ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠰᠢᠭᠦᠭᠦ ᠬᠤᠷᠢᠶ᠎ᠠ ᠰᠢ ᠾᠧ ᠰᠢᠶᠠᠩ ᠳᠤ ᠬᠠᠥᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/5/10
      5 ᠰᠠᠷ᠎ᠠ ᠶᠢᠨ8 ᠤ ᠡᠳᠦᠷ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠰᠢᠭᠦᠭᠦ ᠬᠤᠷᠢᠶ᠎ᠠ ᠪᠤᠯᠤᠨ ᠬᠤᠰᠢᠭᠤᠨ ᠤ ᠬᠠᠥᠯᠢ ᠴᠠᠭᠠᠵᠠ ᠶᠢᠨ ᠲᠤᠪᠴᠢᠶ᠎ᠠ᠂ ᠬᠤᠰᠢᠭᠤᠨ ᠤ ᠡᠮᠡᠭᠳᠡᠶᠢᠴᠤᠳ ᠤᠨ ᠬᠤᠯᠪᠤᠭ᠎ᠠ᠂ ᠬᠤᠰᠢᠭᠤᠨ ᠤ ᠠᠵᠢᠯᠴᠢᠨ ᠤ ᠡᠪᠯᠡᠯ ᠵᠡᠷᠭᠡ ᠰᠠᠯᠠᠭ᠎ᠠ ᠮᠦᠴᠢᠷ ᠰᠢ ᠾᠧ ᠰᠢᠶᠠᠩ ᠳᠤ ᠭᠦᠨᠵᠡᠭᠡᠶᠢᠷᠡᠵᠦ ᠬᠠᠥᠯᠢ ᠴᠠᠭᠠᠵᠠ ᠶᠢᠨ ᠵᠦᠪᠯᠡᠯᠭᠡ ᠦᠭᠬᠦ᠂ ᠶᠠᠷᠢᠯᠴᠠᠬᠤ ᠬᠤᠷᠠᠯ ᠬᠢᠬᠦ᠂ ᠲᠤᠬᠠᠢ ᠶᠢᠨ ᠲᠠᠯᠠᠪᠤᠷ ᠲᠤ ᠡᠶᠡᠳᠡᠭᠦᠯᠬᠦ᠂ ᠬᠠᠥᠯᠢ ᠲᠦᠭᠡᠮᠡᠯᠵᠢᠭᠦᠯᠬᠦ ᠤᠬᠠᠭᠤᠯᠬᠤ ᠵᠡᠷᠭᠡ ᠠᠵᠢᠯᠯᠠᠭ᠎ᠠ ᠶᠢ ᠬᠠᠮᠳᠤᠷᠠᠨ ᠦᠷᠨᠢᠭᠦᠯᠵᠦ᠂ ᠤᠯᠠᠨ ᠲᠦᠮᠡᠨ ᠳᠤ ᠦᠨᠡᠨ ᠰᠡᠳᠬᠢᠯ ᠠᠴᠠ ᠪᠠᠨ ᠪᠤᠳᠠᠳᠠᠢ ᠶᠠᠪᠤᠳᠠᠯ ᠢ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠨ ᠦᠭᠴᠦ᠂ ᠠᠰᠠᠭᠤᠳᠠᠯ ᠳᠤ ᠴᠢᠭᠯᠡᠭᠦᠯᠦᠨ ︽ᠨᠠᠷᠢᠯᠢᠭ ᠤᠨᠤᠴᠠᠳᠠᠢ ᠪᠠᠷ ᠡᠮ ᠬᠡᠷᠡᠭᠯᠡᠵᠦ︾᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠤᠷᠤᠭᠰᠢᠳᠠᠢ ᠶᠠᠪᠤᠭᠳᠠᠬᠤ ᠶᠢ ᠲᠡᠮᠵᠢᠪᠡ᠃      ᠲᠤᠰ ᠣᠳᠠᠭᠠᠨ ᠤ ᠬᠠᠥᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠲᠤᠮᠳᠠ᠂ ᠰᠢᠬᠦᠬᠦ ᠬᠤᠷᠢᠶᠠᠨ ᠤ ᠠᠵᠢᠯᠳᠠᠨ ᠦᠨᠳᠦᠰᠦᠨ ᠱᠠᠳᠤᠨ ᠳᠤ ᠭᠦᠨᠵᠡᠭᠡᠶᠢᠷᠡᠵᠦ᠂ ᠲᠠᠷᠢᠶᠠᠴᠢᠨ  ᠲᠠᠢ ᠨᠢᠭᠤᠷᠳᠠᠨ ᠶᠠᠷᠢᠯᠴᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠬᠠᠥᠯᠢ ᠴᠠᠭᠠᠵᠠ ᠶᠢᠨ ᠠᠰᠠᠭᠤᠳᠠᠯ ᠢ ᠬᠠᠷᠢᠭᠤᠯᠬᠤ ᠵᠡᠷᠭᠡ ᠠᠷᠭ᠎ᠠ ᠮᠠᠶ᠋ᠢᠭ ᠢᠶᠠᠷ ᠲᠤᠰᠬᠤᠨ ᠤ ᠠᠷᠠᠳ ᠲᠤ ᠭᠠᠵᠠᠷ ᠰᠢᠷᠦᠢ ᠲᠠᠭᠠᠭᠠᠴᠢᠯᠠᠬᠤ᠂ ᠲᠠᠷᠢᠶᠠᠯᠠᠩ  ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠬᠤ᠂ ᠲᠠᠷᠢᠶᠠᠯᠠᠩ ᠤᠨ ᠪᠦᠳᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠵᠡᠷᠭᠡ ᠲᠠᠯ᠎ᠠ ᠶᠢᠨ ᠬᠠᠥᠯᠢ ᠴᠠᠭᠠᠵᠠ ᠲᠤᠭᠳᠠᠭᠠᠯ ᠢ ᠪᠠᠭᠳᠠᠭᠠᠭᠰᠠᠨ ᠬᠠᠪᠤᠷ ᠤᠨ ᠲᠠᠷᠢᠶᠠᠯᠠᠭ᠎ᠠ ᠲᠠᠢ ᠬᠤᠯᠪᠤᠭᠳᠠᠬᠤ ᠬᠠᠥᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠡᠢ᠃ ᠡᠭᠦᠨ ᠤ ᠬᠠᠮᠳᠦ ᠲᠤᠰᠬᠤᠨ ᠤ ᠠᠷᠠᠳ  ᠲᠤ ︽ᠵᠠᠭᠠᠯᠳᠤᠯᠭ᠎ᠠ ᠶᠢᠨ ᠢᠷᠡᠯᠳᠡ ᠶᠢ ᠵᠠᠰᠠᠬᠤ ᠲᠤᠳᠤᠷᠬᠠᠢ ᠺᠠᠷᠲ︾᠂ ︽ᠬᠦᠳᠡᠭᠡ ᠲᠤᠰᠬᠤᠨ ᠤ ᠭᠠᠵᠠᠷ ᠰᠢᠷᠦᠢ ᠲᠠᠭᠠᠭᠠᠴᠢᠯᠠᠨ ᠡᠵᠡᠩᠨᠡᠬᠦ ᠡᠷᠬᠡ ᠶᠢᠨ ᠵᠢᠭᠤᠷᠠᠯᠳᠤᠭᠠᠨ ᠤ ᠴᠠᠭᠠᠨ ᠭᠠᠳᠠᠷᠳᠦ ᠪᠢᠴᠢᠭ︾᠂  ︽ᠬᠦᠳᠡᠭᠡ ᠲᠤᠰᠬᠤᠨ ᠤ ᠭᠠᠵᠠᠷ ᠰᠢᠷᠦᠢ ᠶᠢᠨ ᠡᠷᠬᠢᠯᠳᠡ ᠶᠢᠨ ᠵᠢᠭᠤᠷᠠᠯᠳᠤᠭᠠᠨ ᠤ ᠵᠢᠯᠤᠭᠤᠳᠤᠮᠵᠢ︾ ᠵᠡᠷᠭᠡ ᠤᠬᠠᠭᠤᠯᠭ᠎ᠠ ᠶᠢᠨ ᠲᠡᠪᠳᠡᠷ ᠢ ᠲᠠᠷᠬᠠᠭᠠᠵᠦ᠂ ᠲᠤᠰᠬᠤᠨ ᠤ ᠠᠷᠠᠳ ᠲᠤ ᠭᠠᠵᠠᠷ ᠰᠢᠷᠦᠢ ᠶᠢᠨ ᠵᠢᠭᠤᠷᠠᠯᠳᠤᠭᠠᠨ ᠢ ᠤᠯᠠᠮ ᠨᠢᠭᠡ ᠠᠯᠬᠤᠮ ᠭᠦᠨᠵᠡᠭᠡᠢ ᠵᠢᠯᠤᠭᠤᠳᠤᠯᠭ᠎ᠠ ᠪᠤᠯᠵᠦ᠂ ᠵᠢᠭᠤᠷᠠᠯᠳᠤᠭᠠᠨ ᠤᠯᠠᠨ ᠡᠭᠦᠰᠳᠡᠭ ᠰᠢᠯᠳᠠᠭᠠᠨ ᠢ ᠵᠠᠳᠠᠯᠵᠦ᠂ ᠦᠨᠳᠦᠰᠦᠨ ᠱᠠᠳᠤᠨ ᠤ ᠨᠡᠶᠢᠭᠡᠮ ᠤᠨ ᠵᠠᠰᠠᠯᠳᠠ ᠶᠢᠨ ᠠᠯᠳᠠᠰᠢ ᠭᠠᠷᠬᠤ ᠶᠢ ᠬᠤᠷᠢᠭᠯᠠᠵᠦ᠂ ︽ᠪᠠᠭ᠎ᠠ ᠶᠠᠪᠤᠳᠠᠯ ᠢ ᠲᠤᠰᠬᠤᠨ  ᠠᠴᠠ ᠭᠠᠷᠭᠠᠬᠤ ᠦᠭᠡᠢ᠂ ᠵᠦᠷᠢᠴᠡᠯ ᠢ ᠲᠡᠭᠡᠭᠰᠢ ᠲᠤᠰᠢᠶᠠᠬᠤ ᠦᠭᠡᠢ︾ ᠪᠠᠶᠢᠬᠤ ᠶᠢ ᠠᠬᠢᠭᠤᠯᠵᠦ᠂ ᠵᠦᠷᠢᠴᠡᠯ ᠵᠢᠭᠤᠷᠠᠯᠳᠤᠭᠠᠨ ᠢ ᠴᠤᠬᠤᠶᠢᠵᠦ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠬᠦ ᠶᠢ ᠵᠤᠷᠢᠵᠠᠢ᠃      ᠲᠤᠰ ᠣᠳᠠᠭᠠᠨ ᠤ ᠬᠦᠳᠡᠯᠭᠡᠭᠡᠨ ᠳᠤ᠂ ᠰᠢ ᠾᠧ ᠰᠢᠶᠠᠩ ᠤᠨ ᠬᠡᠳᠦᠨ ᠲᠤᠰᠬᠤᠨ ᠤ ᠠᠷᠠᠳ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠬᠦ ᠶᠢ ᠵᠤᠷᠢᠵᠠᠢ᠃      ᠲᠤᠰ ᠣᠠᠭᠠᠨ ᠤ ᠬᠦᠳᠡᠯᠭᠡᠭᠡᠨ ᠳᠤ᠂ ᠰᠢ ᠾᠧ ᠰᠢᠶᠠᠩ ᠤᠨ ᠬᠡᠳᠦᠨ ᠲᠤᠰᠬᠤᠨ ᠤ ᠠᠷᠠᠳ ᠬᠤᠰᠢᠭᠤᠨ ᠤ ᠰᠢᠭᠦᠭᠦ ᠬᠤᠷᠢᠶᠠᠨ ᠤ ᠬᠦᠳᠡᠭᠡ ᠪᠠᠭᠤᠵᠦ ᠤᠬᠠᠭᠤᠯᠭ᠎ᠠ ᠬᠢᠬᠦ ᠶᠢ ᠤᠷᠢᠳᠴᠢᠯᠠᠨ ᠤᠯᠵᠦ ᠮᠳᠡᠭᠡᠳ᠂ ᠰᠠᠨᠠᠭᠠᠴᠢᠯᠠᠭ᠎ᠠ  ᠠᠴᠠ ᠪᠠᠨ ᠤᠬᠠᠭᠤᠯᠭ᠎ᠠ ᠶᠢᠨ ᠭᠠᠵᠠᠷ ᠢ ᠡᠷᠢᠨ ᠤᠯᠵᠦ᠂ ᠰᠢᠭᠦᠭᠴᠢ ᠶᠢᠨ ᠬᠠᠪᠰᠤᠷᠤᠯᠭ᠎ᠠ ᠪᠠᠷ ᠭᠠᠵᠠᠷ ᠰᠢᠷᠦᠢ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠶᠢ ᠬᠦᠰᠡᠪᠡ᠃ ᠰᠢᠬᠦᠬᠦ ᠬᠤᠷᠥᠶᠠᠨ ᠤ ᠰᠢᠭᠦᠭᠴᠢ ᠠᠴᠠ ᠪᠠᠶᠢᠳᠠᠯ ᠢ ᠤᠶᠢᠯᠠᠭᠠᠭᠰᠠᠨ ᠤ ᠲᠠᠷᠠᠭ᠎ᠠ᠂ ᠬᠤᠰᠢᠭᠤᠨ ᠤ ᠠᠵᠢᠯᠴᠢᠨ ᠤ ᠡᠪᠯᠡᠯ ᠤᠨ ᠤᠨᠴᠠ ᠤᠷᠢᠭᠰᠠᠨ ᠡᠶᠡᠳᠡᠭᠦᠯᠦᠭᠴᠢ ᠲᠠᠢ ᠬᠠᠮᠳᠦ ᠲᠤᠬᠠᠢ ᠶᠢᠨ ᠲᠠᠯᠠᠪᠤᠷ ᠲᠤ ᠡᠶᠡᠳᠡᠭᠦᠯᠭᠡ ᠭᠢᠵᠦ᠂ ᠡᠴᠦᠰ ᠲᠡᠭᠡᠨ ᠡᠶᠡᠳᠡᠭᠦᠯᠭᠡ ᠳᠤ ᠬᠤᠯᠪᠤᠭᠳᠠᠭᠰᠠᠨ ᠬᠤᠶᠠᠷ ᠲᠠᠯ᠎ᠠ ᠪᠠᠷ ᠢᠶᠠᠨ  ᠬᠡᠯᠡᠯᠴᠡᠭᠡᠷ ᠲᠤᠬᠢᠷᠠᠯᠴᠠᠵᠦ᠂ ᠤᠯᠠᠨ ᠵᠢᠯ ᠦᠷᠭᠦᠯᠵᠢᠯᠡᠭᠰᠡᠨ ᠭᠠᠵᠠᠷ ᠰᠢᠷᠦᠢ ᠶᠢᠨ ᠵᠢᠭᠤᠷᠠᠯᠳᠤᠭᠠᠨ ᠢ ᠰᠢᠢᠳᠪᠦᠷᠢᠯᠡᠵᠠᠢ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号