︽5 · 1︾ ᠠᠴᠠ ᠡᠮᠦᠨ᠎ᠡ ᠲᠦᠷᠭᠡᠨ ᠤ ᠵᠠᠰᠠᠮᠠᠯ ᠵᠠᠮ ᠤᠨ ᠬᠤᠷᠳᠤᠴᠠ ᠶᠢ ᠬᠢᠵᠠᠭᠠᠷᠯᠠᠬᠤ  ᠲᠥᠷᠥ ᠶᠢᠨ ᠪᠣᠳᠣᠯᠭ᠎ᠠ ᠶᠢ ᠳᠠᠬᠢᠨ ᠲᠣᠬᠢᠷᠠᠭᠤᠯᠪᠠ ᠮᠠᠨ ᠤ ᠣᠷᠣᠨ ᠤ 120 ᠺᠢᠯᠤᠮᠧᠲᠷ  / ᠴᠠᠭ ᠤᠨ  ᠲᠦᠷᠭᠡᠨ ᠤ ᠵᠠᠰᠠᠮᠠᠯ ᠵᠠᠮ 4600 ᠺᠢᠯᠤᠮᠧᠲᠷ ᠢ ᠳᠠᠪᠠᠭ᠋ᠤ ᠪᠣᠯᠣᠨ᠎ᠠ
ᠨᠡᠶᠢᠲᠡᠯᠡᠭᠰᠡᠨ ᠴᠠᠭ᠄
2024/4/29
      ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠡ ᠶᠢ  ᠦᠨᠳᠦᠰᠦᠯᠡᠪᠡᠯ᠂ 4 ᠳ᠋ᠦ᠋ᠭᠡᠷ ᠰᠠᠷ᠎ᠠ ᠶᠢᠨ ᠡᠬᠢᠨ ᠢᠶᠠᠷ ᠲᠦᠷᠭᠡᠨ ᠤ ᠵᠠᠰᠠᠮᠠᠯ ᠵᠠᠮ ᠤᠨ ᠬᠤᠷᠳᠤᠴᠠ ᠶᠢ ᠬᠢᠵᠠᠭᠠᠷᠯᠠᠬᠤ  ᠲᠣᠬᠢᠷᠠᠭᠤᠯᠤᠯᠲᠠ ᠶᠢ ᠪᠥᠬᠦ ᠲᠠᠯ᠎ᠠ ᠪᠠᠷ ᠡᠬᠢᠯᠡᠭᠦᠯᠦᠭᠰᠡᠨ ᠠᠴᠠ ᠨᠠᠭᠠᠰᠢ᠂ ᠮᠠᠨ ᠤ ᠣᠷᠣᠨ ᠨᠢᠭᠡᠨᠲᠡ 6 ᠪᠦᠯᠦᠭ  22 ᠬᠡᠰᠡᠭ 3200 ᠭᠠᠷᠤᠢ  ᠺᠢᠯᠤᠮᠧᠲᠷ  ᠤᠨ ᠲᠦᠷᠭᠡᠨ ᠤ ᠵᠠᠰᠠᠮᠠᠯ ᠵᠠᠮ ᠤᠨ ᠬᠤᠷᠳᠤᠴᠠ ᠶᠢ ᠬᠢᠵᠠᠭᠠᠷᠯᠠᠬᠤ  ᠲᠣᠬᠢᠷᠠᠭᠤᠯᠤᠯᠲᠠ ᠶᠢᠨ ᠠᠯᠪᠠᠨ ᠵᠠᠷ ᠨᠡᠶᠢᠲᠡᠯᠡᠵᠦ᠂ ᠵᠢᠱᠢᠯᠲᠡ ᠪᠠᠷ ︽5 · 1︾ ᠠᠴᠠ ᠡᠮᠦᠨ᠎ᠡ ᠮᠠᠨ ᠤ ᠣᠷᠣᠨ ᠤ  120 ᠺᠢᠯᠤᠮᠧᠲᠷ  / ᠴᠠᠭ ᠤᠨ ᠬᠤᠷᠳᠤᠴᠠ ᠶᠢᠨ ᠬᠢᠵᠠᠭᠠᠷ ᠲᠠᠢ ᠠᠵᠢᠯᠯᠠᠭᠤᠯᠤᠨ ᠬᠠᠮᠢᠶᠠᠷᠴᠤ ᠪᠠᠶᠢᠭ᠎ᠠ ᠲᠦᠷᠭᠡᠨ ᠤ  ᠵᠠᠰᠠᠮᠠᠯ ᠵᠠᠮ 4600 ᠺᠢᠯᠤᠮᠧᠲᠷ  ᠢ ᠳᠠᠪᠠᠵᠤ᠂ ᠪᠥᠬᠦ ᠣᠷᠣᠨ ᠤ ᠲᠦᠷᠭᠡᠨ ᠤ ᠵᠠᠰᠠᠮᠠᠯ ᠵᠠᠮ ᠤᠨ ᠲᠡᠷᠭᠡ  ᠨᠡᠪᠲᠡᠷᠡᠭᠰᠡᠨ ᠵᠠᠮ ᠤᠨ 58% ᠶᠢ ᠡᠵᠡᠯᠡᠬᠦ ᠪᠣᠯᠣᠨ᠎ᠠ᠃         ︽ᠲᠦᠷᠭᠡᠨ ᠤ ᠵᠠᠰᠠᠮᠠᠯ ᠵᠠᠮ ᠤᠨ ᠬᠤᠷᠳᠤᠴᠠ ᠶᠢ ᠳᠡᠭᠡᠭᠰᠢᠯᠡᠭᠦᠯᠬᠦ ᠨᠢ ᠬᠤᠷᠳᠤᠴᠠ ᠶᠢ ᠬᠢᠵᠠᠭᠠᠷᠯᠠᠬᠤ  ᠲᠡᠮᠳᠡᠭ ᠢ ᠲᠣᠬᠢᠷᠠᠭᠤᠯᠬᠤ ᠶᠠᠪᠤᠳᠠᠯ ᠲᠡᠳᠦᠢ ᠪᠢᠰᠢ᠂ ᠬᠠᠷᠢᠨ ᠮᠡᠷᠭᠡᠵᠢᠯ ᠤᠨ ᠦᠨᠡᠯᠡᠯᠲᠡ ᠬᠢᠬᠦ᠂ ᠳᠤᠲᠠᠭᠳᠠᠯ ᠢ  ᠰᠢᠢᠳᠪᠦᠷᠢᠯᠡᠬᠦ᠂ ᠪᠡᠯᠡᠳᠬᠡᠮᠵᠢ ᠶᠢ ᠲᠡᠭᠦᠯᠳᠡᠷᠵᠢᠭᠦᠯᠬᠦ᠂ ᠲᠤᠬᠠᠢ ᠶᠢᠨ ᠭᠠᠵᠠᠷ ᠲᠤ ᠨᠤᠲᠠᠯᠠᠬᠤ᠂ ᠨᠡᠶᠢᠲᠡ ᠳᠤ ᠵᠠᠷᠯᠠᠨ  ᠠᠵᠢᠯᠯᠠᠭᠤᠯᠬᠤ ᠬᠡᠷᠡᠭᠲᠡᠢ᠃︾ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ  ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠣ ᠱᠢ ᠴᠢᠨ  ᠲᠠᠨᠢᠯᠴᠠᠭᠤᠯᠤᠭᠰᠠᠨ ᠨᠢ᠂ 6 ᠪᠦᠯᠦᠭ ᠬᠤᠷᠳᠤᠴᠠ ᠶᠢ ᠳᠡᠭᠡᠭᠰᠢᠯᠡᠭᠦᠯᠦᠭᠰᠡᠨ ᠵᠠᠮ ᠤᠨ ᠬᠡᠰᠡᠭ ᠲᠤ᠂ ᠨᠡᠶᠢᠲᠡ 2.3  ᠲᠦᠮᠡᠨ ᠭᠤᠣᠯ ᠫᠠᠷᠠᠮᠧᠲᠷ ᠢ ᠬᠠᠷᠭᠤᠭᠤᠯᠵᠤ᠂ ᠠᠳᠡᠯ ᠤᠨ ᠪᠦᠷᠢᠳᠬᠡᠯ ᠤᠨ ᠮᠠᠲ᠋ᠧᠷᠢᠶᠠᠯ ᠪᠠ ᠵᠠᠮ ᠬᠠᠷᠢᠯᠴᠠᠭᠠᠨ ᠤ  ᠤᠷᠤᠰᠬᠠᠯ ᠤᠨ ᠳ᠋ᠠᠶᠢᠲ᠋ᠠ ᠶᠢ 2000 ᠭᠠᠷᠤᠢ ᠵᠤᠷᠪᠤᠰ ᠬᠠᠷᠭᠤᠭᠤᠯᠵᠤ᠂ ᠵᠠᠮ ᠤᠨ ᠠᠩᠭᠠᠷᠬᠠᠢ ᠶᠢ 317 ᠲᠦᠮᠡᠨ  ᠰᠤᠨᠤᠮᠠᠯ ᠮᠧᠲᠷ ᠪᠥᠭᠯᠡᠵᠦ᠂ ᠴᠥᠮᠥᠷᠡᠭᠰᠡᠨ ᠬᠤᠲᠦ᠋ᠢᠭ᠌ᠰᠠᠨ ᠬᠡᠰᠡᠭ ᠢ 1.5 ᠲᠦᠮᠡᠨ ᠺᠦᠸᠠᠲ ᠮᠧᠲᠷ ᠵᠠᠰᠠᠵᠤ᠂  ᠬᠥᠭᠦᠷᠭᠡᠨ ᠤ ᠦᠵᠦᠭᠦᠷ ᠤᠨ ᠲᠡᠷᠭᠡ ᠬᠠᠷᠠᠶᠢᠬᠤ ᠬᠡᠰᠡᠭ ᠢ 39 ᠰᠢᠢᠳᠪᠦᠷᠢᠯᠡᠵᠦ᠂ ᠵᠠᠮ ᠬᠠᠷᠢᠯᠴᠠᠭᠠᠨ ᠤ ᠠᠮᠤᠷ  ᠲᠦᠪᠰᠢᠨ ᠤ ᠪᠡᠯᠡᠳᠬᠡᠮᠵᠢ ᠶᠢ 3250 ᠲᠡᠭᠦᠯᠳᠡᠷᠵᠢᠭᠦᠯᠵᠦ᠂ 3067 ᠲᠡᠮᠳᠡᠭ ᠢ ᠰᠢᠨ᠎ᠡ ᠪᠠᠷ ᠨᠡᠮᠡᠭᠰᠡᠨ ᠪᠤᠶᠤ  ᠵᠠᠰᠠᠨ ᠰᠣᠯᠢᠵᠤ᠂ 1.07 ᠲᠦᠮᠡᠨ ᠺᠦᠸᠠᠲ ᠮᠧᠲᠷ‌‍ᠱᠤᠭᠤᠮ ᠵᠢᠷᠤᠵᠠᠢ᠃ ︽ᠳᠠᠷᠠᠭ᠎ᠠ ᠪᠠᠷ ᠪᠢᠳᠡ ᠠᠮᠤᠷ  ᠲᠦᠪᠰᠢᠨ ᠤ ᠲᠠᠯ᠎ᠠ ᠠᠴᠠ ᠲᠤᠬᠠᠢ ᠶᠢᠨ ᠲᠠᠯᠠᠪᠤᠷ ᠤᠨ ᠬᠢᠨᠠᠨ ᠪᠠᠶᠢᠴᠠᠭᠠᠯᠲᠠ ᠪᠠ ᠰᠡᠭᠦᠯᠴᠢ ᠶᠢᠨ ᠦᠨᠡᠯᠡᠨ  ᠵᠢᠱᠢᠯᠲᠡ ᠶᠢ ᠭᠤᠣᠯᠳᠠᠯᠭ᠎ᠠ ᠲᠠᠢ ᠥᠷᠨᠢᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠭᠡᠶᠢᠯᠡᠨ  ᠬᠠᠮᠠᠭᠠᠯᠠᠬᠤ ᠪᠡᠯᠡᠳᠬᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠨᠢᠭᠡ ᠨᠢ ᠪᠣᠯᠪᠠᠰᠤᠷᠠᠩᠭᠤᠢ ᠪᠣᠯᠪᠠᠯ  ᠲᠡᠭᠦᠨ ᠢᠶᠠᠨ ᠵᠠᠷᠯᠠᠨ ᠬᠡᠷᠡᠭᠵᠢᠭᠦᠯᠵᠦ ᠠᠮᠤᠷ ᠲᠦᠪᠰᠢᠨ ᠪᠠᠶᠢᠯᠭᠠᠬᠤ ᠶᠢ ᠦᠨᠡᠨ ᠬᠦ ᠪᠠᠲᠤᠯᠠᠨ᠎ᠠ᠃︾ ᠭᠡᠵᠦ ᠭᠤᠤ  ᠱᠢ ᠴᠢᠨ ᠬᠡᠯᠡᠪᠡ᠃  
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号