ᠪᠠᠶ᠋ᠬᠠᠤᠪᠤᠭ᠎ᠠ ᠰᠤᠮᠤ ᠱᠠᠨᠳᠦ᠋ᠩ ᠮᠤᠵᠢ ᠶᠢᠨ ᠮᠢᠬᠠᠨ ᠤ ᠦᠬᠡᠷ ᠤᠨ ᠠᠵᠦ ᠠᠦᠶᠢᠯᠡᠰ ᠤᠨ ᠬᠦᠭᠵᠢᠯᠳᠡ ᠳᠤ ᠪᠠᠶᠢᠴᠠᠭᠠᠨ ᠰᠤᠳᠤᠯᠵᠦ ᠰᠤᠷᠤᠯᠴᠠᠭᠰᠠᠨ
ᠨᠡᠶᠢᠲᠡᠯᠡᠭᠰᠡᠨ ᠴᠠᠭ᠄
2024/4/3
      ᠲᠡᠷᠢᠭᠦᠨ ᠤ ᠭᠠᠵᠠᠷ ᠤᠷᠤᠨ ᠤ ᠰᠢᠯᠢᠳᠡᠭ ᠲᠤᠷᠰᠢᠯᠭ᠎ᠠ ᠶᠢ ᠰᠤᠷᠤᠯᠴᠠᠨ ᠲᠤᠯᠢ ᠪᠤᠯᠭᠠᠵᠦ᠂ ᠰᠤᠮᠤᠨ ᠤ ᠪᠠᠨ ᠮᠢᠬᠠᠨ ᠤ ᠬᠤᠨᠢ ᠮᠢᠬᠠᠨ ᠤ ᠦᠬᠡᠷ ᠤᠨ ᠠᠵᠦ ᠠᠦᠶᠢᠯᠡᠰ ᠤᠨ ᠬᠦᠭᠵᠢᠯᠳᠡ ᠶᠢᠨ ᠤᠳᠤᠬᠢ ᠪᠠᠶᠢᠳᠠᠯ ᠲᠠᠢ ᠤᠶᠠᠯᠳᠤᠭᠤᠯᠤᠨ᠂ ︽ᠭᠠᠳᠠᠭᠰᠢ ᠭᠠᠷᠬᠤ︾ ᠶᠢ ᠢᠳᠡᠪᠬᠢᠳᠡᠢ ᠲᠠᠮᠵᠢᠨ᠂ ᠨᠡᠩ ᠤᠯᠠᠨ ᠬᠠᠮᠳᠤᠷᠠᠯᠴᠠᠭᠠᠨ ᠤ ᠪᠤᠯᠤᠯᠴᠠᠭᠠᠳᠦ ᠴᠢᠨᠠᠷ ᠢ ᠬᠠᠶᠢᠨ ᠰᠦᠪᠡᠭᠴᠢᠯᠡᠵᠦ᠂ ᠰᠤᠮᠤᠨ ᠤ ᠪᠠᠨ ᠣᠳᠤᠬᠠᠨ ᠤ ᠲᠡᠵᠢᠭᠡᠨ ᠦᠷᠡᠵᠢᠭᠦᠯᠬᠦ ᠪᠠᠶᠢᠷᠢᠰᠢᠯ ᠲᠠᠷᠠᠬᠠᠢ ᠪᠤᠳᠠᠷᠬᠠᠢ᠂ ᠠᠵᠦ ᠦᠢᠯᠡᠰ ᠤᠨ ᠬᠡᠯᠬᠢᠶ᠎ᠡ ᠶᠢᠨ ᠲᠠᠰᠤᠯᠳᠠᠯ᠂ ᠪᠤᠷᠤᠯᠠᠭᠤᠯᠭ᠎ᠠ ᠶᠢᠨ ᠵᠠᠮ ᠢᠪᠴᠤᠤ ᠠᠰᠢᠭ ᠬᠤᠨᠵᠢᠪᠤᠷᠢ ᠲᠤᠤᠷ᠎ᠠ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠮᠢᠬᠠᠨ ᠤ ᠬᠤᠨᠢ ᠮᠢᠬᠠᠨ ᠤ ᠦᠬᠡᠷ ᠤᠨ ᠠᠵᠦ ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢ ᠲᠦᠯᠬᠢᠨ ᠠᠬᠢᠭᠤᠯᠬᠤ ᠪᠠᠷ ᠪᠠᠶ᠋ᠬᠤᠪᠤᠭ᠎ᠠ ᠰᠤᠮᠤᠨ ᠤ ᠬᠢᠨ ᠪᠠᠶᠢᠴᠠᠭᠠᠨ ᠰᠤᠳᠤᠯᠵᠦ ᠰᠤᠷᠤᠯᠴᠠᠬᠤ ᠲᠤᠭᠤᠶᠢᠯᠠᠩ ᠵᠤᠬᠢᠶᠠᠨ ᠪᠠᠶᠢᠭᠤᠯᠵᠦ᠂3 ᠰᠠᠷ᠎ᠠ ᠶᠢᠨ26 ᠠᠴᠠ29 ᠤ ᠡᠳᠦᠷ ᠪᠤᠯᠳᠠᠯ᠎ᠠ ᠱᠠᠨᠳᠦᠩ ᠮᠤᠵᠢ ᠶᠢᠨ ᠳ᠋ᠦᠩ ᠶᠢᠩ ᠬᠤᠳᠠ᠂ ᠪᠢᠨᠵᠸᠦ ᠬᠤᠳᠠ ᠵᠡᠷᠭᠡ ᠤᠷᠤᠨ ᠢᠶᠠᠷ ᠪᠠᠶᠢᠴᠠᠭᠠᠨ ᠰᠤᠳᠤᠯᠵᠦ ᠰᠤᠷᠤᠯᠴᠠᠭᠠᠨ ᠪᠠᠶᠢᠨ᠎ᠠ᠃      ᠲᠤᠰ ᠤᠳᠠᠭᠠᠨ ᠤ ᠪᠠᠶᠢᠴᠠᠭᠠᠨ ᠰᠤᠷᠤᠯᠴᠠᠯᠭ᠎ᠠ ᠳᠤ ᠰᠤᠮᠤᠨ ᠤ ᠤᠳᠤᠷᠢᠳᠬᠤ ᠺᠠᠳ᠋ᠷ᠃ ᠡᠯ᠎ᠡ ᠭᠠᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠭᠠᠴᠠᠭᠠᠨ ᠤ ︽ᠬᠤᠶᠠᠷ ᠵᠦᠪᠯᠡᠯ︾ ᠤᠨ ᠪᠦᠷᠢᠯᠳᠦᠭᠦᠨ᠂ ᠲᠡᠵᠢᠭᠡᠨ ᠦᠷᠡᠵᠢᠭᠦᠯᠬᠦ ᠲᠤᠮᠤ ᠡᠷᠦᠬᠡ ᠶᠢᠨ ᠲᠦᠯᠦᠭᠡᠯᠡᠭᠴᠢ᠂ ᠲᠠᠷᠢᠶᠠᠯᠠᠩ ᠮᠠᠯ ᠠᠵᠦ ᠠᠬᠤᠢ ᠶᠢᠨ ᠲᠤᠰᠬᠠᠢ ᠮᠡᠷᠭᠡᠵᠢᠯᠳᠡᠨ ᠵᠡᠷᠭᠡ23 ᠬᠦᠮᠦᠨ ᠶᠠᠪᠤᠪᠠ᠃      ᠭᠤᠷᠪᠠᠨ ᠡᠳᠦᠷ ᠤᠨ ᠬᠤᠭᠤᠴᠠᠭ᠎ᠠ ᠪᠠᠷ ᠲᠡᠳᠡ ᠺᠤᠮᠫᠠᠨᠢ ᠨᠤᠭᠤᠳ ᠤᠨ ᠲᠡᠵᠢᠭᠡᠨ ᠦᠷᠡᠵᠢᠭᠦᠯᠬᠦ ᠵᠠᠭᠪᠤᠷ᠂ ᠨᠢᠳᠦᠯᠵᠦ ᠨᠠᠷᠢᠯᠢᠭ ᠡᠳ᠋ᠰᠢᠭᠦᠯᠬᠦ᠂ ᠬᠦᠢᠳᠡᠨ ᠢᠶᠠᠷ ᠬᠠᠳᠠᠭᠠᠯᠠᠬᠤ ᠪᠠᠷᠠᠭᠠᠨ ᠤ ᠭᠦᠯᠭᠡᠭᠡ᠂ ᠡᠬᠢ ᠪᠠᠶᠠᠯᠢᠭ ᠢ ᠶᠡᠷᠦᠩᠭᠡᠶᠢᠯᠡᠨ ᠠᠰᠢᠭᠯᠠᠬᠤ᠂ ᠲᠡᠵᠢᠭᠡᠯ ᠪᠤᠷᠳᠤᠭ᠎ᠠ ᠶᠢ ᠪᠤᠯᠪᠠᠰᠤᠷᠠᠭᠤᠯᠤᠨ ᠡᠳ᠋ᠰᠢᠭᠦᠯᠬᠦ ᠵᠡᠷᠭᠡ ᠠᠵᠦ ᠦᠢᠯᠡᠰ ᠤᠨ ᠬᠦᠭᠵᠢᠯᠳᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠦ ᠰᠤᠷᠤᠯᠴᠠᠨ ᠤᠯᠤᠯᠳᠠ ᠶᠡᠬᠡᠳᠡᠢ ᠪᠤᠴᠠᠵᠦ ᠢᠷᠡᠭᠰᠡᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号