ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ︽ᠡᠮᠡᠭᠳᠡᠶᠢᠴᠤᠳ ᠬᠡᠥᠬᠡᠳ ᠤᠨ ᠡᠷᠬᠡ ᠠᠰᠢᠭ ᠢ ᠬᠠᠮᠠᠭᠠᠯᠠᠬᠤ︾ ᠲᠤᠰᠬᠠᠢ ᠰᠡᠳᠦᠪᠳᠦ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/24
      ᠰᠢ ᠶᠢᠨ ᠫᠢᠩ ᠤᠨ ᠬᠠᠥᠯᠢᠵᠢᠯ ᠤᠨ ᠦᠵᠡᠯ ᠰᠠᠨᠠᠭ᠎ᠠ ᠪᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠡᠮᠡᠭᠳᠡᠶᠢᠴᠤᠳ ᠬᠡᠥᠬᠡᠳ ᠤᠨ ᠡᠷᠬᠡ ᠠᠰᠢᠭ ᠢ ᠬᠠᠮᠠᠭᠠᠯᠠᠬᠤ ᠶᠢᠨ ᠲᠦᠯᠦᠭᠡ᠂4 ᠰᠠᠷ᠎ᠠ ᠶᠢᠨ16 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ︽ᠡᠮᠡᠭᠳᠡᠶᠢᠴᠤᠳ ᠬᠡᠥᠬᠡᠳ ᠤᠨ ᠡᠷᠬᠡ ᠠᠰᠢᠭ ᠢ ᠬᠠᠮᠠᠭᠠᠯᠠᠬᠤ︾ ᠲᠤᠰᠬᠠᠢ ᠰᠡᠳᠦᠪᠳᠦ ᠰᠤᠨᠢᠨ ᠮᠡᠳᠡᠭᠡ ᠨᠡᠶᠢᠳᠡᠯᠡᠬᠦ ᠬᠤᠷᠠᠯ ᠡᠷᠬᠢᠯᠡᠨ ᠶᠠᠪᠤᠭᠳᠠᠭᠤᠯᠤᠭᠰᠠᠨ ᠪᠠᠶᠢᠨ᠎ᠠ᠃
微信图片_20240422160800.png
      ᠲᠤᠰ ᠣᠳᠠᠭᠠᠨ ᠤ ᠬᠤᠷᠠᠯ ᠳᠤ ᠡᠮᠡᠭᠳᠡᠶᠢᠴᠤᠳ ᠤᠨ ᠬᠤᠯᠪᠤᠭᠠᠳᠦ ᠬᠤᠷᠠᠯ᠂ ᠠᠷᠠᠳ ᠤᠨ ᠶᠠᠪᠤᠳᠠᠯ ᠤᠨ ᠲᠤᠪᠴᠢᠶ᠎ᠠ᠂ ᠠᠷᠠᠳ ᠤᠨ ᠪᠠᠶᠢᠴᠠᠭᠠᠬᠤ ᠬᠤᠷᠢᠶᠠᠨ ᠤ ᠬᠤᠯᠪᠤᠭᠳᠠᠯ ᠪᠦᠬᠦᠢ ᠬᠠᠷᠢᠭᠤᠴᠠᠯᠭᠠᠳᠠᠨ᠂ ᠬᠡᠰᠡᠭ ᠠᠷᠠᠳ  ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ ᠤᠷᠤᠯᠴᠠᠪᠠ᠃ ᠬᠤᠷᠠᠯ ᠠᠴᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠡᠮᠡᠭᠳᠡᠶᠢᠴᠤᠳ ᠬᠡᠥᠬᠡᠳ ᠤᠨ ᠡᠷᠬᠡ ᠠᠰᠢᠭ ᠢ ᠬᠠᠮᠠᠭᠠᠯᠠᠬᠤ ᠬᠤᠯᠪᠤᠭᠳᠠᠯ ᠪᠦᠬᠦᠢ ᠠᠵᠢᠯ ᠤᠨ ᠪᠠᠶᠢᠳᠠᠯ ᠢ ᠲᠤᠪᠴᠢ ᠲᠠᠨᠢᠯᠴᠠᠭᠤᠯᠬᠤ ᠶᠢᠨ ᠲᠠᠭᠠᠥ ᠡᠮᠡᠭᠳᠡᠶᠢᠴᠤᠳ ᠬᠡᠥᠬᠡᠳ ᠤᠨ ᠡᠷᠬᠡ ᠠᠰᠢᠭ ᠢ ᠬᠠᠮᠠᠭᠠᠯᠠᠬᠤ ᠡᠷᠡᠭᠦᠦ ᠶᠢᠨ ᠶᠠᠯᠠᠳᠤ ᠠᠵᠢᠯᠯᠠᠭ᠎ᠠ ᠳᠤ ᠴᠤᠬᠢᠯᠳᠠ ᠦᠭᠭᠦ᠂ ᠡᠷᠬᠡ ᠠᠰᠢᠭ ᠤᠨ ᠬᠠᠮᠠᠭᠠᠯᠠᠯᠳᠠ ᠶᠢ ᠴᠢᠩᠭᠠᠳᠬᠠᠬᠤ᠂ ᠤᠯᠠᠨ ᠡᠰᠢᠳᠦ ᠵᠢᠭᠤᠷᠠᠯᠳᠤᠭᠠᠨ ᠢ ᠰᠢᠢᠳᠪᠦᠷᠢᠯᠡᠬᠦ᠂ ᠬᠠᠥᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠂ ᠡᠮᠡᠭᠳᠡᠶᠢᠴᠤᠳ ᠬᠡᠥᠬᠡᠳ ᠤᠨ ᠡᠷᠬᠡ ᠠᠰᠢᠭ ᠢ ᠬᠠᠮᠠᠭᠠᠯᠠᠬᠤ᠂ ᠭᠡᠷ ᠪᠦᠯᠢ ᠶᠢᠨ ᠡᠶ᠎ᠡ ᠨᠠᠶᠢᠷᠠᠮᠳᠤᠯ ᠢ ᠬᠠᠮᠠᠭᠠᠯᠠᠬᠤ᠂ ᠨᠡᠶᠢᠭᠡᠮ ᠤᠨ ᠡᠶ᠎ᠡ ᠵᠤᠬᠢᠴᠠᠯ ᠢ ᠠᠬᠢᠭᠤᠯᠬᠤ ᠰᠢᠨ᠎ᠡ ᠵᠠᠮ ᠢ ᠴᠢᠷᠮᠠᠶᠢᠨ ᠰᠦᠪᠡᠭᠴᠢᠯᠡᠵᠦ᠂ ᠡᠮᠡᠭᠳᠡᠶᠢᠴᠤᠳ ᠬᠡᠥᠬᠡᠳ ᠤᠨ ᠡᠷᠬᠡ ᠠᠰᠢᠭ ᠢ ᠬᠠᠮᠠᠭᠠᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠡᠢ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号