ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠳᠤ ᠲᠡᠥᠬᠡᠨ ᠤᠯᠠ ᠮᠦᠷ ᠢ ᠬᠠᠶᠢᠭᠰᠠᠨ ᠬᠠᠳᠠᠨ ᠵᠢᠷᠤᠭ ᠤᠨ ᠦᠯᠡᠳᠡᠭᠳᠡᠯ ᠤᠨ ᠲᠤᠬᠠᠢ ᠶᠠᠷᠢᠶ᠎ᠠ ᠢᠯᠡᠳᠭᠡᠯ ᠪᠤᠯᠵᠦ ᠦᠩᠭᠡᠷᠡᠯ᠎ᠡ
ᠨᠡᠶᠢᠲᠡᠯᠡᠭᠰᠡᠨ ᠴᠠᠭ᠄
2024/4/3
      4 ᠰᠠᠷ᠎ᠠ ᠶᠢᠨ2 ᠤ ᠡᠳᠦᠷ᠂ ᠲᠠᠷᠬᠠᠨ ᠮᠤᠮᠢᠩᠭᠠᠨ ᠬᠤᠯᠪᠤᠭᠠᠳᠦ ᠬᠤᠰᠢᠭᠤᠨ ᠤ ᠠᠶᠢᠪᠠᠭ᠎ᠠ ᠭᠤᠤᠯ ᠨᠡᠶᠢᠭᠡᠮ ᠲᠤᠭᠤᠷᠢᠭ ᠲᠤ ᠲᠠᠷᠬᠠᠨ ᠮᠤᠤᠮᠢᠩᠭᠠᠨ ᠳᠠᠬᠢ ᠬᠠᠳᠠᠨ ᠵᠢᠷᠤᠭ ᠤᠨ ᠦᠯᠡᠳᠡᠭᠳᠡᠯ ᠤᠨ ᠲᠤᠬᠠᠢ ᠶᠠᠷᠢᠶ᠎ᠠ ᠢᠯᠡᠳᠭᠡᠯ ᠪᠤᠯᠵᠦ᠂ ᠬᠤᠰᠢᠭᠤᠨ ᠤ ᠤᠯᠤᠰ ᠲᠦᠷᠦ ᠶᠢᠨ ᠵᠦᠪᠯᠯᠡᠭᠡᠨ᠂ ᠤᠬᠠᠭᠤᠯᠬᠤ ᠬᠡᠯᠳᠡᠰ᠂ ᠰᠤᠶᠤᠯ ᠵᠢᠭᠤᠯᠴᠢᠯᠠᠯ ᠤᠨ ᠲᠤᠪᠴᠢᠶ᠎ᠠ᠂ ᠠᠶᠢᠪᠠᠭ᠎ᠠ ᠭᠤᠤᠯ ᠤᠨ ᠲᠤᠭᠤᠷᠢᠭ ᠵᠡᠷᠭᠡ ᠬᠠᠮᠢᠶ᠎ᠠ ᠪᠦᠬᠦᠢ ᠪᠠᠶᠢᠭᠤᠯᠤᠯᠭ᠎ᠠ ᠨᠢᠭᠡᠴᠡ ᠶᠢᠨ ᠠᠵᠢᠯᠳᠠᠳ ᠤᠷᠤᠯᠴᠠᠵᠠᠢ᠃      ᠦᠪᠦᠷ ᠮᠤᠩᠭᠤᠯ ᠤᠨ ᠮᠦᠽᠸᠢ ᠶᠢᠨ ᠲᠡᠳ᠋ ᠫᠷᠤᠹᠧᠰᠰᠤᠷ ᠬᠠᠭᠤᠴᠢ ᠰᠤᠳᠤᠯᠤᠭᠠᠴᠢ ᠲᠡᠷᠢᠭᠦᠨᠪᠡᠶᠠᠷ ᠨᠤᠳᠤᠭ ᠪᠤᠴᠠᠬᠤ ᠲᠠᠰᠢᠷᠠᠮ ᠢᠶᠠᠷ ᠬᠤᠰᠢᠭᠤᠨ ᠤ ᠬᠠᠮᠢᠶ᠎ᠠ ᠪᠦᠬᠦᠢ ᠪᠠᠶᠢᠭᠤᠯᠤᠯᠭ᠎ᠠ ᠨᠢᠭᠡᠴᠡ ᠶᠢᠨ ᠬᠢᠨ ᠤᠷᠢᠨ ᠵᠠᠯᠠᠵᠦ ᠲᠡᠥᠬᠡ ᠰᠤᠶᠤᠯ ᠳᠤ ᠲᠤᠷ᠎ᠠ ᠪᠠᠬ᠎ᠠ ᠲᠠᠢ ᠬᠦᠮᠦᠰ ᠲᠤ ᠬᠠᠨᠳᠤᠭᠤᠯᠤᠨ ᠲᠠᠷᠬᠠᠨ ᠮᠤᠤᠮᠢᠩᠭᠠᠨ ᠤ ᠬᠡᠪᠴᠢᠶᠡᠨ ᠳᠤ ᠪᠠᠶᠢᠭ᠎ᠠ ᠡᠷᠳᠡᠨ ᠤ ᠬᠠᠳᠠᠨ ᠵᠢᠷᠤᠭ ᠤᠨ ᠦᠯᠡᠳᠡᠭᠳᠡᠯ ᠤᠨ ᠲᠤᠬᠠᠢ ᠪᠠ ᠰᠤᠳᠤᠯᠭᠠᠨ ᠤ ᠦᠨ᠎ᠡ ᠦᠷᠳᠡᠭ ᠤᠨ ᠲᠤᠬᠠᠢ ᠨᠠᠷᠢᠨ ᠨᠢᠠᠠᠳᠠ ᠲᠠᠶᠢᠯᠪᠤᠷᠢ ᠬᠢᠯᠭᠡᠭᠰᠡᠨ ᠪᠠᠶᠢᠨ᠎ᠠ᠃      ᠲᠠᠷᠢᠭᠦᠨᠪᠠᠶᠠᠷ ᠵᠢᠷᠤᠭ ᠰᠡᠭᠦᠳᠡᠷ ᠪᠠ ᠪᠤᠳᠠᠳᠦ ᠵᠢᠱᠢᠶ᠎ᠡ ᠪᠠᠷ ᠡᠷᠳᠡᠨ ᠤ ᠬᠠᠳᠠᠨ ᠵᠢᠷᠤᠭ ᠤᠨ ᠨᠠᠷᠢᠯᠢᠭ ᠵᠦᠢᠯᠡᠰ ᠢ ᠲᠡᠯᠭᠡᠨ ᠦᠵᠡᠭᠦᠯᠵᠦ᠂ ᠬᠠᠳᠠᠨ ᠵᠢᠷᠤᠭ ᠪᠤᠯ ᠤᠷᠠᠯᠢᠭ ᠤᠨ ᠪᠦᠳᠦᠭᠡᠯ ᠪᠤᠯᠬᠤ ᠪᠠᠷ ᠪᠠᠷᠠᠬᠤ ᠦᠭᠡᠢ ᠨᠡᠩ ᠴᠦ ᠲᠡᠥᠬᠡᠨ ᠭᠡᠷᠡᠴᠢ ᠪᠤᠯᠤᠨ᠎ᠠ᠃ ᠲᠡᠷᠡ ᠨᠢ ᠦᠪᠡᠷᠮᠢᠴᠡ ᠠᠷᠭ᠎ᠠ ᠬᠡᠯᠪᠡᠷᠢ ᠪᠠᠷ ᠬᠦᠮᠦᠨ ᠲᠦᠷᠦᠯᠬᠢᠳᠡᠨ ᠤ ᠪᠤᠯᠪᠠᠰᠤᠨ ᠤ ᠬᠤᠪᠢᠰᠤᠯᠳᠠ ᠪᠠ ᠲᠠᠪᠰᠢᠯᠳᠠ ᠶᠢ ᠲᠡᠮᠳᠡᠭᠯᠡᠭᠰᠡᠨ ᠠᠴᠠ ᠬᠠᠳᠠᠨ ᠵᠢᠷᠤᠭ ᠢ ᠰᠤᠳᠤᠯᠬᠤ ᠪᠠ ᠬᠠᠮᠠᠭᠠᠯᠠᠬᠤ ᠨᠢ ᠲᠤᠶᠢᠯ ᠤᠨ ᠴᠢᠬᠤᠯᠠ ᠬᠡᠳᠡᠭ ᠢ ᠠᠬᠤᠢ ᠲᠠᠯᠠᠪᠠᠢ ᠶᠢᠨ ᠬᠦᠮᠦᠰ ᠲᠤ ᠮᠡᠳᠡᠷᠡᠭᠦᠯᠵᠦ᠂ ᠲᠡᠳᠡᠨ ᠤ ᠲᠡᠥᠬᠡ ᠰᠤᠶᠤᠯ ᠤᠨ ᠲᠤᠬᠠᠢ ᠤᠶᠢᠯᠠᠭᠠᠭᠳᠠᠬᠤᠨ ᠢ ᠨᠡᠩ ᠬᠦᠨ ᠬᠦᠨᠵᠡᠭᠡᠢ ᠪᠤᠯᠭᠠᠭᠰᠠᠨ ᠪᠠᠶᠢᠨ᠎ᠠ᠃
微信图片_20240407093140.jpg
微信图片_20240407093143.jpg
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号