠯ ᠢ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ ᠂ ᠰᠤᠷᠭᠠᠭᠤᠯᠢ ᠶᠢᠨ ᠪᠠᠶᠢᠷᠢ ᠶᠢ ᠰᠡᠯᠪᠢᠨ ᠵᠠᠰᠠᠬᠤ ᠂ | ᠪᠡᠶ᠎ᠡ ᠶᠢᠨ ᠲᠠᠮᠢᠷ ᠤᠨ ᠲᠠᠯᠠᠪᠠᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠡᠷᠭᠡ ᠲᠦᠷᠦᠯ ᠵᠦᠢᠯ ᠢ | ᠬᠡᠷᠡᠭᠵᠢᠭᠦᠯᠵᠦ ᠂ ᠨᠢᠭᠡ ᠪᠦᠯᠦᠭ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠤᠨᠤᠭ ᠲᠥᠬᠦᠭᠡᠷᠦᠮᠵᠢ ᠶᠢ | ᠨᠥᠬᠦᠪᠦᠷᠢᠯᠡᠨ᠎ᠡ ᠃ ᠪᠠᠭᠰᠢ ᠶᠢᠨ ᠮᠡᠷᠭᠡᠵᠢᠯ ᠤᠨ ᠴᠣᠯᠠ ᠪᠠ ᠠᠵᠢᠯ ᠤᠨ ᠦᠷ᠎ᠡ ᠪᠦᠲᠦᠮᠵᠢ ᠶᠢ ᠰᠢᠯᠭᠠᠨ ᠬᠢᠨᠠᠬᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠭᠰᠢ | ᠶᠢ ︽ ᠬᠤᠰᠢᠭᠤ ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ ︾ ᠬᠠᠮᠢᠶᠠᠷᠤᠯᠲᠠ ᠶᠢᠨ ᠥᠭᠡᠷᠡᠴᠢᠯᠡᠯᠲᠡ | ᠶᠢ ᠲᠦᠯᠬᠢᠨ ᠠᠬᠢᠭᠤᠯᠤᠨ᠎ᠠ ᠃ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠨᠠᠶᠢᠳᠠᠪᠤᠷᠢᠵᠢᠭᠤᠯᠵᠤ ᠂ ᠵᠢᠩᠬᠢᠨᠢ ᠠᠩᠭᠢ ᠳᠤ ᠰᠢᠯᠭᠠᠵᠤ ᠣᠷᠣᠬᠤ ᠨᠣᠷᠮ᠎ᠠ ᠶᠢ ᠵᠠᠭᠤᠨ ᠤ 10 | ᠬᠤᠪᠢ ᠪᠠᠷ ᠨᠡᠮᠡᠭᠳᠡᠭᠦᠯᠦᠨ᠎ᠡ ᠃ ᠰᠢᠨ᠎ᠡ ᠴᠠᠭ ᠦᠶ᠎ᠡ ᠶᠢᠨ ᠰᠠᠭᠤᠷᠢ ᠰᠤᠷᠭᠠᠨ ᠬᠥᠮᠦᠵᠢᠯ ᠢᠶᠠᠷ ᠪᠠᠭᠰᠢ ᠶᠢ | ᠬᠦᠴᠦᠷᠬᠡᠭᠵᠢᠭᠦᠯᠬᠦ ᠲᠥᠯᠥᠪᠯᠡᠭᠡ ᠶᠢ ᠭᠦᠨᠵᠡᠭᠡᠶᠢᠷᠡᠭᠦᠯᠵᠦ ᠂ ︽ ᠭᠤᠷᠪᠠᠨ ᠨᠡᠷ᠎ᠡ ︾ ᠶᠢ ᠳᠠᠪᠲᠠᠨ ᠪᠣᠯᠪᠠᠰᠤᠷᠠᠭᠤᠯᠬᠤ | ᠢᠨᠵᠧᠨᠧᠷᠢᠩ ᠢ ᠬᠡᠷᠡᠭᠵᠢᠭᠦᠯᠵᠦ ᠂ ᠰᠢᠨ᠎ᠡ ᠴᠠᠭ ᠦᠶ᠎ᠡ ᠶᠢᠨ ᠨᠡᠷᠡᠳᠦ ᠰᠤᠷᠭᠠᠭᠤᠯᠢ ᠶᠢᠨ ᠵᠠᠬᠢᠷᠤᠯ ᠂ ᠨᠡᠷᠡᠳᠦ ᠪᠠᠭᠰᠢ | ᠶᠢ 3 ᠠᠴᠠ ᠳᠡᠭᠡᠭᠰᠢ ᠬᠥᠮᠥᠵᠢᠭᠦᠯᠵᠦ ᠂ ᠨᠢᠭᠡ ᠪᠦᠯᠦᠭ ᠨᠡᠶᠢᠲᠡᠯᠢᠭ ᠵᠢᠱᠢᠶ᠎ᠡ ᠶᠢ ᠪᠤᠢ ᠪᠣᠯᠭᠠᠨ᠎ᠠ ᠃ ᠰᠢᠨ᠎ᠡ ᠬᠡᠯᠪᠡᠷᠢ | ᠶᠢᠨ ᠠᠵᠤ ᠦᠢᠯᠡᠳᠪᠦᠷᠢᠵᠢᠯᠲᠡ ᠶᠢᠨ ᠵᠢᠭᠠᠨ ᠰᠤᠷᠭᠠᠯᠲᠠ ᠶᠢᠨ ᠬᠠᠮᠵᠢᠯᠴᠠᠬᠤ ᠠᠵᠢᠯᠯᠠᠭᠠᠨ ᠤ ᠲᠥᠯᠥᠪᠯᠡᠭᠡ ᠶᠢ | ᠬᠡᠷᠡᠭᠵᠢᠭᠦᠯᠵᠦ ᠂ ᠹᠯᠣᠷ ᠴᠠᠬᠢᠭᠤᠷ ᠂ ᠰᠢᠨ᠎ᠡ ᠡᠨᠧᠷᠭᠢ ᠶᠢᠨ ᠰᠤᠷᠪᠤᠯᠵᠢ ᠵᠡᠷᠭᠡ ᠠᠵᠤ ᠦᠢᠯᠡᠰ ᠤᠨ ᠲᠣᠭᠤᠷᠢᠨ ᠳᠤ | ᠦᠢᠯᠡᠳᠪᠦᠷᠢᠯᠡᠯ ᠵᠢᠭᠠᠨ ᠰᠤᠷᠭᠠᠯᠲᠠ ᠶᠢᠨ ᠬᠤᠯᠪᠣᠭᠠᠲᠤ ᠴᠣᠭᠴᠠ ᠶᠢ ᠪᠠᠶᠢᠭᠤᠯᠵᠤ ᠂ ᠡᠩ ᠤᠨ ᠪᠠ ᠠᠵᠢᠯ ᠮᠡᠷᠭᠡᠵᠢᠯ | ᠤᠨ ᠠᠭᠤᠰᠤᠯᠴᠠᠨ ᠨᠡᠪᠲᠡᠷᠡᠯᠴᠡᠬᠦ ᠶᠢ ᠲᠦᠯᠬᠢᠨ ᠠᠬᠢᠭᠤᠯᠤᠨ᠎ᠠ ᠃ ᠰᠤᠷᠭᠠᠨ ᠬᠥᠮᠦᠵᠢᠯ ᠤᠨ ᠵᠠᠰᠠᠯᠲᠠ ᠶᠢᠨ | ᠴᠢᠳᠠᠪᠤᠷᠢ ᠶᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠵᠦ ᠂ ︽ ᠰᠤᠷᠭᠠᠭᠤᠯᠢ ᠶᠢ ᠬᠠᠮᠠᠭᠠᠯᠠᠨ ᠴᠡᠴᠡᠷᠯᠢᠭ ᠢ | ᠠᠮᠤᠷ ᠲᠦᠪᠰᠢᠨ ᠪᠤᠯᠭᠠᠬᠤ ︾ ᠂ ︽ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ︾ ᠲᠤᠰᠬᠠᠢ | ᠠᠵᠢᠯᠯᠠᠭ᠎ᠠ ᠶᠢ ᠭᠦᠨᠵᠡᠭᠡᠶᠢᠷᠡᠭᠦᠯᠵᠦ ᠂ ᠵᠢᠭᠠᠨ ᠰᠤᠷᠭᠠᠯᠲᠠ ᠶᠢᠨ ᠪᠤᠰᠤ ᠬᠡᠷᠡᠭ ᠶᠠᠪᠤᠳᠠᠯ ᠢ ᠰᠤᠷᠭᠠᠭᠤᠯᠢ ᠶᠢᠨ | ᠬᠦᠷᠢᠶᠡᠨ ᠳᠤ ᠣᠷᠣᠭᠤᠯᠬᠤ ᠶᠢ ᠴᠢᠩᠭ᠎ᠠ ᠡᠵᠡᠮᠳᠡᠵᠦ ᠂ ᠰᠤᠷᠭᠠᠨ ᠬᠥᠮᠦᠵᠢᠯ ᠢ ᠤᠤᠯ ᠤᠨ ᠬᠡᠪ ᠲᠤᠨᠢ ᠪᠤᠴᠠᠭᠠᠵᠤ ᠂ | ᠪᠠᠭᠰᠢ ᠨᠠᠷ ᠢ ᠨᠢᠭᠡ ᠰᠡᠳᠬᠢᠯ ᠢᠶᠠᠷ ᠪᠢᠴᠢᠭ ᠵᠢᠭᠠᠯᠭᠠᠵᠤ ᠂ ᠰᠤᠷᠭᠠᠭᠤᠯᠢ ᠶᠢ ᠬᠥᠮᠥᠨ ᠢ ᠬᠥᠮᠥᠵᠢᠭᠦᠯᠬᠦ ᠠᠷᠢᠭᠤᠨ | ᠣᠷᠣᠨ ᠪᠣᠯᠭᠠᠨ᠎ᠠ ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠤᠨ | ᠦᠷ᠎ᠡ ᠪᠦᠲᠦᠭᠡᠯ ᠢ ᠪᠠᠬᠢᠵᠢᠭᠦᠯᠦᠨ ᠬᠡᠷᠡᠭᠵᠢᠭᠦᠯᠵᠦ ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ | ᠤᠨ ᠳᠦᠷᠢᠮᠵᠢᠭᠦᠯᠦᠯᠲᠡ ᠶᠢ ᠪᠠᠷᠢᠮᠵᠢᠶ᠎ᠠ ᠳᠤ ᠬᠦᠷᠭᠡᠬᠦ ᠰᠤᠷᠭᠠᠭᠤᠯᠢ ᠶᠢ ᠡᠭᠦᠳᠦᠨ ᠪᠠᠶᠢᠭᠤᠯᠬᠤ ᠠᠵᠢᠯ ᠢ | ᠥᠷᠨᠢᠭᠦᠯᠦᠨ᠎ᠡ ᠃ | ᠡᠷᠡᠭᠦᠯ ᠮᠠᠨᠳᠤ ᠳᠠᠷᠬᠠᠨ ᠮᠤᠤᠮᠢᠩᠭᠠᠨ ᠤ ᠬᠥᠭᠵᠢᠯᠲᠡ ᠶᠢᠨ ᠪᠦᠲᠦᠭᠡᠨ ᠪᠠᠶᠢᠭᠤᠯᠤᠯᠲᠠ ᠶᠢ ᠬᠦᠴᠦᠲᠡᠢ | ᠲᠦᠯᠬᠢᠨ ᠠᠬᠢᠭᠤᠯᠤᠨ᠎ᠠ ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠶᠡᠷᠦᠩᠬᠡᠢ ᠬᠡᠯᠲᠡᠰ ᠤᠨ ᠡᠮᠨᠡᠯᠭᠡ ᠶᠢᠨ ᠬᠤᠷᠢᠶ᠎ᠠ ᠶᠢ ᠵᠣᠬᠢᠶᠠᠨ | ᠪᠠᠶᠢᠭᠤᠯᠬᠤ ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠡᠮᠬᠢᠯᠡᠨ ᠨᠡᠶᠢᠯᠡᠭᠦᠯᠬᠦ ᠂ ᠬᠠᠮᠢᠶᠠᠷᠤᠯᠲᠠ | ᠶᠢᠨ ᠲᠣᠭᠲᠠᠴᠠ ᠶᠢᠨ ᠰᠢᠨ᠎ᠡ ᠶᠢ ᠡᠭᠦᠳᠬᠦ ᠵᠡᠷᠭᠡ ᠠᠵᠢᠯ ᠢ ᠰᠠᠶᠢᠲᠤᠷ ᠠᠳᠬᠤᠵᠤ ᠂ ᠬᠤᠰᠢᠭᠤᠨ ᠤ ᠬᠡᠪᠴᠢᠶᠡᠨ ᠤ | ᠡᠮᠨᠡᠯᠭᠡ ᠶᠢᠨ ᠬᠠᠮᠲᠤ ᠶᠢᠨ ᠴᠣᠭᠴᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ ᠂ | ᠨᠠᠩ ᠢᠯᠡᠭᠦᠦ ᠣᠯᠠᠨ ᠲᠦᠮᠡᠨ ᠢ ︽ ᠡᠮᠴᠢᠯᠡᠭᠡ ︾ ᠶᠢᠨ ᠲᠦᠰᠢᠭ ᠲᠠᠢ ᠪᠣᠯᠭᠠᠨ᠎ᠠ ᠃ ︽ ᠨᠠᠷᠠᠲᠤ ᠡᠮᠴᠢ | ᠴᠢᠳᠠᠪᠤᠷᠢᠲᠠᠨ ᠢ ᠬᠥᠮᠥᠵᠢᠭᠦᠯᠬᠦ ᠢᠨᠵᠧᠨᠧᠷᠢᠩ ︾ ᠪᠠ ︽ ᠭᠠᠷᠮᠠᠭᠠᠢ ᠵᠠᠯᠠᠭᠤ ᠠᠨᠠᠭᠠᠬᠤ ᠤᠬᠠᠭᠠᠨ ᠤ ᠴᠢᠳᠠᠪᠤᠷᠢᠲᠠᠨ | ᠢ ᠬᠥᠮᠥᠵᠢᠭᠦᠯᠬᠦ ᠶᠢ ᠵᠣᠭᠤᠰ ᠢᠶᠠᠷ ᠲᠤᠰᠠᠯᠠᠬᠤ ᠲᠥᠯᠥᠪᠯᠡᠭᠡ ︾ ᠶᠢ ᠲᠦᠷᠭᠡᠳᠬᠡᠨ ᠬᠡᠷᠡᠭᠵᠢᠭᠦᠯᠵᠦ ᠂ ︽ ᠰᠢᠶᠠᠩ | ᠠᠴᠠ ᠤᠷᠢᠵᠤ ᠲᠣᠰᠬᠤᠨ ᠳᠤ ᠬᠡᠷᠡᠭᠯᠡᠬᠦ ︾ ᠬᠠᠮᠢᠶᠠᠷᠤᠯᠲᠠ ᠶᠢᠨ ᠲᠣᠭᠲᠠᠴᠠ ᠶᠢ ᠠᠬᠢᠭᠤᠯᠤᠨ ᠂ ᠦᠨᠳᠦᠰᠦᠨ | ᠱᠠᠲᠤᠨ ᠤ ᠡᠮᠴᠢᠯᠡᠭᠡᠨ ᠤ ᠡᠩᠨᠡᠭᠡ ᠶᠢ ᠭᠦᠢᠴᠡᠳ ᠲᠣᠬᠢᠷᠠᠭᠤᠯᠤᠨ ᠬᠦᠴᠦᠷᠬᠡᠭᠵᠢᠭᠦᠯᠦᠨ᠎ᠡ ᠃ ᠬᠢᠲᠠᠳ ᠮᠣᠩᠭᠤᠯ ᠡᠮ | ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ ᠂ ᠬᠤᠰᠢᠭᠤ | ᠡᠮᠨᠡᠯᠭᠡ ᠶᠢᠨ ᠬᠤᠷᠢᠶ᠎ᠠ ᠳᠤ ᠢᠨᠲ᠋ᠧᠷ ᠰᠦᠯᠵᠢᠶᠡᠨ ᠤ ᠣᠨᠣᠰᠢᠯᠠᠨ ᠡᠮᠨᠡᠬᠦ ᠲᠠᠪᠴᠠᠩ ᠢ ᠪᠠᠶᠢᠭᠤᠯᠤᠨ᠎ᠠ ᠃ ᠡᠷᠡᠭᠦᠯ | ᠬᠠᠮᠠᠭᠠᠯᠠᠯ ᠤᠨ ᠭᠡᠨᠡᠳᠲᠡ ᠶᠢᠨ ᠬᠡᠷᠡᠭ ᠪᠠᠴᠢᠮ ᠪᠠᠶᠢᠳᠠᠯ ᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ ᠂ ᠬᠤᠯᠤᠭᠠᠨ᠎ᠠ | ᠶᠢᠨ ᠬᠢᠵᠢᠭ ᠵᠡᠷᠭᠡ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠤᠨ ᠲᠦᠭᠰᠢᠭᠦᠷᠢ ᠶᠢ ᠰᠡᠷᠭᠡᠶᠢᠯᠡᠨ᠎ᠡ ᠃ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠭᠡᠨ ᠳᠡᠯᠭᠡᠷᠡᠩᠭᠦᠢ ᠪᠠᠷ ᠥᠷᠨᠢᠭᠦᠯᠵᠦ ᠂ | ᠡᠮᠡᠭᠲᠡᠶᠢᠴᠦᠳ ᠤᠨ ︽ ᠬᠤᠶᠠᠷ ᠥᠮᠡᠨ ︾ ᠢ ᠰᠦᠢᠳᠬᠡᠯ ᠬᠤᠷᠢᠶᠠᠬᠤ ᠦᠭᠡᠢ ᠪᠠᠷ ᠰᠢᠭᠰᠢᠨ ᠪᠠᠶᠢᠴᠠᠭᠠᠬᠤ ᠪᠠ | ᠤᠷᠤᠭᠯᠠᠬᠤ ᠠᠴᠠ ᠡᠮᠦᠨᠡᠬᠢ ᠠᠨᠠᠭᠠᠬᠤ ᠤᠬᠠᠭᠠᠨ ᠤ ᠪᠠᠶᠢᠴᠠᠭᠠᠯᠲᠠ ᠶᠢ ᠰᠠᠶᠢᠲᠤᠷ ᠬᠢᠵᠦ ᠂ ᠪᠦᠬᠦ ᠠᠷᠠᠳ ᠤᠨ | ᠡᠷᠡᠭᠦᠯ ᠮᠡᠨᠳᠦ ᠶᠢᠨ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠃ | ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ ᠪᠦᠬᠦ | ᠤᠯᠤᠰ ᠤᠨ ᠰᠣᠶᠣᠯ ᠤᠨ ᠣᠷᠳᠣᠨ ᠢ ᠦᠨᠡᠯᠡᠨ ᠵᠢᠱᠢᠵᠦ ᠲᠡᠰ ᠲᠣᠭᠲᠠᠭᠠᠬᠤ ᠂ ᠨᠣᠮ ᠤᠨ ᠰᠠᠩ ᠢ ᠥᠭᠡᠷᠡᠴᠢᠯᠡᠨ | ᠲᠡᠰ ᠳᠡᠪᠰᠢᠭᠦᠯᠬᠦ ᠶᠢ ᠪᠡᠶᠡᠯᠡᠭᠦᠯᠵᠦ ᠂ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ | ᠲᠥᠪ ᠤᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠦᠨ᠎ᠡ ᠃ ᠤᠯᠠᠭᠠᠨᠮᠥ᠋ᠴᠢᠷ ᠤᠨ ᠲᠥᠪ ᠶᠣᠰᠣ ᠶᠢ ᠰᠠᠬᠢᠵᠤ | ᠰᠢᠨ᠎ᠡ ᠶᠢ ᠡᠭᠦᠳᠬᠦ ᠶᠢ ᠳᠡᠮᠵᠢᠵᠦ ᠂ ︽ ᠵᠠᠭᠤᠨ ᠪᠦᠯᠬᠦᠮ ᠮᠢᠩᠭᠠᠨ ᠲᠠᠯᠠᠪᠤᠷ ︾ ᠢ ᠦᠨᠳᠦᠰᠦᠨ ᠱᠠᠲᠤᠨ ᠳᠤ | ᠪᠠᠭᠤᠯᠭᠠᠬᠤ ᠂ ︽ ᠰᠣᠶᠣᠯ ᠢ ᠲᠦᠮᠡᠨ ᠡᠷᠦᠬᠡ ᠳᠤ ᠬᠦᠷᠭᠡᠬᠦ ︾ ᠵᠡᠷᠭᠡ ᠰᠣᠶᠣᠯ ᠢᠶᠠᠷ ᠠᠷᠠᠳ ᠲᠤ ᠠᠰᠢᠭ | ᠬᠦᠷᠲᠡᠭᠡᠬᠦ ᠠᠵᠢᠯᠯᠠᠭ᠎ᠠ ᠶᠢ 150 ᠲᠠᠯᠠᠪᠤᠷ ᠤᠳᠠᠭ᠎ᠠ ᠠᠴᠠ ᠳᠡᠭᠡᠭᠰᠢ ᠦᠷᠨᠢᠭᠦᠯᠦᠨ᠎ᠡ ᠃ ᠰᠣᠶᠣᠯ ᠢᠶᠠᠷ ᠬᠤᠰᠢᠭᠤ | ᠪᠠᠨ ᠠᠯᠳᠠᠷᠰᠢᠭᠤᠯᠬᠤ ᠰᠢᠷᠢᠰ ᠢᠨᠵᠧᠨᠧᠷᠢᠩ ᠢ ᠬᠡᠷᠡᠭᠵᠢᠭᠦᠯᠵᠦ ᠂ ︽ ᠬᠤᠪᠢᠰᠬᠠᠯ ᠤᠨ ᠲᠠᠯ᠎ᠠ ᠨᠤᠲᠤᠭ ᠂ ᠪᠣᠬᠢᠷᠲᠤᠯ | ᠦᠭᠡᠢ ᠬᠥᠭᠵᠢᠯᠲᠡ ︾ ᠶᠢᠨ ᠦᠢᠯᠡ ᠶᠠᠪᠤᠳᠠᠯ ᠢ ᠰᠠᠶᠢᠲᠤᠷ ᠶᠠᠷᠢᠵᠤ ᠂ ᠤᠮᠠᠷᠠᠲᠤ ᠬᠢᠯᠢ ᠶᠢᠨ ᠰᠣᠶᠣᠯ ᠤᠨ ᠳᠠᠷᠬᠠᠨ | ᠮᠤᠤᠮᠢᠩᠭᠠᠨ ᠤ ᠨᠠᠷᠠᠲᠤ ᠲᠡᠮᠳᠡᠭᠲᠦ ᠶᠢ ᠪᠣᠶ ᠪᠣᠯᠭᠠᠨ᠎ᠠ ᠃ ᠲᠡᠦᠬᠡ ᠰᠣᠶᠣᠯ ᠤᠨ ᠥᠪ ᠤᠨ ᠬᠠᠮᠠᠭᠠᠯᠠᠯᠲᠠ ᠶᠢ | ᠴᠢᠩᠭᠠᠳᠬᠠᠵᠤ ᠂ ᠬᠤᠲᠠᠯᠠ ᠨᠠᠶᠢᠯᠡᠭᠦᠯᠦᠭᠴᠢ ᠰᠦᠮ᠎ᠡ ᠶᠢᠨ ᠭᠠᠯ ᠤᠨᠲᠠᠷᠠᠭᠠᠬᠤ ᠠᠶᠤᠩᠭ᠎ᠠ ᠠᠴᠠ ᠰᠡᠷᠭᠡᠶᠢᠯᠡᠬᠦ | ᠲᠦᠬᠦᠭᠡᠷᠦᠮᠵᠢ ᠂ ᠣᠯᠠᠨ ᠰᠦᠮ᠎ᠡ ᠶᠢᠨ ᠬᠤᠲᠠ ᠶᠢᠨ ᠪᠠᠭᠤᠷᠢ ᠤᠨ ᠬᠡᠷᠡᠮ ᠤᠨ ᠬᠠᠮᠠᠭᠠᠯᠠᠯᠲᠠ ᠵᠡᠷᠭᠡ ᠢᠨᠵᠧᠨᠧᠷᠢᠩ ᠢ | ᠠᠬᠢᠭᠤᠯᠤᠨ᠎ᠠ ᠃ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠳᠦᠷᠪᠡᠳᠦᠭᠡᠷ ᠤᠳᠠᠭᠠᠨ | ᠤ ᠨᠡᠶᠢᠳᠡᠮ ᠤᠨ ᠪᠠᠶᠢᠴᠠᠭᠠᠯᠲᠠ ᠶᠢ ᠦᠷᠨᠢᠭᠦᠯᠦᠨ᠎ᠡ ᠃ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ | ᠬᠥᠳᠡᠯᠭᠡᠭᠡᠨ ᠢ ᠪᠦᠬᠦ ᠲᠠᠯ᠎ᠠ ᠪᠠᠷ ᠦᠷᠨᠢᠭᠦᠯᠦᠨ᠎ᠡ ᠃ ︽ ᠣᠶᠤᠨᠲᠤ ᠷᠠᠳᠢᠣ᠋ ᠲᠧᠯᠸᠢᠰ ︾ ᠤᠨ ᠬᠢᠯᠢ ᠬᠢᠵᠠᠭᠠᠷ ᠢ | ᠪᠠᠬᠢᠵᠢᠭᠦᠯᠬᠦ ᠢᠨᠵᠧᠨᠧᠷᠢᠩ ᠢ ᠭᠦᠨᠵᠡᠭᠡᠢ ᠠᠬᠢᠭᠤᠯᠵᠤ ᠂ ᠷᠠᠳᠢᠣ᠋ ᠲᠧᠯᠸᠢᠰ ᠤᠨ ᠳᠠᠮᠵᠢᠭᠤᠯᠬᠤ ᠲᠣᠣᠷ ᠰᠦᠯᠵᠢᠶ᠎ᠡ | ᠶᠢᠨ ᠬᠠᠮᠤᠷᠬᠤ ᠴᠢᠳᠠᠪᠤᠷᠢ ᠶᠢ ᠳᠡᠭᠡᠭᠰᠢᠯᠡᠭᠦᠯᠦᠨ᠎ᠡ ᠃ | ︵ ᠨᠠᠢᠮᠠ ︶ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠬᠡᠷᠡᠭᠵᠢᠭᠦᠯᠵᠦ ᠂ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ | ᠲᠡᠷᠢᠭᠦᠨ ᠳᠤ ᠣᠷᠣᠬᠤ ᠪᠠᠷ ᠮᠡᠷᠡᠶᠢᠨ ᠴᠢᠷᠮᠠᠶᠢᠨ᠎ᠠ ᠃ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ | ᠪᠦᠬᠦᠢ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠠᠶᠤᠯ ᠲᠦᠭᠰᠢᠭᠦᠷᠢ ᠶᠢ ᠰᠡᠷᠭᠡᠶᠢᠯᠡᠬᠦ ᠂ | ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠂ | ᠨᠡᠶᠢᠭᠡᠮ ᠤᠨ ᠵᠠᠰᠠᠯᠲᠠ ᠂ ᠠᠮᠤᠷ ᠲᠦᠪᠰᠢᠨ ᠤ ᠵᠠᠰᠠᠯᠲᠠ ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠴᠢᠳᠠᠪᠤᠷᠢ ᠶᠢᠨ ᠳᠤᠲᠠᠭᠳᠠᠯ ᠢ ᠴᠢᠷᠮᠠᠶᠢᠨ ᠨᠥᠬᠦᠪᠦᠷᠢᠯᠡᠵᠦ ᠂ ᠨᠡᠩ ᠥᠨᠳᠥᠷ ᠲᠦᠪᠰᠢᠨ ᠤ ︽ ᠠᠮᠤᠷ ᠲᠦᠪᠰᠢᠨ | ᠳᠠᠷᠬᠠᠨ ᠮᠤᠤᠮᠢᠩᠭᠠᠨ︾ ᠂ ︽ ᠬᠠᠤᠯᠢᠵᠢᠯ ᠤᠨ ᠳᠠᠷᠬᠠᠨ ᠮᠤᠤᠮᠢᠩᠭᠠᠨ ︾ ᠢ ᠲᠦᠷᠭᠡᠳᠭᠡᠨ ᠪᠠᠶᠢᠭᠤᠯᠤᠨ᠎ᠠ ᠃ | ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠨ᠎ᠠ ᠃ ᠤᠯᠤᠰ ᠤᠨ | ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ᠠᠮᠤ ᠪᠤᠳᠠᠭᠠᠨ ᠤ ᠡᠨᠧᠷᠭᠢ ᠂ | ᠴᠢᠬᠤᠯᠠ ᠠᠵᠤ ᠦᠢᠯᠡᠰ ᠂ ᠠᠮᠢᠳᠤ ᠪᠣᠳᠠᠰ ᠤᠨ ᠠᠮᠤᠷ ᠲᠦᠪᠰᠢᠨ ᠵᠡᠷᠭᠡ ᠬᠦᠷᠢᠶᠡᠨ ᠤ ᠠᠶᠤᠯ ᠲᠦᠭᠰᠢᠭᠦᠷᠢ ᠶᠢ | ᠬᠠᠮᠢᠶᠠᠷᠤᠨ ᠡᠵᠡᠮᠳᠡᠬᠦ ᠶᠢ ᠪᠦᠬᠦ ᠲᠠᠯ᠎ᠠ ᠪᠠᠷ ᠴᠢᠩᠭᠠᠳᠬᠠᠨ᠎ᠠ ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠡᠷᠡᠰ | ᠰᠡᠷᠭᠡᠶᠢᠯᠡᠵᠦ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠠᠰᠠᠭᠤᠳᠠᠯ ᠢ ᠰᠡᠷᠭᠡᠶᠢᠯᠡᠨ ᠰᠢᠢᠳᠪᠦᠷᠢᠯᠡᠵᠦ ᠠᠷᠢᠯᠭᠠᠬᠤ | ᠠᠵᠢᠯ ᠢ ᠭᠦᠨᠵᠡᠭᠡᠢ ᠥᠷᠨᠢᠭᠦᠯᠦᠨ ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠦᠢᠯᠡᠰ ᠤᠨ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠰᠠᠭᠤᠳᠠᠯ ᠲᠠᠢ ᠡᠳ᠋ ᠬᠥᠷᠥᠩᠭᠡ ᠶᠢ ᠰᠢᠢᠳᠪᠦᠷᠢᠯᠡᠬᠦ ᠡᠷᠴᠢᠮ ᠢ | ᠴᠢᠩᠭᠠᠷᠠᠭᠤᠯᠵᠤ ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠡᠶᠡᠯᠡᠭᠦᠯᠦᠨ᠎ᠡ ᠃ ᠡᠳ᠋ ᠤᠨ ᠵᠠᠰᠠᠭ ᠤᠨ | ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ ᠂ ︽ ᠭᠤᠷᠪᠠ ᠶᠢ ᠪᠠᠲᠤᠯᠠᠬᠤ ︾ ᠨᠠᠭᠠᠲᠤ ᠵᠠᠬ᠎ᠠ ᠶᠢᠨ | ᠪᠠᠷᠢᠮᠵᠢᠶ᠎ᠠ ᠶᠢ ᠪᠠᠲᠤ ᠰᠠᠬᠢᠨ᠎ᠠ ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ | ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠴᠢᠭᠯᠡᠯ ᠢᠶᠠᠨ ᠪᠠᠲᠤ ᠡᠵᠡᠮᠳᠡᠵᠦ ᠂ ᠵᠢᠭᠰᠠᠭᠠᠯ ᠤᠨ ᠭᠠᠵᠠᠷ ᠢᠶᠠᠨ | ᠰᠠᠶᠢᠲᠤᠷ ᠰᠠᠬᠢᠬᠤ ᠬᠡᠷᠡᠭᠲᠡᠢ ᠃ | ᠤᠯᠠᠨ ᠨᠡᠶᠢᠲᠡ ᠶᠢᠨ ᠠᠮᠤᠷ ᠲᠦᠪᠰᠢᠨ ᠪᠠ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ ᠃ ︽ ᠢᠳᠡᠭᠡᠨ ᠤ ᠵᠦᠢᠯ ᠠᠮᠤᠷ ᠲᠦᠪᠰᠢᠨ ᠳᠠᠷᠬᠠᠨ ᠮᠤᠤᠮᠢᠩᠭᠠᠨ ︾ ᠤ ᠪᠦᠲᠦᠭᠡᠨ | ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ | ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠵᠦ ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠦᠢᠯ ᠤᠨ ᠠᠮᠤᠷ | ᠲᠦᠪᠰᠢᠨ ᠤ ᠵᠢᠱᠢᠶ᠎ᠡ ᠦᠵᠡᠭᠦᠯᠬᠦ ᠬᠤᠰᠢᠭᠤ ᠪᠣᠯᠭᠠᠨ ᠡᠭᠦᠳᠦᠨ ᠪᠠᠶᠢᠭᠤᠯᠬᠤ ᠶᠢ ᠦᠨᠡᠨ ᠬᠦ ᠪᠠᠲᠤᠯᠠᠨ᠎ᠠ ᠃ ᠵᠠᠬᠢᠳᠠᠯ | ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ ᠂ ᠪᠡᠭᠡᠵᠢᠩ ᠳᠤ ᠬᠦᠷᠬᠦ | ᠥᠪᠡᠷᠲᠡᠭᠡᠨ ᠵᠠᠰᠠᠬᠤ ᠣᠷᠣᠨ ᠳᠤ ᠤᠴᠢᠬᠤ ᠰᠣᠷᠪᠤᠯᠵᠢᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯ ᠢ | ᠥᠷᠨᠢᠭᠦᠯᠦᠨ ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠶᠢ ᠠᠬᠢᠭᠤᠯᠵᠤ ᠂ ᠪᠥᠬᠦ ᠤᠯᠤᠰ | ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠪᠣᠶ ᠪᠣᠯᠭᠠᠨ᠎ᠠ ᠃ ︽ | ᠹᠧᠩ ᠴᠢᠶᠤᠤ ᠶᠢᠨ ᠲᠤᠷᠰᠢᠯᠭ᠎ᠠ ︾ ᠂ ︽ ᠫᠦᠵᠢᠶᠠᠩ ᠮᠥᠷᠡᠨ ᠤ ᠲᠤᠷᠰᠢᠯᠭ᠎ᠠ ︾ ᠶᠢ ᠰᠤᠷᠤᠯᠴᠠᠨ ᠂ ᠪᠦᠷᠢᠨ ᠪᠦᠲᠦᠨ | ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢ ᠲᠦᠯᠬᠢᠨ ᠠᠬᠢᠭᠤᠯᠵᠤ ᠂ ᠵᠥᠷᠢᠴᠡᠯ | ᠵᠢᠭᠤᠷᠠᠯᠳᠤᠭᠠᠨ ᠢ ᠤᠯᠠᠨ ᠡᠰᠢᠴᠢᠯᠡᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠤ ᠂ ᠤᠯᠠᠨ ᠲᠦᠮᠡᠨ ᠤ | ᠠᠮᠤᠷ ᠲᠦᠪᠰᠢᠨ ᠤ ᠪᠠᠶᠢᠳᠠᠯ ᠪᠠ ᠠᠳᠠᠯ ᠠᠮᠢᠳᠤᠷᠠᠯ ᠤᠨ ᠠᠬᠠᠷ ᠰᠠᠬᠠᠷ ᠵᠦᠢᠯᠡᠰ ᠢ ᠠᠰᠠᠭᠤᠨ ᠬᠠᠯᠠᠮᠵᠢᠯᠠᠵᠤ | ᠬᠠᠮᠢᠶᠠᠷᠬᠤ ᠬᠥᠮᠥᠨ ᠲᠠᠢ ᠪᠣᠯᠭᠠᠨ᠎ᠠ ᠃ ᠬᠠᠤᠯᠢ ᠴᠠᠭᠠᠵᠠ ᠶᠢᠨ ᠭᠠᠵᠠᠷ ᠤᠨ ᠵᠢᠷᠤᠮᠵᠢᠭᠰᠠᠨ ᠪᠠᠶᠢᠭᠤᠯᠤᠯᠲᠠ ᠶᠢ | ᠭᠦᠨᠵᠡᠭᠡᠶᠢᠷᠡᠭᠦᠯᠬᠦ ᠣᠨ ᠤ ᠠᠵᠢᠯᠯᠠᠭ᠎ᠠ ᠶᠢ ᠥᠷᠨᠢᠭᠦᠯᠵᠦ ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ | ᠢ ᠪᠠᠷᠢᠮᠵᠢᠶ᠎ᠠ ᠳᠤ ᠬᠦᠷᠭᠡᠬᠦ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ ᠃ ᠤᠯᠤᠰ ᠤᠨ ᠪᠠᠲᠤᠯᠠᠨ ᠬᠠᠮᠠᠭᠠᠯᠠᠯᠲᠠ | ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ ᠂ ᠴᠡᠷᠢᠭ ᠤᠨ ᠬᠥᠮᠥᠨ ᠤ ︽ | ᠭᠤᠷᠪᠠᠨ ᠠᠷᠤ ᠬᠤᠶᠢᠰᠢᠲᠠ ︾ ᠪᠠ ᠴᠡᠷᠢᠭ ᠤᠨ ᠠᠯᠪᠠᠨ ᠠᠴᠠ ᠪᠠᠭᠤᠭᠰᠠᠳ ᠲᠤ ᠦᠢᠯᠡᠴᠢᠯᠡᠵᠦ ᠪᠠᠲᠤᠯᠠᠭ᠎ᠠ | ᠬᠠᠩᠭᠠᠬᠤ ᠠᠵᠢᠯ ᠢ ᠰᠠᠶᠢᠲᠤᠷ ᠬᠢᠨ᠎ᠡ ᠃ ᠣᠶᠤᠨᠲᠤ ᠳᠣᠲᠣᠭᠠᠳᠤ ᠶᠢ ᠬᠠᠮᠠᠭᠠᠯᠠᠬᠤ ᠂ ᠣᠶᠤᠨᠲᠤ ᠵᠠᠮ ᠬᠠᠷᠢᠯᠴᠠᠭᠠᠨ | ᠤ ᠬᠠᠮᠢᠶᠠᠷᠤᠯᠲᠠ ᠶᠢᠨ ᠢᠨᠵᠧᠨᠧᠷᠢᠩ ᠢ ᠠᠬᠢᠭᠤᠯᠵᠤ ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ ᠂ ︽ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ | ᠥᠭᠬᠦ ︾ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠂ ᠤᠯᠠᠨ ᠲᠦᠮᠡᠨ ᠤ ᠠᠮᠤᠷ ᠲᠦᠪᠰᠢᠨ ᠠᠵᠤ ᠠᠮᠢᠳᠤᠷᠠᠯ ᠢ | ᠰᠠᠶᠢᠲᠤᠷ ᠰᠠᠬᠢᠨ ᠬᠠᠮᠠᠭᠠᠯᠠᠨ᠎ᠠ ᠃ | ᠠᠶᠤᠯ ᠦᠭᠡᠢ ᠦᠢᠯᠡᠳᠪᠦᠷᠢᠯᠡᠯ ᠤᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ | ᠣᠨ ᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠦᠨ᠎ᠡ ᠃ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ | ᠨᠢ ᠵᠠᠰᠠᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠦᠨ ᠬᠡᠷᠡᠭᠵᠢᠭᠦᠯᠵᠦ ᠂ | ︽ ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠰᠢᠢᠳᠪᠦᠷᠢᠯᠡᠬᠦ ︾ ᠠᠷᠭ᠎ᠠ ᠬᠡᠮᠵᠢᠶ᠎ᠡ ᠢ ᠨᠡᠶᠢᠲᠡᠯᠡᠨ | ᠨᠠᠶᠢᠳᠠᠪᠤᠷᠢᠵᠢᠭᠤᠯᠵᠤ ᠂ ᠠᠶᠤᠯᠭᠦᠢ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ | ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠠᠳᠬᠤᠵᠤ ᠂ ᠮᠥᠨ ᠴᠢᠨᠠᠷ ᠤᠨ ᠠᠶᠤᠯᠭᠦᠢ ᠶᠢᠨ ᠬᠢᠷᠢ ᠲᠦᠪᠰᠢᠨ ᠢ | ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ ᠃ ᠦᠢᠯᠡᠳᠪᠦᠷᠢ ᠠᠭᠤᠷᠬᠠᠢ ᠶᠢᠨ ᠠᠶᠤᠯ ᠲᠠᠢ ᠬᠢᠮᠢ ᠶᠢᠨ ᠠᠵᠤ ᠦᠢᠯᠡᠳᠪᠦᠷᠢ ᠂ | ᠵᠠᠮ ᠬᠠᠷᠢᠯᠴᠠᠭ᠎ᠠ ᠲᠡᠭᠡᠭᠡᠪᠦᠷᠢ ᠂ ᠪᠠᠷᠢᠯᠭ᠎ᠠ ᠶᠢᠨ ᠭᠠᠵᠠᠷ ᠂ ᠬᠤᠲᠠ ᠪᠠᠯᠭᠠᠰᠤ ᠶᠢᠨ ᠰᠢᠲᠠᠮᠠᠬᠠᠢ ᠬᠡᠢ ᠂ ᠡᠵᠡᠩᠨᠡᠯᠲᠡ | ᠶᠢᠨ ᠴᠢᠨᠠᠷᠲᠠᠢ ᠥᠪᠡᠰᠦᠪᠡᠨ ᠪᠠᠷᠢᠭᠰᠠᠨ ᠭᠡᠷ ᠂ ᠬᠥᠮᠥᠨ ᠬᠠᠷ᠎ᠠ ᠤᠯᠠᠨ ᠢᠶᠠᠷ ᠴᠤᠭᠯᠠᠷᠠᠬᠤ ᠭᠠᠵᠠᠷ ᠵᠡᠷᠭᠡ | ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ | ᠭᠦᠨᠵᠡᠭᠡᠶᠢᠷᠡᠭᠦᠯᠵᠦ ᠂ ᠡᠯ᠎ᠡ ᠲᠦᠷᠦᠯ ᠤᠨ ᠠᠮᠤᠷ ᠲᠦᠪᠰᠢᠨ ᠤ ᠡ᠊ᠨᠳᠡᠯ ᠭᠠᠷᠬᠤ ᠶᠢ ᠡᠷᠡᠰ ᠰᠡᠷᠭᠡᠶᠢᠯᠡᠨ᠎ᠡ ᠃ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠡᠳ᠋ ᠪᠣᠳᠠᠰ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ ᠂ | ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠬᠡᠶᠢᠯᠡᠬᠦ ᠂᠂ ᠠᠭᠤᠷᠬᠠᠢ ᠶᠢᠨ ᠬᠠᠮᠢᠶᠠᠷᠤᠯᠲᠠ ᠶᠢᠨ ᠪᠠᠴᠢᠮ ᠪᠠᠶᠢᠳᠠᠯ | ᠢ ᠠᠷᠭᠠᠴᠠᠵᠤ ᠠᠪᠤᠷᠠᠨ ᠲᠤᠰᠠᠯᠠᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ ᠂ ᠪᠣᠳᠠᠲᠤ ᠰᠣᠷᠢᠯᠲᠠ ᠶᠢ | ᠥᠷᠨᠢᠭᠦᠯᠦᠨ ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠲᠠᠢ ᠲᠡᠮᠡᠴᠡᠵᠦ ᠭᠠᠮᠰᠢᠭ ᠠᠴᠠ | ᠠᠪᠤᠷᠠᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠦᠨ᠎ᠡ ᠃ | ᠲᠥᠯᠥᠭᠡᠯᠡᠭᠴᠢᠳ ᠠ᠋ ︕ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠪᠣᠯ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠮᠥᠨ ᠂ | ᠠᠯᠢᠪᠠ ᠠᠵᠢᠯ ᠢ ᠡᠷᠬᠡᠪᠰᠢ ᠡᠨᠡ ᠬᠦ ᠭᠤᠣᠯ ᠱᠤᠭᠤᠮ ᠲᠠᠢ ᠨᠢᠭᠲᠠ ᠤᠶᠠᠯᠳᠤᠭᠤᠯᠵᠤ ᠂ ᠲᠡᠭᠦᠨ ᠠᠴᠠ ᠥᠴᠥᠬᠡᠨ | ᠴᠦ ᠬᠤᠯᠠᠳᠠᠭᠤᠯᠵᠤ ᠪᠤᠯᠬᠤ ᠦᠭᠡᠢ ᠃ ᠪᠢᠳᠡ ᠬᠤᠰᠢᠭᠤ ᠨᠠᠮ ᠤᠨ ᠬᠤᠷᠢᠶ᠎ᠠ ᠶᠢᠨ ︽ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠱᠤᠭᠤᠮ ᠢ ᠪᠥᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ︾ ᠶᠢ ᠬᠢᠨᠠᠮᠠᠭᠠᠢ ᠨᠠᠶᠢᠳᠠᠪᠤᠷᠢᠵᠢᠭᠤᠯᠵᠤ ᠂ ︽ ᠭᠤᠷᠪᠠᠨ | ᠲᠥᠯᠥᠪᠯᠡᠭᠡ ︾ ᠂ ︽ ᠠᠨᠠᠷ ᠤᠨ ᠦᠷ᠎ᠡ ︾ ᠶᠢᠨ ᠠᠵᠢᠯᠯᠠᠭᠠᠨ ᠤ ᠲᠥᠯᠥᠪᠯᠡᠭᠡ ᠶᠢ ᠯᠠᠪᠳᠠᠭᠤᠨ ᠪᠠᠲᠤᠲᠠᠢ ᠠᠬᠢᠭᠤᠯᠵᠤ ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ ᠨᠠᠢᠮᠠ ᠳᠤ ᠣᠷᠣᠭᠤᠯᠬᠤ ︾ ᠶᠢ ᠡᠭᠦᠳᠦᠨ ᠪᠠᠶᠢᠭᠤᠯᠬᠤ | ᠠᠵᠢᠯᠯᠠᠭ᠎ᠠ ᠶᠢ ᠭᠦᠨᠵᠡᠭᠡᠢ ᠠᠬᠢᠭᠤᠯᠵᠤ ᠂ ᠬᠤᠲᠠ ᠶᠢᠨ ᠱᠠᠲᠤᠨ ᠠᠴᠠ ᠳᠡᠭᠡᠭᠰᠢᠬᠢ ᠵᠢᠱᠢᠶ᠎ᠡ ᠦᠵᠡᠭᠦᠯᠬᠦ ᠨᠢᠭᠡᠴᠢ ᠶᠢ | 5 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠬᠤᠰᠢᠭᠤ ᠶᠢ ᠡᠭᠦᠳᠬᠦ ᠪᠠᠷ ᠴᠢᠷᠮᠠᠶᠢᠨ᠎ᠠ ᠃ ᠤᠬᠠᠭᠤᠯᠭ᠎ᠠ ᠬᠥᠮᠦᠵᠢᠯ ᠢ ᠪᠦᠬᠦ ᠲᠠᠯ᠎ᠠ ᠪᠠᠷ | ᠭᠦᠨᠵᠡᠭᠡᠶᠢᠷᠡᠭᠦᠯᠵᠦ ᠂ ︽ ᠭᠤᠷᠪᠠᠨ ᠰᠠᠯᠵᠤ ᠴᠢᠳᠠᠬᠤ ᠦᠭᠡᠢ ︾ ᠂ ︽ ᠲᠠᠪᠤᠨ ᠮᠡᠳᠡᠷᠡᠭᠦ ︾ ᠪᠣᠯᠣᠨ ︽ ᠵᠢᠷᠭᠤᠭᠠᠨ | ᠥᠭᠦᠯᠡᠪᠦᠷᠢ ︾ ᠶᠢᠨ ᠪᠣᠳᠠᠲᠤ ᠶᠠᠪᠤᠳᠠᠯ ᠪᠣᠯᠣᠨ ᠶᠣᠰᠣ ᠤᠴᠢᠷ ᠢ ᠬᠥᠮᠥᠰ ᠤᠨ ᠰᠡᠳᠬᠢᠯ ᠳᠤ ᠨᠡᠩ ᠭᠦᠨ | ᠬᠠᠳᠠᠩᠰᠢᠭᠤᠯᠵᠤ ᠂ ᠬᠥᠮᠥᠨ ᠪᠣᠯᠭᠠᠨ ᠢ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠲᠦᠭᠡᠨ ᠪᠠᠶᠢᠭᠤᠯᠬᠤ | ᠳᠤ ᠣᠷᠣᠯᠴᠠᠭᠴᠢ ᠂ ᠭᠡᠷᠡᠴᠢᠯᠡᠭᠴᠢ ᠂ ᠬᠤᠪᠢ ᠨᠡᠮᠡᠷᠢ ᠦᠵᠡᠭᠦᠯᠦᠭᠴᠢ ᠪᠤᠯᠭᠠᠨ᠎ᠠ ᠃ | ᠭᠤᠷᠪᠠ ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠲᠥᠯᠥᠭᠡᠯᠡᠭᠴᠢᠳ ᠠ᠋ ︕ ᠰᠢᠨ᠎ᠡ ᠪᠠᠶᠢᠳᠠᠯ ᠂ ᠰᠢᠨ᠎ᠡ ᠡᠭᠦᠷᠭᠡ ᠂ ᠰᠢᠨ᠎ᠡ ᠱᠠᠭᠠᠷᠳᠠᠯᠭ᠎ᠠ ᠶᠢᠨ ᠡᠮᠦᠨ᠎ᠡ ᠂ ᠪᠢᠳᠡ | ᠡᠷᠬᠡᠪᠰᠢ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠵᠥᠪ | ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ ᠂ ᠵᠠᠰᠠᠭ ᠤᠨ | ᠣᠷᠳᠣᠨ ᠤ ᠵᠠᠰᠠᠨ ᠴᠡᠭᠴᠡᠯᠡᠯᠲᠡ ᠶᠢᠨ ᠴᠢᠳᠠᠪᠤᠷᠢ ᠪᠣᠯᠣᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ ᠂ | ᠰᠢᠨ᠎ᠡ ᠳᠦᠷᠰᠦ ᠪᠠᠶᠢᠳᠠᠯ ᠂ ᠰᠢᠨ᠎ᠡ ᠡᠭᠦᠷᠭᠡᠯᠡᠯ ᠂ ᠰᠢᠨ᠎ᠡ ᠵᠢᠳᠬᠦᠯ ᠴᠢᠷᠮᠠᠶᠢᠯᠭ᠎ᠠ ᠪᠠᠷ ᠬᠠᠨᠤᠮᠵᠢᠲᠠᠢ ᠰᠢᠨ᠎ᠡ | ᠰᠢᠯᠭᠠᠯᠲᠠ ᠶᠢᠨ ᠬᠠᠭᠤᠳᠠᠰᠤ ᠳᠤᠰᠢᠶᠠᠬᠤ ᠬᠡᠷᠡᠭᠲᠠᠢ ᠃ | ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠶᠢ ᠡᠭᠦᠷᠢᠳᠡ ᠪᠠᠲᠤᠯᠠᠨ᠎ᠠ ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ | ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ ᠂ ᠤᠯᠤᠰ ᠲᠦᠷᠦ ᠶᠢᠨ | ᠮᠠᠭᠠᠳᠯᠠᠬᠤ ᠴᠢᠳᠠᠪᠤᠷᠢ ᠂ ᠤᠯᠤᠰ ᠲᠦᠷᠦ ᠶᠢᠨ ᠤᠶᠢᠯᠠᠭᠠᠬᠤ ᠴᠢᠳᠠᠪᠤᠷᠢ ᠂ ᠤᠯᠤᠰ ᠲᠦᠷᠦ ᠶᠢᠨ ᠬᠡᠷᠡᠭᠵᠢᠭᠦᠯᠬᠦ | ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ︽ ᠬᠤᠶᠠᠷ ᠢ ᠲᠣᠭᠲᠠᠭᠠᠬᠤ ︾ ᠶᠢ ᠡᠷᠡᠰ ᠬᠦᠷᠢᠶᠡᠯᠡᠵᠦ ᠂ ︽ | ᠬᠤᠶᠠᠷ ᠢ ᠬᠠᠮᠠᠭᠠᠯᠠᠬᠤ ︾ ᠶᠢ ᠡᠷᠡᠰ ᠪᠡᠶᠡᠯᠡᠭᠦᠯᠬᠦ ᠬᠡᠷᠡᠭᠲᠡᠢ ᠃ ︽ ᠭᠤᠷᠪᠠᠨ ᠨᠢᠭᠡ ︾ ᠶᠢᠨ ᠲᠣᠭᠲᠠᠴᠠ ᠶᠢ | ᠲᠡᠭᠦᠯᠳᠡᠷᠵᠢᠭᠦᠯᠵᠦ ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ︽ ᠬᠠᠮᠤᠭ ᠤᠨ ᠲᠡᠷᠢᠭᠦᠨ ᠳᠤ ︾ ᠰᠤᠷᠤᠯᠴᠠᠨ ᠤᠯᠠᠮᠵᠢᠯᠠᠬᠤ ᠂ ︽ ᠨᠢᠭᠡᠳᠦᠭᠡᠷ ᠵᠥᠪᠯᠡᠬᠦ ᠰᠡᠳᠦᠪ ︾ ᠢ | ᠰᠤᠳᠤᠯᠤᠨ ᠪᠠᠶᠢᠷᠢᠯᠠᠭᠤᠯᠬᠤ ᠂ ︽ ᠨᠢᠭᠡᠳᠦᠭᠡᠷ ᠬᠠᠷᠢᠭᠤᠴᠠᠯᠭ᠎ᠠ ︾ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ | ᠬᠡᠷᠡᠭᠲᠡᠢ ᠃ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ | ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ︽ ᠬᠤᠶᠠᠷ ᠶᠡᠭᠡ | ᠶᠠᠪᠤᠳᠠᠯ ︾ ᠲᠠᠢ ᠨᠢᠭᠲᠠ ᠤᠶᠠᠯᠳᠤᠭᠤᠯᠤᠨ ᠂ ᠲᠥᠰᠥᠯ ᠢ ᠨᠠᠷᠢᠯᠢᠭᠵᠢᠭᠤᠯᠤᠨ ᠂ ᠡᠭᠦᠷᠭᠡ ᠶᠢ ᠬᠡᠮᠵᠢᠶᠡᠯᠡᠵᠦ ᠂ ᠠᠷᠭ᠎ᠠ | ᠬᠡᠮᠵᠢᠶ᠎ᠡ ᠶᠢ ᠪᠣᠳᠠᠲᠠᠶᠢᠵᠢᠭᠤᠯᠵᠤ ᠂ ᠴᠢᠩᠭ᠎ᠠ ᠠᠳᠬᠤᠨ ᠲᠦᠷᠭᠡᠨ ᠠᠵᠢᠯᠯᠠᠵᠤ ᠨᠢᠭᠡ ᠪᠦᠯᠦᠭ ᠦᠷ᠎ᠡ ᠪᠦᠲᠦᠮᠵᠢ ᠶᠢ | ᠤᠯᠤᠨ᠎ᠡ ᠃ | ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ ᠠᠵᠢᠯᠯᠠᠨ᠎ᠠ ᠃ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠴᠠᠭ ᠲᠤᠬᠠᠢ | ᠳᠤᠨᠢ ᠬᠤᠰᠢᠭᠤ ᠨᠠᠮ ᠤᠨ ᠬᠤᠷᠢᠶ᠎ᠠ ᠳᠤ ᠴᠢᠬᠤᠯᠠ ᠶᠡᠭᠡ ᠤᠴᠢᠷ ᠶᠠᠪᠤᠳᠠᠯ ᠢ ᠮᠡᠳᠡᠭᠦᠯᠦᠨ ᠵᠢᠭᠠᠪᠤᠷᠢ ᠠᠪᠴᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ | ᠲᠣᠭᠲᠠᠭᠠᠯ ᠢ ᠬᠢᠨᠠᠮᠠᠭᠠᠢ ᠬᠡᠷᠡᠭᠵᠢᠭᠦᠯᠵᠦ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ | ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ ᠂ ᠤᠯᠤᠰ ᠲᠦᠷᠦ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ ᠂ ︽ ᠲᠥᠯᠥᠭᠡᠯᠡᠭᠴᠢ ᠭᠡᠰᠢᠭᠦᠳ ᠤᠨ ᠰᠡᠳᠬᠢᠯ | ᠤᠨ ᠦᠭᠡ ᠶᠢ ᠰᠣᠨᠣᠰᠴᠤ ᠂ ᠵᠠᠰᠠᠭ ᠤᠨ ᠣᠷᠳᠣᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ︾ ᠲᠤᠰᠬᠠᠢ | ᠠᠵᠢᠯᠯᠠᠭ᠎ᠠ ᠶᠢ ᠥᠷᠨᠢᠭᠦᠯᠵᠦ ᠂ ᠰᠠᠨᠠᠭᠤᠯᠭ᠎ᠠ ᠪᠠ ᠰᠠᠨᠠᠯ ᠵᠥᠪᠯᠡᠯᠭᠡ ᠶᠢ ᠰᠠᠶᠢᠲᠤᠷ ᠰᠢᠢᠳᠪᠦᠷᠢᠯᠡᠨ᠎ᠡ ᠃ ᠨᠡᠶᠢᠭᠡᠮ ᠤᠨ | ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ ᠂ ᠬᠢᠨᠠᠨ ᠪᠤᠳᠤᠬᠤ ᠂ ᠪᠦᠷᠢᠳᠬᠡᠬᠦ | ᠬᠢᠨᠠᠯᠲᠠ ᠶᠢ ᠴᠢᠩᠭᠠᠳᠬᠠᠨ᠎ᠠ ᠃ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠶᠢ ᠭᠦᠨᠵᠡᠭᠡᠶᠢᠷᠡᠭᠦᠯᠵᠦ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ ᠂ ᠪᠦᠬᠦ ᠤᠯᠤᠰ ᠤᠨ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯ ᠢ ᠪᠣᠳᠠᠲᠠᠢ | ᠠᠳᠬᠤᠨ᠎ᠠ ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ ᠂ | ᠲᠤᠭᠳᠠᠭᠰᠠᠨ ᠵᠦᠢᠯ ᠢᠶᠠᠨ ᠵᠠᠪᠠᠯ ᠭᠦᠢᠴᠡᠳᠬᠡᠵᠦ ᠂ ᠠᠮᠠᠯᠠᠭᠰᠠᠨ ᠵᠦᠢᠯ ᠢᠶᠠᠨ ᠵᠠᠪᠠᠯ ᠦᠢᠯᠡᠳᠦᠯᠭᠡᠵᠢᠭᠦᠯᠵᠦ ᠂ ᠰᠢᠨ᠎ᠡ | ᠨᠣᠶᠠᠨ ᠬᠠᠭᠤᠴᠢᠨ ᠲᠠᠩᠰᠠ ᠶᠢ ᠲᠢᠭᠯᠡᠬᠦ ᠶᠢ ᠪᠡᠶᠡᠯᠡᠭᠦᠯᠦᠨ᠎ᠡ ᠃ | ᠠᠷᠠᠳ ᠲᠦᠮᠡᠨ ᠳᠤ ᠦᠨᠡᠨ ᠰᠡᠳᠬᠢᠯ ᠠᠴᠠ ᠪᠠᠨ ᠦᠢᠯᠡᠴᠢᠯᠡᠨ᠎ᠡ ᠃ ︽ ᠳᠥᠷᠪᠡ ᠶᠢ ᠦᠨᠳᠦᠰᠦᠨ ᠱᠠᠲᠤᠨ | ᠳᠤ ᠪᠠᠭᠤᠯᠭᠠᠬᠤ ︾ ᠳᠦᠷᠢᠮ ᠢ ᠭᠦᠨᠵᠡᠭᠡᠢ ᠬᠡᠷᠡᠭᠯᠡᠨ ᠂ ᠬᠡᠷᠡᠭᠴᠡᠭᠡ ᠱᠠᠭᠠᠷᠳᠠᠯᠭ᠎ᠠ ᠂ ᠠᠷᠭ᠎ᠠ ᠪᠣᠳᠣᠯᠭ᠎ᠠ ᠂ ᠦᠷ᠎ᠡ | ᠪᠦᠲᠦᠮᠵᠢ ᠶᠢ ᠠᠷᠠᠳ ᠠᠴᠠ ᠠᠰᠠᠭᠤᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ ᠂ ᠦᠷᠭᠦᠯᠵᠢ | ᠦᠨᠳᠦᠰᠦᠨ ᠱᠠᠲᠤᠨ ᠳᠤ ᠬᠦᠷᠴᠦ ᠂ ᠣᠯᠠᠨ ᠲᠦᠮᠡᠨ ᠲᠠᠢ ᠢᠯᠡᠭᠦᠬᠡᠨ ᠬᠠᠮᠲᠤ ᠰᠠᠭᠤᠵᠤ ᠂ ᠬᠦᠴᠢᠷᠳᠡᠯ ᠢ ᠣᠯᠵᠤ | ᠬᠠᠷᠠᠪᠠᠯ ᠬᠠᠪᠰᠤᠷᠴᠤ ᠂ ᠬᠦᠴᠢᠷᠳᠡᠯ ᠲᠤᠯᠭᠠᠷᠠᠪᠠᠯ ᠳᠡᠮᠵᠢᠵᠤ ᠂ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ | ᠠᠵᠢᠯ ᠢ ᠰᠠᠶᠢᠲᠤᠷ ᠬᠢᠵᠤ ᠂ ᠨᠠᠩ ᠣᠯᠠᠨ ︽ ᠠᠷᠠᠳ ᠤᠨ ᠠᠮᠢᠳᠤᠷᠠᠯ ᠤᠨ ᠠᠯᠤᠰ ᠤᠨ ᠲᠦᠰᠦᠪ ︾ ᠢ ︽ ᠵᠣᠯ | ᠵᠢᠷᠭᠠᠯ ᠤᠨ ᠪᠣᠳᠠᠲᠤ ᠦᠵᠡᠮᠵᠢ ︾ ᠪᠣᠯᠭᠠᠬᠤ ᠬᠡᠷᠡᠭᠲᠡᠢ ᠃ ᠠᠵᠤ ᠠᠬᠤᠶᠢᠯᠠᠯ ᠳᠤ ᠦᠨᠡᠨ ᠪᠣᠳᠠᠲᠠᠢ ᠪᠠᠷ | ᠦᠢᠯᠡᠴᠢᠯᠡᠵᠦ ᠂ ᠦᠢᠯᠡᠴᠢᠯᠡᠭᠡᠨ ᠤ ᠶᠠᠰᠤ ᠴᠢᠨᠠᠷ ᠪᠤᠯᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠎ᠡ ᠃ ᠨᠠᠷᠢᠨ | ᠨᠢᠭᠲᠠ ᠲᠥᠯᠥᠪᠯᠡᠨ ᠪᠤᠳᠤᠬᠤ ᠂ ᠠᠷᠪᠢᠯᠠᠨ ᠭᠠᠮᠨᠠᠵᠤ ᠠᠷᠠᠳ ᠢ ᠪᠠᠶᠠᠵᠢᠭᠤᠯᠬᠤ ᠶᠢ ᠪᠠᠷᠢᠮᠲᠠᠯᠠᠨ ᠂ ᠡᠩ ᠤᠨ | ᠵᠠᠷᠤᠯᠭ᠎ᠠ ᠪᠠ ︽ ᠭᠤᠷᠪᠠᠨ ᠵᠦᠢᠯ ᠤᠨ ᠠᠯᠪᠠᠨ ᠤ ᠵᠠᠷᠤᠳᠠᠯ ︾ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ ᠂ ᠵᠠᠷᠤᠵᠤ | ᠪᠣᠯᠬᠤ ᠦᠭᠡᠢ ᠵᠣᠭᠤᠰ ᠢ ᠶᠠᠭᠠᠬᠢᠭᠰᠠᠨ ᠴᠤ ᠵᠠᠷᠤᠬᠤ ᠦᠭᠡᠢ ᠂ ᠪᠠᠶᠢᠭᠤᠯᠬᠤ ᠴᠢᠬᠤᠯᠠ ᠦᠭᠡᠢ ᠲᠦᠷᠦᠯ ᠵᠦᠢᠯ ᠢ | ᠶᠠᠭᠠᠬᠢᠭᠰᠠᠨ ᠴᠤ ᠪᠠᠶᠢᠭᠤᠯᠬᠤ ᠦᠭᠡᠢ ᠪᠠᠶᠢᠵᠤ ᠂ ᠡᠷᠬᠢᠮ ᠨᠠᠨᠳᠢᠨ ᠪᠡᠯᠡ ᠮᠥᠩᠭᠦ ᠶᠢ ᠬᠥᠭᠵᠢᠯᠲᠡ ᠶᠢᠨ ᠴᠢᠬᠤᠯᠠ | ᠭᠠᠵᠠᠷ ᠂ ᠠᠷᠠᠳ ᠤᠨ ᠠᠮᠢᠳᠤᠷᠠᠯ ᠤᠨ ᠪᠠᠴᠢᠮ ᠬᠡᠷᠡᠭᠴᠡᠭᠡᠨ ᠳᠤ ᠦᠨᠡᠨ ᠬᠦ ᠬᠡᠷᠡᠭᠯᠡᠵᠦ ᠂ ᠵᠠᠰᠠᠭ ᠤᠨ ᠣᠷᠳᠣᠨ ᠤ | ᠦᠢᠯᠡᠳᠦᠯ ᠴᠢᠳᠠᠪᠤᠷᠢ ᠶᠢ ᠲᠠᠬᠢᠨ ᠳᠡᠭᠡᠭᠰᠢᠯᠡᠭᠦᠯᠵᠦ ᠂ ᠤᠯᠠᠨ ᠲᠦᠮᠡᠨ ᠤ ᠮᠠᠭᠲᠠᠭᠠᠯ ᠰᠠᠶᠢᠰᠢᠶᠠᠯ ᠢ ᠤᠯᠬᠤ ᠪᠠᠷ | ᠴᠢᠷᠮᠠᠶᠢᠨ᠎ᠠ ᠃ | ᠡᠭᠦᠷᠭᠡ ᠬᠠᠷᠢᠭᠤᠴᠠᠯᠭ᠎ᠠ ᠪᠠᠨ ᠬᠦᠴᠦᠯᠡᠨ ᠡᠭᠦᠷᠭᠡᠯᠡᠵᠦ ᠠᠵᠢᠯ ᠦᠢᠯᠡᠰ ᠪᠦᠲᠦᠭᠡᠨ᠎ᠡ ᠃ ᠬᠢᠬᠦ ᠶᠢ ᠲᠡᠷᠢᠭᠦᠨ | ᠳᠤ ᠲᠠᠯᠪᠢᠵᠤ ᠂ ᠪᠣᠳᠠᠲᠠᠢ ᠪᠠᠷ ᠦᠨᠳᠦᠰᠦᠨ ᠵᠦᠢᠯ ᠢ ᠪᠠᠲᠤᠯᠠᠬᠤ ᠶᠢ ᠪᠠᠷᠢᠮᠲᠠᠯᠠᠨ ᠂ ᠬᠤᠰᠢᠭᠤ ᠨᠠᠮ ᠤᠨ ᠬᠤᠷᠢᠶ᠎ᠠ | ᠶᠢᠨ ᠤᠬᠠᠭᠠᠯᠠᠭᠰᠠᠨ ᠶᠠᠪᠤᠳᠠᠯ ᠢ ᠤᠷᠢᠳᠠᠪᠠᠷ ᠬᠢᠵᠦ ᠂ ᠡᠷᠲᠡ ᠠᠴᠠ ᠲᠦᠷᠭᠡᠨ ᠭᠠᠷᠳᠠᠵᠤ ᠂ ᠲᠣᠭᠲᠠᠭᠰᠠᠨ ᠶᠠᠪᠤᠳᠠᠯ ᠢ | ᠴᠢᠩᠭ᠎ᠠ ᠠᠳᠬᠤᠨ ᠲᠦᠷᠭᠡᠨ ᠰᠢᠢᠳᠪᠦᠷᠢᠯᠡᠵᠦ ᠂ ᠦᠷ᠎ᠡ ᠪᠦᠲᠦᠮᠵᠢ ᠣᠯᠵᠤ ᠂ ᠦᠷ᠎ᠡ ᠳ᠋ᠦᠩ ᠲᠠᠢ ᠪᠣᠯᠭᠠᠵᠤ ᠂ ︽ | ᠮᠢᠨᠤ ᠬᠢᠭᠰᠡᠨ ᠬᠤᠷᠠᠯ ᠢ ᠪᠢ ᠥᠪᠡᠷ ᠢᠶᠠᠨ ᠲᠤᠤᠱᠯᠠᠭᠤᠯᠵᠤ ᠂ ᠮᠢᠨᠤ ᠬᠢᠭᠰᠡᠨ ᠴᠣᠬᠤᠯᠠᠪᠤᠷᠢ ᠶᠢ ᠪᠢ ᠥᠪᠡᠷ ᠢᠶᠠᠨ | ᠨᠠᠶᠢᠳᠠᠪᠤᠷᠢᠵᠢᠭᠤᠯᠵᠤ ᠂ ᠮᠢᠨᠤ ᠲᠣᠭᠲᠠᠭᠠᠭᠰᠠᠨ ᠲᠥᠷᠥ ᠶᠢᠨ ᠪᠣᠳᠣᠯᠭ᠎ᠠ ᠶᠢ ᠪᠢ ᠥᠪᠡᠷ ᠢᠶᠠᠨ ᠬᠠᠷᠭᠤᠭᠤᠯᠵᠤ ᠂ | ᠮᠢᠨᠤ ᠬᠢᠭᠰᠡᠨ ᠪᠠᠶᠢᠴᠠᠭᠠᠨ ᠰᠤᠳᠤᠯᠤᠯᠲᠠ ᠶᠢ ᠪᠢ ᠥᠪᠡᠷ ᠢᠶᠠᠨ ᠠᠬᠢᠭᠤᠯᠬᠤ ︾ ᠶᠢ ᠪᠡᠶᠡᠯᠡᠭᠦᠯᠦᠨ᠎ᠡ ᠃ ︽ | ᠣᠶᠢᠯᠠᠭᠠᠬᠤ ᠰᠡᠳᠬᠢᠬᠦᠢ ︾ ᠶᠢ ᠪᠠᠷᠢᠮᠲᠠᠯᠠᠵᠤ ᠂ ᠰᠡᠳᠬᠢᠯ ᠰᠢᠭᠤᠳᠤᠨ ᠠᠰᠠᠭᠤᠳᠠᠯ ᠢ ᠰᠤᠳᠤᠯᠤᠨ ᠰᠢᠢᠳᠪᠦᠷᠢᠯᠡᠵᠦ ᠂ | ᠡᠴᠦᠰ ᠲᠤᠨᠢ ᠲᠤᠯᠲᠠᠯ᠎ᠠ ᠨᠠᠶᠢᠳᠠᠪᠤᠷᠢᠵᠢᠭᠤᠯᠬᠤ ᠶᠢ ᠠᠬᠢᠭᠤᠯᠵᠤ ᠂ ᠶᠠᠭᠤ ᠶᠢ ᠴᠢᠩᠭ᠎ᠠ ᠠᠳᠬᠤᠪᠠᠯ ᠶᠠᠭᠤ ᠶᠢ ᠨᠢ | ᠤᠷᠢᠳᠠᠪᠠᠷ ᠰᠢᠢᠳᠪᠦᠷᠢᠯᠡᠵᠦ ᠂ ᠶᠠᠭᠤ ᠶᠢ ᠨᠢ ᠲᠤᠪᠤᠶᠢᠯᠭᠠᠪᠠᠯ ᠶᠠᠭᠤ ᠶᠢ ᠨᠢ ᠰᠢᠢᠳᠪᠦᠷᠢᠯᠡᠵᠦ ᠂ ᠬᠥᠭᠵᠢᠯᠲᠡ ᠶᠢᠨ | ᠱᠠᠭᠠᠷᠳᠠᠯᠭ᠎ᠠ ᠳᠤ ᠨᠡᠶᠢᠴᠡᠵᠦ ᠂ ᠤᠯᠠᠨ ᠲᠦᠮᠡᠨ ᠳᠤ ᠠᠰᠢᠭᠲᠠᠢ ᠂ ᠬᠠᠤᠯᠢ ᠲᠣᠭᠲᠠᠭᠠᠯ ᠲᠦᠷᠦ ᠶᠢᠨ ᠪᠣᠳᠣᠯᠭ᠎ᠠ ᠶᠢ | ᠵᠥᠷᠢᠴᠡᠬᠦ ᠦᠭᠡᠢ ᠯᠡ ᠶᠤᠮ ᠪᠣᠯ ᠵᠣᠷᠢᠭᠲᠠᠢ ᠪᠠᠷ ᠲᠤᠷᠰᠢᠵᠤ ᠂ ᠵᠣᠷᠢᠭᠲᠠᠢ ᠪᠠᠷ ᠬᠢᠵᠦ ᠂ ︽ ᠬᠦᠴᠢᠷ ᠮᠥᠷᠲᠡᠭᠡᠨ | ᠵᠥᠪ ︾ ᠶᠠᠪᠤᠳᠠᠯ ᠢ ᠵᠣᠷᠢᠭᠲᠠᠢ ᠪᠥᠭᠡᠳ ᠴᠢᠳᠠᠮᠠᠭᠠᠢ ᠪᠠᠷ ᠰᠢᠢᠳᠪᠦᠷᠢᠯᠡᠬᠦ ᠬᠡᠷᠡᠭᠲᠡᠢ ᠃ ︽ ᠭᠤᠷᠪᠠᠨ ᠠᠷᠪᠢᠨ | ᠭᠤᠷᠪᠠᠨ ᠴᠥᠭᠡᠨ ᠭᠤᠷᠪᠠᠨ ᠤᠳᠠᠭᠠᠨ ︾ ︽ ᠤᠳᠠᠭᠠᠨ ᠪᠦᠳᠦᠭᠦᠯᠢᠭ ᠬᠡᠶᠢᠰᠪᠦᠷᠢ ︾ ︽ ᠲᠠᠪᠤᠨ ᠦᠭᠡᠢ ︾ | ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠵᠠᠰᠠᠭ ᠤᠨ ᠣᠷᠳᠣᠨ ᠤ | ᠠᠵᠢᠯᠲᠠᠨ ᠤ ᠳᠠᠯᠳᠠ ᠴᠢᠳᠠᠪᠤᠷᠢ ᠶᠢ ᠬᠥᠭᠵᠢᠭᠡᠨ ᠪᠠᠳᠠᠷᠠᠭᠤᠯᠵᠤ ᠂ ᠡᠷᠴᠢ ᠵᠣᠷᠢᠭ ᠢ ᠨᠢ ᠬᠥᠭᠵᠢᠭᠡᠨ | ᠵᠣᠷᠢᠭᠵᠢᠭᠤᠯᠵᠤ ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠣᠶᠤᠨ ᠰᠠᠨᠠᠭᠠᠨ ᠤ ᠳᠦᠷᠰᠦ ᠪᠠᠶᠢᠳᠠᠯ ᠪᠠ ᠴᠠᠭ | ᠢᠮᠠᠭᠲᠠ ᠰᠡᠳᠬᠢᠯ ᠠᠮᠤᠷ ᠪᠠᠶᠢᠵᠤ ᠴᠢᠳᠠᠬᠤ ᠦᠭᠡᠢ ᠪᠠᠶᠢᠳᠠᠭ ᠬᠠᠷᠢᠭᠤᠴᠠᠯᠭᠠᠲᠤ ᠤᠬᠠᠮᠰᠠᠷ ᠢᠶᠠᠷ ᠡᠳᠦᠷ ᠪᠣᠯᠭᠠᠨ | ᠰᠠᠶᠢᠲᠤᠷ ᠠᠵᠢᠯᠯᠠᠵᠤ ᠂ ᠠᠵᠢᠯ ᠪᠣᠯᠭᠠᠨ ᠢ ᠰᠠᠶᠢᠲᠤᠷ ᠬᠢᠬᠦ ᠬᠡᠷᠡᠭᠲᠡᠢ ᠃ | ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠰᠠᠬᠢᠬᠤ ᠶᠢ ᠴᠢᠩᠭᠠᠳᠬᠠᠨ᠎ᠠ ᠃ ᠵᠠᠰᠠᠭ ᠤᠨ ᠣᠷᠳᠣᠨ ᠤ | ᠰᠢᠰᠲ᠋ᠧᠮ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠶᠡᠬᠡᠪᠡᠷ | ᠠᠬᠢᠭᠤᠯᠵᠤ ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ | ᠴᠥᠬᠦᠷᠡᠰᠢ ᠦᠭᠡᠢ ᠨᠠᠶᠢᠳᠠᠪᠤᠷᠢᠵᠢᠭᠤᠯᠵᠤ ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ︽ ᠲᠦᠷᠪᠡᠨ ᠰᠤᠷᠲᠠᠯ ︾ | ᠣᠨᠴᠠᠭᠠᠶᠢᠯᠠᠨ ᠬᠡᠯᠪᠡᠷᠢᠴᠢ ᠦᠵᠡᠯ ᠂ ᠨᠣᠶᠠᠨᠴᠢ ᠰᠤᠷᠲᠠᠯ ᠢ ᠵᠠᠯᠠᠷᠠᠭᠤᠯᠤᠨ ᠵᠠᠰᠠᠨ᠎ᠠ ᠃ ᠵᠠᠰᠠᠭ ᠤᠨ ᠣᠷᠳᠣᠨ ᠤ | ᠰᠢᠰᠲ᠋ᠧᠮ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ | ᠡᠰᠡᠷᠭᠦᠴᠡᠬᠦ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠤᠨ ᠬᠢᠨᠠᠯᠲᠠ ᠶᠢ ᠪᠦᠬᠦ ᠬᠦᠴᠦᠨ ᠢᠶᠠᠷ ᠢᠶᠠᠨ ᠲᠡᠮᠵᠢᠵᠤ ᠂ ᠡᠷᠬᠡ ᠲᠥᠪᠯᠡᠷᠡᠭᠰᠡᠨ ᠂ ᠪᠡᠯᠡ | ᠮᠥᠩᠭᠦ ᠨᠢᠭᠲᠠᠷᠠᠭᠰᠠᠨ ᠂ ᠡᠬᠢ ᠪᠠᠶᠠᠯᠢᠭ ᠡᠯᠪᠡᠭ ᠳᠡᠯᠪᠡᠭ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ ᠃ ᠲᠣᠭᠤᠷᠢᠨ ᠪᠠᠶᠢᠴᠠᠭᠠᠬᠤ ᠂ ᠬᠢᠨᠠᠨ ᠪᠤᠳᠤᠬᠤ ᠵᠡᠷᠭᠡ ᠲᠠᠯ᠎ᠠ ᠪᠠᠷ ᠢᠯᠡᠷᠡᠭᠦᠯᠦᠭᠰᠡᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠨ᠎ᠠ ᠃ ᠵᠠᠰᠠᠭ ᠤᠨ ᠣᠷᠳᠣᠨ ᠤ ᠰᠢᠰᠲ᠋ᠧᠮ ᠤᠨ ᠺᠠᠳ᠋ᠷ ᠤᠨ ᠡᠩᠨᠡᠭᠡᠨ ᠤ | ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠢ ᠭᠦᠨᠵᠡᠭᠡᠶᠢᠷᠡᠭᠦᠯᠵᠦ ᠂ ᠺᠠᠳ᠋ᠷ ᠤᠨ ᠲᠥᠪ ᠴᠢᠬᠡᠴᠢ ᠂ ᠵᠠᠰᠠᠭ | ᠤᠨ ᠣᠷᠳᠣᠨ ᠤ ᠠᠷᠢᠭᠤᠨ ᠴᠢᠬᠡᠴᠢ ᠪᠠᠶᠢᠬᠤ ᠪᠠᠷ ᠴᠢᠨᠠᠷ ᠰᠠᠶᠢᠲᠠᠢ ᠬᠥᠭᠵᠢᠯᠲᠡ ᠶᠢᠨ ᠬᠦᠴᠦ ᠶᠢ ᠨᠡᠮᠡᠭᠳᠡᠭᠦᠯᠦᠨ ᠂ | ᠵᠣᠷᠢᠭ ᠢ ᠨᠡᠮᠡᠭᠳᠡᠭᠦᠯᠵᠦ ᠂ ᠲᠥᠪ ᠰᠤᠷᠲᠠᠯ ᠢ ᠪᠠᠳᠠᠷᠠᠭᠤᠯᠤᠨ᠎ᠠ ᠃ | ᠲᠥᠯᠥᠭᠡᠯᠡᠭᠴᠢᠳ ᠠ᠋ ︕ ᠬᠦᠯᠢᠶᠡᠵᠦ ᠪᠠᠶᠢᠭᠠᠳ ᠣᠯᠣᠭᠰᠠᠨ ᠦᠩᠭᠡ ᠭᠡᠷᠡᠯ ᠭᠡᠵᠦ ᠪᠠᠶᠢᠳᠠᠭ ᠦᠭᠡᠢ ᠂ ᠵᠥᠪᠬᠡᠨ | ᠬᠢᠵᠦ ᠪᠠᠶᠢᠭᠠᠳ ᠯᠡ ᠤᠯᠳᠠᠭ ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠪᠠᠷ ᠂ ︽ ᠮᠣᠩᠭᠤᠯ ᠮᠣᠷᠢᠨ ᠤ ᠵᠣᠷᠢᠭ ᠰᠠᠨᠠᠭ᠎ᠠ ︾ ᠪᠠ ︽ ᠤᠮᠠᠷᠠᠲᠤ ᠶᠢᠨ ᠭᠤᠷᠪᠠᠨ ᠣᠷᠣᠨ ᠤ | ᠵᠣᠷᠢᠭ ᠰᠠᠨᠠᠭ᠎ᠠ ︾ ᠶᠢ ᠶᠡᠭᠡ ᠪᠠᠷ ᠪᠠᠳᠠᠷᠠᠭᠤᠯᠵᠤ ᠂ ᠢᠲᠡᠭᠡᠯ ᠵᠣᠷᠢᠭ ᠢᠶᠠᠨ ᠪᠠᠲᠤᠳᠬᠠᠨ ᠂ ᠰᠢᠷᠭᠠᠭᠤ | ᠬᠠᠲᠠᠭᠤᠵᠢᠯᠲᠠᠢ ᠠᠵᠢᠯᠯᠠᠵᠤ ᠂ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠨ ᠂ ᠲᠡᠷᠢᠭᠦᠨ ᠳᠤ ᠣᠷᠣᠬᠤ ᠪᠠᠷ | ᠡᠷᠡᠯᠬᠡᠭᠯᠡᠨ ᠲᠡᠮᠡᠴᠡᠵᠦ ᠂ ᠪᠥᠬᠦ ᠣᠷᠣᠨ ᠤ ᠲᠡᠷᠢᠭᠦᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ︽ ᠳᠠᠷᠬᠠᠨ ᠮᠤᠤᠮᠢᠩᠭᠠᠨ ᠤ ᠦᠢᠯᠡᠳᠦᠯᠭᠡ ︾ ᠶᠢᠨ | ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢᠨ ᠲᠥᠯᠥᠭᠡ ᠡᠷᠡᠯᠬᠡᠭᠯᠡᠨ ᠲᠡᠮᠡᠴᠡᠵᠡᠭᠡᠶ᠎ᠡ ︕ | | ᠨᠡᠷ᠎ᠡ ᠦᠭᠡ ᠂ ᠨᠡᠷ᠎ᠡ ᠲᠣᠮᠢᠶ᠎ᠠ ᠂ ᠲᠣᠪᠴᠢᠯᠠᠭᠰᠠᠨ ᠦᠭᠡ ᠶᠢᠨ ᠲᠤᠬᠠᠢ ᠲᠠᠶᠢᠯᠪᠤᠷᠢᠯᠠᠯᠳᠠ | | 1. ︽ ᠨᠢᠭᠡ ᠰᠢᠨ᠎ᠡ ᠶᠢ ᠡᠭᠦᠳᠴᠦ ᠂ ᠭᠤᠷᠪᠠ ᠶᠢ ᠪᠡᠶᠡᠯᠡᠭᠦᠯᠬᠦ ︾ ᠄ 2009 ᠣᠨ ᠤ 8 ᠰᠠᠷ᠎ᠠ ᠶᠢᠨ 23 | ᠤ ᠡᠳᠦᠷ ᠂ ᠲᠤᠬᠠᠢ ᠶᠢᠨ ᠦᠶ᠎ᠡ ᠳᠤ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ | ᠭᠡᠰᠢᠭᠦᠨ ᠂ ᠲᠥᠪ ᠬᠤᠷᠢᠶᠠᠨ ᠤ ᠱᠦᠵᠢ ᠨᠠᠷ ᠤᠨ ᠭᠠᠵᠠᠷ ᠤᠨ ᠱᠦᠵᠢ ᠂ ᠤᠯᠤᠰ ᠤᠨ ᠳᠡᠳ᠋ ᠲᠡᠷᠢᠭᠦᠯᠡᠭᠴᠢ | ᠪᠠᠶᠢᠭᠰᠠᠨ ᠰᠢ ᠶᠢᠨ ᠫᠢᠩ ᠪᠡᠶ᠎ᠡ ᠪᠠᠷ ᠢᠶᠠᠨ ᠪᠤᠭᠤᠲᠤ ᠳᠤ ᠬᠦᠷᠴᠦ ᠠᠵᠢᠯ ᠪᠠᠶᠢᠴᠠᠭᠠᠬᠤ ᠳᠠᠭᠠᠨ ᠂ ᠪᠢᠳᠡᠨ ᠢ ᠪᠡᠶ᠎ᠡ | ᠪᠠᠨ ᠳᠠᠭᠠᠭᠠᠵᠤ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ ᠂ ᠬᠤᠷᠳᠤᠴᠠ ᠬᠢᠭᠡᠳ ᠪᠦᠲᠦᠴᠡ ᠶᠠᠰᠤ | ᠴᠢᠨᠠᠷ ᠦᠷ᠎ᠡ ᠠᠰᠢᠭ ᠤᠨ ᠨᠢᠭᠡᠳᠦᠯ ᠢ ᠴᠢᠷᠮᠠᠶᠢᠨ ᠪᠡᠶᠡᠯᠡᠭᠦᠯᠵᠦ ᠂ ᠠᠵᠤ ᠠᠬᠤᠢ ᠶᠢᠨ ᠬᠥᠭᠵᠢᠯᠲᠡ ᠬᠢᠭᠡᠳ ᠨᠡᠶᠢᠭᠡᠮ | ᠤᠨ ᠬᠥᠭᠵᠢᠯᠲᠡ ᠶᠢᠨ ᠵᠣᠬᠢᠴᠠᠯ ᠢ ᠴᠢᠷᠮᠠᠶᠢᠨ ᠪᠡᠶᠡᠯᠡᠭᠦᠯᠵᠦ ᠂ ᠠᠵᠤ ᠠᠬᠤᠢ ᠨᠡᠶᠢᠭᠡᠮ ᠤᠨ ᠬᠥᠭᠵᠢᠯᠲᠡ ᠬᠢᠭᠡᠳ | ᠠᠮᠢ ᠠᠬᠤᠢ ᠶᠢᠨ ᠣᠷᠴᠢᠨ ᠨᠥᠬᠦᠴᠡᠯ ᠤᠨ ᠡᠶ᠎ᠡ ᠵᠣᠬᠢᠴᠠᠯ ᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ ᠃ | | 2. ︽ ᠳᠥᠷᠪᠡ ᠶᠢ ᠬᠥᠭᠵᠢᠭᠦᠯᠬᠦ ︾ ᠠᠵᠤ ᠠᠬᠤᠶᠢᠯᠠᠯ ᠄ ᠲᠤᠬᠠᠶᠢᠯᠠᠪᠠᠯ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ ᠂ ᠬᠢᠷᠢ ᠴᠢᠳᠠᠮᠵᠢ ᠶᠢᠨ ᠲᠠᠰ ᠤᠨ ᠪᠠᠷᠢᠯᠭ᠎ᠠ ᠶᠢᠨ ᠦᠢᠯᠡᠰ ᠤᠨ ᠠᠵᠤ | ᠠᠬᠤᠶᠢᠯᠠᠯ ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ | ᠣᠷᠣᠨ ᠰᠠᠭᠤᠴᠠ ᠬᠤᠭᠤᠯᠠᠨ ᠤ ᠠᠵᠤ ᠠᠬᠤᠶᠢᠯᠠᠯ ᠂ ᠤᠯᠤᠰ ᠤᠨ ᠭᠤᠣᠯᠳᠠᠯᠭ᠎ᠠ ᠲᠠᠢ ᠦᠢᠯᠡᠴᠢᠯᠡᠭᠡᠨ ᠤ ᠦᠢᠯᠡᠰ | ᠤᠨ ᠠᠵᠤ ᠠᠬᠤᠶᠢᠯᠠᠯ ᠵᠡᠷᠭᠡ ᠳᠥᠷᠪᠡᠨ ᠲᠥᠷᠥᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠪᠣᠯᠣᠨ᠎ᠠ ᠃ | | 3. ᠰᠣᠶᠣᠯ ᠲᠠᠮᠢᠷ ᠵᠢᠭᠤᠯᠴᠢᠯᠠᠯ ᠤᠨ ︽ ᠨᠠᠢᠮᠠᠨ ᠶᠡᠭᠡ ᠠᠵᠢᠯᠯᠠᠭ᠎ᠠ ︾ ᠄ ᠳᠠᠷᠤᠢ ᠰᠣᠶᠣᠯ ᠢᠶᠠᠷ ᠴᠢᠳᠠᠪᠤᠷᠢ | ᠣᠯᠭᠤᠬᠤ ᠠᠵᠢᠯᠯᠠᠭ᠎ᠠ ᠂ ︽ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ︾ ᠢᠶᠠᠷ ᠰᠢᠯᠢᠳᠡᠭ ᠢ | ᠬᠥᠮᠥᠵᠢᠭᠦᠯᠬᠦ ᠠᠵᠢᠯᠯᠠᠭ᠎ᠠ ᠂ ᠲᠡᠦᠬᠡ ᠶᠢᠨ ᠳᠤᠷᠠᠰᠬᠠᠯᠲᠤ ᠲᠦᠷᠦᠯ ᠵᠦᠢᠯ ᠢ ᠬᠠᠮᠠᠭᠠᠯᠠᠨ ᠠᠰᠢᠭᠯᠠᠵᠤ ᠦᠷ᠎ᠡ ᠠᠰᠢᠭ | ᠢ ᠨᠡᠮᠡᠭᠳᠡᠭᠦᠯᠬᠦ ᠠᠵᠢᠯᠯᠠᠭ᠎ᠠ ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠠᠬᠢᠭᠤᠯᠬᠤ ᠠᠵᠢᠯᠯᠠᠭ᠎ᠠ ᠂ ᠰᠣᠶᠣᠯ | ᠲᠠᠮᠢᠷ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠠᠵᠢᠯᠯᠠᠭ᠎ᠠ ᠂ ︽ ᠠᠳᠤᠭᠤᠨ ᠰᠤᠶᠤᠯ ︾ | ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ | ᠣᠷᠴᠢᠨ ᠲᠣᠭᠤᠷᠢᠨ ᠢ ᠴᠡᠭᠴᠡᠯᠡᠬᠦ ᠠᠵᠢᠯᠯᠠᠭ᠎ᠠ ᠂ ︽ ᠭᠤᠷᠪᠠ ᠶᠢ ᠲᠡᠮᠡᠴᠡᠨ ᠣᠯᠬᠤ ︾ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠠᠵᠢᠯᠯᠠᠭ᠎ᠠ ᠪᠣᠯᠣᠨ᠎ᠠ ᠃ | 4. ︽ ᠬᠤᠣᠰ ᠨᠡᠭᠦᠷᠡᠰᠦᠲᠥ᠋ᠷᠥᠭᠴᠢ ︾ ᠶᠢᠨ ᠠᠵᠢᠯᠯᠠᠭ᠎ᠠ ᠄ ᠳᠠᠷᠤᠢ ᠨᠡᠭᠦᠷᠡᠰᠦᠲᠥ᠋ᠷᠥᠭᠴᠢ ᠶᠢ | ᠭᠠᠳᠠᠭᠰᠢᠯᠠᠭᠤᠯᠬᠤ ᠣᠷᠭᠢᠯ ᠬᠡᠮᠵᠢᠭᠳᠡᠯ ᠢ ᠪᠠᠭᠤᠷᠠᠭᠤᠯᠬᠤ ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠯᠲᠠ ᠶᠢ | ᠵᠦᠭᠰᠢᠷᠡᠭᠦᠯᠦᠨ ᠨᠠᠮᠳᠠᠭᠠᠬᠤ ᠠᠵᠢᠯᠯᠠᠭ᠎ᠠ ᠪᠣᠯᠣᠨ᠎ᠠ ᠃ | 5. ︽ ᠬᠤᠶᠠᠷ ᠠᠭᠤᠯᠠ ︾ ᠶᠢᠨ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠄ ᠲᠤᠬᠠᠶᠢᠯᠠᠪᠠᠯ | ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠶᠢᠨ ᠦᠢᠯᠡᠳᠦᠯᠭᠡ ᠶᠢᠨ ᠰᠢᠨ᠎ᠡ ᠶᠢ | ᠡᠭᠦᠳᠬᠦ ᠰᠠᠭᠤᠷᠢᠨ ᠭᠠᠵᠠᠷ ᠮᠥᠨ ᠃ | 6. ︽ ᠨᠢᠭᠡ ᠶᠢ ᠵᠠᠰᠠᠵᠤ ᠭᠤᠷᠪᠠ ᠶᠢ ᠬᠤᠪᠢᠷᠠᠭᠤᠯᠬᠤ ︾ ᠵᠠᠭᠤᠨ ᠡᠳᠦᠷ ᠤᠨ ᠪᠣᠭᠤᠮᠲᠠ ᠰᠢᠪᠲᠤᠯᠤᠯᠲᠠ ᠄ | ᠳᠠᠷᠤᠢ 100 ᠡᠳᠦᠷ ᠤᠨ ᠴᠠᠭ ᠬᠡᠷᠡᠭᠯᠡᠵᠦ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠦᠯᠡᠳᠡᠭᠡᠯ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠶᠢ ᠥᠷᠨᠢᠭᠦᠯᠵᠦ ᠂ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠨᠠᠭᠠᠴᠢᠯᠠᠭ᠎ᠠ ᠠᠴᠠ ᠪᠠᠨ ᠴᠡᠭᠴᠡᠯᠡᠨ ᠰᠠᠶᠢᠵᠢᠷᠠᠭᠤᠯᠬᠤ ᠠᠴᠠ | ᠰᠠᠨᠠᠭᠠᠴᠢᠯᠠᠭ᠎ᠠ ᠠᠴᠠ ᠪᠠᠨ ᠬᠠᠮᠠᠭᠠᠯᠠᠬᠤ ᠪᠤᠯᠭᠠᠨ ᠬᠤᠪᠢᠷᠠᠭᠤᠯᠬᠤ ᠂ ᠭᠤᠣᠯᠳᠠᠯᠭ᠎ᠠ ᠲᠠᠢ ᠪᠣᠭᠤᠮᠲᠠ ᠰᠢᠪᠲᠤᠯᠬᠤ | ᠠᠴᠠ ᠬᠠᠮᠵᠢᠯᠴᠠᠨ ᠵᠠᠰᠠᠬᠤ ᠪᠤᠯᠭᠠᠨ ᠬᠤᠪᠢᠷᠠᠭᠤᠯᠬᠤ ᠂ ᠭᠠᠳᠠᠭᠠᠳᠤ ᠬᠢᠵᠠᠭᠠᠷᠯᠠᠯ ᠠᠴᠠ ᠳᠣᠲᠣᠭᠠᠳᠤ ᠳᠠᠭᠠᠨ | ᠬᠥᠳᠡᠯᠭᠡᠬᠦ ᠪᠤᠯᠭᠠᠨ ᠬᠤᠪᠢᠷᠠᠭᠤᠯᠬᠤ ᠶᠢ ᠪᠡᠶᠡᠯᠡᠭᠦᠯᠦᠨ᠎ᠡ ᠃ | 7. ︽ ᠳᠥᠷᠪᠡᠨ ᠬᠠᠮᠳᠤ ᠪᠠᠷ ︾ ᠦᠢᠯᠡᠰ ᠪᠤᠰᠬᠠᠬᠤ ᠲᠠᠪᠴᠠᠩ ᠄ ᠳᠠᠷᠤᠢ ᠬᠠᠮᠳᠤ ᠪᠠᠷ ᠡᠭᠦᠳᠬᠦ ᠂ ᠬᠠᠮᠳᠤ | ᠪᠠᠷ ᠳᠠᠭᠠᠭᠠᠴᠢᠯᠠᠬᠤ ᠂ ᠬᠠᠮᠳᠤ ᠪᠠᠷ ᠲᠡᠳᠬᠦᠬᠦ ᠂ ᠬᠠᠮᠳᠤ ᠪᠠᠷ ᠪᠡᠯᠡᠳᠬᠡᠨ ᠲᠤᠯᠭᠠᠭᠤᠷᠢᠯᠠᠬᠤ ᠲᠠᠪᠴᠠᠩ ᠪᠣᠯᠣᠨ᠎ᠠ ᠃ | 8. ︽ ᠭᠤᠷᠪᠠᠨ ᠠᠷᠪᠢᠨ ᠂ ᠭᠤᠷᠪᠠᠨ ᠴᠥᠭᠡᠨ ᠂ ᠭᠤᠷᠪᠠᠨ ᠤᠳᠠᠭᠠᠨ ︾ ᠄ ᠲᠤᠬᠠᠶᠢᠯᠠᠪᠠᠯ ᠬᠤᠷᠠᠯ ᠠᠷᠪᠢᠨ ᠂ | ᠠᠵᠢᠯᠯᠠᠭ᠎ᠠ ᠠᠷᠪᠢᠨ ᠂ ᠭᠠᠳᠠᠭᠰᠢ ᠭᠠᠷᠬᠤ ᠨᠢ ᠠᠷᠪᠢᠨ ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ ᠂ | ᠠᠵᠢᠯ ᠤᠨ ᠰᠡᠳᠬᠢᠮᠵᠢ ᠴᠥᠭᠡᠨ ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠨᠢ ᠴᠥᠭᠡᠨ ᠂ ᠰᠢᠢᠳᠪᠦᠷᠢᠲᠦ | ᠪᠣᠳᠣᠯᠭ᠎ᠠ ᠲᠣᠭᠲᠠᠭᠠᠬᠤ ᠨᠢ ᠤᠳᠠᠭᠠᠨ ᠂ ᠠᠵᠢᠯᠯᠠᠭ᠎ᠠ ᠨᠢ ᠤᠳᠠᠭᠠᠨ ᠂ ᠦᠷ᠎ᠡ ᠳ᠋ᠦᠩ ᠨᠢ ᠤᠳᠠᠭᠠᠨ ᠪᠠᠶᠢᠬᠤ ᠃ | 9. ︽ ᠲᠠᠪᠤᠨ ᠦᠭᠡᠢ ︾ ᠶᠢᠨ ᠠᠰᠠᠭᠤᠳᠠᠯ ᠄ ᠲᠤᠬᠠᠶᠢᠯᠠᠪᠠᠯ ᠺᠠᠳ᠋ᠷ ᠤᠨ ᠡᠩᠨᠡᠭᠡᠨ ᠳᠤ ᠣᠷᠣᠰᠢᠵᠤ ᠪᠠᠶᠢᠭ᠎ᠠ | ︽ ᠮᠡᠳᠡᠬᠦ ᠦᠭᠡᠢ ᠂ ᠰᠤᠷᠬᠤ ᠦᠭᠡᠢ ᠂ ᠴᠢᠳᠠᠬᠤ ᠦᠭᠡᠢ ᠂ ᠵᠣᠷᠢᠭ ᠦᠭᠡᠢ ᠂ ᠬᠢᠬᠦ ᠦᠭᠡᠢ ︾ ᠪᠠᠶᠢᠬᠤ ᠠᠰᠠᠭᠤᠳᠠᠯ ᠢ | ᠬᠡᠯᠡᠵᠦ ᠪᠠᠶᠢᠨ᠎ᠠ ᠃ | 10. ︽ ᠵᠢᠷᠭᠤᠭᠠᠨ ᠶᠡᠭᠡ ᠢᠨᠵᠧᠨᠧᠷᠢᠩ ︾ ᠄ ᠲᠤᠬᠠᠶᠢᠯᠠᠪᠠᠯ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠠᠴᠠ ᠪᠠᠶᠢᠷᠢᠯᠠᠭᠤᠯᠤᠭᠰᠠᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ | ᠰᠠᠯᠬᠢᠨ ᠴᠠᠬᠢᠯᠭᠠᠨ ᠭᠡᠷᠡᠯ ᠸᠣᠯᠲ ᠢ ᠨᠢᠭᠡ ᠴᠣᠭᠴᠠᠵᠢᠭᠤᠯᠬᠤ ᠢᠨᠵᠧᠨᠧᠷᠢᠩ ᠂ ᠳᠤᠯᠠᠭᠠᠨ ᠤ ᠢᠨᠵᠧᠨᠧᠷᠢᠩ ᠂ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠂ ᠰᠢᠨᠵᠢᠯᠡᠬᠦ ᠤᠬᠠᠭᠠᠨ ᠮᠡᠷᠭᠡᠵᠢᠯ ᠤᠨ ︽ ᠪᠦᠰᠡᠯᠡᠯᠲᠡ | ᠶᠢ ᠰᠢᠪᠲᠤᠯᠬᠤ ︾ ᠢᠨᠵᠧᠨᠧᠷᠢᠩ ᠪᠣᠯᠣᠨ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ | ᠢᠨᠵᠧᠨᠧᠷᠢᠩ ᠵᠡᠷᠭᠡ ᠵᠢᠷᠭᠤᠭᠠᠨ ᠶᠡᠭᠡ ᠢᠨᠵᠧᠨᠧᠷᠢᠩ ᠪᠣᠯᠣᠨ᠎ᠠ ᠃ | 12. ︽ ᠲᠤᠯᠤᠭᠠᠨ ᠶᠡᠭᠡ ᠠᠵᠢᠯᠯᠠᠭ᠎ᠠ ︾ ᠄ ᠲᠤᠬᠠᠶᠢᠯᠠᠪᠠᠯ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ | ᠭᠤᠷᠪᠠᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠠᠴᠠ ᠪᠠᠶᠢᠷᠢᠯᠠᠭᠤᠯᠤᠭᠰᠠᠨ ︽ ᠬᠤᠶᠠᠷ ᠬᠤᠪᠣᠷ | ᠰᠢᠷᠣᠢ ᠶᠢᠨ ᠰᠠᠭᠤᠷᠢᠨ ᠭᠠᠵᠠᠷ ︾ ᠢ ᠪᠦᠲᠦᠭᠡᠨ ᠪᠠᠶᠢᠭᠤᠯᠬᠤ ᠰᠢᠪᠲᠤᠯᠤᠯᠲᠠ ᠶᠢᠨ ᠠᠵᠢᠯᠯᠠᠭ᠎ᠠ ᠂ ᠲᠠᠯᠠᠰᠲᠤ | ᠴᠠᠬᠢᠭᠤᠷ ᠬᠡᠷᠡᠯ ᠴᠡᠨᠡᠭ ᠤᠨ ᠠᠵᠤ ᠦᠢᠯᠡᠰ ᠢ ᠳᠡᠭᠡᠭᠰᠢᠯᠡᠭᠦᠯᠬᠦ ᠠᠵᠢᠯᠯᠠᠭ᠎ᠠ ᠂ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠬᠦᠴᠦᠷᠬᠡᠭᠵᠢᠭᠦᠯᠬᠦ ᠠᠵᠢᠯᠯᠠᠭ᠎ᠠ ᠂ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠂ ᠰᠣᠶᠣᠯ | ᠲᠠᠮᠢᠷ ᠵᠢᠭᠤᠯᠴᠢᠯᠠᠯ ᠤᠨ ᠠᠵᠤ ᠦᠢᠯᠡᠰ ᠢ ᠲᠠᠰ ᠳᠡᠪᠰᠢᠭᠦᠯᠬᠦ ᠠᠵᠢᠯᠯᠠᠭ᠎ᠠ ᠂ ᠠᠷᠠᠳ ᠤᠨ ᠠᠮᠢᠳᠤᠷᠠᠯ ᠤᠨ ᠦᠢᠯᠡᠰ | ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠂ ᠦᠵᠡᠰᠬᠦᠯᠡᠩᠲᠦ ᠰᠠᠶᠢᠬᠠᠨ ᠪᠤᠭᠤᠲᠤ ᠶᠢᠨ ᠪᠠᠷᠢᠮᠵᠢᠶ᠎ᠠ ᠶᠢ | ᠳᠡᠭᠡᠭᠰᠢᠯᠡᠭᠦᠯᠬᠦ ᠠᠵᠢᠯᠯᠠᠭ᠎ᠠ ᠪᠣᠯᠣᠨ᠎ᠠ ᠃ | 13. ︽ ᠲᠠᠪᠤᠨ ᠡᠷᠬᠡᠪᠰᠢ ︾ ᠄ ᠲᠤᠬᠠᠶᠢᠯᠠᠪᠠᠯ ᠬᠤᠰᠢᠭᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠠᠴᠠ ᠳ᠋ᠦᠩᠨᠡᠭᠰᠡᠨ ᠡᠷᠬᠡᠪᠰᠢ ᠨᠠᠮ ᠤᠨ ᠪᠥᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠵᠤ ᠂ ᠡᠷᠬᠡᠪᠰᠢ ︽ ᠣᠶᠢᠯᠠᠭᠠᠬᠤ ᠰᠡᠳᠬᠢᠬᠦᠢ ︾ ᠶᠢ ᠰᠠᠶᠢᠲᠤᠷ ᠬᠡᠷᠡᠭᠯᠡᠬᠦ ᠶᠢ | ᠪᠠᠷᠢᠮᠲᠠᠯᠠᠵᠤ ᠂ ᠡᠷᠬᠡᠪᠰᠢ ᠪᠣᠳᠠᠲᠠᠢ ᠶᠢ ᠡᠷᠬᠢᠮᠯᠡᠬᠦ ᠰᠤᠷᠲᠠᠯ ᠢ ᠪᠠᠳᠠᠷᠠᠭᠤᠯᠬᠤ ᠶᠢ ᠪᠠᠷᠢᠮᠲᠠᠯᠠᠵᠤ ᠂ ᠡᠷᠬᠡᠪᠰᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠰᠢᠨ᠎ᠡ ᠶᠢ ᠡᠭᠦᠳᠬᠦ ᠶᠢ ᠪᠠᠷᠢᠮᠲᠠᠯᠠᠵᠤ ᠂ ᠡᠷᠬᠡᠪᠰᠢ ᠠᠷᠠᠳ ᠤᠨ ᠲᠥᠯᠥᠭᠡ | ᠵᠢᠳᠬᠦᠬᠦ ᠵᠣᠷᠢᠯᠲᠠ ᠶᠢ ᠦᠢᠯᠡᠳᠦᠯᠭᠡᠵᠢᠭᠦᠯᠬᠦ ᠶᠢ ᠪᠠᠷᠢᠮᠲᠠᠯᠠᠬᠤ ᠬᠡᠷᠡᠭᠲᠡᠢ ᠃ | 14. ︽ ᠵᠢᠷᠭᠤᠭᠠᠨ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠬᠤ ︾ ᠄ ᠲᠤᠬᠠᠶᠢᠯᠠᠪᠠᠯ ᠬᠤᠰᠢᠭᠤ | ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠠᠴᠠ | ᠪᠠᠶᠢᠷᠢᠯᠠᠭᠤᠯᠤᠭᠰᠠᠨ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ ᠤᠯᠤᠰ ᠤᠨ ᠴᠢᠬᠤᠯᠠ ᠡᠨᠧᠷᠭᠢ ᠶᠢᠨ | ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ ᠂ | ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠵᠤ ᠂ ᠬᠦᠴᠦᠨ ᠢᠶᠠᠨ | ᠲᠥᠪᠯᠡᠷᠡᠭᠦᠯᠦᠨ ᠪᠣᠭᠤᠮᠲᠠ ᠰᠢᠪᠲᠤᠯᠵᠤ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ | ᠪᠦᠲᠦᠭᠡᠨ ᠪᠠᠶᠢᠭᠤᠯᠵᠤ ᠂ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ ︽ ᠬᠤᠶᠠᠷ ᠬᠠᠯᠬᠠᠪᠴᠢ ︾ ᠶᠢ | ᠪᠠᠲᠤ ᠴᠣᠭᠴᠠᠯᠠᠵᠤ ᠂ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠦᠲᠦᠭᠡᠨ ᠪᠠᠶᠢᠭᠤᠯᠵᠤ ᠂ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ ᠨᠠᠮ ᠤᠨ | ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ ᠃ | 15. ︽ ᠬᠤᠣᠰ ᠬᠡᠯᠬᠢᠶ᠎ᠡ ︾ ᠄ ᠳᠠᠷᠤᠢ ᠬᠡᠯᠬᠢᠶ᠎ᠡ ᠶᠢ ᠤᠷᠲᠤᠳᠬᠠᠵᠤ ᠂ ᠬᠡᠯᠬᠢᠶ᠎ᠡ ᠶᠢ ᠨᠡᠮᠡᠭᠳᠡᠭᠦᠯᠬᠦ ᠪᠣᠯᠣᠨ᠎ᠠ ᠃ | | 16. ︽ ᠳᠥᠷᠪᠡᠨ ᠬᠠᠭᠤᠳᠠᠰᠤ ᠨᠠᠷᠢᠨ ᠲᠠᠩᠰᠠ ︾ ︽ ᠲᠠᠪᠤᠨ ᠨᠢᠭᠡ ︾ ᠄ ᠳᠠᠷᠤᠢ ᠬᠠᠷᠠᠯᠲᠠᠲᠤ ᠠᠵᠤ | ᠠᠬᠤᠶᠢᠯᠠᠯ ᠤᠨ ᠨᠠᠷᠢᠨ ᠲᠠᠩᠰᠠ ᠂ ᠲᠥᠷᠥᠯ ᠵᠦᠢᠯ ᠤᠨ ᠨᠠᠷᠢᠨ ᠲᠠᠩᠰᠠ ᠂ ᠭᠡᠷ᠎ᠡ ᠲᠣᠭᠲᠠᠭᠰᠠᠨ ᠲᠥᠷᠥᠯ ᠵᠦᠢᠯ | ᠤᠨ ᠨᠠᠷᠢᠨ ᠲᠠᠩᠰᠠ ᠂ ᠠᠵᠢᠯ ᠡᠬᠢᠯᠡᠭᠦᠯᠦᠭᠰᠡᠨ ᠲᠥᠷᠥᠯ ᠵᠦᠢᠯ ᠤᠨ ᠨᠠᠷᠢᠨ ᠲᠠᠩᠰᠠ ︔ ᠨᠢᠭᠡ ᠲᠦᠷᠦᠯ ᠵᠦᠢᠯ ᠂ | ᠨᠢᠭᠡ ᠤᠳᠤᠷᠢᠳᠤᠯᠭ᠎ᠠ ᠂ ᠨᠢᠭᠡ ᠲᠤᠰᠬᠠᠢ ᠠᠩᠭᠢ ᠂ ᠨᠢᠭᠡ ᠢᠵᠢ ᠲᠥᠰᠥᠯ ᠵᠡᠷᠭᠡ ᠶᠢ ᠡᠴᠦᠰ ᠲᠤᠨᠢ ᠲᠤᠯᠲᠠᠯ᠎ᠠ | ᠠᠳᠬᠤᠬᠤ ᠶᠢ ᠬᠡᠯᠡᠵᠤ ᠪᠤᠢ ᠃ | 17. ︽ ᠬᠤᠶᠠᠷ ᠪᠦᠲᠦᠭᠡᠭᠳᠡᠬᠦᠨ ᠨᠢᠭᠡ ᠪᠠᠷᠢᠮᠵᠢᠶ᠎ᠠ ︾ ᠄ ᠲᠤᠬᠠᠶᠢᠯᠠᠪᠠᠯ ᠪᠣᠬᠢᠷᠲᠤᠯ ᠦᠭᠡᠢ ᠢᠳᠡᠭᠡᠨ ᠂ | ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠪᠡᠯᠭᠡ | ᠲᠡᠮᠳᠡᠭ ᠪᠣᠯᠣᠨ᠎ᠠ ᠃ | 18. ︽ ᠭᠤᠷᠪᠠᠨ ᠬᠠᠶᠠᠭᠳᠠᠮᠠᠯ ︾ ᠄ ᠳᠠᠷᠤᠢ ᠬᠠᠶᠠᠭᠳᠠᠮᠠᠯ ᠤᠰᠤ ᠂ ᠬᠠᠶᠠᠭᠳᠠᠮᠠᠯ ᠬᠡᠢ ᠂ ᠬᠠᠶᠠᠭᠳᠠᠮᠠᠯ | ᠰᠢᠭᠠᠷᠤ ᠶᠢ ᠬᠡᠯᠡᠵᠦ ᠪᠠᠶᠢᠨ᠎ᠠ ᠃ | 19. ︽ ᠳᠥᠷᠪᠡᠨ ᠨᠢᠭᠡ ︾ ᠄ ᠳᠠᠷᠤᠢ ᠨᠢᠭᠡ ᠲᠤᠰᠬᠠᠢ ᠮᠡᠷᠭᠡᠵᠢᠯᠲᠡᠨ ᠤ ᠪᠦᠯᠬᠦᠮ ᠢ ᠣᠷᠣᠭᠤᠯᠤᠨ | ᠠᠪᠴᠢᠷᠠᠵᠤ ᠂ ᠨᠢᠭᠡ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠪᠠᠶᠢᠭᠤᠯᠤᠨ ᠂ ᠨᠢᠭᠡ ᠰᠢᠨ᠎ᠡ ᠠᠵᠤ ᠦᠢᠯᠡᠰ ᠢ | ᠰᠣᠩᠭᠤᠨ ᠣᠷᠣᠭᠤᠯᠵᠤ ᠂ ᠨᠢᠭᠡ ᠪᠦᠯᠦᠭ ᠰᠢᠨ᠎ᠡ ᠦᠢᠯᠡᠳᠬᠦᠨ ᠢ ᠨᠡᠭᠡᠭᠡᠨ ᠬᠥᠭᠵᠢᠭᠦᠯᠦᠨ᠎ᠡ ᠃ | 20. ᠭᠤᠣᠯ ᠮᠥᠷᠡᠨ ᠨᠠᠭᠤᠷ ᠴᠥᠭᠦᠷᠥᠮ ᠤᠨ ︽ ᠳᠥᠷᠪᠡᠨ ᠡᠷᠦᠢ ᠬᠤᠷᠤᠢ ᠦᠭᠡᠢ ᠪᠠᠶᠢᠳᠠᠯ ᠢ ᠴᠡᠭᠴᠡᠯᠡᠬᠦ ︾ | ᠄ ᠳᠠᠷᠤᠢ ᠳᠤᠷ᠎ᠠ ᠪᠠᠷ ᠢᠶᠠᠨ ᠡᠵᠡᠯᠡᠬᠦ ᠂ ᠳᠤᠷ᠎ᠠ ᠪᠠᠷ ᠢᠶᠠᠨ ᠮᠠᠯᠲᠠᠬᠤ ᠂ ᠳᠤᠷ᠎ᠠ ᠪᠠᠷ ᠢᠶᠠᠨ ᠣᠪᠣᠭᠠᠯᠠᠬᠤ ᠂ ᠳᠤᠷ᠎ᠠ ᠪᠠᠷ | ᠢᠶᠠᠨ ᠪᠠᠶᠢᠭᠤᠯᠬᠤ ᠵᠡᠷᠭᠡ ᠭᠤᠣᠯ ᠮᠥᠷᠡᠨ ᠨᠠᠭᠤᠷ ᠴᠥᠭᠦᠷᠥᠮ ᠤᠨ ᠲᠣᠪᠣᠶᠢᠮ᠎ᠠ ᠠᠰᠠᠭᠤᠳᠠᠯ ᠢ ᠴᠡᠭᠴᠡᠯᠡᠨ ᠵᠠᠰᠠᠬᠤ | ᠲᠤᠰᠬᠠᠢ ᠠᠵᠢᠯᠯᠠᠭ᠎ᠠ ᠶᠢ ᠥᠷᠨᠢᠭᠦᠯᠦᠨ᠎ᠡ ᠃ | 21. ︽ ᠲᠠᠪᠤᠨ ᠶᠡᠭᠡ ᠡᠬᠢᠯᠡᠯᠲᠡ ᠲᠠᠢ ᠪᠣᠯᠭᠠᠬᠤ ︾ ᠠᠵᠢᠯᠯᠠᠭ᠎ᠠ ᠄ ᠲᠤᠬᠠᠶᠢᠯᠠᠪᠠᠯ ᠵᠥᠪᠰᠢᠶᠡᠷᠡᠭᠦᠯᠬᠦ ᠪᠠᠷ | ᠪᠠᠶᠢᠭ᠎ᠠ ᠲᠥᠷᠥᠯ ᠵᠦᠢᠯ ᠂ ᠰᠤᠯᠠ ᠪᠠᠶᠢᠬᠤ ᠭᠠᠵᠠᠷ ᠰᠢᠷᠣᠢ ᠂ ᠳᠠᠷᠤᠭᠳᠠᠮᠠᠯ ᠪᠡᠯᠡ ᠮᠥᠩᠭᠦ ᠂ ︽ ᠬᠠᠭᠠᠰ ᠳᠤᠲᠠᠭᠤ ︾ | ᠢᠨᠵᠧᠨᠧᠷᠢᠩ ᠂ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠲᠠᠪᠤᠨ ᠲᠠᠯ᠎ᠠ ᠶᠢᠨ ᠶᠡᠭᠡ | ᠡᠬᠢᠯᠡᠯᠲᠡ ᠲᠠᠢ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ ᠃ | 22. ︽ ᠵᠢᠷᠭᠤᠭᠠᠨ ᠲᠤᠰᠬᠠᠢ ᠵᠦᠢᠯ ᠢ ᠴᠡᠭᠴᠡᠯᠡᠨ ᠵᠠᠰᠠᠬᠤ ᠠᠵᠢᠯᠯᠠᠭ᠎ᠠ ︾ ᠄ ᠲᠤᠬᠠᠶᠢᠯᠠᠪᠠᠯ ᠪᠠᠷᠢᠯᠭ᠎ᠠ ᠶᠢᠨ | ᠬᠤᠭ ᠨᠣᠪᠰᠢ ᠶᠢ ︽ ᠬᠤᠯᠠᠭᠠᠶᠢᠯᠠᠨ ᠲᠡᠭᠡᠭᠡᠪᠦᠷᠢᠯᠡᠵᠦ ᠳᠤᠷ᠎ᠠ ᠪᠠᠷ ᠢᠶᠠᠨ ᠬᠠᠶᠠᠬᠤ ︾ ᠢ ᠴᠡᠭᠴᠡᠯᠡᠨ ᠵᠠᠰᠠᠬᠤ ᠂ | ᠬᠠᠤᠯᠢ ᠠᠴᠠ ᠵᠥᠷᠢᠴᠡᠨ ᠪᠦᠲᠦᠭᠡᠨ ᠪᠠᠶᠢᠭᠤᠯᠬᠤ ᠪᠠ ᠪᠠᠷᠢᠯᠭ᠎ᠠ ᠪᠠᠷᠢᠬᠤ ᠶᠢ ᠬᠦᠷᠢᠶᠡᠯᠡᠨ ᠬᠠᠰᠢᠬᠤ ᠶᠢ ᠴᠡᠭᠴᠡᠯᠡᠨ | ᠵᠠᠰᠠᠬᠤ ᠂ ᠱᠤᠤᠭᠢᠶᠠᠨ ᠲᠤᠰᠤ ᠤᠳᠤᠭ᠎ᠠ ᠶᠢ ᠴᠡᠭᠴᠡᠯᠡᠨ ᠵᠠᠰᠠᠬᠤ ᠂ ᠵᠡᠭᠡᠯᠢ ᠶᠢᠨ ᠬᠠᠵᠠᠭᠤ ᠶᠢᠨ ᠪᠠᠷᠢᠯᠭ᠎ᠠ ᠶᠢᠨ ᠵᠦᠢᠯ | ᠵᠠᠮ ᠡᠵᠡᠯᠡᠨ ᠡᠵᠡᠩᠨᠡᠵᠦ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠵᠤ ᠪᠠᠶᠢᠭ᠎ᠠ ᠶᠢ ᠴᠡᠭᠴᠡᠯᠡᠨ | ᠵᠠᠰᠠᠬᠤ ᠂ ᠮᠠᠯ ᠤᠨᠤᠭ᠎ᠠ ᠴᠡᠴᠡᠷᠯᠢᠭ ᠤᠨ ᠠᠭᠤᠳᠠᠮ ᠲᠠᠯᠠᠪᠠᠢ ᠶᠢᠨ ᠨᠣᠭᠤᠭᠠᠨ ᠲᠠᠯᠠᠪᠠᠢ ᠶᠢ ᠡᠪᠳᠡᠵᠦ ᠪᠠᠶᠢᠭ᠎ᠠ ᠶᠢ | ᠴᠡᠭᠴᠡᠯᠡᠨ ᠵᠠᠰᠠᠬᠤ ᠂ ᠲᠡᠷᠭᠡᠨ ᠵᠣᠭᠰᠣᠭᠠᠯ ᠢ ᠴᠡᠭᠴᠡᠯᠡᠨ ᠵᠠᠰᠠᠬᠤ ᠠᠵᠢᠯᠯᠠᠭ᠎ᠠ ᠪᠣᠯᠣᠨ᠎ᠠ ᠃ | 23. ︽ ᠭᠤᠷᠪᠠ ᠶᠢ ᠬᠤᠪᠢᠷᠠᠭᠤᠯᠬᠤ ︾ ᠄ ᠲᠤᠬᠠᠶᠢᠯᠠᠪᠠᠯ ᠡᠬᠢ ᠪᠠᠶᠠᠯᠢᠭ ᠢ ᠰᠲ᠋ᠣᠺ ᠤᠨ ᠡᠷᠬᠡ ᠪᠣᠯᠭᠠᠨ | ᠬᠤᠪᠢᠷᠠᠭᠤᠯᠬᠤ ᠂ ᠪᠡᠯᠡ ᠮᠥᠩᠭᠦ ᠶᠢ ᠰᠲ᠋ᠣᠺ ᠤᠨ ᠮᠥᠩᠭᠦ ᠪᠣᠯᠭᠠᠨ ᠬᠤᠪᠢᠷᠠᠭᠤᠯᠬᠤ ᠂ ᠲᠠᠷᠢᠶᠠᠴᠢᠳ ᠢ ᠰᠲ᠋ᠣᠺ ᠤᠨ | ᠠᠷᠠᠳ ᠪᠣᠯᠭᠠᠨ ᠬᠤᠪᠢᠷᠠᠭᠤᠯᠬᠤ ᠶᠢ ᠬᠡᠯᠡᠵᠦ ᠪᠠᠶᠢᠨ᠎ᠠ ᠃ | 24. ᠴᠡᠷᠢᠭ ᠤᠨ ᠬᠥᠮᠥᠨ ᠤ ︽ ᠭᠤᠷᠪᠠᠨ ᠠᠷᠤ ᠬᠤᠶᠢᠰᠢᠲᠠ ︾ ᠄ ᠳᠠᠷᠤᠢ ᠬᠤᠶᠢᠰᠢᠲᠠ ᠶᠢᠨ ᠵᠠᠮ ᠂ ᠠᠷᠤ | ᠭᠡᠷ ᠂ ᠬᠤᠶᠢᠴᠢ ᠦᠶ᠎ᠡ ᠶᠢ ᠬᠡᠯᠡᠵᠦ ᠪᠠᠶᠢᠨ᠎ᠠ ᠃ | 25. ︽ ᠭᠤᠷᠪᠠ ᠶᠢ ᠬᠠᠮᠢᠶᠠᠷᠬᠤ ᠶᠢᠨ ᠭᠤᠷᠪᠠᠨ ᠡᠷᠬᠡᠪᠰᠢ ︾ ᠄ ᠲᠤᠬᠠᠶᠢᠯᠠᠪᠠᠯ ᠠᠵᠢᠯ ᠲᠦᠷᠦᠯ ᠢ | ᠬᠠᠮᠢᠶᠠᠷᠬᠤ ᠳᠠᠭᠠᠨ ᠡᠷᠬᠡᠪᠰᠢ ᠠᠶᠤᠯᠭᠦᠢ ᠪᠠᠶᠢᠬᠤ ᠶᠢ ᠬᠠᠮᠢᠶᠠᠷᠬᠤ ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠠᠭᠠᠨ | ᠡᠷᠬᠡᠪᠰᠢ ᠠᠶᠤᠯᠭᠦᠢ ᠪᠠᠶᠢᠬᠤ ᠶᠢ ᠬᠠᠮᠢᠶᠠᠷᠬᠤ ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠠᠭᠠᠨ ᠡᠷᠬᠡᠪᠰᠢ | ᠠᠶᠤᠯᠭᠦᠢ ᠪᠠᠶᠢᠬᠤ ᠶᠢ ᠬᠠᠮᠢᠶᠠᠷᠬᠤ ᠬᠡᠷᠡᠭᠲᠡᠢ ᠃ | 26. ︽ ᠭᠤᠷᠪᠠᠨ ᠵᠦᠢᠯ ᠤᠨ ᠲᠥᠯᠥᠪᠯᠡᠭᠡ ︾ ᠄ ᠳᠠᠷᠤᠢ ᠦᠨᠳᠦᠰᠦᠲᠡᠨ ᠨᠦᠭᠦᠳ ᠤᠨ ᠣᠯᠠᠨ ᠲᠦᠮᠡᠨ ᠤ | ᠬᠠᠷᠢᠯᠴᠠᠨ ᠠᠭᠤᠰᠤᠯᠴᠠᠬᠤ ᠬᠡᠯᠪᠡᠷᠢ ᠶᠢᠨ ᠬᠥᠭᠵᠢᠯᠲᠡ ᠶᠢᠨ ᠲᠥᠯᠥᠪᠯᠡᠭᠡ ᠂ ᠦᠨᠳᠦᠰᠦᠲᠡᠨ ᠨᠦᠭᠦᠳ ᠤᠨ | ᠵᠠᠯᠠᠭᠤᠴᠤᠳ ᠪᠠᠭᠠᠴᠤᠳ ᠤᠨ ᠬᠠᠷᠢᠯᠴᠠᠭᠠᠨ ᠤ ᠲᠥᠯᠥᠪᠯᠡᠭᠡ ᠂ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ | ᠬᠠᠷᠢᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ ᠪᠣᠯᠣᠨ᠎ᠠ ᠃ | 27. ︽ ᠭᠤᠷᠪᠠᠨ ᠰᠠᠯᠵᠤ ᠴᠢᠳᠠᠬᠤ ᠦᠭᠡᠢ ︾ ᠄ ᠲᠤᠬᠠᠶᠢᠯᠠᠪᠠᠯ ᠬᠢᠲᠠᠳ ᠦᠨᠳᠦᠰᠦᠲᠡᠨ ᠴᠥᠭᠡᠨ ᠲᠣᠭᠠᠲᠤ | ᠦᠨᠳᠦᠰᠦᠲᠡᠨ ᠠᠴᠠ ᠰᠠᠯᠵᠤ ᠴᠢᠳᠠᠬᠤ ᠦᠭᠡᠢ ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ | ᠰᠠᠯᠵᠤ ᠴᠢᠳᠠᠬᠤ ᠦᠭᠡᠢ ᠂ ᠴᠥᠭᠡᠨ ᠲᠣᠭᠠᠲᠤ ᠦᠨᠳᠦᠰᠦᠲᠡᠨ ᠨᠦᠭᠦᠳ ᠬᠤᠭᠤᠷᠣᠨᠳᠤ ᠪᠠᠨ ᠰᠠᠯᠵᠤ ᠴᠢᠳᠠᠬᠤ | ᠦᠭᠡᠢ ᠃ | 28. ︽ ᠲᠠᠪᠤᠨ ᠮᠡᠳᠡᠷᠡᠬᠦ ︾ ᠄ ᠳᠠᠷᠤᠢ ᠠᠭᠤᠤ ᠶᠡᠭᠡ ᠡᠬᠡ ᠤᠯᠤᠰ ᠂ ᠳᠤᠮᠳᠠᠳᠤ ᠶᠢᠨ ᠦᠨᠳᠦᠰᠦᠲᠡᠨ ᠂ | ᠳᠤᠮᠳᠠᠳᠤ ᠶᠢᠨ ᠰᠣᠶᠣᠯ ᠂ ᠳᠤᠮᠳᠠᠳᠤ ᠤᠯᠤᠰ ᠤᠨ ᠡᠪ ᠬᠠᠮᠲᠤ ᠨᠠᠮ ᠂ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠢ ᠮᠡᠳᠡᠷᠡᠬᠦ ︔ | 29. ︽ ᠵᠢᠷᠭᠤᠭᠠᠨ ᠥᠭᠦᠯᠡᠪᠦᠷᠢ ︾ ᠶᠢᠨ ᠪᠣᠳᠠᠲᠤ ᠬᠡᠷᠡᠭ ᠪᠠ ᠶᠣᠰᠣ ᠤᠴᠢᠷ ᠄ ᠥᠭᠡᠷ᠎ᠡ ᠪᠠᠷ ᠬᠡᠯᠡᠪᠡᠯ | ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠡᠷᠲᠡ ᠨᠠᠮ ᠤᠨ | ᠵᠣᠬᠢᠶᠠᠨ ᠪᠠᠶᠢᠭᠤᠯᠤᠯᠲᠠ ᠪᠠᠶᠢᠭᠤᠯᠤᠭᠰᠠᠨ ᠦᠨᠳᠦᠰᠦᠲᠡᠨ ᠤ ᠣᠷᠣᠨ ᠪᠣᠯᠣᠨ᠎ᠠ ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠭᠤᠳ | ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ ᠃ ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ | ᠳᠡᠮᠵᠢᠯᠭᠡ ᠳᠣᠣᠷ᠎ᠠ ᠬᠥᠭᠵᠢᠵᠦ ᠢᠷᠡᠭᠰᠡᠨ ᠶᠤᠮ ᠃ ᠥᠪᠥᠷ ᠮᠣᠩᠭᠤᠯ ᠤᠨ ᠠᠵᠢᠯ ᠤᠨ ᠳᠤᠮᠳᠠ ᠭᠠᠷᠤᠭᠰᠠᠨ | ᠱᠤᠭᠤᠮ ᠤᠨ ᠵᠥᠷᠢᠶ᠎ᠡ ᠶᠢ ᠴᠥᠮ ᠨᠠᠮ ᠤᠨ ᠲᠥᠪ ᠬᠤᠷᠢᠶ᠎ᠠ ᠬᠠᠪᠰᠤᠷᠤᠨ ᠵᠠᠯᠠᠷᠠᠭᠤᠯᠤᠭᠰᠠᠨ ᠶᠤᠮ ᠃ ᠥᠪᠥᠷ | ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠪᠣᠯ ᠰᠢ ᠶᠢᠨ ᠫᠢᠩ ᠶᠡᠷᠦᠩᠬᠡᠢ ᠱᠦᠵᠢ ᠶᠢᠨ | ᠳᠣᠲᠣᠨᠣ ᠬᠠᠯᠠᠮᠵᠢᠯᠠᠯ ᠪᠠ ᠵᠢᠯᠣᠭᠤᠳᠤᠯᠭ᠎ᠠ ᠪᠠᠷ ᠣᠯᠣᠭᠰᠠᠨ ᠶᠤᠮ ᠃ ᠥᠪᠥᠷ ᠮᠣᠩᠭᠤᠯ ᠵᠢᠱᠢᠶᠡᠴᠢ ᠥᠪᠡᠷᠲᠡᠭᠡᠨ | ᠵᠠᠰᠠᠬᠤ ᠣᠷᠣᠨ ᠪᠣᠯᠤᠭᠰᠠᠨ ᠨᠢ ᠨᠠᠮ ᠤᠨ ᠦᠭᠡ ᠶᠢ ᠰᠣᠨᠣᠰᠳᠠᠭ ᠠᠴᠠ ᠪᠤᠯᠤᠭᠰᠠᠨ ᠶᠤᠮ ᠃ | 30. ︽ ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ ︾ ᠄ ᠲᠤᠬᠠᠶᠢᠯᠠᠪᠠᠯ ᠨᠠᠮ ᠤᠨ ᠱᠤᠭᠤᠮ ᠂ | ᠴᠢᠭᠯᠡᠯᠲᠡ ᠂ ᠲᠦᠷᠦ ᠶᠢᠨ ᠪᠣᠳᠣᠯᠭ᠎ᠠ ᠶᠢ ᠤᠬᠠᠭᠤᠯᠵᠤ ᠦᠨᠳᠦᠰᠦᠨ ᠱᠠᠲᠤᠨ ᠳᠤ ᠪᠠᠭᠤᠯᠭᠠᠬᠤ ᠂ ᠪᠠᠶᠢᠴᠠᠭᠠᠨ | ᠰᠤᠳᠤᠯᠤᠯᠲᠠ ᠶᠢ ᠦᠨᠳᠦᠰᠦᠨ ᠱᠠᠲᠤᠨ ᠳᠤ ᠪᠠᠭᠤᠯᠭᠠᠬᠤ ᠂ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠬᠤ ᠠᠵᠢᠯ | ᠢ ᠦᠨᠳᠦᠰᠦᠨ ᠱᠠᠲᠤᠨ ᠳᠤ ᠪᠠᠭᠤᠯᠭᠠᠬᠤ ᠂ ᠲᠤᠬᠠᠢ ᠶᠢᠨ ᠲᠠᠯᠠᠪᠤᠷ ᠲᠤ ᠠᠵᠢᠯᠯᠠᠬᠤ ᠶᠢ ᠦᠨᠳᠦᠰᠦᠨ ᠱᠠᠲᠤᠨ ᠳᠤ | ᠪᠠᠭᠤᠯᠭᠠᠬᠤ ᠶᠢ ᠬᠡᠯᠡᠵᠦ ᠪᠠᠶᠢᠨ᠎ᠠ ᠃ | |