ᠪᠠᠶᠠᠨᠬᠤᠸᠠ ᠪᠠᠯᠭᠠᠰᠤ ᠶᠢᠨ ᠵᠢᠷᠭᠤᠳᠤᠭᠠᠷ ᠬᠤᠭᠤᠴᠠᠭᠠᠨ ᠤ ᠤᠯᠠᠮᠵᠢᠯᠠᠯᠲᠤ ᠢᠰᠡᠭᠡᠢ ᠰᠤᠶᠤᠯ ᠤᠨ ᠨᠠᠶᠢᠷ  ᠤᠳᠬ᠎ᠠ ᠲᠡᠭᠦᠯᠳᠡᠷ ᠶᠠᠪᠤᠭᠳᠠᠵᠤ ᠦᠩᠭᠡᠷᠡᠯ᠎ᠡ
ᠨᠡᠶᠢᠲᠡᠯᠡᠭᠰᠡᠨ ᠴᠠᠭ᠄
2024/3/6
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ  ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ  ᠰᠤᠷᠤᠯᠴᠠᠨ ᠲᠤᠭᠤᠰᠢᠯᠠᠭᠤᠯᠵᠤ᠂  ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠳᠤ ᠳᠤᠰᠢᠶᠠᠭᠰᠠᠨ︽ ᠲᠠᠪᠤᠨ ᠶᠡᠭᠡ ᠡᠭᠦᠷᠭᠡ︾ ᠶᠢ ᠪᠡᠶᠡᠯᠡᠭᠦᠯᠵᠦ᠂︽ᠵᠢᠱᠢᠶᠡᠴᠢ ᠦᠪᠦᠷ ᠮᠤᠩᠭᠤᠯ︾ ᠢ ᠪᠦᠬᠦ ᠲᠠᠯ᠎ᠠ ᠪᠠᠷ ᠪᠦᠲᠦᠭᠡᠨ  ᠪᠠᠶᠢᠭᠤᠯᠤᠨ ᠲᠠᠷᠢᠶᠠᠯᠠᠩ ᠮᠠᠯ ᠠᠵᠤ ᠠᠬᠤᠢ᠂ ᠰᠤᠶᠤᠯ ᠵᠢᠭᠤᠯᠴᠢᠯᠠᠯ᠂ ᠠᠮᠢ ᠠᠬᠤᠢ ᠶᠢ ᠠᠭᠤᠰᠤᠯᠴᠠᠭᠤᠯᠵᠤ᠂ ᠡᠭᠦᠨ ᠤ  ᠤᠯᠠᠮ ᠢᠶᠠᠷ ᠰᠤᠶᠤᠯ ᠵᠢᠭᠤᠯᠴᠢᠯᠠᠯ ᠢ ᠪᠠᠶᠠᠨᠬᠤᠸᠠ ᠪᠠᠯᠭᠠᠰᠤᠨ ᠤ ᠴᠢᠨᠠᠷ ᠰᠠᠶᠢᠲᠠᠢ ᠬᠦᠭᠵᠢᠯᠲᠡ ᠶᠢᠨ ᠴᠢᠬᠤᠯᠠ ᠠᠵᠤ  ᠦᠢᠯᠡᠰ ᠪᠠ ᠬᠦᠳᠡᠯᠭᠡᠬᠦ ᠬᠦᠴᠦᠨ ᠪᠣᠯᠭᠠᠬᠤ ᠵᠣᠷᠢᠯᠭ᠎ᠠ ᠪᠠᠷ8 ᠰᠠᠷ᠎ᠠ ᠶᠢᠨ6 ᠤ ᠡᠳᠦᠷ ᠪᠠᠶᠠᠨᠬᠤᠸᠠ ᠪᠠᠯᠭᠠᠰᠤ  ᠵᠢᠷᠭᠤᠳᠤᠭᠠᠷ ᠬᠤᠭᠤᠴᠠᠭᠠᠨ ᠤ ᠤᠯᠠᠮᠵᠢᠯᠠᠯᠲᠤ ᠢᠰᠡᠭᠡᠢ ᠰᠤᠶᠤᠯ ᠤᠨ ᠨᠠᠶᠢᠷ ᠢᠶᠠᠨ ᠡᠷᠬᠢᠯᠡᠨ ᠶᠠᠪᠤᠭᠳᠠᠭᠤᠯᠪᠠ᠃            ᠨᠠᠶᠢᠷ ᠨᠢ ᠢᠰᠡᠭᠡᠢ ᠬᠢᠬᠦ ᠪᠤᠳᠠᠰ ᠤᠨ ᠪᠣᠰᠤ ᠰᠤᠶᠤᠯ ᠤᠨ ᠥᠪ ᠤᠨ ᠲᠦᠯᠦᠭᠡᠯᠡᠭᠴᠢ᠂ ᠬᠠᠷᠪᠤᠭᠠᠴᠢᠳ ᠤᠨ  ᠡᠩᠨᠡᠭᠡ᠂  ᠪᠦᠬᠡᠴᠢᠳ ᠤᠨ ᠡᠩᠨᠡᠭᠡ᠂ ᠮᠠᠯᠴᠢᠳ ᠤᠨ ᠲᠦᠯᠦᠭᠡᠯᠡᠭᠴᠢ ᠨᠠᠷ ᠤᠨ ᠰᠦᠷ ᠳᠠᠯᠠᠶᠢᠴᠢᠲᠠᠢ ᠲᠠᠯᠠᠪᠡᠢ ᠳᠤ  ᠣᠷᠤᠬᠤ ᠶᠤᠰᠤᠯᠠᠯ ᠢᠶᠠᠷ ᠬᠦᠰᠢᠭᠡ ᠪᠠᠨ ᠰᠡᠬᠦᠵᠦ᠂ ᠳᠠᠷᠠᠭ᠎ᠠ ᠨᠢ ᠮᠠᠯᠴᠢᠨ ᠬᠦᠮᠦᠨ ᠤ ᠤᠷ᠎ᠠ ᠤᠬᠠᠭᠠᠨ ᠰᠢᠩᠭᠡᠭᠰᠡᠨ  ᠤᠯᠠᠮᠵᠢᠯᠠᠯᠲᠤ ᠢᠰᠡᠭᠡᠢ ᠬᠢᠬᠦ ᠶᠠᠪᠤᠴᠠ ᠶᠢ ᠠᠯᠬᠤᠮ ᠳᠠᠷᠠᠭ᠎ᠠ ᠲᠠᠢ ᠶᠠᠪᠤᠭᠳᠠᠭᠤᠯᠤᠨ᠂ ᠮᠠᠯᠴᠢᠳ ᠤᠨ ᠬᠤᠨᠢ  ᠬᠠᠶᠢᠴᠢᠯᠠᠬᠤ ᠤᠷᠤᠯᠳᠤᠭᠠᠨ᠂ ᠳᠡᠭᠡᠰᠦ ᠲᠠᠲᠠᠬᠤ ᠤᠷᠤᠯᠳᠤᠭᠠᠨ ᠨᠢ ᠨᠠᠶᠢᠷ ᠲᠤ ᠨᠠᠷᠬᠢᠶᠠᠨ ᠨᠡᠮᠡᠷᠢᠯᠡᠵᠦ᠂  ᠤᠯᠠᠭᠠᠨᠮᠦ᠋ᠴᠢᠷ ᠤᠨ ᠲᠣᠭᠯᠠᠭᠴᠢᠳ ᠤᠨ ᠤᠷᠠᠨ ᠰᠠᠶᠢᠬᠠᠨ ᠤ ᠲᠣᠭᠯᠠᠯᠲᠠ᠂ ᠡᠷ᠎ᠡ ᠶᠢᠨ ᠭᠤᠷᠪᠠᠨ ᠨᠠᠭᠠᠳᠤᠮ ᠨᠢ  ᠲᠠᠯᠠᠪᠡᠢ ᠳᠤ ᠬᠦᠷᠦᠭᠰᠡᠨ ᠪᠦᠭᠦᠲᠡ ᠶᠢᠨ ᠬᠠᠷᠠᠭ᠎ᠠ ᠶᠢ ᠮᠢᠯᠢᠶᠠᠵᠤ ᠰᠣᠨᠣᠷ ᠢ ᠪᠠᠶᠠᠰᠬᠠᠨ ᠰᠠᠶᠢᠨᠭᠠᠨᠳᠢ ᠨᠠᠶᠢᠷ ᠪᠣᠯᠵᠤ  ᠦᠩᠭᠡᠷᠡᠭᠰᠡᠨ ᠪᠠᠶᠢᠨ᠎ᠠ᠃            ᠪᠠᠶᠠᠨᠬᠤᠸᠠ ᠪᠠᠯᠭᠠᠰᠤᠨ ᠤ ᠲᠤᠰ ᠤᠳᠠᠭᠠᠨ ᠤ ᠤᠯᠠᠮᠵᠢᠯᠠᠯᠲᠤ ᠢᠰᠡᠭᠡᠢ ᠰᠤᠶᠤᠯ ᠤᠨ ᠨᠠᠶᠢᠷ ᠨᠢ ᠪᠤᠳᠠᠰ ᠤᠨ   ᠪᠤᠰᠤ ᠰᠤᠶᠤᠯ ᠤᠨ ᠥᠪ ᠢ ᠤᠯᠠᠮᠵᠢᠯᠠᠨ ᠵᠠᠯᠭᠠᠮᠵᠢᠯᠠᠵᠤ᠂ ᠰᠢᠯᠢᠳᠡᠭ ᠤᠯᠠᠮᠵᠢᠯᠠᠯᠲᠤ ᠰᠤᠶᠤᠯ ᠢ ᠪᠠᠳᠠᠷᠠᠭᠤᠯᠤᠨ᠂ ᠰᠢᠨ᠎ᠡ  ᠴᠠᠭ ᠦᠶ᠎ᠡ ᠶᠢᠨ ᠵᠠᠯᠠᠭᠤᠴᠤᠳ ᠲᠤ ᠪᠠᠨ ᠥᠪ ᠰᠤᠶᠤᠯ ᠢ ᠲᠠᠨᠢᠭᠤᠯᠤᠭᠰᠠᠨ ᠤᠳᠬ᠎ᠠ ᠲᠡᠭᠦᠯᠳᠡᠷ ᠬᠦᠳᠡᠯᠭᠡᠭᠡᠨ  ᠪᠤᠯᠤᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号