ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠢᠭᠡᠳᠦᠭᠡᠷ ᠬᠡᠥᠬᠡᠳ ᠤᠨ ᠴᠡᠴᠡᠷᠯᠢᠭ ᠤᠨ ᠨᠤᠮ ᠤᠩᠰᠢᠬᠤ ᠬᠦᠳᠡᠯᠭᠡᠭᠡᠨ ᠤᠷᠮ᠎ᠠ ᠲᠠᠢ ᠰᠠᠶᠢᠬᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2024/4/24
      ︽4.23︾ ᠲᠡᠯᠡᠬᠡᠢ ᠶᠢᠨ ᠨᠤᠮ ᠤᠩᠰᠢᠬᠤ ᠡᠳᠦᠷ ᠤᠨ ᠬᠦᠷᠴᠦ ᠢᠷᠡᠬᠦ ᠲᠠᠰᠢᠷᠠᠮ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠢᠭᠡᠳᠦᠭᠡᠷ ᠬᠡᠥᠬᠡᠳ ᠤᠨ ᠴᠡᠴᠡᠷᠯᠢᠭ ᠤᠨ ᠬᠢᠨ ᠬᠡᠥᠬᠡᠳ ᠤᠨ ᠨᠤᠮ ᠲᠠᠢ ᠬᠠᠨᠢᠯᠠᠬᠤ ᠰᠠᠶᠢᠨ ᠬᠡᠪ ᠰᠤᠷᠳᠠᠯ ᠢ ᠬᠠᠷᠠᠬᠠᠨ ᠪᠠᠭ᠎ᠠ ᠠᠴᠠ ᠨᠢ ᠪᠤᠢ ᠪᠤᠯᠭᠠᠵᠦ ᠬᠦᠮᠦᠵᠢᠭᠦᠯᠬᠦ ᠶᠢᠨ ᠲᠦᠯᠦᠭᠡ᠂ ᠨᠤᠮ ᠤᠩᠰᠢᠬᠤ ᠬᠦᠳᠡᠯᠭᠡᠭᠡᠨ ᠦᠷᠨᠢᠭᠦᠯᠦᠭᠰᠡᠨ ᠪᠠᠶᠢᠨ᠎ᠠ᠃
微信图片_20240424103112.png
      ᠬᠡᠥᠬᠡᠳ ᠤᠳ ᠮᠠᠨᠢ ᠨᠤᠮ ᠤᠨ ᠦᠷᠦᠭᠡᠨ ᠳᠤ ᠤᠷᠤᠮᠠᠭᠴᠠ ᠮᠤᠩᠭᠤᠯ ᠤᠨ ᠰᠠᠶᠢᠬᠠᠨ ᠵᠠᠩᠰᠢᠯ ᠢᠶᠠᠷ ᠢᠶᠠᠨ ᠮᠡᠨᠳᠦᠴᠢᠯᠡᠨ ᠵᠤᠯᠭᠠᠵᠦ᠂ ᠦᠪᠡᠷ ᠦᠪᠡᠷ ᠤᠨ ᠲᠤᠷ᠎ᠠ ᠪᠠᠬ᠎ᠠ ᠲᠠᠢ ᠨᠤᠮ ᠢᠶᠠᠨ ᠰᠤᠩᠭᠤᠨ ᠠᠮᠳᠠᠷᠬᠠᠨ ᠤᠩᠰᠢᠯ᠎ᠠ᠃ ᠪᠠᠭᠰᠢ ᠨᠢ ᠦᠪᠡᠷ ᠤᠨ ᠤᠩᠰᠢᠭᠰᠠᠨ ᠨᠤᠮ ᠢᠶᠠᠨ ᠬᠡᠥᠬᠡᠳ ᠤᠳ ᠲᠤ ᠪᠠᠨ ᠬᠤᠪᠢᠶᠠᠯᠴᠠᠨ ᠶᠠᠷᠢᠵᠦ᠂ ᠬᠡᠥᠬᠡᠳ ᠤᠳ ᠴᠦ ᠦᠵᠡᠭᠰᠡᠨ ᠨᠤᠮ ᠢᠶᠠᠨ ᠬᠤᠭᠤᠷᠤᠨᠳᠦ ᠪᠠᠨ ᠰᠤᠯᠢᠯᠴᠠᠵᠦ᠂ ᠨᠤᠮ ᠤᠨ ᠦᠷᠦᠬᠡ ᠬᠦᠷ ᠨᠠᠷᠭᠢᠶᠠᠨ ᠢᠶᠠᠷ ᠪᠢᠯᠬᠠᠯ᠎ᠠ       ᠲᠤᠰ ᠣᠳᠠᠭᠠᠨ ᠤ ᠬᠦᠳᠡᠯᠭᠡᠭᠡᠨ ᠨᠢ ᠬᠡᠥᠬᠡᠳ ᠤᠨ ᠨᠤᠮ ᠤᠩᠰᠢᠬᠤ ᠲᠤᠷ᠎ᠠ ᠪᠠᠬ᠎ᠠ ᠶᠢ ᠬᠦᠭᠵᠢᠭᠡᠵᠦ᠂ ᠨᠤᠮ ᠤᠩᠰᠢᠬᠤ ᠰᠠᠶᠢᠨ ᠲᠠᠳᠬᠠᠯ ᠢ ᠨᠢ ᠬᠦᠮᠦᠵᠢᠭᠦᠯᠦᠨ᠂ ᠨᠤᠮ ᠰᠤᠶᠤᠯ ᠤᠨ ᠠᠭᠤᠷ ᠠᠮᠢᠰᠬᠤᠯ ᠢ ᠬᠡᠥᠬᠡᠳ ᠤᠳ ᠲᠤ ᠬᠦᠷᠭᠡᠵᠦ ᠴᠢᠳᠠᠭᠰᠠᠨ ᠰᠠᠶᠢᠬᠠᠨ ᠠᠵᠢᠯᠯᠠᠭ᠎ᠠ ᠪᠤᠯᠤᠭᠰᠠᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号