ᠰᠢᠷᠠᠮᠦ᠋ᠷᠡᠨ ᠰᠣᠮᠤᠨ ᠤ ᠡᠷᠲᠡᠨ ᠤ ᠬᠤᠲᠠ
ᠨᠡᠶᠢᠲᠡᠯᠡᠭᠰᠡᠨ ᠴᠠᠭ᠄
2024/3/6
       ᠰᠢᠷᠠᠮᠦ᠋ᠷᠡᠨ ᠰᠣᠮᠤᠨ ᠤ ᠡᠷᠲᠡᠨ ᠤ ᠬᠤᠲᠠ              ᠰᠢᠷᠠᠮᠦ᠋ᠷᠡᠨ ᠰᠣᠮᠣ ᠠᠴᠠ  ᠪᠠᠷᠠᠭᠤᠨᠰᠢ  ᠳᠥᠷᠪᠡᠨ ᠭᠠᠵᠠᠷ ᠤᠨ ᠪᠠᠷᠤᠭ ᠲᠤ ᠪᠠᠯᠭᠠᠰᠤ ᠭᠡᠳᠡᠭ ᠡᠷᠲᠡᠨ ᠤ  ᠬᠤᠲᠠ ᠪᠣᠢ᠃ ᠰᠢᠷᠠᠮᠦ᠋ᠷᠡᠨ ᠭᠤᠣᠯ᠂ ᠬᠤᠲᠠ ᠶᠢ ᠣᠷᠢᠶᠠᠵᠤ ᠭᠠᠷᠳᠠᠭ᠃ ᠡᠨᠡᠬᠦ ᠡᠷᠲᠡᠨ ᠤ ᠬᠤᠲᠠ᠂ ᠭᠤᠣᠯ ᠤᠨ  ᠭᠤᠷᠪᠠᠯᠵᠢᠨ ᠬᠤᠶᠢᠭ ᠳᠡᠭᠡᠷ᠎ᠡ ᠪᠠᠶᠢᠷᠢᠯᠠᠵᠠᠢ᠃ ᠬᠤᠲᠠ ᠶᠢᠨ ᠬᠡᠷᠡᠮ ᠨᠢ ᠬᠡᠰᠡᠭ ᠲᠠᠰᠣᠷᠠᠵᠤ᠂ ᠬᠡᠰᠡᠭ  ᠦᠷᠭᠦᠯᠵᠢᠯᠡᠵᠦ᠂ ᠬᠠᠮᠤᠭ ᠤᠨ ᠥᠨᠳᠦᠷ ᠨᠢ 3 ᠮᠧᠲᠷ ᠠᠴᠠ ᠬᠡᠳᠦᠷᠡᠬᠦ ᠦᠭᠡᠢ᠂ ᠲᠠᠯ᠎ᠠ ᠪᠦᠷᠢ ᠶᠢᠨ ᠤᠷᠲᠤ ᠨᠢ  ᠪᠠᠷᠤᠭ 400 ᠢᠯᠡᠭᠦᠣ ᠮᠧᠲᠷ᠃ ᠲᠡᠭᠰᠢ ᠳᠥᠷᠪᠡᠯᠵᠢᠨ ᠬᠤᠲᠠ ᠪᠣᠯᠤᠨ᠎ᠠ᠃ ᠪᠠᠷᠠᠭᠤᠨ ᠪᠣᠯᠣᠨ ᠬᠤᠶᠢᠲᠣ ᠬᠤᠶᠠᠷ  ᠲᠠᠯ᠎ᠠ ᠳᠠᠭᠠᠨ ᠡᠭᠦᠳᠡ ᠲᠠᠢ᠂ ᠬᠤᠶᠠᠷ  ᠡᠭᠦᠳᠡᠨ ᠤ ᠪᠠᠨ ᠭᠠᠳᠠᠨ᠎ᠠ ᠲᠣᠰ ᠪᠦᠷᠢ ᠬᠤᠶᠠᠷ ᠰᠢᠷᠤᠢ ᠶᠢᠨ ᠤᠪᠣᠭ᠎ᠠ ᠪᠣᠢ  ᠃ ᠤᠭ ᠲᠠᠭᠠᠨ ᠪᠠᠷᠢᠯᠭ᠎ᠠ  ᠪᠠᠶᠢᠵᠠᠢ᠃  ᠳᠥᠷᠪᠡᠨ ᠥᠨᠴᠦᠭ ᠲᠡᠭᠡᠨ ᠰᠢᠷᠤᠢ ᠶᠢᠨ ᠤᠪᠣᠭ᠎ᠠ ᠲᠠᠢ ᠠᠴᠠ ᠦᠵᠡᠪᠡᠯ   ᠥᠨᠴᠦᠭ ᠤᠨ ᠠᠰᠠᠷ ᠪᠠᠶᠢᠭᠰᠠᠨ ᠨᠢ ᠮᠡᠳᠡᠨ᠎ᠡ᠃            ᠬᠤᠲᠠ ᠶᠢᠨ ᠳᠣᠲᠣᠷ᠎ᠠ ᠡᠪᠡᠰᠦ ᠣᠷᠭᠤᠮᠠᠯ ᠲᠦᠭᠦᠷᠴᠤ᠂ ᠬᠤᠲᠠ ᠶᠢᠨ ᠪᠠᠷᠠᠭᠤᠨ ᠡᠮᠦᠨ᠎ᠡ ᠬᠡᠰᠡᠭ ᠲᠤ   ᠭᠤᠷᠪᠠᠨ ᠰᠢᠷᠤᠢ ᠶᠢᠨ ᠤᠪᠣᠭ᠎ᠠ ᠪᠣᠢ᠃ ᠲᠤᠬᠠᠢ ᠶᠢᠨ ᠦᠶ᠎ᠡ ᠳᠤ ᠲᠣᠮᠤ ᠪᠠᠷᠢᠯᠭ᠎ᠠ ᠪᠠᠶᠢᠭᠰᠠᠨ ᠪᠠᠶᠢᠬᠤ ᠶᠣᠰᠦᠲᠠᠢ᠃  ᠲᠡᠭᠦᠨ ᠤ ᠳᠡᠭᠡᠷ᠎ᠡ ᠨᠢ ᠬᠠᠪᠲᠠᠭᠠᠢ ᠸᠠᠭᠠᠷ᠂ ᠲᠠᠯ᠎ᠠ ᠸᠠᠭᠠᠷ ᠪᠣᠯᠣᠨ ᠴᠠᠭᠠᠨ ᠰᠢᠷ ᠲᠠᠢ ᠰᠠᠪᠠ ᠶᠢᠨ ᠬᠡᠯᠲᠡᠷᠬᠡᠢ  ᠦᠵᠡᠭᠳᠡᠵᠦ ᠪᠠᠶᠢᠳᠠᠭ᠃            ᠡᠷᠲᠡᠨ ᠤ ᠬᠤᠲᠠ ᠶᠢᠨ ᠵᠡᠭᠦᠨ ᠬᠤᠶᠢᠨ᠎ᠠ ᠪᠠᠰᠠ ᠨᠢᠭᠡ  ᠵᠢᠵᠢᠭ ᠬᠤᠲᠠ ᠪᠣᠢ᠃  ᠬᠤᠲᠠ ᠶᠢᠨ  ᠳᠣᠮᠳᠠ ᠪᠠᠨ ᠬᠡᠷᠡᠮ ᠲᠠᠢ᠂ ᠬᠤᠶᠢᠨ᠎ᠠ ᠡᠮᠦᠨ᠎ᠡ ᠬᠤᠶᠠᠷ ᠬᠡᠰᠡᠭ ᠪᠣᠯᠣᠨ ᠬᠤᠪᠢᠶᠠᠭᠳᠠᠵᠣ᠂ ᠬᠤᠲᠠ ᠶᠢᠨ ᠳᠥᠷᠪᠡᠨ  ᠥᠨᠴᠦᠭ ᠲᠤ ᠰᠢᠷᠦᠢ ᠶᠢᠨ ᠤᠪᠣᠭ᠎ᠠ ᠲᠠᠢ᠂ ᠪᠠᠷᠢᠯᠭ᠎ᠠ ᠪᠠᠶᠢᠭᠰᠠᠨ ᠨᠢ ᠭᠠᠷᠴᠠᠭ᠎ᠠ ᠦᠭᠡᠢ᠃ ᠬᠤᠲᠠ ᠶᠢᠨ ᠳᠣᠲᠤᠷ᠎ᠠ  ᠰᠣᠶᠤᠯ ᠲᠡᠦᠬᠡ ᠶᠢᠨ ᠦᠯᠡᠳᠡᠭᠳᠡᠯ ᠭᠡᠮᠡᠷ ᠶᠠᠭᠤᠮ᠎ᠠ ᠦᠭᠡᠢ᠃ ᠲᠡᠷᠡ ᠨᠢ ᠶᠡᠭᠡ ᠬᠤᠲᠠ ᠲᠠᠢ ᠬᠠᠷᠢᠴᠠᠭ᠎ᠠ ᠲᠠᠢ᠂  ᠬᠦᠷᠢᠶ᠎ᠡ ᠬᠡᠪᠴᠢᠶ᠎ᠡ ᠭᠠᠵᠠᠷ ᠤᠨ ᠪᠠᠶᠢᠴᠠ ᠪᠠᠷ ᠨᠢ ᠪᠠᠷᠣᠭᠯᠠᠬᠤ ᠳᠤ ᠪᠠᠯᠭᠠᠰᠤ ᠬᠤᠲᠠ ᠶᠢᠨ ᠮᠣᠷᠢ ᠤᠨᠤᠭ᠎ᠠ᠂ ᠮᠠᠯ  ᠲᠠᠵᠢᠭᠡᠪᠦᠷᠢ ᠶᠢ ᠲᠡᠵᠢᠭᠡᠵᠦ ᠬᠤᠷᠢᠳᠠᠭ ᠭᠠᠵᠠᠷ ᠪᠠᠶᠢᠭᠰᠠᠨ ᠪᠣᠯᠣᠯᠲᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号