ᠨᠢᠭᠡ ᠵᠢᠯ ᠤᠨ ᠲᠤᠷᠰᠢᠬᠢ ᠠᠵᠢᠯ
ᠨᠡᠶᠢᠲᠡᠯᠡᠭᠰᠡᠨ ᠴᠠᠭ᠄
2024/3/8
      ᠨᠡᠮᠡᠭᠳᠡᠯ ᠢ ᠲᠣᠭᠲᠠᠪᠤᠷᠢᠵᠢᠭᠤᠯᠬᠤ ᠪᠠᠷ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠠᠵᠤ ᠠᠬᠤᠢ  ᠶᠢᠨ ᠶᠠᠰᠤ ᠴᠢᠨᠠᠷ ᠦᠷ᠎ᠡ ᠠᠰᠢᠭ ᠦᠷᠭᠦᠯᠵᠢᠯᠡᠨ ᠰᠠᠶᠢᠵᠢᠷᠠᠪᠠ᠃ ᠠᠵᠤ ᠠᠬᠤᠶᠢᠯᠠᠯ ᠤᠨ ᠦᠢᠯᠡᠳᠪᠦᠷᠢᠯᠡᠯ ᠢ ᠲᠣᠭᠲᠠᠭᠤᠨ ᠪᠠᠶᠢᠯᠭᠠᠪᠠ᠃ ᠤᠳᠤᠷᠢᠳᠬᠤ ᠺᠠᠳ᠋ᠷᠴᠤᠳ ᠠᠵᠤ ᠠᠬᠤᠶᠢᠯᠠᠯ ᠲᠠᠢ ᠬᠠᠷᠢᠯᠴᠠᠵᠤ ᠠᠵᠤ ᠠᠬᠤᠶᠢᠯᠠᠯ ᠳᠤ ᠦᠢᠯᠡᠴᠢᠯᠡᠬᠦ ᠳᠦᠷᠢᠮ ᠢ ᠬᠡᠷᠡᠭᠵᠢᠭᠦᠯᠵᠦ᠂ ᠲᠦᠷᠦ ᠶᠢᠨ ᠪᠣᠳᠣᠯᠭ᠎ᠠ ᠶᠢ ᠨᠠᠷᠢᠯᠢᠭ ᠤᠨᠤᠪᠴᠢᠳᠠᠢ ᠪᠠᠷ ᠤᠶᠢᠯᠡᠳᠦᠯᠭᠡᠵᠢᠭᠦᠯᠵᠤ᠂ ᠪᠦᠬᠦ ᠵᠢᠯ ᠳᠤ ᠠᠵᠤ ᠠᠬᠤᠶᠢᠯᠠᠯ ᠤᠨ ᠭᠠᠶᠢᠯᠢ ᠶᠢᠨ ᠰᠦᠢᠳᠬᠡᠯ ᠢ 4224 ᠲᠦᠮᠡᠨ ᠲᠥᠭᠦᠷᠢᠭ ᠬᠠᠰᠤᠵᠤ ᠬᠡᠯᠲᠦᠷᠢᠭᠦᠯᠦᠨ ᠂ ᠠᠵᠤ ᠠᠬᠤᠶᠢᠯᠠᠯ ᠤᠨ 933 ᠬᠥᠮᠥᠨ ᠤᠳᠠᠭ᠎ᠠ ᠶᠢᠨ ᠠᠵᠢᠯᠴᠢᠨ ᠬᠡᠷᠡᠭᠯᠡᠬᠦ ᠠᠰᠠᠭᠤᠳᠠᠯ ᠢ ᠰᠢᠢᠳᠪᠦᠷᠢᠯᠡᠵᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠡᠯᠡ ᠮᠥᠩᠭᠦ ᠶᠢ 159.6 ᠲᠦᠮᠡᠨ ᠲᠥᠭᠦᠷᠢᠭ ᠲᠠᠷᠬᠠᠭᠠᠪᠠ᠃ ᠲᠡᠮᠦᠷ ᠤᠨ ᠨᠠᠷᠢᠯᠢᠭ ᠨᠤᠨᠳᠠᠭ ᠤᠨ ᠭᠠᠷᠤᠯᠲᠠ 281.6 ᠲᠦᠮᠡᠨ ᠲᠣᠨ ᠳᠤ ᠬᠦᠷᠴᠦ᠂ 12% ᠢᠶᠠᠷ ᠨᠡᠮᠡᠭᠳᠡᠵᠦ᠂ ᠠᠵᠤ ᠠᠬᠤᠶᠢᠯᠠᠯ ᠤᠨ ᠬᠥᠭᠵᠢᠯᠲᠡ ᠤᠯᠠᠮ ᠠᠴᠠ ᠤᠯᠠᠮ ᠰᠠᠶᠢᠨ ᠪᠠᠶᠢᠳᠠᠯ ᠳᠤ ᠤᠷᠤᠪᠠ᠃ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠲᠤᠯᠭᠠᠭᠤᠷᠢᠯᠠᠯ ᠪᠠᠳᠤ ᠪᠠᠬᠢ ᠪᠠᠶᠢᠪᠠ᠃ 61 ᠴᠢᠬᠤᠯᠠ ᠶᠡᠭᠡ ᠲᠦᠷᠦᠯ ᠵᠦᠢᠯ ᠤᠨ ᠪᠠᠷᠢᠯᠭ᠎ᠠ ᠶᠢᠨ 23 ᠶᠢ ᠨᠢ ᠳᠠᠭᠤᠰᠬᠠᠵᠤ᠂ 230 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠣᠨ ᠤ ᠡᠭᠦᠷᠭᠡ ᠶᠢᠨ 109% ᠪᠠ 115% ᠶᠢ ᠲᠤᠰ ᠲᠤᠰ ᠪᠡᠶᠡᠯᠡᠭᠦᠯᠵᠦ᠂ ᠠᠵᠤ ᠠᠬᠤᠢ ᠶᠢᠨ ᠨᠡᠮᠡᠭᠳᠡᠯ ᠢ 35.8 ᠵᠠᠭᠤᠨ ᠤ ᠨᠢᠭᠡᠴᠢ ᠪᠠᠷ ᠳᠠᠶᠢᠴᠢᠯᠠᠪᠠ᠃ ᠬᠠᠢ ᠳ᠋ᠠ ᠪᠠᠯ ᠴᠢᠯᠠᠭᠤᠨ ᠤ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠶᠡᠷᠦᠩᠬᠡᠢ ᠪᠠᠷᠢᠯᠭ᠎ᠠ ᠶᠢᠨ 90% ᠶᠢ ᠪᠡᠶᠡᠯᠡᠭᠦᠯᠵᠦ᠂ ᠮᠢᠩ ᠲᠦᠸᠧ ᠨᠡᠭᠦᠷᠡᠰᠦᠲᠥ᠋ᠷᠥᠭᠴᠢ ᠦᠭᠡᠢ ᠲᠦᠯᠡᠰᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠠᠩᠬᠠᠨ ᠤ ᠪᠦᠯᠦᠭ᠂ ᠪᠥᠬᠦ ᠬᠤᠲᠠ ᠶᠢᠨ ᠠᠩᠬᠠᠳᠠᠭᠴᠢ ᠰᠢᠨ᠎ᠡ ᠡᠨᠧᠷᠭᠢ ᠪᠠᠷ ᠤᠰᠤᠲᠥ᠋ᠷᠥᠭᠴᠢ ᠦᠢᠯᠡᠳᠬᠦ ᠢᠨᠵᠧᠨᠧᠷᠢᠩ ᠤᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠠᠷᠢᠯᠭ᠎ᠠ ᠳᠠᠭᠤᠰᠴᠤ ᠲᠤᠷᠰᠢᠨ ᠦᠢᠯᠡᠳᠪᠦᠷᠢᠯᠡᠪᠡ᠃ ᠰᠢᠨ᠎ᠡ ᠪᠠᠷ ᠨᠡᠮᠡᠭᠳᠡᠭᠰᠡᠨ ︽ᠳᠥᠷᠪᠡ ᠶᠢ ᠳᠡᠭᠡᠭᠰᠢᠯᠡᠭᠦᠯᠬᠦ︾ ᠠᠵᠤ ᠠᠬᠤᠶᠢᠯᠠᠯ 30 ᠪᠣᠯᠵᠤ᠂ ᠨᠢᠳᠤᠨᠤᠨ ᠤ ᠬᠢ ᠠᠴᠠ 3 ᠲᠠᠬᠢᠨ ᠨᠡᠮᠡᠭᠳᠡᠪᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠡᠯᠪᠡᠭ ᠳᠡᠯᠪᠡᠭ ᠦᠷ᠎ᠡ ᠪᠦᠲᠦᠭᠡᠯ ᠣᠯᠪᠠ᠃ ᠭᠤᠷᠪᠠᠨ ᠵᠢᠯ  ᠤᠨ ᠠᠵᠢᠯᠯᠠᠭ᠎ᠠ ᠶᠢᠨ ᠲᠥᠰᠥᠯ ᠵᠢᠴᠢ ᠬᠢᠨᠠᠨ ᠰᠢᠯᠭᠠᠬᠤ ᠠᠷᠭ᠎ᠠ ᠶᠢ ᠨᠡᠶᠢᠲᠡᠯᠡᠵᠦ᠂ ᠲᠦᠩ ᠸᠧᠢ᠂ ᠰᠢᠶᠧ ᠰᠢᠨ ᠵᠡᠷᠭᠡ 11 ︽ᠳᠤᠮᠳᠠᠳᠤ ᠤᠯᠤᠰ ᠤᠨ 500 ᠬᠦᠴᠦᠷᠬᠡᠭ︾ ᠠᠵᠤ ᠠᠬᠤᠶᠢᠯᠠᠯ ᠭᠡᠷ᠎ᠡ ᠲᠣᠭᠲᠠᠨ ᠰᠠᠭᠤᠷᠢᠰᠢᠪᠠ᠃ 593 ᠠᠵᠤ ᠠᠬᠤᠶᠢᠯᠠᠯ ᠲᠠᠢ ᠬᠠᠷᠢᠯᠴᠠᠨ 127 ᠲᠥᠷᠥᠯ ᠵᠦᠢᠯ ᠳᠤ ᠭᠡᠷ᠎ᠡ ᠲᠣᠭᠲᠠᠵᠤ᠂ 1722 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠵᠥᠪᠳᠡᠯᠴᠡᠨ ᠲᠣᠭᠲᠠᠵᠤ᠂ ᠲᠣᠰ ᠲᠣᠰ 13.8%᠂ 49.4% ᠪᠠ 35.2% ᠢᠶᠠᠷ ᠨᠡᠮᠡᠭᠳᠡᠪᠡ᠃ ᠳᠡᠭᠡᠳᠦ ᠱᠠᠲᠤᠨ ᠤ ᠪᠡᠯᠡ ᠮᠥᠩᠭᠦ ᠶᠢ 26.4 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ 95.6% ᠪᠠᠷ ᠨᠡᠮᠡᠭᠳᠡᠭᠦᠯᠦᠨ᠂ ᠳᠡᠮᠵᠢᠬᠦ ᠲᠥᠷᠥ ᠶᠢᠨ ᠪᠣᠳᠣᠯᠭ᠎ᠠ ᠶᠢ 6᠂ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ 23 ᠶᠢ ᠨᠠᠶᠢᠳᠠᠪᠤᠷᠢᠵᠢᠭᠤᠯᠪᠠ᠃ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠡᠷᠭᠦᠯᠲᠡ ᠲᠦᠷᠭᠡᠳᠪᠡ᠃ ᠲᠤᠤ ᠮᠠ ᠭᠧᠦ ᠲᠤᠰᠬᠤᠨ ᠤ ︽ᠭᠠᠭ᠋ᠠᠢ ᠶᠢᠨ ᠮᠢᠬᠠᠨ ᠤ ᠨᠥᠭᠡᠴᠡᠯᠡᠭᠡ︾᠂ ᠲᠣᠷᠭᠠᠨ ᠵᠠᠮ ᠤᠨ ᠮᠦᠷᠦᠭᠡᠳᠤᠯ ᠳᠠᠬᠢ ᠴᠠᠭᠠᠰᠤᠨ ᠰᠢᠪᠠᠭᠤ ᠶᠢᠨ ᠪᠠᠶᠠᠷ ᠵᠡᠷᠭᠡ ᠠᠵᠢᠯᠯᠠᠭ᠎ᠠ ᠨᠢ ᠤᠯᠠᠮᠵᠢᠯᠠᠯᠳᠤ ᠮᠠᠶ᠋ᠢᠭ ᠤᠨ ᠬᠡᠷᠡᠭᠯᠡᠭᠡᠨ ᠤ ᠨᠡᠮᠡᠭᠳᠡᠯ ᠢ ᠠᠬᠢᠭᠤᠯᠵᠤ᠂ ᠰᠦᠯᠵᠢᠶᠡᠨ ᠤᠳᠤ ᠶᠢᠨ ᠰᠢᠭᠤᠳ ᠨᠡᠪᠲᠡᠷᠡᠭᠦᠯᠭᠡ ᠵᠡᠷᠭᠡ ᠰᠦᠯᠵᠢᠶᠡᠨ ᠳᠡᠭᠡᠷᠡᠬᠢ ᠠᠵᠢᠯᠯᠠᠭ᠎ᠠ ᠨᠢ ᠰᠢᠨ᠎ᠡ ᠬᠡᠯᠪᠡᠷᠢ ᠶᠢᠨ ᠬᠡᠷᠡᠭᠯᠡᠭᠡ ᠶᠢᠨ ᠲᠦᠷᠭᠡᠨ ᠬᠥᠭᠵᠢᠯᠲᠡ ᠶᠢ ᠠᠬᠢᠭᠤᠯᠵᠤ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠵᠡᠷᠭᠡ 5 ᠬᠤᠰᠢᠭᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠪᠦᠬᠦᠨ ᠢ ᠠᠰᠢᠭᠯᠠᠯᠲᠠ ᠳᠤ ᠣᠷᠣᠭᠤᠯᠵᠤ᠂ ᠪᠠᠢ ᠯᠢᠩ ᠬᠤᠳᠠᠯᠳᠤᠭᠠᠨ ᠤ ᠵᠡᠭᠡᠯᠢ᠂ ᠾᠧ ᠮᠧᠢ ᠠᠮᠲᠠᠲᠤ ᠢᠳᠡᠭᠡᠨ ᠤ ᠵᠡᠭᠡᠯᠢ ᠶᠢ ᠪᠠᠶᠢᠭᠤᠯᠵᠤ᠂ ᠬᠤᠳᠠ ᠪᠠᠯᠭᠠᠰᠤ ᠶᠢ ᠨᠡᠩ ᠬᠦᠷ ᠬᠦᠭᠵᠢᠶᠠᠨ ᠲᠠᠢ ᠪᠤᠯᠭᠠᠪᠠ᠃ ᠡᠵᠡᠩᠨᠡᠯᠲᠡ ᠶᠢᠨ ᠪᠡᠶᠡᠴᠢ ᠴᠣᠭᠴᠠ ᠶᠢᠨ ᠲᠤᠭ᠎ᠠ ᠬᠡᠮᠵᠢᠶ᠎ᠡ ᠪᠠ ᠶᠠᠰᠤ ᠴᠢᠨᠠᠷ ᠨᠢ ᠵᠡᠷᠭᠡ ᠪᠠᠷ ᠳᠡᠭᠡᠭᠰᠢᠯᠡᠪᠡ᠃ ᠵᠠᠬ᠎ᠠ ᠳᠡᠯᠭᠡᠭᠦᠷ ᠤᠨ ᠪᠡᠶᠡᠴᠢ ᠴᠣᠭᠴᠠ 1508 ᠡᠷᠦᠬᠡ ᠨᠡᠮᠡᠭᠳᠡᠭᠦᠯᠵᠦ᠂ 21.7% ᠪᠠᠷ ᠨᠡᠮᠡᠭᠳᠡᠨ᠂ 6 ᠡᠷᠦᠬᠡ ᠶᠢ ︽ᠬᠤᠪᠢ ᠶᠢᠨ ᠬᠤᠳᠠᠯᠳᠤᠭ᠎ᠠ ᠠᠴᠠ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠶᠢ ᠪᠡᠶᠡᠯᠡᠭᠦᠯᠪᠡ᠃ ᠠᠵᠤ ᠠᠬᠤᠶᠢᠯᠠᠯ ᠢ ᠬᠥᠲᠥᠯᠥᠨ ᠵᠢᠯᠤᠭᠤᠳᠴᠤ 5 ᠰᠤᠳᠤᠯᠤᠨ ᠨᠡᠭᠡᠭᠡᠬᠦ ᠪᠠᠶᠢᠭᠤᠯᠤᠮᠵᠢ ᠶᠢ ᠰᠢᠨ᠎ᠡ ᠪᠠᠷ ᠪᠠᠶᠢᠭᠤᠯᠵᠤ᠂ ᠵᠢᠢ ᠳ᠋ᠦᠩ ᠱᠦᠢᠨᠢ᠂ ᠹᠦ᠋ ᠯᠧᠢ ᠰᠢᠨ᠎ᠡ ᠡᠨᠧᠷᠭᠢ  ᠶᠢᠨ ᠰᠤᠷᠪᠤᠯᠵᠢ ᠶᠢ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠮᠠᠭᠠᠳᠯᠠᠨ ᠲᠣᠭᠲᠠᠭᠠᠵᠤ᠂ ᠺᠧ ᠳ᠋ᠡ ᠴᠠᠩ ᠠᠨ ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢᠶᠠᠷ ᠳᠠᠩᠰᠠᠯᠠᠭᠤᠯᠵᠤ᠂ ᠮᠣᠩᠭᠤᠯ ᠦᠬᠡᠷ ᠤᠨ ᠡᠭᠦᠯᠳᠡᠷ ᠤᠨ ᠲᠤᠷᠰᠢᠯᠲᠠ ᠶᠢᠨ ᠰᠠᠭᠤᠷᠢᠨ ᠭᠠᠵᠠᠷ ᠢ ᠤᠯᠤᠰ ᠤᠨ ᠲᠠᠰ ᠤᠨ ︽ᠦᠬᠡᠷ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ︾ ᠢᠶᠠᠷ ᠵᠥᠪᠰᠢᠶᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠬᠦᠴᠦᠨ  ᠢ ᠲᠠᠰᠤᠷᠠᠯᠲᠠ ᠦᠭᠡᠢ ᠴᠢᠩᠭᠠᠳᠬᠠᠪᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号