ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ2024 ᠤᠨ ᠤ ︽ᠦᠨᠳᠦᠰᠦᠳᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠵᠢᠩᠭᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2024/4/30
       ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠲᠦᠪᠯᠡᠷᠡᠭᠦᠯᠦᠨ ᠤᠬᠠᠭᠤᠯᠵᠦ᠂ ᠦᠨᠳᠦᠰᠦᠳᠡᠨ  ᠤ ᠪᠦᠯᠬᠦᠮᠳᠡᠯ ᠲᠠᠪᠰᠢᠯᠳᠠ ᠶᠢᠨ ᠬᠦᠮᠦᠵᠢᠯ ᠢ ᠲᠠᠰᠤᠷᠠᠯᠳᠠ ᠦᠭᠡᠢ ᠲᠡᠭᠡᠭᠰᠢᠯᠡᠭᠦᠯᠬᠦ ᠶᠢᠨ ᠲᠦᠯᠦᠭᠡ᠂4 ᠰᠠᠷ᠎ᠠ  ᠶᠢᠨ29 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ2024 ᠤᠨ ᠤ ︽ᠦᠨᠳᠦᠰᠦᠳᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭᠠᠨ ᠤ ᠡᠬᠢᠯᠡᠯᠳᠡ ᠶᠢᠨ ᠶᠤᠰᠤᠯᠠᠯ᠂ ᠬᠠᠮ ᠵᠠᠭᠤᠴᠢᠯᠠᠭᠤᠷ ᠤᠨ ᠲᠦᠪ ᠤᠨ ᠲᠤᠭᠯᠠᠯᠳᠠ ᠶᠢᠨ ᠲᠢᠩᠬᠢᠮ ᠳᠤ ᠶᠠᠪᠤᠭᠳᠠᠪᠠ᠃
微信图片_20240507085819.jpg
微信图片_20240507085823.jpg     
      ᠶᠤᠰᠤᠯᠠᠯ ᠳᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠳᠡᠰ ᠤᠨ ᠲᠠᠷᠤᠭ᠎ᠠ ᠬᠠᠨ ᠮᠢᠨ᠂ ᠬᠤᠰᠢᠭᠤ ᠲᠡᠳ᠋ ᠲᠠᠷᠤᠭ᠎ᠠ ᠳ᠋ᠠᠩ ᠰᠢᠶᠤᠤ ᠬᠤᠩ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ ᠰᠠᠷᠠᠩᠭᠤᠸ᠎ᠠ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠰᠦᠨ ᠪᠢᠨ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠤᠨᠲ ᠤᠨ ᠬᠡᠯᠳᠡᠰ ᠤᠨ ᠲᠡᠳ᠋ ᠲᠠᠷᠤᠭ᠎ᠠ᠂ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ  ᠤᠨ ᠡᠷᠬᠢᠯᠡᠭᠴᠢ ᠮᠦᠷᠡᠨ ᠪᠤᠯᠤᠨ ᠡᠯ᠎ᠡ ᠭᠠᠴᠠᠭ᠎ᠠ ᠲᠤᠰᠬᠤᠨ ᠨᠡᠶᠢᠭᠡᠮ ᠲᠤᠭᠤᠷᠢᠭ ᠤᠨ ᠤᠳᠤᠷᠢᠳᠤᠯᠭ᠎ᠠ ᠨᠠᠷ ᠤᠷᠤᠯᠴᠠᠵᠦ᠂ ᠬᠤᠰᠢᠭᠤ ᠵᠠᠰᠠᠭ ᠤᠨ ᠤᠷᠳᠤᠨ ᠤ ᠲᠡᠳ᠋ ᠲᠠᠷᠤᠭ᠎ᠠ ᠳ᠋ᠠᠩ ᠰᠢᠶᠤᠤ ᠬᠤᠩ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ2024 ᠤᠨ ᠤ ︽ᠦᠨᠳᠦᠰᠦᠳᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠵᠢᠩᠭᠢᠨᠢ ᠪᠠᠷ ᠡᠬᠢᠯᠡᠭᠰᠡᠨ ᠪᠠᠶᠢᠨ᠎ᠠ᠃      ᠶᠤᠰᠤᠯᠠᠯ ᠤᠨ ᠲᠠᠷᠠᠭ᠎ᠠ ᠮᠠᠨ ᠤ ᠬᠤᠰᠢᠭᠤᠨ ᠤ ᠤᠯᠠᠭᠠᠨᠮᠦ᠋ᠴᠢᠷ ᠤᠨ ᠲᠤᠭᠯᠠᠭᠴᠢᠳ ᠪᠠ ᠪᠤᠭᠤᠳᠦ ᠬᠤᠳᠠ  ᠶᠢᠨ ᠵᠢᠩ ᠼᠤᠤ ᠳ᠋ᠢ ᠤᠷᠠᠯᠢᠭ ᠤᠨ ᠪᠦᠯᠬᠦᠮ ᠤᠨ ᠲᠤᠭᠯᠠᠭᠴᠢᠳ ᠮᠠᠨᠢ ᠭᠤᠴᠤ ᠰᠠᠶᠢᠬᠠᠨ ᠲᠤᠭᠯᠠᠯᠳᠠ ᠪᠠᠨ ᠡᠷᠭᠦᠨ ᠠᠬᠤᠢ ᠲᠠᠯᠠᠪᠠᠢ ᠳᠤ ᠬᠦᠭ ᠨᠡᠮᠡᠷᠢᠯᠡᠭᠰᠡᠨ ᠪᠠᠶᠢᠨ᠎ᠠ᠃
微信图片_20240507085828.jpg
微信图片_20240507085832.jpg
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号