ᠰᠢᠷᠠᠮᠦ᠋ᠷᠡᠨ ᠪᠠᠯᠭᠠᠰᠤᠨ ᠤ ︽ᠬᠦᠬᠡᠳᠡᠷᠡᠰᠤ ᠬᠤᠨᠳᠠᠭᠠᠳᠤ︾ ᠮᠤᠷᠢᠨ ᠤᠷᠤᠯᠳᠤᠭᠠᠨ ᠤ ᠬᠤᠷᠠᠮᠳᠤᠯ ᠬᠤᠪᠢ  ᠶᠢᠨ ᠬᠤᠯᠪᠤᠭᠠᠳᠤ ᠤᠷᠤᠯᠳᠤᠭᠠᠨ ᠤ ᠡᠩ ᠤᠨ ᠤᠷᠤᠯᠳᠤᠭᠠᠨ ︵ᠬᠤᠶᠠᠳᠤᠭᠠᠷ ᠲᠠᠯᠠᠪᠤᠷ︶ ᠤ ᠮᠡᠳᠡᠭᠳᠡᠯ
ᠨᠡᠶᠢᠲᠡᠯᠡᠭᠰᠡᠨ ᠴᠠᠭ᠄
2024/5/10
ᠨᠢᠭᠡ᠂ ᠤᠷᠤᠯᠳᠤᠭᠠᠨ ᠤ ᠴᠠᠭ      2024 ᠤᠨ ᠤ 5 ᠰᠠᠷ᠎ᠠ ᠶᠢᠨ 25 ᠤ ᠡᠳᠦᠷᠬᠤᠶᠠᠷ᠂ ᠤᠷᠤᠯᠳᠤᠭᠠᠨ ᠤ ᠭᠠᠵᠠᠷ      ᠰᠢᠷᠠᠮᠦ᠋ᠷᠡᠨ ᠪᠠᠯᠭᠠᠰᠤᠨ ᠤ ᠬᠦᠬᠡᠳᠠᠷᠡᠰᠤ ᠭᠠᠴᠠᠭᠠᠨ ᠤ ᠠᠳᠤᠭᠤᠨ ᠤ ᠠᠵᠤ ᠦᠢᠯᠡᠰ ᠤᠨ ᠬᠦᠷᠢᠶᠡᠯᠡᠩᠭᠤᠷᠪᠠ᠂ ᠤᠷᠤᠯᠳᠤᠭᠠᠨ ᠤ ᠲᠦᠷᠦᠯ     1.40 ᠮᠧᠲᠷ ᠠᠴᠠ ᠪᠤᠭᠤᠨᠢ ᠬᠤᠷᠳᠤᠨ ᠮᠤᠷᠢᠨ ᠤ 8000 ᠮᠧᠲᠷ ᠤᠨ ᠤᠷᠤᠯᠳᠤᠭᠠᠨ     1.40  ᠮᠧᠲᠷ  ᠠᠴᠠ ᠪᠤᠭᠤᠨᠢ ᠵᠢᠷᠤᠭ᠎ᠠ ᠮᠤᠷᠢᠨ ᠤ 4800 ᠮᠧᠲᠷ ᠤᠨ ᠤᠷᠤᠯᠳᠤᠭᠠᠨ      ᠪᠡᠶ᠎ᠡ ᠶᠢᠨ ᠦᠨᠳᠦᠷ ᠢ ᠬᠢᠵᠠᠭᠠᠷᠯᠠᠬᠤ ᠦᠭᠡᠢ 8000 ᠮᠧᠲᠷ ᠤᠨ ᠬᠤᠷᠳᠤᠨ ᠮᠤᠷᠢᠨ ᠤ ᠤᠷᠤᠯᠳᠤᠭᠠᠨ     ᠪᠡᠶ᠎ᠡ ᠶᠢᠨ ᠦᠨᠳᠦᠷ ᠢ ᠬᠢᠵᠠᠭᠠᠷᠯᠠᠬᠤ ᠦᠭᠡᠢ 4800 ᠮᠧᠲᠷ ᠤᠨ ᠵᠢᠷᠤᠭ᠎ᠠ ᠮᠣᠷᠢᠨ ᠤ ᠤᠷᠤᠯᠳᠤᠭᠠᠨ ᠳᠦᠷᠪᠡ᠂ ᠨᠡᠷ᠎ᠡ ᠮᠡᠳᠡᠭᠦᠯᠬᠦ ᠵᠢᠴᠢ ᠬᠠᠷᠢᠯᠴᠠᠬᠤ ᠬᠦᠮᠦᠨ    ᠡᠷᠳᠡᠨᠢᠴᠢᠯᠠᠭᠤ  15049340888ᠲᠠᠪᠤ᠂ ᠤᠷᠤᠯᠳᠤᠭᠠᠨ ᠤ ᠬᠤᠷᠠᠮᠳᠤᠯ ᠬᠤᠪᠢ ᠵᠢᠴᠢ ᠱᠠᠩᠨᠠᠯ    1. ᠲᠤᠰ ᠤᠯᠠᠷᠢᠯ ᠤᠨ ᠬᠤᠯᠪᠤᠭᠠᠳᠤ ᠤᠷᠤᠯᠳᠤᠭᠠᠨ ᠤ ᠡᠩ ᠤᠨ ᠤᠷᠤᠯᠳᠤᠭᠠᠨ ᠤ ᠲᠠᠯᠠᠪᠤᠷ ᠪᠦᠷᠢ ᠶᠢᠨ ᠤᠷᠤᠯᠳᠤᠭᠠᠨ ᠤ ᠲᠦᠷᠦᠬᠦᠦ ᠨᠠᠢᠮᠠᠨ ᠨᠡᠷ᠎ᠡ ᠳᠤ ᠤᠷᠤᠭᠰᠠᠨ ᠳᠤ ᠨᠢ ᠬᠤᠷᠠᠮᠳᠤᠯ ᠬᠤᠪᠢ ᠪᠤᠳᠤᠵᠤ ᠥᠭᠭᠦᠨ᠎ᠡ᠂ ᠬᠤᠪᠢ ᠶᠢᠨ ᠬᠠᠷᠢᠴᠠᠯ ᠢ ᠬᠢᠷᠢ ᠪᠦᠲᠦᠮᠵᠢ ᠶᠢᠨ ᠳᠠᠷᠠᠭᠠᠯᠠᠯ ᠢᠶᠠᠷ    5      4.5      4     3.5     3     2.5       2      1.5  ᠭᠡᠵᠤ ᠤᠯᠭᠤᠨ᠎ᠡ᠃ ᠪᠤᠰᠤᠳ ᠨᠢ ᠴᠦᠮ ᠤᠷᠤᠯᠳᠤᠭᠠᠨ ᠳᠤ ᠤᠷᠤᠯᠴᠠᠭᠰᠠᠨ ᠬᠤᠷᠠᠮᠳᠤᠯ ᠬᠤᠪᠢ 1 ᠬᠤᠪᠢ ᠤᠯᠤᠨ᠎ᠡ᠂ ᠤᠷᠤᠯᠳᠤᠭᠠᠨ ᠤ ᠲᠦᠷᠦᠯ ᠢᠶᠠᠷ ᠨᠢ ᠢᠯᠭᠠᠵᠤ ᠠᠰ ᠠᠰ ᠢᠶᠠᠷ ᠨᠢ ᠬᠤᠷᠠᠮᠳᠤᠯ ᠬᠤᠪᠢ ᠶᠢ ᠪᠤᠳᠤᠨ᠎ᠡ᠃   2. ᠡᠩ ᠤᠨ ᠤᠷᠤᠯᠳᠤᠭᠠᠨ ᠤ ᠲᠦᠷᠦᠯ ᠪᠤᠯᠭᠠᠨ ᠤ ᠲᠦᠷᠦᠭᠦᠦ ᠨᠠᠢᠮᠠ ᠶᠢ ᠱᠠᠩᠨᠠᠨ᠎ᠠ᠃  ᠲᠦᠷᠦᠭᠦᠦ ᠭᠤᠷᠪᠠ  ᠳᠤ ᠲᠤᠰ ᠲᠤᠰ 3000.     2000.     1000 ᠲᠦᠭᠦᠷᠢᠭ᠂  ᠳᠦᠷᠪᠡ ᠠᠴᠠ ᠨᠠᠢᠮᠠᠨ ᠨᠡᠷ᠎ᠡ ᠶᠢ ᠴᠦᠮ 500 ᠲᠦᠭᠦᠷᠢᠭ ᠢᠶᠠᠷ ᠱᠠᠩᠨᠠᠨ᠎ᠠ᠃    3. ᠡᠩ ᠤᠨ ᠤᠷᠤᠯᠳᠤᠭᠠᠨ ᠤ ᠤᠯᠠᠷᠢᠯ ᠤᠨ ᠶᠡᠷᠦᠩᠬᠡᠢ ᠬᠤᠷᠠᠮᠳᠤᠯ ᠬᠤᠪᠢ ᠶᠢᠨ ᠨᠢᠭᠡ ᠠᠴᠠ ᠠᠷᠪᠠᠨ ᠨᠡᠷ᠎ᠡ  ᠶᠢ ᠪᠡᠯᠡᠨ ᠵᠤᠭᠤᠰ ᠢᠶᠠᠷ ᠱᠠᠩᠨᠠᠨ᠎ᠠ᠂ ᠱᠠᠩ ᠠᠪᠤᠭᠰᠠᠨ ᠬᠦᠮᠦᠨ ᠨᠢ ᠵᠠᠪᠠᠯ ᠪᠦᠬᠦ ᠡᠭᠡᠯᠵᠢ ᠶᠢᠨ ᠤᠷᠤᠯᠳᠤᠭᠠᠨ ᠤ ᠬᠠᠭᠠᠰ ᠠᠴᠠ ᠳᠡᠭᠡᠭᠰᠢ ᠤᠷᠤᠯᠳᠤᠭᠠᠨ ᠳᠤ ᠤᠷᠤᠯᠴᠠᠭᠰᠠᠨ ᠪᠠᠶᠢᠬᠤ ᠬᠡᠷᠡᠭᠲᠠᠢ᠂ ᠲᠡᠶᠢᠮᠦ ᠪᠢᠰᠢ ᠪᠤᠯ ᠱᠠᠩᠨᠠᠯ ᠤᠯᠭᠤᠬᠤ ᠦᠭᠡᠢ᠂ ᠬᠤᠭᠤᠰᠤᠨ ᠭᠠᠷᠤᠭᠰᠠᠨ ᠤᠷᠤᠨ ᠲᠤᠭ᠎ᠠ ᠶᠢ ᠪᠤᠰᠤᠳ ᠤᠷᠤᠯᠴᠠᠭᠰᠠᠳ ᠢᠶᠠᠷ  ᠨᠥᠬᠦᠬᠦᠯᠦᠨ᠎ᠡ ᠃  ᠬᠤᠷᠠᠮᠳᠤᠯ ᠬᠤᠪᠢ ᠶᠢᠨ ᠵᠢᠭᠰᠠᠭᠠᠯᠳᠠ ᠶᠢᠨ ᠲᠦᠷᠦᠬᠦᠦ ᠠᠷᠪᠠ ᠶᠢ ᠲᠤᠰ ᠲᠤᠰ 15000.     10000.    5000.     3000.     2000.    1000.    500.     500.     500.    500 ᠲᠦᠭᠦᠷᠢᠭ ᠢᠶᠠᠷ ᠱᠠᠩᠨᠠᠨ᠎ᠠ᠃     4.ᠡᠩ ᠤᠨ ᠤᠷᠤᠯᠳᠤᠭᠠᠨ ᠤ ᠤᠯᠠᠷᠢᠯ ᠤᠨ ᠤᠷᠤᠯᠳᠤᠭᠠᠨ ᠳᠠᠭᠤᠰᠤᠭᠰᠠᠨ ᠤ ᠳᠠᠷᠠᠭ᠎ᠠ ᠰᠢᠯᠢᠳᠡᠭ ᠤᠨ ᠰᠢᠯᠢᠳᠡᠭ ᠢ ᠰᠢᠯᠭᠠᠷᠠᠭᠤᠯᠬᠤ ᠱᠠᠩᠨᠠᠯᠳᠤ ᠤᠷᠤᠯᠳᠤᠭᠠᠨ ᠶᠠᠪᠤᠭᠳᠠᠭᠤᠯᠤᠨ᠎ᠡ᠂ ᠤᠷᠤᠯᠳᠤᠭᠠᠨ ᠤ ᠬᠡᠯᠪᠡᠷᠢ ᠪᠤᠯᠤᠨ ᠬᠦᠷᠢᠶ᠎ᠡ ᠬᠡᠪᠴᠢᠶ᠎ᠠ ᠨᠢ ᠡᠩ ᠤᠨ ᠤᠷᠤᠯᠳᠤᠭᠠᠨ ᠲᠠᠢ ᠠᠳᠠᠯᠢ᠃ ᠡᠩ ᠤᠨ ᠤᠷᠤᠯᠳᠤᠭᠠᠨ ᠤ ᠬᠤᠷᠠᠮᠳᠤᠯ ᠬᠤᠪᠢ  ᠨᠢ 30 ᠠᠴᠠ ᠳᠡᠭᠡᠭᠰᠢ ᠪᠠᠶᠢᠬᠤ ᠮᠦᠷᠲᠡᠭᠡᠨ ᠪᠦᠬᠦ ᠡᠭᠡᠯᠵᠢ ᠶᠢᠨ ᠤᠷᠤᠯᠳᠤᠭᠠᠨ ᠤ ᠬᠠᠭᠠᠰ ᠠᠴᠠ ᠳᠡᠭᠡᠭᠰᠢ ᠤᠷᠤᠯᠳᠤᠭᠠᠨ ᠳᠤ ᠤᠷᠤᠯᠴᠠᠭᠰᠠᠨ ᠤᠷᠤᠯᠴᠠᠭᠴᠢ ᠯᠡ ᠲᠤᠰ ᠤᠷᠤᠯᠳᠤᠭᠠᠨ ᠳᠤ ᠤᠷᠤᠬᠤ ᠬᠢᠷᠢ ᠬᠡᠮ ᠲᠠᠢ᠃ ᠤᠷᠤᠯᠳᠤᠭᠠᠨ ᠤ ᠲᠦᠷᠦᠬᠦᠦ ᠠᠷᠪᠠᠨ ᠨᠡᠷ᠎ᠡ ᠶᠢ ᠲᠤᠰ ᠲᠤᠰ 15000.    10000.    5000.    3000.    2000.    1000.    500.     500 .     500 .     500 ᠲᠦᠭᠦᠷᠢᠭ ᠢᠶᠠᠷ ᠱᠠᠩᠨᠠᠨ᠎ᠠ᠃ᠵᠢᠷᠭᠤᠭ᠎ᠠ᠂  ᠠᠩᠬᠠᠷᠬᠤ ᠵᠦᠢᠯ    ᠮᠤᠷᠢᠨ ᠤᠷᠤᠯᠳᠤᠭᠠᠨ ᠳᠤ ᠣᠷᠣᠯᠴᠠᠭᠰᠠᠳ ᠡᠷᠬᠡᠪᠰᠢ ᠥᠪᠡᠰᠦᠪᠡᠨ ᠳᠠᠭᠠᠳᠬᠠᠯ ᠠᠪᠬᠤ ᠬᠡᠷᠡᠭᠲᠡᠢ᠂ ᠲᠣᠰ ᠤᠳᠠᠭᠠᠨ ᠤ ᠤᠷᠤᠯᠳᠤᠭᠠᠨ ᠪᠠ ᠵᠠᠮ ᠲᠡᠭᠡᠭᠡᠪᠦᠷᠢ ᠶᠢᠨ ᠶᠠᠪᠤᠴᠨ ᠳᠠᠬᠢ ᠬᠥᠮᠥᠰ ᠪᠠ ᠮᠣᠷᠢ ᠤᠨᠤᠭ᠎ᠠ ᠶᠢᠨ ᠠᠮᠤᠷ ᠲᠦᠪᠰᠢᠨ ᠢ ᠤᠷᠤᠯᠳᠤᠭᠠᠨ ᠳᠤ ᠤᠷᠤᠯᠴᠠᠭᠰᠠᠳ ᠥᠪᠡᠰᠦᠪᠡᠨ ᠬᠠᠷᠢᠭᠤᠴᠠᠬᠤ ᠬᠡᠷᠡᠭᠲᠡᠢ᠂ ᠡᠯ᠎ᠡ ᠵᠦᠢᠯ ᠤᠨ ᠬᠡᠨᠡᠳᠲᠡ ᠶᠢᠨ ᠤᠰᠤᠯ ᠢ ᠭᠤᠣᠯᠯᠠᠨ ᠡᠷᠬᠢᠯᠡᠭᠰᠡᠨ ᠲᠠᠯ᠎ᠠ ᠪᠠ ᠳᠠᠭᠠᠭᠠᠴᠢᠯᠠᠨ ᠡᠷᠬᠢᠯᠡᠭᠰᠡᠨ ᠲᠠᠯ᠎ᠠ ᠶᠢᠨ ᠬᠢᠨ ᠠᠴᠠ ᠣᠭᠲᠣ ᠬᠠᠷᠢᠭᠤᠴᠠᠬᠤ ᠦᠭᠡᠢ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号