ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠤᠶᠤᠯ ᠤᠨ ᠦᠢᠯᠡᠰ ᠤᠨ ᠬᠦᠭᠵᠢᠯᠳᠡ ᠶᠢᠨ ᠵᠦᠪᠯᠡᠭᠴᠢ ᠶᠢ ᠤᠷᠢᠨ ᠲᠤᠮᠢᠯᠠᠬᠤ ᠶᠤᠰᠤᠯᠠᠯ ᠶᠠᠪᠤᠭᠳᠠᠭᠰᠠᠨ
ᠨᠡᠶᠢᠲᠡᠯᠡᠭᠰᠡᠨ ᠴᠠᠭ᠄
2024/4/26
      4 ᠰᠠᠷ᠎ᠠ ᠶᠢᠨ25 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠤᠷᠠᠯ ᠤᠨ ᠶᠠᠪᠤᠳᠠᠯ  ᠤᠨ ᠲᠦᠪ ᠲᠤ ︽ᠤᠮᠠᠷᠠᠳᠦ ᠬᠢᠯᠢ ᠶᠢᠨ ᠰᠤᠶᠤᠯ ᠢ ᠬᠦᠭᠵᠢᠭᠦᠯᠦᠨ ᠪᠠᠳᠠᠷᠠᠭᠤᠯᠵᠦ᠂ ᠪᠤᠭᠤᠳᠦ ᠶᠢᠨ ᠰᠤᠶᠤᠯ ᠤᠨ ᠦᠨᠳᠦᠷᠯᠢᠭ ᠢ ᠪᠠᠶᠢᠭᠤᠯᠬᠤ︾ ᠲᠤᠰᠬᠠᠢ ᠰᠡᠳᠦᠪᠳᠦ ᠰᠠᠭᠤᠳᠠᠯ ᠤᠨ ᠬᠤᠷᠠᠯ ᠵᠢᠴᠢ ᠰᠤᠶᠤᠯ ᠤᠨ ᠦᠢᠯᠡᠰ ᠤᠨ ᠬᠦᠭᠵᠢᠯᠳᠡ ᠶᠢᠨ ᠵᠦᠪᠯᠡᠭᠴᠢ ᠶᠢ ᠤᠷᠢᠨ ᠲᠤᠮᠢᠯᠠᠬᠤ ᠶᠤᠰᠤᠯᠠᠯ ᠶᠠᠪᠤᠭᠳᠠᠪᠠ᠃
微信图片_20240426092938.jpg
      ᠬᠤᠷᠠᠯ ᠳᠤ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠯᠢ ᠶᠦᠩ ᠰᠢᠨ᠂ ᠪᠤᠭᠤᠳᠦ ᠬᠤᠳᠠ ᠶᠢᠨ ᠰᠤᠶᠤᠯ ᠲᠡᠥᠬᠡ ᠶᠢᠨ ᠲᠤᠰᠬᠠᠢ ᠮᠡᠷᠭᠡᠵᠢᠯᠳᠡᠳ ᠪᠠ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠡᠥᠬᠡ ᠰᠤᠳᠤᠯᠤᠭᠠᠴᠢ ᠵᠢᠴᠢ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠳᠠᠳ ᠶᠤᠰᠤᠯᠠᠯ ᠳᠤ ᠤᠷᠤᠯᠴᠠᠭᠰᠠᠨ ᠪᠠᠶᠢᠨ᠎ᠠ᠃
微信图片_20240426092944.jpg
       ᠶᠤᠰᠤᠯᠠᠯ ᠳᠤ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠰᠠᠨᠠᠯ ᠲᠤᠷᠠᠳᠤᠯᠭ᠎ᠠ ᠰᠤᠶᠤᠯ ᠲᠡᠥᠬᠡ  ᠶᠢᠨ ᠵᠦᠪᠯᠡᠯ ᠤᠨ ᠡᠷᠬᠢᠯᠡᠭᠴᠢ ᠰᠢᠦᠢ ᠯᠠᠨ ᠲᠠᠷᠬᠠᠨ ᠮᠤᠤᠮᠢᠩᠭᠠᠨ ᠤ ᠰᠤᠶᠤᠯ ᠲᠡᠥᠬᠡ ᠶᠢᠨ ᠲᠤᠰᠬᠠᠢ ᠬᠡᠪᠯᠡᠯ ᠤᠨ ᠪᠡᠯᠡᠳᠭᠡᠯ ᠠᠵᠢᠯ ᠤᠨ ᠪᠠᠶᠢᠳᠠᠯ ᠵᠢᠴᠢ ᠡᠬᠡ ᠪᠢᠴᠢᠭ ᠤᠨ ᠬᠠᠷᠠᠮᠵᠢ ᠲᠤᠭᠳᠠᠭᠠᠬᠤ ᠪᠠᠷᠢᠮᠵᠢᠶ᠎ᠠ ᠶᠢ ᠲᠠᠨᠢᠯᠴᠠᠭᠤᠯᠵᠦ᠂ ᠬᠤᠰᠢᠭᠤᠨ ᠤ ᠰᠤᠶᠤᠯ ᠵᠤᠭᠠᠴᠠᠯ ᠤᠨ ᠲᠤᠪᠴᠢᠶ᠎ᠠ ᠶᠢᠨ ᠬᠠᠷᠢᠭᠤᠴᠠᠯᠭᠠᠳᠠᠨ ᠪᠦᠬᠦ ᠬᠤᠰᠢᠭᠤᠨ ᠤ ᠰᠤᠶᠤᠯ ᠵᠤᠭᠠᠴᠠᠯ  ᠢ ᠠᠭᠤᠰᠣᠯᠴᠠᠭᠤᠯᠤᠨ ᠬᠦᠭᠵᠢᠭᠦᠯᠬᠦ ᠶᠠᠪᠤᠴᠠ ᠳᠤ ᠤᠷᠤᠰᠢᠵᠦ ᠪᠠᠶᠢᠭ᠎ᠠ ᠬᠦᠴᠢᠷᠳᠡᠯ ᠪᠠ ᠠᠰᠠᠭᠤᠳᠠᠯ ᠢ ᠲᠠᠨᠢᠯᠴᠠᠭᠤᠯᠤᠨ᠂ ᠬᠤᠰᠢᠭᠤᠨ ᠤ ᠬᠠᠮ ᠵᠠᠭᠤᠴᠢᠯᠠᠭᠤᠷ ᠢᠶᠠᠷ ᠲᠠᠮᠵᠢᠭᠤᠯᠵᠦ ᠪᠠᠶᠢᠭ᠎ᠠ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠵᠦ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠤᠨ ᠲᠡᠳ᠋ ᠲᠠᠷᠤᠭ᠎ᠠ᠂ ᠤᠳᠬ᠎ᠠ ᠤᠷᠠᠯᠢᠭ ᠤᠨ ᠬᠤᠯᠪᠤᠭᠠᠨ ᠤ ᠲᠡᠷᠢᠭᠦᠯᠡᠭᠴᠢ ᠸᠠᠩ ᠵᠢᠶᠦ᠋ᠨ ︽ᠠᠶᠢᠪᠠᠭ᠎ᠠ ᠶᠢᠨ ᠲᠠᠶᠢᠯᠤᠮᠵᠢ︾ ᠶᠢᠨ2024 ᠤᠨ ᠤ ᠲᠠᠶᠢᠯᠤᠮᠵᠢ ᠶᠢᠨ ᠲᠦᠯᠦᠪᠯᠡᠭᠡ ᠶᠢ ᠲᠠᠨᠢᠯᠴᠠᠭᠤᠯᠤᠨ᠂ ᠰᠣᠶᠤᠯ ᠲᠡᠥᠬᠡ ᠶᠢᠨ ᠲᠤᠰᠬᠠᠢ ᠮᠡᠷᠭᠡᠵᠢᠯᠳᠡᠳ ᠶᠠᠷᠢᠶ᠎ᠠ ᠲᠠᠯᠪᠢᠵᠦ ᠵᠢᠭᠠᠨ ᠵᠢᠯᠤᠭᠤᠳᠴᠦ᠂ ᠬᠤᠰᠢᠭᠤᠨ ᠤ ᠤᠳᠤᠷᠢᠳᠤᠯᠭ᠎ᠠ ᠠᠴᠠ ᠤᠨᠴᠠ ᠤᠷᠢᠭᠰᠠᠨ ᠵᠤᠴᠢᠳ ᠲᠤ ︽ᠲᠠᠷᠬᠠᠨ ᠮᠤᠤᠮᠢᠩᠭᠠᠨ ᠤ ᠰᠤᠶᠤᠯ ᠤᠨ ᠦᠢᠯᠡᠰ ᠤᠨ ᠬᠦᠭᠵᠢᠯᠳᠡ ᠶᠢᠨ ᠵᠦᠪᠯᠡᠭᠴᠢ︾ ᠶᠢᠨ ᠤᠷᠢᠯᠭ᠎ᠠ ᠶᠢᠨ ᠪᠢᠴᠢᠭ  ᠢ ᠭᠠᠷᠳᠠᠭᠤᠯᠤᠭᠰᠠᠨ ᠪᠠᠶᠢᠨ᠎ᠠ᠃      ᠡᠨᠡ ᠬᠦ ᠰᠤᠶᠤᠯ ᠤᠨ ᠦᠢᠯᠡᠰ ᠤᠨ ᠬᠦᠭᠵᠢᠯᠳᠡ ᠶᠢᠨ ᠵᠦᠪᠯᠡᠭᠴᠢ ᠶᠢ ᠤᠷᠢᠨ ᠲᠤᠮᠢᠯᠠᠬᠤ ᠠᠵᠢᠯᠯᠠᠭ ᠶᠢᠨ ᠶᠠᠪᠤᠭᠳᠠᠭᠰᠠᠨ ᠨᠢ ᠤᠮᠠᠷᠠᠳᠦ ᠬᠢᠯᠢ ᠶᠢᠨ ᠰᠤᠶᠤᠯ ᠢ ᠬᠦᠭᠵᠢᠭᠦᠯᠦᠨ ᠮᠠᠨᠳᠤᠭᠤᠯᠬᠤ᠂ ᠪᠤᠭᠤᠳᠦ ᠶᠢᠨ ᠰᠤᠶᠤᠯ ᠤᠨ ᠦᠨᠳᠦᠷᠯᠢᠭ ᠢ ᠪᠠᠶᠢᠭᠤᠯᠬᠤ ᠳᠤ ᠬᠦᠴᠦᠨ ᠨᠡᠮᠡᠷᠢᠯᠡᠬᠦ ᠪᠤᠯᠤᠨ᠎ᠠ᠃
微信图片_20240426092952.jpg
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号